ᠰᠦᠬᠡ  ᠢᠦᠶ ᠵᠢᠶ ᠱᠦᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠲᠢᠩᠬᠢᠮ ᠲᠣᠪᠴᠢᠶ᠎ᠠ ᠳᠤ ᠬᠦᠷᠴᠦ ᠰᠤᠷᠪᠤᠯᠵᠢᠯᠠᠪᠠ
ᠨᠡᠶᠢᠲᠡᠯᠡᠭᠰᠡᠨ ᠴᠠᠭ᠄
2024/10/8
        9 ᠳ᠋ᠦ᠋ᠭᠡᠷ ᠰᠠᠷ᠎ᠠ ᠶᠢᠨ 27 ᠤ ᠡᠳᠦᠷ ᠠᠴᠠ 28 ᠤ ᠡᠳᠦᠷ ᠪᠣᠯᠲᠠᠯ᠎ᠠ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠰᠦᠬᠡ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠠᠩᠭᠢ ᠳᠠᠭᠠᠭᠤᠯᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ  ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠢᠩᠬᠢᠮ᠂ ᠠᠮᠢ ᠠᠬᠤᠶ ᠶᠢᠨ ᠣᠷᠴᠢᠨ ᠲᠣᠭᠤᠷᠢᠨ ᠤ ᠲᠢᠩᠬᠢᠮ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠣᠶᠣᠯ ᠵᠢᠭᠤᠯᠴᠢᠯᠠᠯ ᠤᠨ ᠲᠢᠩᠬᠢᠮ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ᠂ ᠲᠤᠭ᠎ᠠ ᠪᠦᠷᠢᠳᠬᠡᠯ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ ᠮᠥᠩᠭᠦᠨ  ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ  ᠨᠢᠭᠡᠴᠢ ᠪᠠᠷ ᠬᠦᠷᠴᠦ᠂ ᠬᠤᠯᠪᠣᠭᠳᠠᠯ ᠪᠥᠬᠦᠶ ᠤᠴᠢᠷ ᠶᠠᠪᠤᠳᠠᠯ ᠢ ᠵᠤᠯᠭᠠᠭᠤᠯᠪᠠ᠃    ᠰᠦᠬᠡ᠂ ᠢᠦᠶ ᠵᠢᠶ ᠱᠦᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠡᠮᠦᠨ᠎ᠡ ᠠᠴᠠ ᠥᠪᠡᠷᠲᠡᠭᠡᠨ ᠵᠠᠰᠠᠬᠤ ᠣᠷᠣᠨ ᠤ ᠲᠢᠩᠬᠢᠮ ᠲᠣᠪᠴᠢᠶ᠎ᠠ ᠶᠢᠨ ᠨᠢᠭᠡᠴᠢ ᠶᠢᠨ ᠤᠷᠲᠤ ᠬᠤᠭᠤᠴᠠᠭᠠᠨ ᠤ ᠲᠤᠷᠰᠢ ᠬᠢᠩᠭᠠᠨ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠳᠡᠮᠵᠢᠯᠭᠡ ᠬᠠᠪᠰᠤᠷᠤᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠡᠭᠦᠨ ᠤ ᠬᠠᠮᠲᠤ ᠥᠪᠡᠷᠲᠡᠭᠡᠨ ᠵᠠᠰᠠᠬᠤ ᠣᠷᠣᠨ ᠤ ᠲᠢᠩᠬᠢᠮ  ᠲᠤᠪᠴᠢᠶ᠎ᠠ ᠶᠢᠨ  ᠨᠢᠭᠡᠴᠢ ᠥᠩᠭᠡᠷᠡᠭᠰᠡᠨ ᠲᠠᠢ ᠪᠠᠨ ᠠᠳᠠᠯᠢ ᠪᠠᠷ ᠬᠢᠩᠭᠠᠨ ᠠᠶᠢᠮᠠᠭ ᠤᠨ ᠬᠥᠭᠵᠢᠯᠲᠡ ᠶᠢ ᠬᠠᠯᠠᠮᠵᠢᠯᠠᠵᠤ᠂ ᠬᠢᠩᠭᠠᠨ ᠠᠶᠢᠮᠠᠭ ᠤᠨ ᠣᠳᠣᠬᠢᠴᠢᠯᠠᠭᠰᠠᠨ ᠠᠵᠤ ᠦᠢᠯᠡᠰ ᠤᠨ  ᠰᠢᠰᠲ᠋ᠧᠮ ᠢ ᠪᠠᠶᠢᠭᠤᠯᠬᠤ᠂ ᠴᠢᠬᠤᠯᠠ ᠶᠡᠭᠡ ᠰᠠᠭᠤᠷᠢ ᠲᠥᠬᠦᠭᠡᠷᠦᠮᠵᠢ ᠪᠣᠯᠤᠨ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠬᠦ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠶᠢ ᠴᠢᠩᠭᠠᠳᠬᠠᠬᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠵᠡᠷᠭᠡ ᠲᠠᠯ᠎ᠠ ᠪᠠᠷ ᠨᠡᠩ ᠤᠯᠠᠨ ᠦᠷ᠎ᠡ ᠪᠦᠲᠦᠭᠡᠯ ᠤᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ᠃ ᠪᠥᠬᠦ ᠠᠶᠢᠮᠠᠭ ᠤᠨ ᠳᠡᠭᠡᠳᠦ ᠳᠣᠤᠷᠠᠳᠤ ᠱᠠᠲᠤᠨ ᠤ ᠬᠢᠨ ᠴᠤᠭ ᠰᠦᠯᠳᠡ ᠪᠠᠨ ᠪᠠᠳᠠᠷᠠᠭᠤᠯᠵᠤ᠂ ᠴᠢᠩᠭ᠎ᠠ ᠠᠳᠬᠤᠨ ᠲᠦᠷᠭᠡᠨ ᠠᠵᠢᠯᠯᠠᠵᠤ᠂ ᠪᠥᠬᠦ ᠵᠢᠯ ᠤᠨ ᠡᠭᠦᠷᠭᠡ ᠬᠠᠷᠠᠯᠲᠠ ᠪᠠᠨ ᠪᠥᠬᠦ ᠬᠦᠴᠦᠨ ᠢᠶᠠᠷ ᠢᠶᠠᠨ ᠪᠡᠶᠡᠯᠡᠭᠦᠯᠵᠦ᠂ ᠡᠯ᠎ᠡ ᠵᠦᠢᠯ ᠤᠨ ᠠᠵᠢᠯ  ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠨᠡᠭᠡᠭᠡᠵᠦ᠂ ᠳᠤᠮᠳᠠ ᠤᠷᠤᠰᠬᠠᠯ ᠳᠤ ᠣᠷᠣᠬᠤ︾ ᠬᠠᠷᠠᠯᠲᠠ ᠶᠢ ᠪᠡᠶᠡᠯᠡᠭᠦᠯᠬᠦ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠡᠶ᠃    ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠢᠩᠬᠢᠮ  ᠲᠤᠪᠴᠢᠶ᠎ᠡ ᠶᠢᠨ ᠬᠠᠷᠢᠭᠤᠴᠠᠯᠭᠠᠲᠠᠨ ᠬᠢᠩᠭᠠᠨ ᠠᠶᠢᠮᠠᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠯᠤᠭᠰᠠᠨ ᠰᠠᠶᠢᠨ ᠦᠷ᠎ᠡ ᠪᠦᠲᠦᠮᠵᠢ ᠶᠢ ᠭᠦᠢᠴᠡᠳ ᠨᠤᠲᠠᠯᠠᠵᠤ᠂ ᠬᠠᠮᠵᠢᠯᠴᠠᠨ ᠳᠡᠮᠵᠢᠬᠦ ᠵᠦᠢᠯᠡᠰ ᠲᠤ ᠢᠳᠡᠪᠬᠢᠲᠡᠢ ᠬᠠᠷᠢᠭᠤ ᠲᠤᠰᠬᠠᠯ ᠭᠠᠷᠭᠠᠵᠤ᠂ ᠠᠵᠢᠯ ᠤᠨ ᠵᠣᠯᠭᠠᠯᠴᠠᠭ᠎ᠠ ᠪᠠ ᠵᠢᠯᠤᠭᠤᠳᠤᠯᠭ᠎ᠠ ᠶᠢ ᠴᠢᠩᠭᠠᠳᠬᠠᠵᠤ᠂ ᠬᠢᠩᠭᠠᠨ ᠠᠶᠢᠮᠠᠭ ᠤᠨ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠳᠡᠮᠵᠢᠨ᠎ᠠ ᠭᠡᠵᠦ ᠢᠯᠡᠳᠬᠡᠪᠡ᠃    ᠴᠢᠨ ᠬᠤᠸᠠ ᠵᠧᠨ ᠵᠡᠷᠭᠡ ᠠᠶᠢᠮᠠᠭ ᠤᠨ ᠤᠳᠤᠷᠢᠳᠤᠯᠭ᠎ᠠ ᠵᠢᠴᠢ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠲᠤᠰ ᠲᠤᠰ ᠰᠤᠷᠪᠤᠯᠵᠢᠯᠠᠨ ᠵᠣᠯᠭᠠᠭᠤᠯᠬᠤ ᠠᠵᠢᠯᠯᠠᠭ᠎ᠠ ᠳᠤ ᠣᠷᠣᠯᠴᠠᠵᠠᠢ᠃     
 
ᠢᠷᠡᠯᠲᠡ᠄ ᠬᠢᠩᠭᠠᠨ  ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号