ᠨᠡᠶᠢᠲᠡᠯᠡᠭᠰᠡᠨ ᠴᠠᠭ᠄ 2024/10/30 ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ | 29 ᠤ ᠴᠠᠭᠢᠯᠭᠠᠨ ᠮᠡᠳᠡᠭᠡ ᠮᠤᠵᠢ ᠶᠠᠮᠤᠨ ᠤ ᠲᠠᠰ ᠤᠨ ᠭᠤᠣᠯ ᠤᠳᠤᠷᠢᠳᠬᠤ ᠺᠠᠳ᠋ᠷᠴᠤᠳ ᠤᠨ ᠨᠠᠮ ᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ 29 ᠤ ᠦᠳᠡ ᠶᠢᠨ ᠡᠮᠦᠨ᠎ᠡ | ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠳᠤ ᠰᠤᠷᠤᠯᠭ᠎ᠠ | ᠡᠬᠢᠯᠡᠪᠡ᠃ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠰᠤᠷᠤᠯᠭ᠎ᠠ | ᠡᠬᠢᠯᠡᠬᠦ ᠶᠣᠰᠣᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ | ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠪᠦᠭᠦ ᠨᠠᠮ ᠪᠦᠭᠦ ᠤᠯᠤᠰ ᠤᠨ ᠠᠷᠠᠳ ᠲᠦᠮᠡᠨ ᠢ ᠬᠥᠲᠥᠯᠥᠨ | ᠵᠢᠯᠤᠭᠤᠳᠴᠤ ᠥᠭᠡᠷᠡᠴᠢᠯᠡᠯᠲᠡ ᠶᠢᠨ ᠢᠲᠡᠭᠡᠯ ᠵᠣᠷᠢᠭ ᠢ ᠨᠢ ᠪᠠᠲᠤᠳᠬᠠᠵᠤ᠂ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ ᠥᠭᠡᠷᠡᠴᠢᠯᠡᠯᠲᠡ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | 10 ᠰᠠᠷ᠎ᠠ ᠶᠢᠨ 29 ᠤ ᠡᠳᠦᠷ᠂ ᠮᠤᠵᠢ ᠶᠠᠮᠤᠨ ᠤ ᠲᠠᠰ ᠤᠨ ᠭᠤᠣᠯ ᠤᠳᠤᠷᠢᠳᠬᠤ ᠺᠠᠳ᠋ᠷᠴᠤᠳ ᠤᠨ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠲᠥᠪ ᠤᠨ | ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠳᠤ ᠰᠤᠷᠤᠯᠭ᠎ᠠ ᠡᠬᠢᠯᠡᠪᠡ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ | ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠰᠤᠷᠤᠯᠭ᠎ᠠ ᠡᠬᠢᠯᠡᠬᠦ ᠶᠣᠰᠣᠯᠠᠯ | ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ | ᠰᠡᠭᠦᠳᠡᠷᠯᠡᠪᠡ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠯᠢ ᠴᠢᠶᠠᠩ ᠰᠤᠷᠤᠯᠭ᠎ᠠ ᠡᠬᠢᠯᠡᠬᠦ ᠶᠣᠰᠣᠯᠠᠯ ᠢ ᠡᠷᠭᠢᠯᠡᠵᠦ᠂ ᠲᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ | ᠭᠡᠰᠢᠭᠦᠨ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠤᠯᠤᠰ ᠤᠨ ᠳᠡᠳ᠋ | ᠲᠡᠷᠢᠭᠦᠯᠡᠭᠴᠢ ᠬᠠᠨ ᠵᠧᠩ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠵᠠᠢ᠃ ᠰᠢ ᠶᠢᠨ ᠫᠢᠩ᠂ ᠨᠠᠮ ᠤᠨ | ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠰᠢᠨ᠎ᠡ ᠴᠠᠭ | ᠦᠶ᠎ᠡ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠥᠭᠡᠷᠡᠴᠢᠯᠡᠯᠲᠡ ᠶᠢ ᠰᠢᠰᠲ᠋ᠧᠮ ᠲᠠᠢ ᠪᠦᠬᠦᠯᠢ | ᠴᠣᠭᠴᠠ ᠪᠠᠷ ᠠᠬᠢᠭᠤᠯᠬᠤ ᠰᠢᠨ᠎ᠡ ᠠᠶᠠᠨ ᠢ ᠡᠬᠢᠯᠡᠭᠦᠯᠵᠦ᠂ ᠮᠠᠨ ᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠶᠢᠨ | ᠴᠣ ᠰᠢᠨ᠎ᠡ ᠪᠠᠶᠢᠳᠠᠯ ᠢ ᠡᠭᠦᠳᠴᠦ᠂ ᠴᠠᠭ ᠦᠶ᠎ᠡ ᠶᠢ ᠵᠠᠭᠠᠭᠯᠠᠭᠰᠠᠨ ᠠᠴᠢ ᠬᠤᠯᠪᠣᠭᠳᠠᠯ ᠲᠠᠢ ᠶᠤᠮ᠃ ᠰᠢᠨ᠎ᠡ ᠴᠠᠭ | ᠦᠶ᠎ᠡ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠴᠢᠬᠤᠯᠠ ᠶᠡᠭᠡ ᠦᠢᠯᠡᠳᠦᠯᠭᠡ ᠶᠢᠨ | ᠦᠷ᠎ᠡ ᠪᠦᠲᠦᠭᠡᠯ᠂ ᠳᠦᠷᠢᠮ ᠤᠨ ᠦᠷ᠎ᠡ ᠪᠦᠲᠦᠭᠡᠯ᠂ ᠤᠨᠤᠯ ᠤᠨ ᠦᠷ᠎ᠡ ᠪᠦᠲᠦᠭᠡᠯ ᠣᠯᠪᠠ᠂ ᠡᠨᠡ ᠪᠣᠯ ᠮᠠᠨ ᠤ | ᠤᠯᠤᠰ ᠤᠨ ᠥᠭᠡᠷᠡᠴᠢᠯᠡᠯᠲᠡ ᠨᠡᠭᠡᠭᠡᠯᠲᠡ ᠶᠢᠨ ᠲᠡᠦᠬᠡᠨ ᠶᠠᠪᠤᠴᠠ ᠳᠠᠬᠢ ᠬᠠᠮᠤᠭ ᠤᠨ ᠢᠷᠠᠭᠤ ᠭᠠᠶᠢᠬᠠᠮᠰᠢᠭᠲᠤ | ᠬᠠᠭᠤᠳᠠᠰᠤ ᠶᠢᠨ ᠨᠢᠭᠡ ᠪᠣᠯᠣᠨ᠎ᠠ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠠᠶᠢᠭᠤᠯᠤᠨ ᠪᠦᠲᠦᠭᠡᠬᠦ᠂ ︽ᠬᠤᠶᠠᠷ | ᠶᠡᠭᠡ ᠭᠠᠶᠢᠬᠠᠮᠰᠢᠭ︾ ᠢ ᠦᠷᠭᠦᠯᠵᠢᠯᠡᠨ ᠪᠢᠴᠢᠭᠯᠡᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠳᠦᠷᠢᠮ ᠤᠨ | ᠪᠠᠲᠤᠯᠠᠭ᠎ᠠ ᠬᠠᠩᠭᠠᠭᠰᠠᠨ ᠪᠥᠭᠡᠳ ᠰᠢᠨ᠎ᠡ ᠠᠶᠠᠨ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ | ᠪᠠᠲᠤ ᠪᠠᠬᠢ ᠰᠠᠭᠤᠷᠢ ᠪᠠ ᠡᠷᠬᠢᠮ ᠨᠠᠨᠳᠢᠨ ᠲᠤᠷᠰᠢᠯᠭ᠎ᠠ ᠬᠠᠩᠭᠠᠭᠰᠠᠨ ᠪᠠᠶᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠪᠣᠯ ᠥᠭᠡᠷᠡᠴᠢᠯᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠳᠤ ᠡᠷᠬᠡᠪᠰᠢ ᠪᠠᠲᠤ ᠡᠵᠡᠮᠳᠡᠵᠦ᠂ ᠢᠮᠠᠭᠲᠠ ᠪᠠᠷᠢᠮᠲᠠᠯᠠᠬᠤ ᠴᠢᠬᠤᠯᠠ ᠶᠡᠭᠡ ᠵᠠᠷᠴᠢᠮ ᠪᠣᠯᠣᠨ᠎ᠠ᠃ | ᠮᠠᠨ ᠤ ᠬᠢᠵᠦ ᠪᠠᠶᠢᠭ᠎ᠠ ᠥᠭᠡᠷᠡᠴᠢᠯᠡᠯᠲᠡ ᠪᠣᠯ ᠴᠢᠭᠯᠡᠯ ᠲᠠᠢ᠂ ᠵᠠᠷᠴᠢᠮ ᠲᠠᠢ ᠶᠤᠮ᠃ ᠨᠠᠮ ᠤᠨ ᠪᠦᠭᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠲᠠᠯᠠᠬᠤ᠂ ᠮᠠᠷᠺᠰ ᠤᠨ ᠦᠵᠡᠯ ᠢ ᠪᠠᠷᠢᠮᠲᠠᠯᠠᠬᠤ᠂ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠢ ᠪᠠᠷᠢᠮᠲᠠᠯᠠᠬᠤ᠂ ᠠᠷᠠᠳ ᠤᠨ ᠠᠷᠠᠳᠴᠢᠯᠠᠭᠰᠠᠨ ᠳᠠᠷᠤᠩᠭᠤᠶᠢᠯᠠᠬᠤ ᠵᠠᠰᠠᠭ ᠢ ᠪᠠᠷᠢᠮᠲᠠᠯᠠᠬᠤ ᠳᠤ᠂ | ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠠᠬᠢᠭᠤᠯᠬᠤ᠂ ᠠᠷᠠᠳ ᠲᠦᠮᠡᠨ ᠤ ᠠᠵᠠ ᠵᠢᠷᠭᠠᠯ ᠢ | ᠨᠡᠮᠡᠭᠳᠡᠭᠦᠯᠬᠦ ᠪᠠᠷ ᠵᠣᠷᠢᠯᠲᠠ ᠪᠠ ᠲᠤᠰᠤᠯᠲᠠ ᠪᠤᠯᠭᠠᠬᠤ ᠬᠡᠷᠡᠭᠲᠡᠢ᠂ ᠡᠳᠡᠭᠡᠷ ᠪᠣᠯ ᠴᠥᠮ ᠦᠨᠳᠦᠰᠦᠨ ᠵᠦᠢᠯ ᠳᠤ | ᠬᠤᠯᠪᠣᠭᠳᠠᠬᠤ᠂ ᠴᠢᠭᠯᠡᠯ ᠳᠤ ᠬᠤᠯᠪᠣᠭᠳᠠᠬᠤ᠂ ᠠᠯᠤᠰ ᠢᠷᠡᠭᠡᠳᠦᠢ ᠳᠤ ᠬᠤᠯᠪᠣᠭᠳᠠᠬᠤ ᠵᠦᠢᠯ ᠮᠥᠨ᠂ ᠨᠠᠮ ᠤᠨ | ᠰᠢᠨᠵᠢ ᠴᠢᠨᠠᠷ ᠪᠠ ᠵᠣᠷᠢᠯᠲᠠ ᠶᠢ ᠢᠯᠡᠷᠡᠭᠦᠯᠬᠦ ᠨᠢ ᠮᠠᠨ ᠤ ᠤᠯᠤᠰ ᠤᠨ ᠤᠯᠤᠰ ᠤᠨ ᠪᠠᠶᠢᠳᠠᠯ ᠳᠤ ᠨᠡᠶᠢᠴᠡᠵᠦ᠂ | ᠠᠷᠠᠳ ᠲᠦᠮᠡᠨ ᠤ ᠦᠨᠳᠦᠰᠦᠨ ᠠᠰᠢᠭ ᠲᠤᠰᠠ ᠳᠤ ᠨᠡᠶᠢᠴᠡᠵᠦ ᠪᠠᠶᠢᠳᠠᠭ᠂ ᠶᠠᠮᠠᠷᠪᠠ ᠴᠠᠭ ᠦᠶ᠎ᠡ ᠶᠠᠮᠠᠷᠪᠠ ᠪᠠᠶᠢᠳᠠᠯ | ᠳᠣᠣᠷ᠎ᠠ ᠴᠥᠮ ᠥᠴᠥᠬᠡᠨ ᠴᠦ ᠭᠤᠶᠢᠪᠢᠯᠵᠠᠵᠤ ᠪᠤᠯᠬᠤ ᠦᠭᠡᠢ᠃ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠪᠠᠶᠢᠭᠤᠯᠤᠯ ᠢ ᠦᠷᠭᠦᠯᠵᠢᠯᠡᠨ ᠲᠡᠭᠦᠯᠳᠡᠷᠵᠢᠭᠦᠯᠦᠨ ᠬᠥᠭᠵᠢᠭᠦᠯᠬᠦ᠂ ᠲᠦᠷᠦ ᠶᠢ ᠵᠠᠰᠠᠬᠤ | ᠰᠢᠰᠲ᠋ᠧᠮ ᠪᠣᠯᠣᠨ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠥᠭᠡᠷᠡᠴᠢᠯᠡᠯᠲᠡ ᠶᠢᠨ ᠶᠡᠷᠦᠩᠬᠡᠢ | ᠬᠠᠷᠠᠯᠲᠠ ᠶᠢ ᠪᠠᠷᠢᠮᠲᠠᠯᠠᠵᠤ᠂ ᠶᠡᠷᠦᠩᠬᠡᠢ ᠬᠠᠷᠠᠯᠲᠠ ᠶᠢᠨ ᠵᠢᠭᠠᠭᠰᠠᠨ ᠴᠢᠭᠯᠡᠯ ᠢᠶᠠᠷ ᠢᠮᠠᠭᠲᠠ ᠤᠷᠤᠭᠰᠢᠯᠠᠵᠤ᠂ | ᠥᠭᠡᠷᠡᠴᠢᠯᠡᠬᠦ ᠶᠣᠰᠣᠲᠠᠢ ᠶᠢ ᠨᠢ ᠡᠷᠡᠰ ᠥᠭᠡᠷᠡᠴᠢᠯᠡᠵᠦ᠂ ᠥᠭᠡᠷᠡᠴᠢᠯᠡᠪᠡᠯ ᠵᠣᠬᠢᠰ ᠦᠭᠡᠢ ᠶᠢ ᠨᠢ ᠥᠭᠡᠷᠡᠴᠢᠯᠡᠬᠦ | ᠦᠭᠡᠢ ᠪᠠᠶᠢᠬᠤ ᠬᠡᠷᠡᠭᠲᠡᠢ᠃ ᠴᠠᠭ ᠦᠶ᠎ᠡ ᠶᠢᠨ ᠬᠥᠭᠵᠢᠯᠲᠡ ᠶᠢᠨ ᠰᠢᠨ᠎ᠡ ᠬᠠᠨᠳᠤᠰᠢ᠂ ᠦᠢᠯᠡᠳᠦᠯᠭᠡ ᠶᠢᠨ | ᠬᠥᠭᠵᠢᠯᠲᠡ ᠶᠢᠨ ᠰᠢᠨ᠎ᠡ ᠱᠠᠭᠠᠷᠳᠠᠯᠭ᠎ᠠ᠂ ᠠᠷᠠᠳ ᠤᠯᠠᠨ ᠤ ᠰᠢᠨ᠎ᠡ ᠬᠦᠰᠡᠯ ᠡᠷᠡᠮᠡᠯᠵᠡᠯ ᠳᠤ ᠵᠣᠬᠢᠴᠠᠭᠤᠯᠤᠨ᠂ ᠠᠵᠤ | ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠭᠡᠬᠦ ᠡᠨᠡ ᠬᠦ ᠭᠤᠣᠯᠳᠠᠯᠭ᠎ᠠ ᠶᠢ ᠲᠤᠪᠤᠶᠢᠯᠭᠠᠵᠤ᠂ ᠡᠯ᠎ᠡ ᠲᠠᠯ᠎ᠠ ᠶᠢᠨ | ᠥᠭᠡᠷᠡᠴᠢᠯᠡᠯᠲᠡ ᠶᠢ ᠪᠦᠭᠦ ᠲᠠᠯ᠎ᠠ ᠪᠠᠷ ᠵᠣᠬᠢᠴᠠᠭᠤᠯᠤᠨ ᠠᠬᠢᠭᠤᠯᠵᠤ᠂ ᠤᠨᠤᠯ ᠤᠨ ᠰᠢᠨ᠎ᠡ ᠶᠢ ᠡᠭᠦᠳᠬᠦ᠂ | ᠦᠢᠯᠡᠳᠦᠯᠭᠡ ᠶᠢᠨ ᠰᠢᠨ᠎ᠡ ᠶᠢ ᠡᠭᠦᠳᠬᠦ᠂ ᠪᠠᠶᠢᠭᠤᠯᠤᠯ ᠤᠨ ᠰᠢᠨ᠎ᠡ ᠶᠢ ᠡᠭᠦᠳᠬᠦ᠂ ᠰᠣᠶᠣᠯ ᠤᠨ ᠰᠢᠨ᠎ᠡ ᠶᠢ ᠡᠭᠦᠳᠬᠦ | ᠵᠢᠴᠢ ᠪᠤᠰᠤᠳ ᠡᠯ᠎ᠡ ᠲᠠᠯ᠎ᠠ ᠶᠢᠨ ᠰᠢᠨ᠎ᠡ ᠶᠢ ᠡᠭᠦᠳᠬᠦ ᠶᠢ ᠶᠡᠭᠡ ᠪᠠᠷ ᠠᠬᠢᠭᠤᠯᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠳᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠪᠠ ᠪᠠᠶᠢᠭᠤᠯᠤᠯ ᠤᠨ ᠪᠠᠲᠤᠯᠠᠭ᠎ᠠ | ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠰᠢ ᠶᠢᠨ ᠫᠢᠩ᠂ ᠥᠭᠡᠷᠡᠴᠢᠯᠡᠯᠲᠡ ᠪᠣᠯ ᠨᠢᠭᠡ ᠵᠦᠢᠯ ᠤᠨ | ᠰᠢᠰᠲ᠋ᠧᠮᠲᠦ ᠢᠨᠵᠧᠨᠧᠷᠢᠩ ᠮᠥᠨ᠂ ᠰᠢᠨᠵᠢᠯᠡᠬᠦ ᠤᠬᠠᠭᠠᠨᠴᠢ ᠠᠷᠭ᠎ᠠ ᠶᠢ ᠡᠷᠬᠢᠮᠯᠡᠵᠦ᠂ ᠡᠯ᠎ᠡ ᠲᠠᠯ᠎ᠠ ᠶᠢᠨ | ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠥᠭᠡᠷᠡᠴᠢᠯᠡᠯᠲᠡ ᠪᠠ ᠬᠠᠤᠯᠢ ᠪᠠᠷ ᠵᠠᠰᠠᠬᠤ ᠶᠢ ᠨᠢᠭᠡᠳᠬᠡᠬᠦ ᠶᠢ | ᠪᠠᠷᠢᠮᠲᠠᠯᠠᠵᠤ᠂ ᠥᠭᠡᠷᠡᠴᠢᠯᠡᠯᠲᠡ ᠶᠢᠨ ᠬᠦᠴᠦᠨ ᠢᠶᠠᠷ ᠬᠠᠤᠯᠢ ᠪᠠᠷ ᠵᠠᠰᠠᠬᠤ ᠶᠢ ᠲᠡᠭᠦᠯᠳᠡᠷᠵᠢᠭᠦᠯᠵᠦ᠂ ᠬᠠᠤᠯᠢ ᠪᠠᠷ | ᠵᠠᠰᠠᠬᠤ ᠬᠦᠷᠢᠶᠡᠨ ᠳᠠᠬᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠢᠰᠲ᠋ᠧᠮ ᠢ ᠲᠠᠰᠤᠷᠠᠯᠳᠠ ᠦᠭᠡᠢ ᠲᠡᠭᠦᠯᠳᠡᠷᠵᠢᠭᠦᠯᠬᠦ | ᠭᠡᠷᠡᠭᠲᠡᠢ︔ ᠥᠭᠡᠷᠡᠴᠢᠯᠡᠯᠲᠡ ᠶᠢᠨ ᠬᠠᠷᠰᠢ ᠰᠠᠭᠠᠳ ᠢ ᠠᠷᠢᠯᠭᠠᠬᠤ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ | ᠪᠠᠬᠢᠵᠢᠭᠦᠯᠬᠦ ᠳᠤᠮᠳᠠᠬᠢ ᠬᠠᠤᠯᠢ ᠪᠠᠷ ᠵᠠᠰᠠᠬᠤ ᠶᠢᠨ ᠢᠳᠡᠪᠬᠢ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ | ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠴᠢᠳᠠᠮᠠᠭᠠᠢ ᠬᠡᠷᠡᠭᠯᠡᠨ | ᠥᠭᠡᠷᠡᠴᠢᠯᠡᠯᠲᠡ ᠶᠢ ᠠᠬᠢᠭᠤᠯᠵᠤ᠂ ᠴᠢᠬᠤᠯᠠ ᠶᠡᠭᠡ ᠥᠭᠡᠷᠡᠴᠢᠯᠡᠯᠲᠡ ᠳᠤ ᠬᠠᠤᠯᠢ ᠶᠢᠨ ᠦᠨᠳᠦᠰᠦᠯᠡᠯ ᠲᠠᠢ | ᠪᠠᠶᠢᠬᠤ ᠶᠢ ᠪᠡᠶᠡᠯᠡᠭᠦᠯᠵᠦ᠂ ᠪᠦᠭᠦ ᠠᠷᠠᠳ ᠢᠷᠭᠡᠨ ᠪᠠ ᠬᠠᠤᠯᠢ ᠶᠢᠨ ᠡᠷᠬᠡᠲᠡᠨ ᠤ ᠬᠠᠤᠯᠢ ᠶᠣᠰᠣᠨ ᠤ ᠡᠷᠬᠡ ᠠᠰᠢᠭ ᠢ | ᠡᠷᠬᠡ ᠲᠡᠭᠰᠢ ᠪᠠᠷ ᠬᠠᠮᠠᠭᠠᠯᠠᠬᠤ ᠬᠡᠷᠡᠭᠲᠡᠢ᠃ ᠡᠪᠳᠡᠬᠦ ᠪᠠ ᠪᠠᠶᠢᠭᠤᠯᠬᠤ ᠶᠢᠨ ᠬᠤᠪᠢᠰᠤᠩᠭᠤᠢ ᠨᠢᠭᠡᠳᠦᠯ ᠢ ᠪᠠᠷᠢᠮᠲᠠᠯᠠᠵᠤ | ᠂ ᠡᠪᠳᠡᠬᠦ ᠪᠠ ᠪᠠᠶᠢᠭᠤᠯᠬᠤ ᠶᠢ ᠵᠡᠷᠭᠡ ᠪᠠᠷ ᠠᠳᠬᠤᠵᠤ᠂ ᠤᠷᠢᠳ ᠢᠶᠠᠷ ᠰᠢᠨ᠎ᠡ ᠶᠢ ᠪᠠᠶᠢᠭᠤᠯᠵᠤ ᠳᠠᠷᠠᠭ᠎ᠠ ᠨᠢ | ᠬᠠᠭᠤᠴᠢᠨ ᠢ ᠡᠪᠳᠡᠵᠦ᠂ ᠪᠠᠶᠢᠭᠤᠯᠬᠤ ᠶᠣᠰᠣᠲᠠᠢ ᠶᠢ ᠨᠢ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠪᠠᠶᠢᠭᠤᠯᠵᠤ᠂ | ᠡᠪᠳᠡᠬᠦ ᠶᠣᠰᠣᠲᠠᠢ ᠶᠢ ᠨᠢ ᠪᠠᠶᠢᠭᠤᠯᠤᠭᠰᠠᠨ ᠰᠠᠭᠤᠷᠢᠨ ᠳᠡᠭᠡᠷ᠎ᠡ ᠴᠠᠭ ᠲᠤᠬᠠᠢ ᠳᠤᠨᠢ ᠡᠪᠳᠡᠵᠦ᠂ ᠡᠪᠳᠡᠬᠦ ᠪᠠ | ᠪᠠᠶᠢᠭᠤᠯᠬᠤ ᠶᠢ ᠨᠢᠭᠡᠳᠬᠡᠬᠦ ᠳᠤᠮᠳᠠ ᠥᠭᠡᠷᠡᠴᠢᠯᠡᠯᠲᠡ ᠶᠢ ᠲᠦᠷᠭᠡᠨ ᠪᠥᠭᠡᠳ ᠯᠠᠪᠳᠠᠭᠤᠨ ᠢᠶᠠᠷ ᠪᠡᠶᠡᠯᠡᠭᠦᠯᠬᠦ ᠬᠡᠷᠡᠭᠲᠡᠢ | ᠃ ᠥᠭᠡᠷᠡᠴᠢᠯᠡᠯᠲᠡ ᠨᠡᠭᠡᠭᠡᠯᠲᠡ ᠬᠢᠬᠦ ᠶᠢ ᠨᠢᠭᠡᠳᠬᠡᠬᠦ ᠶᠢ ᠪᠠᠷᠢᠮᠲᠠᠯᠠᠵᠤ᠂ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ | ᠯᠠᠪᠳᠠᠭᠤᠨ ᠢᠶᠠᠷ ᠥᠷᠭᠡᠳᠬᠡᠵᠦ᠂ ᠣᠯᠠᠨ ᠤᠯᠤᠰ ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ ᠤ | ᠳᠦᠷᠢᠮ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠭᠠᠳᠠᠭᠠᠳᠤ ᠠᠷᠠᠯᠵᠢᠶ᠎ᠠ᠂ ᠭᠠᠳᠠᠭᠠᠳᠤ ᠶᠢᠨ | ᠠᠷᠠᠯᠵᠢᠶᠠᠴᠢᠨ ᠤ ᠪᠡᠯᠡ ᠣᠷᠣᠭᠤᠯᠬᠤ ᠪᠣᠯᠣᠨ ᠭᠠᠳᠠᠭᠠᠳᠤ ᠳᠤ ᠪᠡᠯᠡ ᠣᠷᠣᠭᠤᠯᠬᠤ ᠬᠠᠮᠢᠶᠠᠷᠤᠯᠲᠠ ᠶᠢᠨ | ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ | ᠳᠡᠯᠡᠬᠡᠶᠢᠵᠢᠭᠰᠡᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠤᠶ ᠪᠤᠯᠭᠠᠬᠤ ᠬᠡᠷᠡᠭᠲᠡᠢ᠃ | ᠪᠠᠶᠢᠷᠢᠯᠠᠭᠤᠯᠤᠯᠲᠠ ᠪᠠ ᠨᠠᠶᠢᠳᠠᠪᠤᠷᠢᠵᠢᠭᠤᠯᠤᠯᠲᠠ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ | ᠥᠭᠡᠷᠡᠴᠢᠯᠡᠯᠲᠡ ᠶᠢᠨ ᠲᠥᠰᠥᠯ ᠢ ᠵᠢᠷᠤᠵᠤ ᠲᠥᠯᠥᠪᠯᠡᠬᠦ ᠳᠤ ᠡᠷᠬᠡᠪᠰᠢ ᠪᠤᠰᠤᠳᠴᠢ ᠵᠢᠮ᠎ᠡ ᠶᠣᠰᠣ ᠶᠢ ᠡᠵᠡᠮᠳᠡᠵᠦ᠂ | ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠵᠣᠬᠢᠴᠠᠭᠤᠯᠤᠨ ᠢᠵᠢ ᠪᠦᠷᠢᠳᠦᠭᠦᠯᠬᠦ ᠶᠢ | ᠴᠢᠬᠤᠯᠠᠴᠢᠯᠠᠵᠤ᠂ ᠥᠭᠡᠷᠡᠴᠢᠯᠡᠯᠲᠡ ᠶᠢᠨ ᠬᠠᠨᠳᠤᠰᠢ ᠶᠢᠨ ᠨᠢᠭᠡᠳᠦᠯᠲᠦ ᠴᠢᠨᠠᠷ ᠢ ᠴᠢᠩᠭᠠᠳᠬᠠᠵᠤ᠂ ᠬᠠᠷᠢᠭᠤᠴᠠᠯᠭ᠎ᠠ | ᠲᠣᠳᠣᠷᠬᠠᠢ᠂ ᠬᠡᠯᠬᠢᠶ᠎ᠡ ᠪᠦᠷᠢᠨ᠂ ᠭᠤᠭᠴᠤᠭ᠎ᠠ ᠪᠦᠷᠢ ᠨᠢ ᠬᠠᠷᠢᠯᠴᠠᠨ ᠬᠤᠯᠪᠣᠯᠳᠤᠭᠰᠠᠨ ᠠᠵᠢᠯ ᠤᠨ ᠲᠣᠭᠲᠠᠴᠠ ᠶᠢ | ᠪᠠᠶᠢᠭᠤᠯᠤᠨ ᠪᠦᠷᠢᠨᠰᠢᠭᠦᠯᠵᠦ᠂ ᠮᠥᠷᠳᠡᠨ ᠪᠠᠶᠢᠴᠠᠭᠠᠵᠤ ᠦᠷ᠎ᠡ ᠪᠦᠲᠦᠮᠵᠢ ᠶᠢ ᠨᠡᠬᠡᠮᠵᠢᠯᠡᠬᠦ ᠶᠢ ᠴᠢᠩᠭᠠᠳᠬᠠᠵᠤ᠂ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ ᠨᠠᠷᠢᠯᠢᠭ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠰᠢ ᠶᠢᠨ ᠫᠢᠩ᠂ ᠤᠳᠤᠷᠢᠳᠬᠤ | ᠺᠠᠳ᠋ᠷ ᠢᠯᠠᠩᠭᠤᠶ᠎ᠠ ᠳᠡᠭᠡᠳᠦ ᠲᠡᠰ ᠤᠨ ᠺᠠᠳ᠋ᠷ ᠥᠭᠡᠷᠡᠴᠢᠯᠡᠯᠲᠡ ᠶᠢ ᠠᠬᠢᠭᠤᠯᠬᠤ ᠴᠢᠬᠤᠯᠠ ᠡᠭᠦᠷᠭᠡ ᠬᠠᠷᠢᠭᠤᠴᠠᠯᠭ᠎ᠠ ᠶᠢ | ᠡᠭᠦᠷᠭᠡᠯᠡᠵᠦ ᠪᠠᠶᠢᠨ᠎ᠠ᠃ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ᠂ ᠲᠡᠦᠬᠡ ᠶᠢᠨ ᠬᠠᠷᠢᠭᠤᠴᠠᠯᠭᠠᠲᠤ | ᠰᠡᠳᠬᠢᠯᠭᠡ ᠪᠠᠨ ᠴᠢᠩᠭᠠᠳᠬᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ᠂ ᠬᠦᠴᠢᠷ ᠢ ᠰᠥᠷᠦᠨ ᠤᠷᠤᠭᠰᠢᠯᠠᠬᠤ | ᠤᠯᠤᠰ ᠲᠦᠷᠦ ᠶᠢᠨ ᠰᠥᠰᠥ ᠵᠣᠷᠢᠭ ᠢᠶᠠᠷ ᠵᠥᠷᠢᠴᠡᠯ ᠪᠠ ᠠᠰᠠᠭᠤᠳᠠᠯ ᠳᠤ ᠰᠢᠭᠤᠳ ᠬᠠᠨᠳᠤᠵᠤ᠂ ᠠᠷᠬᠠᠭ ᠭᠡᠮ ᠢ | ᠠᠷᠢᠯᠭᠠᠵᠤ᠂ ᠠᠶᠤᠯ ᠲᠦᠭᠰᠢᠭᠦᠷᠢ ᠥᠷᠢᠰᠦᠯᠳᠦᠭᠡᠨ ᠢ ᠠᠷᠭᠠᠴᠠᠭᠠᠬᠤ ᠳᠠᠭᠠᠨ ᠬᠤᠶᠢᠰᠢ ᠤᠬᠤᠷᠢᠬᠤ ᠦᠭᠡᠢ ᠪᠠᠶᠢᠵᠤ | ᠂ ᠥᠭᠡᠷᠡᠴᠢᠯᠡᠯᠲᠡ ᠬᠥᠭᠵᠢᠯᠲᠡ ᠶᠢᠨ ᠰᠢᠨ᠎ᠡ ᠣᠷᠣᠨ ᠵᠠᠢ ᠶᠢ ᠴᠢᠷᠮᠠᠶᠢᠨ ᠨᠡᠭᠡᠭᠡᠬᠦ ᠬᠡᠷᠡᠭᠲᠡᠢ᠃ ᠰᠢᠨᠵᠢᠯᠡᠬᠦ | ᠤᠬᠠᠭᠠᠨᠴᠢ ᠠᠷᠭ᠎ᠠ ᠪᠠᠷ ᠥᠭᠡᠷᠡᠴᠢᠯᠡᠯᠲᠡ ᠶᠢ ᠠᠬᠢᠭᠤᠯᠬᠤ ᠳᠠᠭᠠᠨ ᠴᠢᠳᠠᠮᠠᠭᠠᠢ ᠪᠠᠶᠢᠵᠤ᠂ ᠰᠢᠰᠲ᠋ᠧᠮ ᠲᠠᠢ | ᠪᠠᠶᠢᠷᠢᠯᠠᠭᠤᠯᠵᠤ᠂ ᠤᠬᠠᠭᠠᠯᠠᠨ ᠲᠥᠯᠥᠪᠯᠡᠵᠦ ᠲᠣᠭᠲᠠᠭᠰᠠᠨ ᠤ ᠲᠠᠷᠠᠭ᠎ᠠ ᠬᠥᠳᠡᠯᠦᠯᠴᠡᠬᠦ ᠬᠡᠷᠡᠭᠲᠡᠢ ᠭᠡᠵᠦ | ᠴᠢᠬᠤᠯᠠᠴᠢᠯᠠᠪᠠ᠃ ᠰᠢ ᠶᠢᠨ ᠫᠢᠩ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠠᠯᠢᠪᠠ | ᠢᠳᠡᠪᠬᠢ ᠬᠦᠴᠦᠨ ᠵᠦᠢᠯ ᠢ ᠭᠦᠢᠴᠡᠳ ᠳᠠᠶᠢᠴᠢᠯᠠᠬᠤ ᠨᠢ ᠥᠭᠡᠷᠡᠴᠢᠯᠡᠯᠲᠡ ᠶᠢ ᠤᠷᠤᠭᠰᠢᠲᠠᠢ ᠠᠬᠢᠭᠤᠯᠬᠤ ᠳᠤ | ᠲᠦᠢᠯ ᠤᠨ ᠴᠢᠬᠤᠯᠠ ᠶᠤᠮ᠃ ᠥᠭᠡᠷᠡᠴᠢᠯᠡᠯᠲᠡ ᠶᠢᠨ ᠶᠠᠷᠢᠶ᠎ᠠ ᠬᠡᠯᠡᠯᠴᠡᠭᠡᠨ ᠤ ᠬᠥᠲᠥᠯᠥᠨ ᠳᠠᠭᠠᠭᠤᠯᠬᠤ ᠠᠵᠢᠯ ᠢ | ᠦᠨᠡᠨ ᠬᠦ ᠰᠠᠶᠢᠲᠤᠷ ᠬᠢᠵᠦ᠂ ᠵᠥᠪ ᠲᠠᠯ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠭᠤᠣᠯ ᠭᠦᠭ ᠠᠶᠠᠰ ᠢ | ᠴᠢᠪᠬᠠᠳᠠᠵᠤ᠂ ᠢᠳᠡᠪᠬᠢ ᠬᠦᠴᠦᠨ ᠢ ᠳᠠᠮᠵᠢᠭᠤᠯᠬᠤ ᠬᠡᠷᠡᠭᠲᠡᠢ᠃ ᠪᠦᠭᠦᠳᠡ ᠬᠤᠷᠠᠯ ᠤᠨ ︽ᠲᠣᠭᠲᠠᠭᠠᠯ︾ ᠳᠤ | ᠳᠤᠷᠠᠳᠤᠭᠰᠠᠨ ᠵᠠᠷᠢᠮ ᠴᠢᠬᠤᠯᠠ ᠶᠡᠭᠡ ᠤᠨᠤᠯ ᠤᠨ ᠦᠵᠡᠯᠲᠡ ᠶᠢ ᠰᠤᠳᠤᠯᠬᠤ ᠪᠠ ᠲᠣᠳᠣᠷᠬᠠᠶᠢᠯᠠᠨ ᠲᠠᠶᠢᠯᠪᠤᠷᠢᠯᠠᠬᠤ | ᠠᠵᠢᠯ ᠢ ᠴᠢᠩᠭᠠᠳᠬᠠᠵᠤ᠂ ᠢᠯᠠᠩᠭᠤᠶ᠎ᠠ ᠦᠨᠳᠦᠰᠦᠨ ᠱᠠᠲᠤ ᠪᠠ ᠤᠯᠠᠨ ᠲᠦᠮᠡᠨ ᠳᠤ ᠬᠠᠨᠳᠤᠭᠤᠯᠤᠭᠰᠠᠨ | ᠤᠬᠠᠭᠤᠯᠭ᠎ᠠ᠂ ᠲᠠᠶᠢᠯᠤᠮᠵᠢ ᠶᠢ ᠴᠢᠩᠭᠠᠳᠬᠠᠵᠤ᠂ ᠴᠠᠭ ᠲᠤᠬᠠᠢ ᠳᠤᠨᠢ ᠮᠠᠳᠠᠭ ᠡᠭᠡᠳᠡᠷᠡᠭᠡᠨ ᠢ ᠲᠠᠶᠢᠯᠤᠨ | ᠲᠥᠭᠡᠷᠢᠭᠳᠡᠯ ᠢ ᠠᠷᠢᠯᠭᠠᠵᠤ᠂ ᠨᠡᠶᠢᠭᠡᠮ ᠤᠨ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠴᠦ᠂ | ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠪᠦᠭᠦ ᠨᠠᠮ ᠪᠦᠭᠦ ᠨᠡᠶᠢᠭᠡᠮ ᠢᠶᠠᠷ ᠢᠶᠠᠨ | ᠥᠭᠡᠷᠡᠴᠢᠯᠡᠯᠲᠡ ᠶᠢ ᠬᠠᠮᠲᠤ ᠪᠠᠷ ᠠᠳᠬᠤᠬᠤ ᠦᠵᠡᠯ ᠰᠠᠨᠠᠭᠠᠨ ᠤ ᠰᠠᠭᠤᠷᠢ᠂ ᠤᠯᠠᠨ ᠲᠦᠮᠡᠨᠴᠢ ᠰᠠᠭᠤᠷᠢ ᠶᠢ | ᠪᠠᠬᠢᠵᠢᠭᠦᠯᠬᠦ ᠬᠡᠷᠡᠭᠲᠡᠢ᠃ ᠺᠠᠳ᠋ᠷ᠂ ᠣᠯᠠᠨ ᠲᠦᠮᠡᠨ ᠤ ᠶᠡᠭᠡ ᠲᠠᠯ᠎ᠠ ᠶᠢᠨ ᠤᠬᠠᠮᠰᠠᠷ ᠢᠶᠠᠨ ᠴᠢᠩᠭᠠᠳᠬᠠᠬᠤ ᠶᠢ | ᠬᠥᠲᠥᠯᠥᠨ ᠵᠢᠯᠤᠭᠤᠳᠴᠤ᠂ ᠥᠭᠡᠷᠡᠴᠢᠯᠡᠯᠲᠡ ᠶᠢᠨ ᠳᠤᠮᠳᠠᠬᠢ ᠠᠰᠢᠭ ᠲᠤᠰᠠ ᠶᠢᠨ ᠬᠠᠷᠢᠴᠠᠭ᠎ᠠ ᠶᠢ ᠲᠣᠬᠢᠷᠠᠭᠤᠯᠬᠤ | ᠪᠠ ᠬᠤᠪᠢ ᠬᠥᠮᠥᠨ ᠤ ᠠᠰᠢᠭ ᠬᠤᠣᠷ ᠣᠯᠵᠤ ᠠᠯᠳᠠᠬᠤ ᠳᠤ ᠵᠥᠪ ᠢᠶᠠᠷ ᠬᠠᠨᠳᠤᠬᠤ ᠬᠡᠷᠡᠭᠲᠡᠢ ᠭᠡᠵᠦ ᠵᠢᠭᠠᠵᠤ | ᠭᠠᠷᠭᠠᠪᠠ᠃ ᠰᠢ ᠶᠢᠨ ᠫᠢᠩ ᠬᠠᠮᠤᠭ ᠤᠨ ᠰᠡᠭᠦᠯ ᠳᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ | ᠲᠥᠪ ᠤᠨ ᠤᠯᠤᠰ ᠲᠦᠷᠦ ᠶᠢᠨ ᠲᠣᠪᠴᠢᠶ᠎ᠠ ᠶᠢᠨ ᠬᠤᠷᠠᠯ ᠠᠴᠠ ᠲᠣᠭᠲᠠᠭᠠᠭᠰᠠᠨ ᠠᠯᠢ ᠤᠯᠠᠨ ᠴᠢᠬᠤᠯᠠ ᠶᠡᠭᠡ | ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠡᠯ᠎ᠡ ᠵᠦᠢᠯ ᠤᠨ ᠨᠥᠭᠡᠴᠡ ᠲᠦᠷᠦ ᠶᠢᠨ ᠪᠣᠳᠣᠯᠭ᠎ᠠ | ᠪᠣᠯᠣᠨ ᠨᠡᠮᠡᠭᠳᠡᠯ ᠲᠦᠷᠦ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠬᠠᠮ ᠠᠷᠭ᠎ᠠ ᠬᠡᠮᠵᠢᠶ᠎ᠡ ᠶᠢ | ᠰᠠᠶᠢᠲᠤᠷ ᠬᠡᠷᠡᠭᠵᠢᠭᠦᠯᠵᠦ᠂ ᠰᠡᠭᠦᠯᠴᠢ ᠶᠢᠨ ᠬᠤᠶᠠᠷ ᠰᠠᠷ᠎ᠠ ᠶᠢᠨ ᠡᠯ᠎ᠡ ᠵᠦᠢᠯ ᠤᠨ ᠠᠵᠢᠯ ᠢ ᠦᠨᠡᠨ ᠬᠦ ᠰᠠᠶᠢᠲᠤᠷ | ᠠᠳᠬᠤᠵᠤ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠴᠢᠷᠮᠠᠶᠢᠨ | ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠯᠢ ᠴᠢᠶᠠᠩ ᠰᠤᠷᠤᠯᠭ᠎ᠠ ᠡᠬᠢᠯᠡᠬᠦ ᠶᠣᠰᠣᠯᠠᠯ ᠢ ᠡᠷᠭᠢᠯᠡᠭᠦ ᠳᠡᠭᠡᠨ | ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠭᠤᠣᠯ ᠰᠠᠨᠠᠭ᠎ᠠ ᠨᠢ ᠠᠯᠤᠰ ᠭᠡᠳᠤ ᠶᠢᠨ᠂ ᠦᠵᠡᠯ | ᠰᠠᠨᠠᠭ᠎ᠠ ᠨᠢ ᠭᠦᠨ᠂ ᠨᠡᠪᠳᠡᠷᠡᠳᠡᠯ᠎ᠡ ᠥᠭᠦᠯᠡᠵᠦ᠂ ᠠᠭᠤᠯᠬᠤᠨ ᠨᠢ ᠪᠠᠶᠠᠯᠢᠭ ᠪᠠᠶᠢᠵᠤ᠂ ᠮᠠᠰᠢ ᠴᠢᠩᠭ᠎ᠠ ᠤᠯᠤᠰ | ᠲᠥᠷᠥᠴᠢ ᠴᠢᠨᠠᠷ᠂ ᠣᠨᠣᠯᠴᠢ ᠴᠢᠨᠠᠷ᠂ ᠬᠠᠨᠳᠤᠯᠭᠠᠲᠤ ᠴᠢᠨᠠᠷ᠂ ᠵᠢᠯᠤᠭᠤᠳᠬᠤ ᠴᠢᠨᠠᠷ ᠲᠠᠢ᠂ ᠪᠦᠭᠦ ᠨᠠᠮ ᠢᠯᠠᠩᠭᠤᠶ᠎ᠠ | ᠳᠡᠭᠡᠳᠦ ᠲᠡᠰ ᠤᠨ ᠺᠠᠳ᠋ᠷᠴᠤᠳ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ | ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠣᠨᠣᠪᠴᠢᠲᠠᠢ ᠣᠶᠢᠯᠠᠭᠠᠬᠤ᠂ ᠥᠭᠡᠷᠡᠴᠢᠯᠡᠯᠲᠡ ᠶᠢ | ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠵᠢᠯᠤᠭᠤᠳᠬᠤ ᠦᠵᠡᠯ ᠰᠠᠨᠠᠭ᠎ᠠ᠂ ᠶᠡᠷᠦᠩᠬᠡᠢ | ᠬᠠᠷᠠᠯᠲᠠ᠂ ᠴᠢᠬᠤᠯᠠ ᠶᠡᠭᠡ ᠵᠠᠷᠴᠢᠮ᠂ ᠰᠢᠨᠵᠢᠯᠡᠬᠦ ᠤᠬᠠᠭᠠᠨᠴᠢ ᠠᠷᠭ᠎ᠠ ᠶᠢ ᠭᠦᠨᠵᠡᠭᠡᠢ ᠡᠵᠡᠮᠰᠢᠬᠦ᠂ | ᠥᠭᠡᠷᠡᠴᠢᠯᠡᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠬᠤ᠂ ᠥᠭᠡᠷᠡᠴᠢᠯᠡᠯᠲᠡ ᠶᠢᠨ ᠴᠢᠭᠯᠡᠯ ᠢ ᠣᠨᠣᠪᠴᠢᠲᠠᠶ | ᠡᠵᠡᠮᠰᠢᠬᠦ᠂ ᠥᠭᠡᠷᠡᠴᠢᠯᠡᠯᠲᠡ ᠶᠢᠨ ᠬᠠᠷᠢᠭᠤᠴᠠᠯᠭ᠎ᠠ ᠶᠢ ᠴᠢᠩᠭᠠᠳᠬᠠᠬᠤ᠂ ᠥᠭᠡᠷᠡᠴᠢᠯᠡᠯᠲᠡ ᠶᠢᠨ ᠬᠠᠮᠲᠤᠷᠠᠯ | ᠬᠦᠴᠦᠨ ᠢ ᠨᠢᠭᠲᠠᠷᠠᠭᠤᠯᠬᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠣᠨᠣᠪᠴᠢᠲᠠᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠳᠤ ᠮᠠᠰᠢ ᠴᠢᠬᠤᠯᠠ ᠠᠴᠢ ᠬᠤᠯᠪᠣᠭᠳᠠᠯ ᠲᠠᠢ | ᠶᠤᠮ᠃ ᠡᠭᠦᠷᠭᠡᠯᠡᠯ ᠢ ᠪᠣᠳᠣᠯᠬᠢᠯᠠᠵᠤ ᠰᠤᠷᠤᠯᠴᠠᠨ᠂ ᠬᠠᠷᠢᠭᠤᠴᠠᠯᠭ᠎ᠠ ᠡᠪᠦᠷᠯᠡᠨ ᠰᠤᠷᠤᠯᠴᠠᠵᠤ᠂ ᠠᠰᠠᠭᠤᠳᠠᠯ ᠢ | ᠠᠪᠴᠤ ᠰᠤᠷᠤᠯᠴᠠᠨ᠂ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠪᠠᠶᠠᠯᠢᠭ ᠠᠭᠤᠯᠬᠤᠨ᠂ ᠭᠤᠣᠯ ᠠᠭᠤᠯᠭ᠎ᠠ ᠪᠠ | ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠨ ᠡᠵᠡᠮᠰᠢᠵᠦ᠂ ︽ᠬᠤᠶᠠᠷ ᠢ ᠲᠣᠭᠲᠠᠭᠠᠭᠰᠠᠨ︾ ᠤ | ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ | ᠡᠷᠡᠰ ᠪᠡᠶᠡᠯᠡᠭᠦᠯᠵᠦ᠂ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ ᠪᠠᠨ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ | ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ | ᠬᠦ ᠨᠢᠭᠡᠳᠬᠡᠵᠦ᠂ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠲᠦᠭᠡᠯᠴᠢ ᠪᠠᠷ ᠰᠠᠶᠢᠲᠤᠷ | ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ᠂ | ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ | ᠭᠡᠰᠢᠭᠦᠨ ᠳᠡᠳ᠋ ᠬᠤᠷᠢᠶᠠᠨ ᠳᠠᠷᠤᠭ᠎ᠠ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ ᠳᠡᠭᠡᠳᠦ ᠰᠢᠭᠦᠬᠦ | ᠬᠤᠷᠢᠶ᠎ᠠ ᠶᠢᠨ ᠳᠠᠷᠤᠭ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠭᠡᠰᠢᠭᠦᠨ ᠳᠡᠳ᠋ | ᠲᠡᠷᠢᠭᠦᠯᠡᠭᠴᠢ ᠵᠢᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠰᠤᠷᠤᠯᠭ᠎ᠠ ᠡᠬᠢᠯᠡᠬᠦ | ᠶᠣᠰᠣᠯᠠᠯ ᠳᠤ ᠣᠷᠣᠯᠴᠠᠪᠠ᠃ ᠡᠯ᠎ᠡ ᠮᠤᠵᠢ ᠥᠪᠡᠷᠲᠡᠭᠡᠨ ᠵᠠᠰᠠᠬᠤ ᠣᠷᠣᠨ ᠰᠢᠭᠤᠳ ᠬᠠᠷᠢᠶ᠎ᠠ ᠬᠤᠲᠠ ᠪᠣᠯᠣᠨ | ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ᠂ ᠲᠥᠪ ᠤᠨ ᠪᠠ ᠲᠦᠷᠦ ᠶᠢᠨ | ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠭᠦᠮ᠂ | ᠲᠥᠪ ᠠᠴᠠ ᠬᠠᠮᠢᠶᠠᠷᠴᠤ ᠪᠠᠶᠢᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠠᠵᠤ ᠠᠬᠤᠶᠢᠯᠠᠯ᠂ ᠶᠡᠭᠡ ᠳᠡᠭᠡᠳᠦ | ᠰᠤᠷᠭᠠᠭᠤᠯᠢ᠂ ᠴᠢᠯᠦᠭᠡᠯᠡᠬᠦ ᠴᠡᠷᠢᠭ ᠤᠨ ᠡᠯ᠎ᠡ ᠨᠢᠭᠡᠴᠢ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ | ᠭᠤᠣᠯ ᠬᠠᠷᠢᠭᠤᠴᠠᠯᠭᠠᠲᠠᠨ ᠨᠥᠬᠦᠳ ᠰᠤᠳᠤᠯᠤᠨ ᠶᠠᠷᠢᠯᠴᠠᠬᠤ ᠠᠩᠭᠢ ᠳᠤ ᠣᠷᠣᠯᠴᠠᠪᠠ᠃ ᠡᠯ᠎ᠡ ᠠᠷᠠᠳᠴᠢᠯᠠᠭᠰᠠᠨ | ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠵᠢᠴᠢ | ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠰᠤᠷᠤᠯᠭ᠎ᠠ ᠡᠬᠢᠯᠡᠬᠦ ᠶᠣᠰᠣᠯᠠᠯ ᠳᠤ ᠰᠤᠯᠠ ᠣᠷᠣᠯᠴᠠᠵᠠᠢ᠃ |