ᠰᠦᠬᠡ ᠠᠩᠭᠢ ᠳᠠᠭᠠᠭᠤᠯᠤᠨ ᠾᠧᠪᠸᠢ ᠮᠤᠵᠢ ᠳᠤ ᠬᠦᠷᠴᠦ ᠠᠷᠠᠯᠵᠢᠶᠠᠴᠢᠨ ᠤᠷᠢᠵᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/10/8
         9 ᠰᠠᠷ᠎ᠠ ᠶᠢᠨ 23 ᠤ ᠡᠳᠦᠷ ᠠᠴᠠ 24 ᠤ ᠡᠳᠦᠷ ᠪᠣᠯᠲᠠᠯ᠎ᠠ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ  ᠶᠢᠨ ᠱᠦᠵᠢ  ᠰᠦᠬᠡ ᠪᠦᠯᠬᠦᠮ ᠳᠠᠭᠠᠭᠤᠯᠤᠨ ᠤᠷᠢᠳ ᠬᠤᠵᠢᠳ ᠾᠧᠪᠸᠢ ᠶᠢᠨ ᠵᠢᠩ ᠶᠧ ᠪᠦᠯᠦᠭᠯᠡᠯ᠂ ᠾᠧᠪᠸᠢ ᠶᠢᠨ ᠪᠦᠳᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠳᠤ ᠰᠢᠨᠵᠢᠯᠡᠨ ᠪᠠᠶᠢᠴᠠᠭᠠᠵᠤ ᠵᠣᠯᠭᠠᠭᠤᠯᠪᠠ᠃    ᠵᠢᠩ ᠶᠧ ᠪᠦᠯᠦᠭᠯᠡᠯ ᠳᠤ᠂ ᠬᠤᠶᠠᠷ ᠲᠠᠯ᠎ᠠ ᠪᠠᠷ ᠢᠶᠠᠨ ᠦᠽᠪᠧᠺᠰᠲ᠋ᠠᠨ ᠤ ᠪᠤᠯᠤᠳ ᠲᠡᠮᠤᠷ ᠤᠨ ᠺᠣᠮᠫᠠᠨᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠵᠣᠯᠭᠠᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠠᠳᠠᠯᠢ ᠴᠢᠭᠯᠡᠯ ᠢᠶᠠᠷ ᠤᠷᠤᠭᠰᠢᠯᠠᠵᠤ᠂  ᠤᠯᠠᠭᠠᠨᠬᠤᠳᠠ  ᠪᠤᠯᠤᠳ ᠲᠡᠮᠤᠷ ᠤᠨ ᠺᠣᠮᠫᠠᠨᠢ ᠶᠢᠨ ᠳᠡᠭᠡᠳᠦ ᠲᠡᠰ ᠤᠨ᠂ ᠪᠣᠬᠢᠷᠲᠤᠯ ᠦᠭᠡᠢ᠂ ᠤᠶᠤᠨᠴᠢᠯᠠᠬᠰᠠᠨ ᠬᠥᠭᠵᠢᠯᠲᠡ ᠶᠢ ᠠᠬᠢᠭᠤᠯᠤᠨ᠎ᠠ ᠭᠡᠵᠦ ᠢᠯᠡᠳᠬᠡᠪᠡ᠃ ᠾᠧᠪᠸᠢ ᠶᠢᠨ ᠪᠦᠳᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠳᠤ᠂ ᠬᠤᠶᠠᠷ ᠲᠠᠯ᠎ᠠ ᠪᠠᠷ ᠢᠶᠠᠨ ᠣᠷᠣᠨ ᠨᠤᠲᠤᠭ ᠪᠣᠯᠤᠨ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠭᠦᠨᠵᠡᠭᠡᠢ ᠰᠣᠯᠢᠯᠴᠠᠭ᠎ᠠ ᠬᠢᠵᠦ᠂ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ ᠶᠢᠨ ᠲᠦᠷᠦᠯ ᠵᠦᠢᠯ ᠢ ᠲᠦᠷᠭᠡᠨ ᠠᠬᠢᠭᠤᠯᠵᠤ᠂ ᠡᠨᠡ ᠵᠢᠯ ᠤᠨ ᠳᠣᠲᠣᠷ᠎ᠠ ᠪᠠᠷᠢᠯᠭ᠎ᠠ ᠡᠬᠢᠯᠡᠭᠦᠯᠬᠦ ᠪᠠᠷ ᠲᠣᠭᠲᠠᠪᠠ᠃    ᠠᠶᠢᠮᠠᠭ ᠤᠨ ᠤᠳᠤᠷᠢᠳᠤᠯᠭ᠎ᠠ ᠶᠠᠩ ᠵᠢᠢ ᠫᠧᠩ᠂ ᠴᠢᠨ ᠬᠤᠸᠠ ᠵᠧᠨ᠂ ᠬᠦ᠋ ᠯᠢ ᠮᠢᠨ ᠵᠢᠴᠢ ᠬᠤᠯᠪᠣᠭᠳᠠᠯ ᠪᠦᠬᠦᠢ ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠰᠢᠨᠵᠢᠯᠡᠨ ᠪᠠᠶᠢᠴᠠᠭᠠᠵᠤ ᠵᠣᠯᠭᠠᠭᠤᠯᠬᠤ ᠠᠵᠢᠯᠯᠠᠭ᠎ᠠ ᠳᠤ ᠣᠷᠣᠯᠴᠠᠪᠠ᠃     
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号