ᠷᠡᠰᠢᠶᠠᠨ ᠬᠤᠳᠡ ᠶᠢᠨ ᠢᠷᠪᠢᠰ ᠲᠣᠰᠬᠤᠨ ᠬᠤᠶᠠᠷ ᠲᠣᠰᠬᠤᠨ ᠨᠢᠭᠡ ᠨᠡᠶᠢᠭᠡᠮ ᠲᠣᠭᠤᠷᠢᠭ ᠬᠠᠷᠢᠯᠴᠠᠨ ᠬᠠᠮᠵᠢᠯᠴᠠᠵᠣ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠡᠷᠭᠡᠪᠡᠷ ᠬᠥᠭᠵᠢᠭᠦᠯᠬᠦ ᠶᠢ ᠬᠠᠮᠲᠤᠪᠠᠷ ᠠᠬᠢᠭᠤᠯᠪᠠ
ᠨᠡᠶᠢᠲᠡᠯᠡᠭᠰᠡᠨ ᠴᠠᠭ᠄
2024/11/21
        ᠲᠣᠰᠬᠤᠨ ᠤ ᠱᠠᠲᠤᠨ ᠤ ᠬᠠᠮᠢᠶᠠᠷᠤᠯᠲᠠ ᠶᠢᠨ ᠲᠤᠷᠰᠢᠯᠭ᠎ᠠ ᠶᠢ ᠬᠠᠷᠢᠯᠴᠠᠨ ᠯᠠᠪᠯᠠᠯᠲᠠ ᠪᠣᠯᠭᠠᠬᠤ ᠪᠠ ᠰᠤᠷᠤᠯᠴᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠭᠵᠢᠯᠲᠡ ᠶᠢᠨ ᠰᠡᠳᠬᠢᠴᠡ ᠶᠢ ᠥᠷᠭᠡᠳᠬᠡᠵᠦ᠂ ᠰᠠᠶᠢᠨ ᠲᠠᠢ ᠲᠠᠯ᠎ᠠ ᠶᠢ ᠨᠢ ᠠᠪᠴᠤ ᠳᠤᠲᠠᠭᠳᠠᠯ ᠲᠠᠢ ᠲᠠᠯ᠎ᠠ ᠪᠠᠨ ᠨᠥᠬᠦᠪᠥᠷᠢᠯᠡᠵᠦ ᠬᠥᠭᠵᠢᠯᠲᠡ ᠶᠢ ᠠᠬᠢᠭᠤᠯᠵᠤ᠂ ᠲᠣᠰᠬᠤᠨ ᠤ ᠺᠠᠳ᠋ᠷ ᠤᠨ ᠠᠳᠠᠯᠢᠳᠬᠠᠨ ᠰᠤᠷᠤᠯᠴᠠᠵᠤ ᠭᠦᠢᠴᠡᠨ ᠳᠠᠪᠠᠵᠤ ᠭᠠᠷᠬᠤ ᠰᠠᠶᠢᠨ ᠰᠠᠶᠢᠬᠠᠨ ᠠᠭᠤᠷ ᠠᠮᠢᠰᠬᠤᠯ ᠢ ᠬᠥᠭᠵᠢᠭᠡᠬᠦ ᠶᠢᠨ ᠲᠥᠯᠥᠭᠡ᠂ 11 ᠰᠠᠷ᠎ᠠ ᠶᠢᠨ 18 ᠤ ᠡᠳᠦᠷ᠂ ᠷᠡᠰᠢᠶᠠᠨ ᠬᠤᠳᠡ ᠶᠢᠨ ᠢᠷᠪᠢᠰ ᠲᠣᠰᠬᠤᠨ ᠤ ᠬᠤᠷᠠᠯ ᠤᠨ ᠭᠡᠷ ᠲᠤ ᠬᠤᠶᠠᠷ ᠲᠣᠰᠬᠤᠨ ᠨᠢᠭᠡ ᠨᠡᠶᠢᠭᠡᠮ ᠲᠣᠭᠤᠷᠢᠭ ᠤᠨ ᠬᠠᠷᠢᠯᠴᠠᠨ ᠬᠠᠮᠵᠢᠯᠴᠠᠵᠣ ᠰᠤᠷᠤᠯᠴᠠᠯᠭ᠎ᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠷᠠᠰᠢᠶᠠᠨ ᠲᠣᠰᠬᠤᠨ᠂ ᠢᠷᠪᠢᠰ ᠲᠣᠰᠬᠤᠨ ᠪᠣᠯᠤᠨ ᠲᠢᠶᠠᠨ ᡂᠢ ᠨᠡᠶᠢᠭᠡᠮ ᠲᠣᠭᠤᠷᠢᠭ ᠤᠨ ᠬᠠᠮᠢᠶ᠎ᠠ ᠪᠦᠬᠦᠢ ᠠᠵᠢᠯᠲᠠᠳ ᠥᠪᠡᠷ ᠥᠪᠡᠷ ᠤᠨ ᠡᠷᠬᠢᠮ ᠨᠠᠨᠳᠢᠨ ᠠᠵᠢᠯ ᠤᠨ ᠲᠤᠷᠰᠢᠯᠭ᠎ᠠ ᠪᠣᠯᠤᠨ ᠦᠷ᠎ᠡ ᠪᠦᠲᠦᠭᠡᠯ ᠢᠶᠠᠨ ᠬᠠᠷᠢᠯᠴᠠᠨ ᠬᠤᠪᠢᠶᠠᠯᠴᠠᠪᠠ᠃ ᠰᠠᠨᠠᠯ ᠢᠶᠠᠨ ᠰᠣᠯᠢᠯᠴᠠᠬᠤ ᠶᠠᠪᠤᠴᠠ ᠳᠤ᠂ ᠲᠣᠰᠬᠤᠨ ︵ᠨᠡᠶᠢᠭᠡᠮ ᠲᠣᠭᠤᠷᠢᠭ︶ ᠤ ᠺᠠᠳ᠋ᠷᠴᠤᠳ ᠬᠠᠷᠢᠯᠴᠠᠨ ᠰᠤᠷᠤᠯᠴᠠᠵᠤ᠂ ᠰᠠᠶᠢᠨ ᠲᠠᠯ᠎ᠠ ᠶᠢ ᠨᠢ ᠠᠪᠴᠤ ᠳᠤᠲᠠᠭᠳᠠᠯ ᠲᠠᠢ ᠲᠠᠯ᠎ᠠ ᠪᠠᠨ ᠨᠥᠬᠦᠪᠥᠷᠢᠯᠡᠵᠦ᠂ ᠠᠵᠢᠯ᠂ ᠰᠤᠷᠤᠯᠴᠠᠯᠭ᠎ᠠ ᠪᠠ ᠠᠮᠢᠳᠤᠷᠠᠯ ᠤᠨ ᠲᠤᠷᠰᠢᠯᠭ᠎ᠠ ᠪᠠᠨ ᠰᠣᠯᠢᠯᠴᠠᠵᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠤᠶᠠᠷ ᠲᠣᠰᠬᠤᠨ ᠨᠢᠭᠡ ᠨᠡᠶᠢᠭᠡᠮ ᠲᠣᠭᠤᠷᠢᠭ ᠤᠨ ᠬᠤᠭᠤᠷᠣᠨᠳᠣᠬᠢ ᠨᠡᠪᠲᠡᠷᠡᠯᠴᠡᠭᠡ ᠬᠠᠮᠲᠤᠷᠠᠯᠴᠠᠭ᠎ᠠ ᠪᠠᠨ ᠨᠠᠩ ᠴᠢᠩᠭᠠᠳᠬᠠᠵᠤ᠂ ᠦᠨᠳᠦᠰᠦᠨ ᠱᠠᠲᠤᠨ ᠤ ᠬᠠᠮᠲᠤ ᠶᠢᠨ ᠬᠥᠭᠵᠢᠯᠲᠡ ᠪᠠ ᠳᠠᠪᠰᠢᠯᠲᠠ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃ ᠬᠤᠷᠠᠯ ᠤᠨ ᠳᠠᠷᠠᠭ᠎ᠠ᠂ ᠣᠯᠠᠨ ᠢᠶᠠᠷ ᠢᠶᠠᠨ ᠲᠣᠰ ᠤᠳᠠᠭᠠᠨ ᠤ ᠰᠣᠯᠢᠯᠴᠠᠭᠠᠨ ᠤ ᠠᠵᠢᠯᠯᠠᠭ᠎ᠠ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠰᠡᠳᠬᠢᠮᠵᠢ ᠪᠠᠨ ᠤᠯᠠᠮ ᠨᠢᠭᠡ ᠠᠯᠬᠤᠮ ᠥᠷᠭᠡᠳᠬᠡᠵᠦ᠂ ᠬᠤᠶᠢᠰᠢᠳᠠ ᠶᠢᠨ ᠠᠵᠢᠯ ᠤᠨ ᠳᠤᠮᠳᠠ ᠪᠠᠨ ᠪᠣᠳᠠᠲᠠᠶ ᠲᠠᠢ ᠪᠠᠨ ᠤᠶᠠᠯᠳᠤᠭᠤᠯᠤᠨ᠂ ᠲᠤᠷᠰᠢᠯᠭ᠎ᠠ ᠠᠷᠭ᠎ᠠ ᠬᠢᠳᠡᠯ ᠢ ᠨᠠᠷᠢᠨ ᠬᠢᠨᠠᠮᠠᠭᠠᠶ ᠰᠤᠷᠤᠯᠴᠠᠨ ᠲᠣᠯᠢᠳᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠥᠬᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠥᠬᠦᠷᠡᠰᠢ ᠥᠬᠡᠶ ᠴᠢᠷᠮᠠᠶᠢᠨ᠎ᠠ ᠭᠡᠵᠦ ᠢᠯᠡᠳᠬᠡᠵᠡᠭᠡᠪᠡ᠃   
 
ᠢᠷᠡᠯᠲᠡ᠄ ᠷᠠᠰᠢᠶᠠᠨ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号