ᠬᠤᠪᠢᠯᠭᠠᠨ ᠣᠩᠭᠤᠴᠠ ᠠᠷᠪᠠ ᠶᠢᠰᠦᠳᠦᠭᠡᠷ ᠤᠨ ᠬᠥᠮᠦᠨ ᠠᠴᠢᠭᠰᠠᠨ ᠨᠢᠰᠦᠯᠲᠡ ᠶᠢᠨ ᠡᠭᠦᠷᠭᠡ ᠶᠢᠨ ᠲᠤᠬᠠᠶ | ᠰᠣᠨᠢᠨ ᠮᠡᠳᠡᠭᠡ ᠨᠡᠶᠢᠲᠡᠯᠡᠬᠦ ᠬᠤᠷᠠᠯ ᠢ 29 ᠤ ᠡᠳᠦᠷ ᠵᠢᠦᠴᠢᠤᠸᠠᠨ ᠳᠠᠭᠠᠭᠤᠯᠢ ᠣᠳᠣ ᠬᠠᠷᠪᠤᠬᠤ ᠲᠥᠪ ᠲᠤ | ᠶᠠᠪᠤᠭᠳᠠᠭᠤᠯᠵᠠᠢ᠃ ᠳᠤᠮᠳᠠᠳᠤ ᠤᠯᠤᠰ ᠤᠨ ᠬᠥᠮᠦᠨ ᠠᠴᠢᠭᠰᠠᠨ ᠰᠠᠨᠰᠠᠷ ᠠᠶᠠᠯᠠᠯ ᠤᠨ ᠢᠨᠵᠧᠨᠧᠷᠢᠩ ᠤᠨ ᠰᠣᠨᠢᠨ | ᠮᠡᠳᠡᠭᠡ ᠥᠭᠦᠯᠡᠭᠴᠢ ᠯᠢᠨ ᠰᠢ ᠴᠢᠶᠠᠩ ᠬᠤᠷᠠᠯ ᠳᠡᠭᠡᠷ᠎ᠡ ᠢᠯᠡᠷᠬᠡᠶᠢᠯᠡᠭᠰᠡᠨ ᠢᠶᠠᠷ᠂ ᠡᠭᠦᠷᠭᠡ ᠶᠢᠨ ᠶᠡᠷᠦᠩᠬᠡᠶ | ᠵᠢᠯᠣᠭᠤᠳᠬᠤ ᠭᠠᠵᠠᠷ ᠠᠴᠠ ᠪᠡᠭᠡᠵᠢᠩ ᠤᠨ ᠴᠠᠭ ᠢᠶᠠᠷ 10 ᠳ᠋ᠤᠭᠠᠷ ᠰᠠᠷ᠎ᠠ ᠶᠢᠨ 30 ᠤ ᠡᠳᠦᠷ ᠤᠨ 4 ᠴᠠᠭ 27 | ᠮᠢᠨᠦ᠋ᠲ ᠲᠤ ᠬᠤᠪᠢᠯᠭᠠᠨ ᠣᠩᠭᠤᠴᠠ ᠠᠷᠪᠠ ᠶᠢᠰᠦᠳᠦᠭᠡᠷ ᠬᠥᠮᠦᠨ ᠠᠴᠢᠭᠰᠠᠨ ᠨᠢᠰᠬᠦ ᠣᠩᠭᠤᠴᠠ ᠶᠢ | ᠬᠠᠷᠪᠤᠬᠤ ᠪᠠᠷ ᠰᠤᠳᠤᠯᠤᠨ ᠲᠣᠭᠲᠠᠭᠠᠪᠠ᠃ ᠳᠤᠮᠲᠠᠲᠦ ᠤᠯᠤᠰ ᠤᠨ ᠬᠦᠮᠦᠨ ᠠᠴᠢᠭᠰᠠᠨ ᠰᠠᠨᠰᠠᠷ ᠠᠶᠠᠯᠠᠯ ᠤᠨ | ᠢᠨᠵᠧᠨᠧᠷᠢᠩ ᠤᠨ ᠠᠯᠪᠡᠨ ᠭᠡᠷ ᠤᠨ ᠮᠡᠲᠡᠭᠡ ᠶᠢ ᠦᠨᠲᠦᠰᠦᠯᠡᠪᠡᠯ᠂ ᠡᠭᠦᠷᠬᠡ ᠶᠢᠨ ᠶᠡᠷᠦᠩᠭᠡᠢ ᠵᠢᠯᠤᠭᠤᠳᠬᠤ | ᠭᠠᠵᠠᠷ ᠠᠴᠠ ᠬᠤᠪᠢᠯᠭᠠᠨ ᠣᠩᠭᠤᠴᠠ ᠠᠷᠪᠠ ᠶᠢᠰᠦᠲᠦᠬᠡᠷ ᠤᠨ ᠬᠦᠮᠦᠨ ᠠᠴᠢᠭᠰᠠᠨ ᠰᠠᠨᠰᠠᠷ ᠠᠶᠠᠯᠠᠯ ᠤᠨ | ᠡᠭᠦᠷᠬᠡ ᠶᠢ ᠭᠦᠢᠴᠡᠳᠬᠡᠭᠦ ᠰᠠᠨᠰᠠᠷᠴᠢᠳ ᠤᠨ ᠳᠤᠭᠤᠶᠢᠯᠠᠩ ᠨᠢ ᠼᠠᠢ ᠰᠢᠤᠢ ᠵᠧ᠂ ᠰᠦᠩ ᠯᠢᠩ ᠳ᠋ᠦᠩ᠂ ᠸᠠᠩ | ᠬᠤᠤ ᠽᠧ 3 ᠰᠠᠨᠰᠠᠷᠴᠢᠨ ᠢᠶᠠᠷ ᠪᠦᠷᠢᠯᠲᠤᠵᠦ᠂ ᠼᠠᠢ ᠰᠢᠤᠢ ᠵᠧ ᠶᠢ ᠵᠠᠷᠯᠢᠭᠲᠠᠨ ᠤ ᠲᠤᠰᠢᠶᠠᠯ ᠡᠭᠦᠷᠭᠡᠯᠡᠭᠦᠯᠬᠦ ᠪᠠᠷ | ᠲᠣᠭᠲᠠᠭᠠᠪᠠ᠃ ᠡᠭᠦᠨ ᠳᠤ ᠰᠠᠨᠰᠠᠷᠴᠢᠨ ᠼᠠᠢ ᠰᠢᠤᠶ ᠵᠧ ᠬᠤᠪᠢᠯᠭᠠᠨ ᠣᠩᠭᠤᠴᠠ ᠠᠷᠪᠠᠨ ᠳᠥᠷᠪᠡᠳᠦᠭᠡᠷ ᠤᠨ | ᠬᠥᠮᠦᠨ ᠠᠴᠢᠭᠰᠠᠨ ᠨᠢᠰᠦᠯᠲᠡ ᠶᠢᠨ ᠡᠭᠦᠷᠭᠡ ᠶᠢ ᠭᠦᠢᠴᠡᠳᠬᠡᠵᠦ ᠥᠩᠭᠡᠷᠡᠵᠡᠶ︔ ᠰᠠᠨᠰᠠᠷᠴᠢᠨ ᠰᠥᠩ ᠯᠢᠩ ᠳ᠋ᠦᠩ | ᠂ ᠰᠠᠨᠰᠠᠷᠴᠢᠨ ᠸᠠᠩ ᠬᠤᠤ ᠽᠧ ᠨᠢ ᠨᠢᠰᠦᠯᠲᠡ ᠶᠢᠨ ᠡᠭᠦᠷᠭᠡ ᠶᠢ ᠠᠩᠬ᠎ᠠ ᠤᠳᠠᠭ᠎ᠠ ᠭᠦᠢᠴᠡᠳᠬᠡᠬᠦ ᠭᠡᠵᠦ ᠪᠠᠶᠢᠭ᠎ᠠ | ᠶᠡᠷᠡᠭᠡᠳ ᠣᠨ ᠳᠤ ᠲᠥᠷᠥᠭᠰᠡᠳ ᠪᠥᠭᠡᠳ ᠰᠠᠨᠰᠠᠷᠴᠢᠨ ᠸᠠᠩ ᠬᠤᠤ ᠽᠧ ᠨᠢ ᠮᠠᠨ ᠤ ᠤᠯᠤᠰ ᠤᠨ ᠰᠠᠨᠰᠠᠷ | ᠠᠶᠠᠯᠠᠯ ᠤᠨ ᠠᠩᠬᠠᠳᠠᠭᠴᠢ ᠡᠮᠡᠭᠲᠡᠢ ᠢᠨᠵᠧᠨᠧᠷ ᠪᠣᠯᠣᠨ᠎ᠠ᠃ |