| | 9 ᠰᠠᠷ᠎ᠠ ᠶᠢᠨ 24 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ | ᠳᠠᠷᠤᠭ᠎ᠠ ᠢᠦᠶ ᠵᠢᠶ ᠱᠦᠨ ᠲᠦᠴᠢᠦᠸᠠᠨ ᠰᠢᠶᠠᠨ ᠳᠤ ᠪᠠᠶᠢᠴᠠᠭᠠᠨ ᠰᠤᠳᠤᠯᠤᠯᠲᠠ ᠬᠢᠪᠠ᠃ | ᠢᠦᠢ ᠵᠢᠢ ᠱᠦᠨ ᠤᠷᠢᠳ ᠬᠤᠵᠢᠳ ᠲᠦᠴᠢᠦᠸᠠᠨ ᠰᠢᠶᠠᠨ ᠤ ᠶᠦᠩ ᠠᠨ ᠪᠠᠯᠭᠠᠰᠤ ᠶᠢᠨ ᠬᠠᠷᠠᠴᠢᠨ | ᠲᠣᠰᠬᠤᠨ ᠤ ︽ᠴᠠᠭ ᠠᠭᠤᠷ + ᠥᠨᠳᠥᠷ ᠪᠠᠷᠢᠮᠵᠢᠶ᠎ᠠ ᠲᠠᠢ ᠲᠠᠷᠢᠶᠠᠨ ᠭᠠᠵᠠᠷ︾ ᠤᠨ ᠤᠰᠤ ᠠᠷᠪᠢᠯᠠᠬᠤ ᠤᠶᠤᠨᠲᠤ | ᠤᠰᠤᠯᠠᠯᠲᠠ ᠵᠢᠨᠵᠢᠱᠢᠶᠡ ᠦᠵᠡᠭᠦᠯᠬᠦ ᠲᠣᠭᠤᠷᠢᠭ᠂ ᠵᠢᠷᠭᠤᠭᠠᠨ ᠡᠷᠦᠬᠡ ᠶᠢᠨ ᠲᠠᠷᠢᠶᠠᠯᠠᠩ ᠤᠨ ᠣᠨᠴᠠ ᠭᠠᠷᠤᠯᠲᠠ ᠶᠢ | ᠡᠳ᠋ᠰᠢᠭᠦᠯᠵᠦ ᠦᠢᠯᠡᠰ ᠪᠤᠰᠬᠠᠬᠤ ᠠᠵᠤ ᠦᠢᠯᠡᠰ ᠤᠨ ᠬᠦᠷᠢᠶᠡᠯᠡᠩ᠂ ᠵᠢᠶᠠ ᠯᠦᠩ ᠬᠠᠨ ᠴᠧᠨ ᠪᠠᠭ᠎ᠠ | ᠲᠣᠭᠤᠷᠢᠭ ᠤᠨ ᠰᠢᠨ᠎ᠡ ᠪᠠᠷ ᠪᠠᠶᠢᠭᠤᠯᠤᠭᠰᠠᠨ ᠢᠯᠴᠢ ᠰᠣᠯᠢᠯᠴᠠᠬᠤ ᠦᠷᠳᠡᠭᠡ᠂ ᠲᠠᠢ ᠫᠢᠩ ᠰᠢᠶᠠᠩ ᠤᠨ ᠪᠣᠷᠣ | ᠰᠠᠷᠢᠮᠰᠠᠭ ᠡᠳ᠋ᠰᠢᠭᠦᠯᠵᠦ ᠦᠢᠯᠡᠰ ᠪᠤᠰᠬᠠᠬᠤ ᠠᠵᠤ ᠦᠢᠯᠡᠰ ᠤᠨ ᠬᠦᠷᠢᠶᠡᠯᠡᠩ ᠵᠡᠷᠭᠡ ᠭᠠᠵᠠᠷ ᠲᠤ ᠬᠦᠷᠴᠡᠢ᠃ | ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠳᠤᠯᠠᠭᠠᠨ ᠪᠦᠯᠢᠶᠡᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ | ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠦᠷᠢᠶᠡᠯᠡᠩ ᠲᠣᠭᠤᠷᠢᠭ ᠤᠨ ᠠᠵᠢᠯᠯᠠᠭᠠᠨ᠂ ᠠᠵᠤ | ᠦᠢᠯᠡᠰ ᠤᠨ ᠬᠥᠭᠵᠢᠯᠲᠡ ᠵᠡᠷᠭᠡ ᠪᠠᠶᠢᠳᠠᠯ ᠢ ᠨᠠᠷᠢᠨ ᠤᠶᠢᠯᠠᠭᠠᠪᠠ ᠃ | ᠢᠦᠢ ᠵᠢᠢ ᠱᠦᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠬᠡᠨ ᠪᠠᠶᠢᠭᠤᠯᠤᠯᠲᠠ ᠶᠢ ᠬᠥᠳᠡᠭᠡ | ᠠᠵᠤ ᠠᠬᠤᠢ ᠶᠢᠨ ᠣᠳᠣᠬᠢᠴᠢᠯᠠᠯᠲᠠ ᠶᠢᠨ ᠴᠢᠬᠤᠯᠠ ᠠᠭᠤᠯᠭ᠎ᠠ ᠪᠣᠯᠭᠠᠵᠤ᠂ ᠬᠥᠳᠡᠭᠡ ᠠᠵᠤ ᠠᠬᠤᠢ ᠶᠢᠨ | ᠦᠢᠯᠡᠳᠪᠦᠷᠢᠯᠡᠯ ᠤᠨ ᠮᠠᠰᠢᠨᠴᠢᠯᠠᠯᠲᠠ᠂ ᠤᠶᠤᠨᠴᠢᠯᠠᠯᠲᠠ ᠶᠢ ᠲᠦᠷᠭᠡᠳᠬᠡᠨ ᠠᠬᠢᠭᠤᠯᠵᠤ᠂ ᠬᠥᠳᠡᠭᠡ ᠠᠵᠤ | ᠠᠬᠤᠢ ᠶᠢᠨ ᠦᠢᠯᠡᠳᠪᠦᠷᠢᠯᠡᠯ ᠤᠨ ᠰᠠᠭᠤᠷᠢ ᠶᠢ ᠳᠠᠰᠤᠷᠠᠯᠳᠠ ᠦᠬᠡᠢ ᠪᠠᠬᠢᠵᠢᠭᠦᠯᠵᠦ᠂ ᠬᠥᠳᠡᠭᠡ ᠠᠵᠤ ᠠᠬᠤᠢ ᠶᠢᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠵᠤ ᠦᠢᠯᠡᠰ ᠤᠨ ᠬᠦᠷᠢᠶᠡᠯᠡᠩ ᠤᠨ ᠵᠢᠱᠢᠶ᠎ᠡ | ᠦᠵᠡᠭᠦᠯᠵᠦ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠪᠠᠷ ᠠᠵᠤ ᠦᠢᠯᠡᠰ ᠤᠨ ᠨᠠᠷᠢᠯᠢᠭ ᠪᠣᠯᠪᠠᠰᠤᠷᠠᠭᠤᠯᠤᠯᠲᠠ ᠶᠢ ᠠᠬᠢᠭᠤᠯᠵᠤ᠂ ᠦᠢᠯᠡᠳᠬᠦᠨ ᠤ ᠶᠡᠷᠦᠩᠬᠡᠢ | ᠬᠡᠮᠵᠢᠶ᠎ᠡ ᠶᠢ ᠪᠤᠵᠠᠭᠠᠶᠢᠷᠠᠭᠤᠯᠵᠤ᠂ ᠳᠡᠭᠡᠳᠦ ᠲᠤᠤᠷᠠᠳᠤ ᠤᠷᠤᠰᠬᠠᠯ ᠢ ᠥᠷᠭᠡᠳᠬᠡᠵᠦ᠂ ᠠᠵᠤ ᠦᠢᠯᠡᠰ ᠤᠨ | ᠬᠡᠯᠬᠢᠶ᠎ᠡ ᠶᠢ ᠪᠦᠷᠢᠯᠳᠦᠭᠦᠯᠵᠦ᠂ ︽ᠨᠤᠲᠤᠭ ᠤᠨ ᠣᠨᠴᠠ ᠭᠠᠷᠤᠯᠲᠠ︾ ᠶᠢ ᠠᠷᠠᠳ ᠢ ᠪᠠᠶᠠᠵᠢᠭᠤᠯᠬᠤ ᠲᠤᠮᠤ ᠠᠵᠤ | ᠦᠢᠯᠡᠰ ᠪᠣᠯᠭᠠᠬᠤ ᠬᠡᠷᠡᠭᠲᠡᠢ᠃ ᠢᠯᠴᠢ ᠶᠢᠨ ᠡᠬᠢ ᠰᠤᠷᠪᠤᠯᠵᠢ ᠶᠢᠨ ᠪᠠᠲᠤᠯᠠᠭ᠎ᠠ ᠶᠢᠨ ᠢᠨᠵᠧᠨᠧᠷᠢᠩ ᠪᠠ ᠢᠯᠴᠢ ᠶᠢᠨ | ᠲᠣᠣᠷ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠡᠪᠦᠯ ᠤᠨ | ᠤᠯᠠᠷᠢᠯ ᠤᠨ ᠢᠯᠴᠢ ᠬᠠᠩᠭᠠᠬᠤ ᠵᠠᠩᠭᠢᠯᠠᠭ᠎ᠠ ᠶᠢᠨ ᠴᠡᠭ ᠢ ᠠᠩᠬᠠᠷᠴᠤ᠂ ᠡᠯ᠎ᠡ ᠵᠦᠢᠯ ᠤᠨ ᠪᠡᠯᠡᠳᠬᠡᠯ ᠠᠵᠢᠯ ᠢ | ᠪᠣᠳᠠᠲᠠᠶᠢᠵᠢᠭᠤᠯᠤᠨ ᠨᠠᠷᠢᠯᠢᠭ ᠬᠢᠵᠦ᠂ ᠢᠯᠴᠢ ᠬᠠᠩᠭᠠᠬᠤ ᠪᠠᠲᠤᠯᠠᠭ᠎ᠠ ᠶᠢᠨ ᠴᠢᠳᠠᠪᠤᠷᠢ ᠪᠠ ᠦᠢᠯᠡᠴᠢᠯᠡᠭᠡᠨ ᠤ | ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠤᠯᠠᠨ ᠲᠦᠮᠡᠨ ᠤ ᠳᠤᠯᠠᠭᠠᠨ ᠪᠦᠯᠢᠶᠡᠨ ᠡᠪᠦᠯ ᠢ ᠥᠩᠭᠡᠷᠡᠭᠦᠯᠬᠦ ᠶᠢ | ᠪᠠᠲᠤᠯᠠᠬᠤ ᠬᠡᠷᠡᠭᠲᠡᠢ ᠭᠡᠪᠡ᠃ | | |