ᠡᠪᠦᠯ ᠤᠨ ᠤᠯᠠᠷᠢᠯ ᠬᠦᠷᠴᠦ ᠢᠷᠡᠬᠦ ᠶᠢ ᠳᠠᠭᠠᠯᠳᠤᠨ᠂ ᠷᠠᠰᠢᠶᠠᠨ ᠬᠤᠲᠠ ᠶᠢᠨ ᠳᠤᠯᠠᠭᠠᠯᠠᠭ᠎ᠠ ᠬᠠᠩᠭᠠᠬᠤ ᠠᠵᠤ | ᠠᠬᠤᠶᠢᠯᠠᠯ ᠦᠳᠲᠡᠷ ᠲᠦᠷᠭᠡᠨ ᠬᠥᠳᠡᠯᠦᠯᠴᠡᠵᠦ᠂ ᠬᠠᠬᠢᠷ ᠡᠪᠦᠯ ᠤᠨ ᠤᠯᠠᠷᠢᠯ ᠳᠤ ᠳᠤᠯᠠᠭᠠᠨ ᠡᠪᠦᠯᠵᠢᠬᠦ ᠶᠢ | ᠪᠠᠲᠤᠯᠠᠵᠤ᠂ ᠰᠠᠭᠤᠭᠠᠯᠢ ᠠᠷᠠᠳ ᠤᠨ ᠳᠤᠯᠠᠭᠠᠨ ᠲᠠᠭᠠᠯᠠᠮᠵᠢᠲᠠᠶ ᠡᠪᠦᠯᠵᠢᠬᠦ ᠶᠢ ᠦᠨᠡᠨ ᠬᠦ ᠪᠠᠲᠤᠯᠠᠪᠠ᠃ ᠷᠠᠰᠢᠶᠠᠨ | ᠬᠤᠲᠠ ᠶᠢᠨ ᠢ ᠶᠤᠸᠠᠨ ᠢᠯᠴᠢ ᠶᠢᠨ ᠬᠦᠴᠦᠨ ᠤ ᠪᠦᠷᠢᠨ ᠪᠣᠰᠣ ᠬᠠᠷᠢᠭᠤᠴᠠᠯᠭᠠᠲᠤ ᠺᠣᠮᠫᠠᠨᠢ ᠳᠤ ᠢᠷᠡᠬᠦ ᠳᠤ᠂ | ᠬᠠᠮᠢᠶ᠎ᠠ ᠪᠦᠬᠦᠢ ᠠᠵᠢᠯᠳᠡᠳ ᠶᠠᠭᠠᠷᠠᠯᠲᠠᠶ ᠪᠥᠭᠡᠳ ᠡᠮᠬᠢ ᠵᠢᠷᠤᠮ ᠲᠠᠢ ᠠᠵᠢᠯᠯᠠᠭᠠᠵᠣ ᠪᠠᠶᠢᠨ᠎ᠠ᠃ ᠰᠠᠭᠤᠭᠠᠯᠢ | ᠠᠷᠠᠳ ᠲᠤ ᠴᠢᠨᠠᠷ ᠰᠠᠶᠢᠲᠠᠶ ᠳᠤᠯᠠᠭᠠᠯᠠᠭ᠎ᠠ ᠬᠠᠩᠭᠠᠬᠤ ᠦᠢᠯᠡᠴᠢᠯᠡᠭᠡ ᠬᠠᠩᠭᠠᠬᠤ ᠶᠢᠨ ᠲᠥᠯᠥᠭᠡ᠂ ᠳᠤᠯᠠᠭᠠᠯᠠᠭ᠎ᠠ | ᠬᠠᠩᠭᠠᠬᠤ ᠺᠣᠮᠫᠠᠨᠢ ᠣᠶᠤᠨᠴᠢᠯᠠᠭᠰᠠᠨ ᠳᠤᠯᠠᠭᠠᠯᠠᠭ᠎ᠠ ᠬᠠᠩᠭᠠᠬᠤ ᠬᠠᠮᠢᠶᠠᠷᠤᠯᠲᠠ ᠶᠢᠨ ᠰᠢᠰᠲ᠋ᠧᠮ ᠢ ᠬᠡᠷᠡᠭᠯᠡᠵᠡᠢ᠃ | ᠣᠷᠴᠢᠨ ᠲᠣᠭᠤᠷᠢᠨ ᠤ ᠳᠤᠯᠠᠭᠠᠨ ᠤ ᠬᠡᠮᠵᠢᠶᠡᠨ ᠤ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠴᠤᠭᠯᠠᠭᠤᠯᠬᠤ ᠶᠢᠨ | ᠬᠠᠮᠲᠤ ᠡᠭᠦᠨ ᠢᠶᠠᠷ ᠦᠨᠳᠦᠰᠦᠯᠡᠯ ᠪᠣᠯᠭᠠᠵᠤ᠂ ᠳᠤᠯᠠᠭᠠᠯᠠᠭ᠎ᠠ ᠶᠢᠨ ᠳᠤᠯᠠᠭᠠᠨ ᠤ ᠬᠡᠮᠵᠢᠶ᠎ᠡ ᠪᠠ ᠢᠯᠴᠢ ᠬᠠᠩᠭᠠᠬᠤ | ᠴᠠᠭ ᠢ ᠣᠨᠣᠪᠴᠢᠲᠠᠶ ᠲᠣᠬᠢᠷᠠᠭᠤᠯᠤᠨ ᠡᠵᠡᠮᠳᠡᠵᠡᠢ᠃ ᠡᠭᠦᠨ ᠠᠴᠠ ᠭᠠᠳᠠᠨ᠎ᠠ᠂ ᠳᠤᠯᠠᠭᠠᠯᠠᠭ᠎ᠠ ᠬᠠᠩᠭᠠᠬᠤ ᠺᠣᠮᠫᠠᠨᠢ | ᠪᠠᠰᠠ 24 ᠴᠠᠭ ᠢᠶᠠᠷ ᠵᠢᠵᠢᠭᠦᠷᠯᠡᠬᠦ ᠪᠦᠷᠢᠨ ᠲᠡᠭᠦᠯᠳᠡᠷ ᠲᠦᠷᠢᠮ ᠢ ᠪᠠᠶᠢᠭᠤᠯᠵᠤ᠂ ᠳᠤᠯᠠᠭᠠᠯᠠᠭ᠎ᠠ ᠬᠠᠩᠭᠠᠬᠤ | ᠶᠠᠪᠣᠴᠠ ᠳᠤ ᠬᠡᠮ ᠰᠣᠭᠤᠭ ᠢᠯᠡᠷᠡᠭᠦᠯᠪᠡᠯ ᠣᠯᠡᠨ ᠢᠶᠠᠷ ᠢᠶᠠᠨ ᠦᠳᠲᠡᠷ ᠲᠦᠷᠭᠡᠨ ᠬᠦᠳᠡᠯᠣᠯᠴᠠᠵᠤ᠂ ᠬᠠᠮᠤᠭ ᠤᠨ | ᠣᠬᠤᠷ ᠬᠤᠭᠤᠴᠠᠭᠠᠨ ᠳᠤ ᠪᠦᠲᠦᠮᠵᠢᠲᠡᠢ ᠰᠢᠢᠳᠪᠦᠷᠢᠯᠡᠵᠦ ᠪᠠᠶᠢᠨ᠎ᠠ᠃ ᠣᠶᠢᠯᠠᠭᠠᠭᠰᠠᠨ ᠢᠶᠠᠷ᠂ ᠮᠠᠨ ᠤ ᠬᠤᠲᠠ ᠡᠨᠡ | ᠵᠢᠯ ᠢᠯᠴᠢ ᠬᠠᠩᠭᠠᠬᠤ ᠡᠨᠧᠷᠭᠢ ᠶᠢᠨ ᠨᠥᠭᠡᠴᠡ ᠶᠢᠨ ᠲᠠᠯ᠎ᠠ ᠪᠠᠷ ᠪᠠᠰᠠ ᠭᠦᠢᠴᠡᠳ ᠪᠡᠯᠡᠳᠬᠡᠯ ᠬᠢᠵᠦ᠂ ᠨᠡᠭᠦᠷᠡᠰᠦ | ᠵᠡᠷᠭᠡ ᠲᠦᠯᠡᠰᠢ ᠶᠢᠨ ᠬᠠᠩᠭᠠᠯᠭ᠎ᠠ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠪᠠ᠃ |