| | | ᠭᠠᠷᠴᠠᠭ | ᠠᠶᠢᠮᠠᠭ ᠤᠨ ᠵᠠᠬᠢᠷᠭ᠎ᠠ ᠶᠢᠨ ᠪᠢᠴᠢᠭ ᠮᠠᠲ᠋ᠧᠷᠢᠶᠠᠯ | ᠬᠢᠩᠭᠠᠨ ᠠᠶᠢᠮᠠᠭ ᠤᠨ ᠵᠠᠬᠢᠷᠭ᠎ᠠ ︽ᠢᠲᠡᠭᠡᠮᠵᠢ ᠲᠠᠢ ᠪᠠᠶᠢᠬᠤ ᠶᠢ ᠬᠠᠮᠲᠤᠷᠠᠨ ᠵᠣᠷᠢᠭᠵᠢᠭᠤᠯᠬᠤ ᠪᠠ ᠢᠲᠡᠭᠡᠯ | ᠠᠯᠳᠠᠭᠰᠠᠳ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠴᠢᠨᠠᠷ ᠰᠠᠶᠢᠲᠠᠶ ᠪᠡᠶᠡᠯᠡᠭᠦᠯᠬᠦ ᠲᠤᠬᠠᠶ ᠬᠡᠷᠡᠭᠵᠢᠭᠦᠯᠬᠦ ᠰᠠᠨᠠᠯ︾ | ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ | | | ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ᠪᠢᠴᠢᠭ ᠮᠠᠲ᠋ᠧᠷᠢᠶᠠᠯ | ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ᠴᠠᠯᠢᠩ ᠥᠭᠬᠦ ᠶᠢ | ᠪᠠᠲᠤᠯᠠᠬᠤ ᠠᠵᠢᠯ ᠢ ᠰᠠᠶᠢᠲᠤᠷ ᠬᠢᠬᠦ ᠲᠤᠬᠠᠶ ᠠᠷᠭ᠎ᠠ ᠬᠡᠮᠵᠢᠶ᠎ᠡ ᠨᠦᠭᠦᠳ︾ ᠢ ᠳᠠᠷᠤᠮᠠᠯᠯᠠᠨ ᠶᠠᠪᠤᠭᠤᠯᠬᠤ ᠲᠤᠬᠠᠶ | ᠮᠡᠳᠡᠭᠳᠡᠯ | | | ᠬᠢᠩᠭᠠᠨ ᠠᠶᠢᠮᠠᠭ ᠤᠨ ᠵᠠᠬᠢᠷᠭ᠎ᠠ ︽ᠢᠲᠡᠭᠡᠮᠵᠢ ᠲᠠᠢ ᠪᠠᠶᠢᠬᠤ ᠶᠢ ᠬᠠᠮᠲᠤᠷᠠᠨ ᠵᠣᠷᠢᠭᠵᠢᠭᠤᠯᠬᠤ ᠪᠠ ᠢᠲᠡᠭᠡᠯ | ᠠᠯᠳᠠᠭᠰᠠᠳ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠴᠢᠨᠠᠷ ᠰᠠᠶᠢᠲᠠᠶ ᠪᠡᠶᠡᠯᠡᠭᠦᠯᠬᠦ ᠲᠤᠬᠠᠶ ᠬᠡᠷᠡᠭᠵᠢᠭᠦᠯᠬᠦ ᠰᠠᠨᠠᠯ︾ | ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ | | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠠᠲᠠᠷ | ᠬᠠᠭᠠᠯᠪᠤᠷᠢᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ᠂ ᠠᠶᠢᠮᠠᠭ ᠤᠨ ᠠᠵᠤ ᠠᠬᠤᠶ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠠᠶᠢᠮᠠᠭ ᠤᠨ ᠰᠢᠭᠤᠳ ᠬᠠᠷᠢᠶ᠎ᠠ ᠡᠯ᠎ᠡ ᠵᠥᠪᠯᠡᠯ᠂ | ᠠᠯᠪᠠᠨ ᠬᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠶ᠋ᠯᠡᠰ ᠤᠨᠨᠢᠭᠡᠴᠢ ᠳᠤ᠄ | ᠠᠶᠢᠮᠠᠭ ᠤᠨ ᠵᠠᠬᠢᠷᠭ᠎ᠠ ᠪᠠᠷ ᠵᠥᠪᠰᠢᠶᠡᠷᠡᠭᠦᠯᠦᠭᠡᠳ᠂ ᠡᠳᠦᠭᠡ ︽ᠢᠲᠡᠭᠡᠮᠵᠢ ᠲᠠᠢ ᠪᠠᠶᠢᠬᠤ ᠶᠢ ᠬᠠᠮᠲᠤᠷᠠᠨ | ᠤᠷᠮᠠᠰᠢᠭᠤᠯᠬᠤ ᠪᠠ ᠢᠲᠡᠭᠡᠯ ᠠᠯᠳᠠᠭᠰᠠᠳ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠲᠦᠷᠢᠮ ᠢ ᠪᠠᠶᠢᠭᠤᠯᠤᠨ | ᠲᠡᠭᠦᠯᠳᠡᠷᠵᠢᠭᠦᠯᠵᠦ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠴᠢᠨᠠᠷ ᠰᠠᠶᠢᠲᠠᠶ ᠪᠡᠶᠡᠯᠡᠭᠦᠯᠬᠦ | ᠲᠤᠬᠠᠶ ᠬᠡᠷᠡᠭᠵᠢᠭᠦᠯᠬᠦ ᠰᠠᠨᠠᠯ︾ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ | ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | 2024 ᠣᠨ ᠤ 3 ᠰᠠᠷ᠎ᠠ ᠶᠢᠨ | 29 ᠤ ᠡᠳᠦᠷ | ᠢᠲᠡᠭᠡᠮᠵᠢ ᠲᠠᠢ ᠪᠠᠶᠢᠬᠤ ᠶᠢ ᠬᠠᠮᠲᠤᠷᠠᠨ ᠤᠷᠮᠠᠰᠢᠭᠤᠯᠬᠤ ᠪᠠ ᠢᠲᠡᠭᠡᠯ ᠠᠯᠳᠠᠭᠰᠠᠳ ᠢ ᠬᠠᠮᠲᠤᠷᠠᠨ | ᠵᠠᠯᠬᠠᠭᠠᠨ ᠴᠡᠭᠡᠷᠯᠡᠭᠦᠯᠬᠦ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ | ᠢᠨᠵᠧᠨᠧᠷᠢᠩ ᠢ ᠴᠢᠨᠠᠷ ᠰᠠᠶᠢᠲᠠᠶ ᠪᠡᠶᠡᠯᠡᠭᠦᠯᠬᠦ ᠲᠤᠬᠠᠶ ᠬᠡᠷᠡᠭᠵᠢᠭᠦᠯᠬᠦ ᠰᠠᠨᠠᠯ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠴᠢᠨᠠᠷ ᠰᠠᠶᠢᠲᠠᠶ ᠪᠡᠶᠡᠯᠡᠭᠦᠯᠵᠦ᠂ ᠮᠠᠨ ᠤ | ᠠᠶᠢᠮᠠᠭ ᠤᠨ ᠬᠠᠮᠲᠤᠷᠠᠨ ᠱᠠᠩᠨᠠᠵᠤ ᠲᠣᠷᠭᠠᠬᠤ ᠠᠵᠢᠯ ᠤᠨ ᠰᠠᠭᠤᠷᠢ ᠶᠢ ᠪᠠᠲᠤᠳᠬᠠᠨ᠂ ᠪᠥᠬᠦ ᠨᠡᠶᠢᠭᠡᠮ ᠤᠨ ᠦᠨᠡᠨᠴᠢ | ᠢᠲᠡᠭᠡᠮᠵᠢ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠤᠰᠠᠳᠠ᠂ ︽ᠬᠢᠩᠭᠠᠨ | ᠠᠶᠢᠮᠠᠭ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠬᠦ ᠲᠥᠰᠦᠯ︾ ᠢ | ᠳᠠᠷᠤᠮᠠᠯᠯᠠᠨ ᠶᠠᠪᠤᠭᠤᠯᠬᠤ ᠲᠤᠬᠠᠶ ᠬᠢᠩᠭᠠᠨ ᠠᠶᠢᠮᠠᠭ ᠤᠨ ᠵᠠᠬᠢᠷᠭ᠎ᠠ ᠶᠢᠨ ᠮᠡᠳᠡᠭᠳᠡᠯ︾ ︵ ᠬᠢᠩᠭᠠᠨ ᠵᠠᠬᠢᠷᠭ᠎ᠠ | ᠲᠠᠷᠬᠠᠭᠠᠭᠰᠠᠨ〔2024 〕18 ᠳ᠋ᠤᠭᠠᠷ ᠲᠣᠭᠠᠲᠤ︶ ᠢ ᠦᠨᠳᠦᠰᠦᠯᠡᠨ᠂ ᠮᠠᠨ ᠤ ᠠᠶᠢᠮᠠᠭ ᠤᠨ | ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠬᠡᠷᠡᠭᠵᠢᠭᠦᠯᠬᠦ ᠰᠠᠨᠠᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︽ᠦᠨᠡᠨᠴᠢ ᠢᠲᠡᠭᠡᠮᠵᠢᠲᠡᠶ ᠪᠠᠶᠢᠬᠤ ᠶᠢ ᠬᠥᠬᠢᠭᠦᠯᠦᠨ ᠱᠠᠩᠨᠠᠬᠤ᠂ ᠢᠲᠡᠭᠡᠯ ᠠᠯᠳᠠᠭᠰᠠᠨ ᠢ ᠵᠠᠯᠬᠠᠭᠠᠨ | ᠴᠡᠭᠡᠷᠯᠡᠭᠦᠯᠬᠦ᠂ ᠬᠠᠤᠯᠢ ᠲᠣᠭᠲᠠᠭᠠᠯ ᠢ ᠵᠢᠷᠤᠮᠯᠠᠬᠤ᠂ ᠭᠤᠣᠯᠳᠠᠯᠭ᠎ᠠ ᠲᠠᠢ ᠰᠢᠪᠲᠤᠯᠤᠯᠲᠠ ᠬᠢᠬᠦ᠂ ᠨᠢᠭᠡᠳᠦᠯᠲᠡᠶ | ᠲᠥᠯᠥᠪᠯᠡᠨ ᠠᠬᠢᠭᠤᠯᠬᠤ︾ ᠵᠠᠷᠴᠢᠮ ᠶᠣᠰᠣᠭᠠᠷ᠂ ᠬᠢᠩᠭᠠᠨ ᠠᠶᠢᠮᠠᠭ ᠤᠨ ᠢᠲᠡᠭᠡᠮᠵᠢ ᠶᠢᠨ ᠮᠡᠳᠡᠭᠡ ᠵᠠᠩᠭᠢ ᠶᠢ | ᠬᠠᠮᠲᠤᠪᠠᠷ ᠡᠳ᠋ᠯᠡᠬᠦ ᠲᠠᠪᠴᠠᠩ ᠳᠤ ᠲᠦᠰᠢᠭᠯᠡᠨ᠂ ᠢᠲᠡᠭᠡᠯ ᠲᠠᠢ ᠪᠠᠶᠢᠬᠤ ᠶᠢ ᠬᠠᠮᠲᠤᠷᠠᠨ ᠵᠣᠷᠢᠭᠵᠢᠭᠤᠯᠬᠤ ᠪᠠ | ᠢᠲᠡᠭᠡᠯ ᠢᠶᠠᠨ ᠠᠯᠳᠠᠬᠤ ᠶᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ | ᠭᠤᠣᠯᠳᠠᠯᠭ᠎ᠠ ᠲᠠᠢ ᠬᠦᠷᠢᠶᠡᠨ ᠳᠤ ᠬᠤᠯᠪᠣᠭᠠᠯᠠᠨ ᠱᠠᠩᠨᠠᠵᠤ ᠲᠣᠷᠭᠠᠬᠤ ᠶᠢ ᠭᠦᠨᠵᠡᠭᠡᠢ ᠬᠡᠷᠡᠭᠵᠢᠭᠦᠯᠵᠦ᠂ ᠬᠤᠯᠪᠣᠭᠠᠯᠠᠨ | ᠱᠠᠩᠨᠠᠵᠤ ᠲᠣᠷᠭᠠᠭᠰᠠᠨ ᠨᠡᠶᠢᠲᠡᠯᠢᠭ ᠬᠡᠷᠡᠭ ᠤᠨ ᠵᠢᠱᠢᠶ᠎ᠡ ᠶᠢ ᠥᠷᠭᠡᠨ ᠢᠶᠠᠷ ᠤᠬᠠᠭᠤᠯᠵᠤ᠂ ᠬᠦᠨᠳᠦ ᠨᠣᠴᠢᠲᠠᠢ | ᠢᠲᠡᠭᠡᠯ ᠠᠯᠳᠠᠭᠰᠠᠨ ᠨᠡᠷᠡᠰ ᠢ ᠦᠷᠭᠦᠯᠵᠢᠯᠡᠨ ᠢᠯᠡᠴᠢᠯᠡᠵᠦ᠂ ᠦᠨᠡᠨᠴᠢ ᠢᠲᠡᠭᠡᠮᠵᠢ ᠶᠢᠨ ᠦᠯᠢᠭᠡᠷ ᠳᠠᠭᠤᠷᠢᠶᠠᠯ ᠢ | ᠪᠦᠬᠦ ᠲᠠᠯ᠎ᠠ ᠪᠠᠷ ᠪᠤᠢ ᠪᠣᠯᠭᠠᠵᠤ᠂ ᠨᠡᠶᠢᠭᠡᠮ ᠤᠨ ᠢᠲᠡᠭᠡᠮᠵᠢ ᠶᠢᠨ ᠣᠷᠴᠢᠨ ᠲᠣᠭᠤᠷᠢᠨ ᠢ ᠤᠯᠠᠮ ᠴᠢᠨᠠᠭᠰᠢᠳᠠ | ᠰᠢᠯᠢᠳᠡᠭᠵᠢᠭᠦᠯᠵᠦ᠂ ᠦᠨᠡᠨᠴᠢ ᠰᠢᠳᠤᠷᠭᠤ᠂ ᠪᠡᠶ᠎ᠡ ᠪᠠᠨ ᠱᠠᠭᠠᠷᠳᠠᠬᠤ᠂ ᠢᠲᠡᠭᠡᠮᠵᠢ ᠲᠠᠢ ᠪᠠᠶᠢᠬᠤ᠂ ᠢᠲᠡᠭᠡᠯᠴᠡᠬᠦ | ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠵᠤ᠂ ᠨᠡᠶᠢᠭᠡᠮ ᠤᠨ ᠢᠲᠡᠭᠡᠮᠵᠢ ᠶᠢᠨ | ᠰᠢᠰᠲ᠋ᠧᠮ ᠤᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ᠃ | ᠬᠤᠶᠠᠷ᠂ ᠦᠨᠡᠨᠴᠢ ᠢᠲᠡᠭᠡᠮᠵᠢ ᠶᠢᠨ ᠦᠢᠯᠡ ᠠᠵᠢᠯᠯᠠᠭ᠎ᠠ ᠶᠢ ᠰᠠᠶᠢᠰᠢᠶᠠᠬᠤ ᠪᠠ ᠤᠷᠮᠠᠰᠢᠭᠤᠯᠬᠤ ᠲᠣᠭᠲᠠᠴᠠ ᠶᠢ | ᠪᠦᠷᠢᠨᠰᠢᠬᠦᠯᠦᠨ᠎ᠠ | ︵ᠨᠢᠭᠡ︶ ᠣᠯᠠᠨ ᠠᠷᠭ᠎ᠠ ᠵᠠᠮ ᠢᠶᠠᠷ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢ ᠰᠣᠩᠭᠤᠨ ᠪᠣᠶ | ᠪᠣᠯᠭᠠᠨ᠎ᠠ᠃ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠬᠠᠮᠢᠶ᠎ᠠ ᠪᠥᠬᠦᠶ ᠦᠨᠡᠯᠡᠨ ᠲᠣᠭᠲᠠᠭᠠᠬᠤ ᠠᠷᠭ᠎ᠠ ᠶᠢ | ᠦᠨᠳᠦᠰᠦᠯᠡᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠠᠵᠢᠯ ᠲᠥᠷᠥᠯ ᠤᠨ ᠪᠠᠷᠢᠮᠵᠢᠶ᠎ᠠ ᠶᠣᠰᠣᠭᠠᠷ | ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠡᠲᠡᠭᠡᠳ ᠢ ᠮᠠᠭᠠᠳᠯᠠᠨ ᠲᠣᠭᠲᠠᠭᠠᠵᠤ᠂ ᠬᠢᠩᠭᠠᠨ ᠠᠶᠢᠮᠠᠭ ᠤᠨ | ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠲᠠᠪᠴᠠᠩ ᠢᠶᠠᠷ ᠳᠠᠮᠵᠢᠭᠤᠯᠤᠨ ᠨᠡᠶᠢᠭᠡᠮ ᠳᠤ ᠨᠡᠶᠢᠲᠡᠯᠡᠨ᠎ᠡ᠃ | ᠦᠨᠡᠨᠴᠢ ᠢᠲᠡᠭᠡᠮᠵᠢ ᠶᠢᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ | ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢ ᠥᠷᠭᠡᠨ ᠢᠶᠠᠷ ᠪᠣᠶ ᠪᠣᠯᠭᠠᠵᠤ᠂ ᠢᠲᠡᠭᠡᠮᠵᠢ ᠲᠠᠢ ᠬᠥᠮᠦᠰ ᠲᠤ | ᠵᠣᠷᠢᠭᠵᠢᠭᠤᠯᠤᠯ ᠣᠯᠭᠤᠵᠤ᠂ ᠲᠥᠬᠦᠮ ᠦᠵᠡᠭᠦᠯᠬᠦ ᠪᠠ ᠬᠠᠷᠠᠭᠠᠯᠵᠠᠯ ᠬᠦᠷᠲᠡᠭᠡᠨ᠎ᠡ᠃ ᠠᠵᠢᠯ ᠲᠥᠷᠥᠯ ᠤᠨ ᠬᠦᠷᠢᠶ᠎ᠡ | ᠴᠠᠷᠠᠭ᠎ᠠ ᠶᠢᠨ ᠬᠢᠨᠠᠯᠲᠠ ᠬᠠᠮᠢᠶᠠᠷᠤᠯᠲᠠ ᠶᠢᠨ ᠬᠡᠷᠡᠭᠴᠡᠭᠡ ᠶᠢ ᠦᠨᠳᠦᠰᠦᠯᠡᠨ᠂ ᠠᠵᠢᠯ ᠲᠥᠷᠥᠯ ᠤᠨ ᠢᠲᠡᠭᠡᠮᠵᠢ ᠶᠢᠨ | ᠲᠥᠷᠥᠯ ᠬᠤᠪᠢᠶᠠᠨ ᠬᠠᠮᠢᠶᠠᠷᠬᠤ ᠶᠢ ᠴᠢᠩᠭᠠᠳᠬᠠᠵᠤ᠂ ᠢᠲᠡᠭᠡᠮᠵᠢ ᠶᠢᠨ ᠲᠠᠰ ᠲᠥᠷᠥᠯ ᠬᠤᠪᠢᠶᠠᠨ ᠬᠠᠮᠢᠶᠠᠷᠬᠤ | ᠲᠦᠷᠢᠮ ᠢ ᠪᠠᠶᠢᠭᠤᠯᠵᠤ᠂ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢ ᠲᠠᠨᠢᠯᠴᠠᠭᠤᠯᠬᠤ ᠠᠵᠢᠯ ᠢ ᠰᠠᠶᠢᠲᠤᠷ | ᠬᠢᠨ᠎ᠠ᠃ ᠠᠵᠢᠯ ᠲᠥᠷᠥᠯ ᠤᠨ ᠨᠡᠶᠢᠭᠡᠮᠯᠢᠭ ︵ᠬᠤᠳᠠᠯᠳᠤᠭᠠᠴᠢᠳ ᠤᠨ ᠡᠪᠯᠡᠯ︶ ᠪᠣᠯᠤᠨ ᠪᠤᠰᠤᠳ ᠨᠡᠶᠢᠭᠡᠮ ᠤᠨ | ᠵᠣᠬᠢᠶᠠᠨ ᠪᠠᠶᠢᠭᠤᠯᠤᠯᠲᠠ ᠶᠢᠨ ᠦᠨᠡᠨᠴᠢ ᠢᠲᠡᠭᠡᠮᠵᠢ ᠶᠢᠨ ᠭᠡᠰᠢᠭᠦᠨ ᠪᠣᠯᠤᠨ ᠢᠲᠡᠭᠡᠮᠵᠢ ᠶᠢᠨ ᠮᠠᠭᠤ ᠲᠡᠮᠳᠡᠭᠯᠡᠯ ᠥᠬᠡᠶ | ᠦᠢᠯᠡᠴᠢᠯᠡᠬᠦ ᠡᠲᠡᠭᠡᠳ ᠢ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠪᠣᠯᠭᠠᠬᠤ ᠶᠢ ᠵᠣᠷᠢᠭᠵᠢᠭᠤᠯᠤᠨ᠎ᠠ᠃ | ᠰᠣᠨᠢᠨ ᠮᠡᠳᠡᠭᠡᠨ ᠤ ᠵᠠᠭᠤᠴᠢᠯᠠᠭᠤᠷ ᠤᠨ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢ ᠤᠬᠠᠭᠤᠯᠬᠤ ᠶᠢ | ᠵᠣᠷᠢᠭᠵᠢᠭᠤᠯᠵᠤ᠂ ᠰᠠᠯᠠᠭ᠎ᠠ ᠮᠥᠴᠢᠷ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠢᠲᠡᠭᠡᠮᠵᠢ ᠲᠠᠢ ᠪᠠᠶᠢᠬᠤ ᠶᠢ | ᠬᠠᠮᠲᠤᠷᠠᠨ ᠤᠷᠮᠠᠰᠢᠭᠤᠯᠬᠤ ᠶᠢ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ | ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ | ᠰᠠᠨᠠᠭᠠᠴᠢᠯᠠᠭ᠎ᠠ ᠠᠴᠠ ᠪᠠᠨ ᠢᠲᠡᠭᠡᠮᠵᠢ ᠶᠢᠨ ᠠᠮᠠᠯᠠᠯᠲᠠ ᠪᠤᠶᠤ ᠦᠢᠯᠡᠳᠭᠦᠨ ᠤ ᠦᠢᠯᠡᠴᠢᠯᠡᠭᠡᠨ ᠤ ᠶᠠᠰᠤ ᠴᠢᠨᠠᠷ | ᠵᠡᠷᠭᠡ ᠲᠤᠰᠬᠠᠶ ᠵᠦᠢᠯ ᠤᠨ ᠠᠮᠠᠯᠠᠯᠲᠠ ᠬᠢᠯᠭᠡᠵᠦ᠂ ᠦᠢᠯᠡᠳᠭᠦᠨ ᠤ ᠦᠢᠯᠡᠴᠢᠯᠡᠭᠡᠨ ᠤ ᠪᠠᠷᠢᠮᠵᠢᠶ᠎ᠠ ᠵᠡᠷᠭᠡ ᠶᠢ | ᠢᠯᠡ ᠪᠠᠷ ᠢᠯᠡᠷᠬᠡᠶᠢᠯᠡᠨ᠂ ᠨᠡᠶᠢᠭᠡᠮ ᠤᠨ ᠬᠢᠨᠠᠯᠲᠠ ᠲᠠᠯᠪᠢᠬᠤ ᠶᠢ ᠬᠦᠯᠢᠶᠡᠵᠦ᠂ ᠠᠵᠤ ᠠᠬᠤᠶᠢᠯᠠᠯ ᠤᠨ ᠦᠨᠡᠨᠴᠢ | ᠢᠲᠡᠭᠡᠮᠵᠢ ᠶᠢᠨ ᠵᠢᠱᠢᠶᠡᠴᠢ ᠪᠣᠯᠬᠤ ᠪᠠᠷ ᠴᠢᠷᠮᠠᠶᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ | | ︵ᠬᠤᠶᠠᠷ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠶᠢᠨ ︽ᠰᠠᠭᠠᠳ ᠥᠬᠡᠶ ᠨᠡᠪᠲᠡᠷᠡᠬᠦ ᠵᠠᠮ︾ ᠢ | ᠰᠦᠪᠡᠭᠴᠢᠯᠡᠨ ᠪᠠᠶᠢᠭᠤᠯᠬᠤ ᠪᠠ ︽ᠳᠤᠲᠠᠭᠤ ᠶᠢ ᠭᠥᠯᠢᠶᠡᠨ ᠠᠪᠴᠤ ᠰᠢᠢᠳᠪᠦᠷᠢᠯᠡᠬᠦ︾ ᠠᠷᠭ᠎ᠠ ᠬᠡᠮᠵᠢᠶ᠎ᠡ ᠶᠢ | ᠬᠡᠷᠡᠭᠵᠢᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠢᠲᠡᠭᠡᠯ ᠲᠠᠢ ᠪᠠᠶᠢᠬᠤ ᠶᠢ | ᠬᠠᠮᠲᠤᠷᠠᠨ ᠵᠣᠷᠢᠭᠵᠢᠭᠤᠯᠬᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ | ᠠᠳᠠᠯᠢ ᠨᠥᠬᠦᠴᠡᠯ ᠤᠨ ᠳᠣᠣᠷ᠎ᠠ᠂ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠪᠠ ᠭᠤᠷᠪᠠᠨ ᠵᠢᠯ ᠳᠠᠷᠠᠭᠠᠯᠠᠨ | ᠢᠲᠡᠭᠡᠮᠵᠢ ᠶᠢᠨ ᠮᠠᠭᠤ ᠲᠡᠮᠳᠡᠭᠯᠡᠯ ᠦᠭᠡᠶ ᠵᠠᠰᠠᠭ ᠵᠠᠬᠢᠷᠭᠠᠨ ᠤ ᠬᠠᠷᠢᠴᠠᠩᠭᠤᠶ ᠬᠥᠮᠦᠨ ᠳᠤ᠂ ᠪᠣᠳᠠᠲᠠᠶ ᠪᠠᠶᠢᠳᠠᠯ ᠢᠶᠠᠨ | ᠦᠨᠳᠦᠰᠦᠯᠡᠨ ︽ᠰᠠᠭᠠᠳ ᠥᠬᠡᠶ ᠨᠡᠪᠲᠡᠷᠡᠬᠦ ᠵᠠᠮ︾᠂ ︽ᠳᠤᠲᠠᠭᠳᠠᠯ ᠲᠠᠢ ᠲᠠᠯ᠎ᠠ ᠶᠢ ᠭᠥᠯᠢᠶᠡᠨ ᠠᠪᠴᠤ | ᠰᠢᠢᠳᠪᠦᠷᠢᠯᠡᠬᠦ ︾᠂ ︽ᠤᠷᠢᠳᠠᠪᠠᠷ ᠭᠦᠢᠴᠡᠳᠭᠡᠬᠦ ︾᠂ ︽ᠲᠠᠰ ᠳᠠᠷᠠᠭᠠᠯᠠᠯ ᠢ ᠳᠥᠭᠦᠮᠴᠢᠯᠡᠬᠦ︾ ᠵᠡᠷᠭᠡ | ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠬᠠᠤᠯᠢ ᠴᠠᠭᠠᠵᠠ ᠬᠠᠤᠯᠢ ᠲᠣᠭᠲᠠᠭᠠᠯ᠂ ᠲᠦᠷᠢᠮ | ᠲᠣᠭᠲᠠᠭᠠᠯ ᠳᠤ ᠲᠣᠭᠲᠠᠭᠠᠭᠰᠠᠨ ᠵᠡᠷᠭᠡ ᠪᠢᠴᠢᠭ ᠮᠠᠲ᠋ᠧᠷᠢᠶᠠᠯ ᠳᠤ ᠬᠠᠩᠭᠠᠬᠤ ᠶᠢ ᠱᠠᠭᠠᠷᠳᠠᠭᠰᠠᠨ ᠴᠢᠬᠤᠯᠠ | ᠨᠥᠬᠦᠴᠡᠯ ᠤᠨ ᠮᠠᠲ᠋ᠧᠷᠢᠶᠠᠯ ᠠᠴᠠ ᠭᠠᠳᠠᠨ᠎ᠠ᠂ ᠴᠢᠬᠤᠯᠠ ᠨᠥᠬᠦᠴᠡᠯ ᠤᠨ ᠪᠤᠰᠤ ᠮᠠᠲ᠋ᠧᠷᠢᠶᠠᠯ ᠨᠢ ᠪᠦᠷᠢᠨ ᠭᠦᠢᠴᠡᠳ | ᠥᠬᠡᠶ ᠪᠠᠶᠢᠪᠠᠯ᠂ ᠬᠡᠷᠪᠡ ᠪᠢᠴᠢᠭ ᠤᠨ ᠠᠮᠠᠯᠠᠯᠲᠠ ᠶᠢᠨ ᠬᠡᠯᠪᠡᠷᠢ ᠪᠠᠷ ᠲᠣᠭᠲᠠᠭᠰᠠᠨ ᠬᠤᠭᠤᠴᠠᠭᠠᠨ ᠳᠣᠲᠣᠷ᠎ᠠ | ᠬᠠᠩᠭᠠᠪᠠᠯ᠂ ᠤᠷᠢᠳᠠᠪᠠᠷ ᠭᠥᠯᠢᠶᠡᠨ ᠠᠪᠴᠤ ᠰᠢᠢᠳᠪᠦᠷᠢᠯᠡᠵᠦ ᠂ ᠭᠦᠢᠴᠡᠳᠭᠡᠬᠦ ᠠᠬᠢᠴᠠ ᠶᠢ ᠲᠦᠷᠭᠡᠳᠬᠡᠨ᠂ ︽ | ᠢᠲᠡᠭᠡᠮᠵᠢ + ᠬᠢᠨᠠᠨ ᠵᠥᠪᠰᠢᠶᠡᠷᠡᠬᠦ︾ ᠵᠠᠭᠪᠤᠷ ᠢ ᠪᠠᠶᠢᠭᠤᠯᠬᠤ ᠬᠡᠷᠡᠭᠲᠡᠶ᠃ | ︵ᠭᠤᠷᠪᠠ︶ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠮ ᠨᠥᠬᠦᠴᠡᠯ ᠢ ᠤᠷᠢᠳᠠᠪᠠᠷ ᠬᠠᠩᠭᠠᠨ᠎ᠠ᠃ | ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠡᠷᠡᠭ ᠶᠠᠪᠤᠳᠠᠯ ᠤᠨ ᠳᠤᠮᠳᠠ ᠢᠲᠡᠭᠡᠮᠵᠢ ᠶᠢᠨ ᠲᠡᠮᠳᠡᠭᠯᠡᠯ ᠢ ᠪᠠᠶᠢᠴᠠᠭᠠᠨ | ᠯᠠᠪᠯᠠᠬᠤ ᠪᠠ ᠢᠲᠡᠭᠡᠮᠵᠢ ᠶᠢᠨ ᠮᠡᠳᠡᠭᠦᠯᠦᠯᠲᠡ ᠶᠢ ᠬᠡᠷᠡᠭᠯᠡᠬᠦ ᠶᠢ ᠦᠷᠭᠦᠯᠵᠢᠯᠡᠨ ᠠᠬᠢᠭᠤᠯᠵᠤ᠂ ᠢᠯᠠᠩᠭᠤᠶ᠎ᠠ ᠵᠠᠰᠠᠭ ᠤᠨ | ᠣᠷᠳᠣᠨ ᠤ ᠢᠨᠵᠧᠨᠧᠷᠢᠩ ᠤᠨ ᠪᠡᠯᠡ ᠣᠷᠣᠭᠤᠯᠤᠯᠲᠠ᠂ ᠵᠠᠰᠠᠭ ᠤᠨ ᠣᠷᠳᠣᠨ ᠤ ᠬᠤᠳᠠᠯᠳᠤᠨ ᠠᠪᠬᠤ ᠵᠡᠷᠭᠡ ᠡᠯ᠎ᠡ | ᠲᠥᠷᠥᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠬᠢᠩᠭᠠᠨ ᠠᠶᠢᠮᠠᠭ ᠤᠨ ᠢᠲᠡᠭᠡᠮᠵᠢ ᠶᠢᠨ ᠮᠡᠳᠡᠭᠡ ᠵᠠᠩᠭᠢ ᠶᠢ | ᠬᠠᠮᠲᠤᠪᠠᠷ ᠭᠥᠷᠳᠡᠬᠦ ᠲᠠᠪᠴᠠᠩ ᠢᠶᠠᠷ ᠳᠡᠮᠵᠢᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠲᠡᠭᠡᠮᠵᠢ ᠶᠢᠨ | ᠲᠡᠮᠳᠡᠭᠯᠡᠯ ᠢ ᠪᠠᠶᠢᠴᠠᠭᠠᠨ ᠯᠠᠪᠯᠠᠬᠤ ᠶᠢᠨ ᠬᠠᠮᠲᠤ᠂ ᠲᠡᠳᠡᠨ ᠢᠶᠠᠷ ︽ᠢᠲᠡᠭᠡᠮᠵᠢ ᠶᠢᠨ ᠳᠤᠮᠳᠠᠳᠤ ᠤᠯᠤᠰ︾᠂ ︽ | ᠢᠲᠡᠭᠡᠮᠵᠢ ᠶᠢᠨ ᠳᠤᠮᠳᠠᠳᠤ ᠤᠯᠤᠰ ︵ᠥᠪᠥᠷ ᠮᠣᠩᠭᠤᠯ︶︾ ᠤᠨ ᠰᠦᠯᠵᠢᠶᠡᠨ ᠥᠷᠲᠡᠭᠡ ᠠᠴᠠ ᠭᠠᠷᠭᠠᠭᠰᠠᠨ | ᠢᠲᠡᠭᠡᠮᠵᠢ ᠶᠢᠨ ᠮᠡᠳᠡᠭᠦᠯᠦᠯᠲᠡ ᠪᠤᠶᠤ ᠬᠠᠮᠢᠶ᠎ᠠ ᠪᠥᠬᠦᠶ ᠬᠢᠷᠢ ᠬᠡᠮ ᠲᠠᠢ ᠢᠲᠡᠭᠡᠮᠵᠢ ᠶᠢᠨ ᠦᠢᠯᠡᠴᠢᠯᠡᠭᠡᠨ ᠤ | ᠪᠠᠶᠢᠭᠤᠯᠤᠮᠵᠢ ᠠᠴᠠ ᠭᠠᠷᠭᠠᠭᠰᠠᠨ ᠢᠲᠡᠭᠡᠮᠵᠢ ᠶᠢᠨ ᠮᠡᠳᠡᠭᠦᠯᠦᠯᠲᠡ ᠶᠢ ᠬᠠᠩᠭᠠᠯᠭᠠᠬᠤ ᠪᠠᠷ ᠱᠠᠭᠠᠷᠳᠠᠬᠤ ᠶᠢᠨ ᠬᠠᠮᠲᠤ᠂ | ᠵᠣᠬᠢᠬᠤ ᠪᠠᠶᠢᠴᠠᠭᠠᠨ ᠯᠠᠪᠯᠠᠬᠤ ᠡᠬᠡ ᠲᠠᠩᠰᠠ ᠶᠢ ᠪᠦᠷᠢᠯᠳᠦᠭᠦᠯᠦᠨ᠎ᠡ᠃ | ︵ᠳᠥᠷᠪᠡ︶ ᠦᠨᠡᠨᠴᠢ ᠢᠲᠡᠭᠡᠮᠵᠢ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ ᠤᠨ ᠵᠠᠰᠠᠭ ᠵᠠᠬᠢᠷᠭᠠᠨ ᠤ | ᠬᠢᠨᠠᠯᠲᠠ ᠬᠠᠮᠢᠶᠠᠷᠤᠯᠲᠠ ᠶᠢᠨ ᠲᠣᠬᠢᠷᠠᠭᠤᠯᠤᠯᠲᠠ ᠶᠢ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠢᠨᠠᠨ ᠬᠠᠮᠢᠶᠠᠷᠬᠤ ᠡᠲᠡᠭᠡᠳ ᠤᠨ ᠢᠲᠡᠭᠡᠮᠵᠢ ᠶᠢᠨ ᠲᠡᠮᠳᠡᠭᠯᠡᠯ ᠪᠠ | ᠢᠲᠡᠭᠡᠮᠵᠢ ᠶᠢᠨ ᠦᠨᠡᠯᠡᠯᠲᠡ ᠶᠢᠨ ᠲᠥᠷᠥᠯ ᠠᠩᠭᠢᠯᠠᠯ ᠢ ᠦᠨᠳᠦᠰᠦᠯᠡᠨ᠂ ᠢᠲᠡᠭᠡᠮᠵᠢ ᠪᠠᠷ ᠰᠠᠭᠤᠷᠢ ᠪᠣᠯᠭᠠᠭᠰᠠᠨ | ᠰᠢᠨ᠎ᠡ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠠᠵᠢᠯ ᠲᠥᠷᠥᠯ ᠳᠤ | ᠢᠲᠡᠭᠡᠮᠵᠢ ᠶᠢᠨ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠦᠨ᠂ ᠢᠲᠡᠭᠡᠮᠵᠢ ᠶᠢᠨ | ᠦᠨᠡᠯᠡᠯᠲᠡ ᠶᠢᠨ ᠦᠷ᠎ᠡ ᠳ᠋ᠦᠩ ᠢ ᠲᠣᠭᠲᠠᠮᠠᠯ ᠬᠤᠭᠤᠴᠠᠭ᠎ᠠ ᠲᠠᠢ ᠪᠠᠷ ᠬᠠᠤᠯᠢ ᠲᠣᠭᠲᠠᠭᠠᠯ ᠶᠣᠰᠣᠭᠠᠷ ᠬᠢᠩᠭᠠᠨ | ᠠᠶᠢᠮᠠᠭ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠲᠠᠪᠴᠠᠩ ᠳᠤ ᠢᠯᠡ ᠨᠡᠶᠢᠲᠡᠯᠡᠵᠦ ᠨᠡᠶᠢᠲᠡᠯᠡᠬᠦ | ᠬᠡᠷᠡᠭᠲᠡᠶ᠃ ᠵᠣᠬᠢᠬᠤ ᠨᠥᠬᠦᠴᠡᠯ ᠳᠤ ᠨᠡᠶᠢᠴᠡᠬᠦ ᠦᠨᠡᠨᠴᠢ ᠢᠲᠡᠭᠡᠮᠵᠢ ᠶᠢᠨ ᠠᠵᠤ ᠠᠬᠤᠶᠢᠯᠠᠯ ᠳᠤ ᠬᠠᠤᠯᠢ ᠶᠣᠰᠣᠭᠠᠷ | ᠡᠳᠦᠷ ᠲᠤᠲᠤᠮ ᠤᠨ ᠪᠠᠶᠢᠴᠠᠭᠠᠯᠲᠠ᠂ ᠲᠤᠰᠬᠠᠶ ᠵᠦᠢᠯ ᠤᠨ ᠪᠠᠶᠢᠴᠠᠭᠠᠯᠲᠠ ᠶᠢᠨ ᠳᠤᠮᠳᠠ ᠪᠠᠶᠢᠴᠠᠭᠠᠬᠤ | ᠤᠳᠠᠭ᠎ᠠ ᠪᠠᠨ ᠰᠢᠯᠢᠳᠡᠭᠵᠢᠭᠦᠯᠬᠦ ᠬᠡᠷᠡᠭᠲᠡᠶ᠃ | ︵ᠲᠠᠪᠤ︶ ᠦᠨᠡᠨᠴᠢ ᠢᠲᠡᠭᠡᠮᠵᠢ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠶᠡᠬᠡᠪᠡᠷ ᠲᠠᠨᠢᠯᠴᠠᠭᠤᠯᠬᠤ | ᠬᠡᠷᠡᠭᠲᠡᠶ᠃ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠶ | ᠰᠠᠯᠠᠭ᠎ᠠ ᠮᠥᠴᠢᠷ ᠤᠳ ᠦᠨᠡᠨᠴᠢ ᠢᠲᠡᠭᠡᠮᠵᠢ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠰᠢᠯᠢᠳᠡᠭ | ᠢᠲᠡᠭᠡᠮᠵᠢ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠵᠠᠰᠠᠭ ᠤᠨ ᠣᠷᠳᠣᠨ ᠤ ᠠᠯᠪᠠᠨ ᠰᠦᠯᠵᠢᠶ᠎ᠡ᠂ ᠰᠠᠯᠠᠭ᠎ᠠ | ᠮᠥᠴᠢᠷ ᠤᠨ ᠠᠯᠪᠠᠨ ᠰᠦᠯᠵᠢᠶ᠎ᠡ ᠪᠠ ︽ᠢᠲᠡᠭᠡᠮᠵᠢ ᠶᠢᠨ ᠬᠢᠩᠭᠠᠨ ᠠᠶᠢᠮᠠᠭ︾ ᠤᠨ ᠰᠦᠯᠵᠢᠶᠡᠨ ᠥᠷᠲᠡᠭᠡ ᠳᠤ | ᠢᠯᠡ ᠨᠡᠶᠢᠲᠡᠯᠡᠬᠦ ᠬᠡᠷᠡᠭᠲᠡᠶ᠃ ᠬᠤᠷᠠᠯ ᠦᠵᠡᠰᠬᠦᠯᠡᠩ᠂ ᠪᠠᠩᠬᠢ ᠪᠠ ᠠᠵᠤ ᠠᠬᠤᠶᠢᠯᠠᠯ ᠢ ᠵᠣᠯᠭᠠᠭᠤᠯᠬᠤ ᠵᠡᠷᠭᠡ | ᠠᠵᠢᠯᠯᠠᠭ᠎ᠠ ᠳᠤ ᠦᠨᠡᠨᠴᠢ ᠢᠲᠡᠭᠡᠮᠵᠢ ᠶᠢᠨ ᠠᠵᠤ ᠠᠬᠤᠶᠢᠯᠠᠯ ᠢ ᠭᠤᠤᠯᠳᠠᠯᠭ᠎ᠠ ᠲᠠᠢ ᠲᠠᠨᠢᠯᠴᠠᠭᠤᠯᠵᠤ᠂ ᠢᠲᠡᠭᠡᠮᠵᠢ ᠶᠢ | ᠵᠠᠬ᠎ᠠ ᠳᠡᠯᠭᠡᠭᠦᠷ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠴᠢᠬᠤᠯᠠ ᠪᠣᠳᠣᠯᠬᠢᠯᠠᠬᠤ ᠬᠦᠴᠦᠨ ᠵᠦᠢᠯ | ᠪᠣᠯᠭᠠᠨ᠎ᠠ᠃ ᠢᠲᠡᠭᠡᠮᠵᠢ ᠶᠢᠨ ᠮᠡᠳᠡᠭᠡ ᠵᠠᠩᠭᠢ ᠴᠤᠭᠯᠠᠭᠤᠯᠬᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ | ᠪᠠᠶᠢᠭᠠᠳ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠵᠥᠪ ᠲᠠᠯ᠎ᠠ ᠶᠢᠨ ᠮᠡᠳᠡᠭᠡ ᠵᠠᠩᠭᠢ ᠴᠤᠭᠯᠠᠭᠤᠯᠬᠤ ᠶᠢ | ᠴᠢᠩᠭᠠᠳᠬᠠᠵᠤ᠂ ᠢᠲᠡᠭᠡᠮᠵᠢ ᠶᠢᠨ ᠠᠰᠠᠭᠤᠳᠠᠯ ᠤᠨ ᠲᠤᠰᠬᠠᠯ ᠨᠡᠯᠢᠶᠡᠳ ᠲᠥᠪᠯᠡᠷᠡᠭᠰᠡᠨ ᠠᠵᠢᠯ ᠲᠥᠷᠥᠯ ᠤᠨ | ᠬᠦᠷᠢᠶ᠎ᠡ ᠴᠠᠷᠠᠭ᠎ᠠ ᠳᠤ ᠢᠲᠡᠭᠡᠮᠵᠢ ᠲᠠᠢ ᠬᠥᠮᠦᠰ ᠢ ᠤᠷᠮᠠᠰᠢᠭᠤᠯᠬᠤ ᠠᠷᠭ᠎ᠠ ᠬᠡᠮᠵᠢᠶ᠎ᠡ ᠶᠢ ᠴᠢᠩᠭᠠᠳᠬᠠᠨ᠎ᠠ᠃ ᠠᠵᠢᠯ | ᠲᠥᠷᠥᠯ ᠤᠨ ᠨᠡᠶᠢᠭᠡᠮᠯᠢᠭ ︵ᠬᠤᠳᠠᠯᠳᠤᠭᠠᠴᠢᠳ ᠤᠨ ᠡᠪᠯᠡᠯ︶ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠠ | ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠵᠤ᠂ ᠦᠨᠡᠨᠴᠢ ᠢᠲᠡᠭᠡᠮᠵᠢ ᠶᠢᠨ ᠭᠡᠰᠢᠭᠦᠳ ᠢ | ᠬᠥᠬᠢᠭᠦᠯᠦᠨ ᠰᠠᠶᠢᠰᠢᠶᠠᠵᠤ᠂ ᠠᠵᠢᠯ ᠲᠥᠷᠥᠯ ᠤᠨ ︽ᠦᠨᠡᠨᠴᠢ ᠢᠲᠡᠭᠡᠮᠵᠢ ᠶᠢᠨ ᠥᠯᠢᠭᠡᠷ︾ ᠢ ᠰᠠᠶᠢᠲᠤᠷ | ᠶᠠᠷᠢᠬᠤ ᠶᠢ ᠠᠬᠢᠭᠤᠯᠤᠨ᠎ᠠ᠃ | ︵ᠵᠢᠷᠭᠤᠭ᠎ᠠ︶ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠠᠬᠤᠶ ᠪᠠᠶᠢᠳᠠᠯ ᠢ ᠥᠷᠭᠡᠳᠬᠡᠨ᠎ᠡ᠃ | ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠪᠣᠯᠭᠠᠬᠤ ᠪᠠ ᠬᠠᠮᠲᠤ ᠪᠠᠷ ᠡᠳ᠋ᠯᠡᠬᠦ ᠪᠠᠷ ᠳᠠᠮᠵᠢᠭᠤᠯᠤᠨ᠂ ᠵᠠᠰᠠᠭ ᠤᠨ | ᠣᠷᠳᠣᠨ ᠬᠢᠭᠡᠳ ᠨᠡᠶᠢᠭᠡᠮ ᠬᠠᠷᠢᠯᠴᠠᠨ ᠠᠬᠢᠭᠤᠯᠬᠤ᠂ ᠵᠠᠰᠠᠭ ᠵᠠᠬᠢᠷᠭᠠᠨ ᠬᠢᠭᠡᠳ ᠵᠠᠬ᠎ᠠ ᠳᠡᠯᠭᠡᠭᠦᠷ ᠬᠠᠷᠢᠯᠴᠠᠨ | ᠠᠭᠤᠰᠤᠯᠴᠠᠭᠰᠠᠨ ᠢᠲᠡᠭᠡᠮᠵᠢ ᠶᠢᠨ ᠦᠢᠯᠡᠴᠢᠯᠡᠭᠡᠨ ᠤ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ | ᠬᠡᠷᠡᠭᠯᠡᠭᠡᠨ ᠤ ᠲᠠᠯᠠᠪᠤᠷ ᠢ ᠥᠷᠭᠡᠳᠬᠡᠵᠦ᠂ ︽ᠢᠲᠡᠭᠡᠮᠵᠢ ᠶᠢᠨ ᠬᠢᠯᠪᠠᠷ +︾ ᠶᠢᠨ ᠤᠷᠮᠠᠰᠢᠭᠤᠯᠬᠤ ᠠᠭᠤᠯᠭ᠎ᠠ ᠶᠢ | ᠪᠠᠶᠠᠯᠢᠭᠵᠢᠭᠤᠯᠤᠨ᠂ ᠤᠯᠠᠨ ᠠᠷᠭ᠎ᠠ ᠵᠠᠮ ᠲᠠᠢ᠂ ᠤᠯᠠᠨ ᠡᠰᠢᠴᠢᠯᠡᠭᠰᠡᠨ ︽ᠢᠲᠡᠭᠡᠮᠵᠢ ᠶᠢᠨ ᠬᠢᠯᠪᠠᠷ +︾ ᠶᠢᠨ | ᠵᠦᠢᠯᠡᠰ ᠤᠨ ᠰᠢᠰᠲ᠋ᠧᠮ ᠢ ᠬᠠᠮᠲᠤ ᠪᠠᠷ ᠪᠠᠶᠢᠭᠤᠯᠤᠨ᠎ᠠ︔ ᠢᠲᠡᠭᠡᠮᠵᠢ ᠨᠢ ᠵᠥᠪᠰᠢᠶᠡᠷᠡᠬᠦ ᠳᠤ ᠬᠢᠯᠪᠠᠷ᠂ ᠢᠲᠡᠭᠡᠮᠵᠢ ᠨᠢ | ᠵᠤᠭᠠᠴᠠᠬᠤ ᠳᠤ ᠬᠢᠯᠪᠠᠷ᠂ ᠢᠲᠡᠭᠡᠮᠵᠢ ᠨᠢ ᠲᠦᠷᠢᠶᠡᠰᠦᠯᠡᠬᠦ ᠳᠤ ᠬᠢᠯᠪᠠᠷ᠂ ᠢᠲᠡᠭᠡᠮᠵᠢ ᠨᠢ ᠡᠮᠴᠢᠯᠡᠬᠦ ᠳᠤ ᠬᠢᠯᠪᠠᠷ᠂ | ᠢᠲᠡᠭᠡᠮᠵᠢ ᠨᠢ ᠤᠩᠰᠢᠬᠤ ᠳᠤ ᠬᠢᠯᠪᠠᠷ ᠵᠡᠷᠭᠡ ︽ᠢᠲᠡᠭᠡᠮᠵᠢ ᠨᠢ ᠬᠢᠯᠪᠠᠷ +︾ ᠬᠡᠷᠡᠭᠯᠡᠭᠡᠨ ᠤ ᠲᠠᠯᠠᠪᠤᠷ ᠤᠨ | ᠰᠢᠨ᠎ᠡ ᠶᠢ ᠡᠭᠦᠳᠬᠦ ᠶᠢ ᠰᠦᠪᠡᠭᠴᠢᠯᠡᠵᠦ᠂ ᠢᠲᠡᠭᠡᠮᠵᠢ ᠶᠢᠨ ᠮᠡᠳᠡᠭᠡ ᠵᠠᠩᠭᠢ ᠶᠢᠨ ᠬᠡᠷᠡᠭᠯᠡᠯᠲᠡ ᠶᠢᠨ ᠬᠠᠮᠤᠷᠬᠤ | ᠬᠡᠪᠴᠢᠶ᠎ᠡ ᠶᠢ ᠥᠷᠭᠡᠳᠬᠡᠨ᠎ᠡ᠃ ᠠᠷᠠᠳ ᠤᠨ ᠠᠮᠢᠳᠤᠷᠠᠯ ᠤᠨ ᠬᠦᠷᠢᠶᠡᠨ ᠳᠤ ᠨᠡᠶᠢᠭᠡᠮᠴᠢᠯᠡᠭᠰᠡᠨ᠂ ᠵᠠᠬ᠎ᠠ | ᠳᠡᠯᠭᠡᠭᠦᠷᠴᠢᠯᠡᠭᠰᠡᠨ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠤᠨ ᠵᠣᠷᠢᠭᠵᠢᠭᠤᠯᠬᠤ ᠠᠷᠭ᠎ᠠ ᠬᠡᠮᠵᠢᠶ᠎ᠡ ᠶᠢ ᠬᠦᠴᠦᠯᠡᠨ | ᠥᠷᠭᠡᠳᠬᠡᠵᠦ᠂ ᠢᠲᠡᠭᠡᠮᠵᠢᠲᠡᠶ ᠪᠠᠷ ᠠᠷᠠᠳ ᠲᠤ ᠠᠰᠢᠭ ᠬᠦᠷᠲᠡᠭᠡᠵᠦ ᠠᠵᠤ ᠠᠬᠤᠶᠢᠯᠠᠯ ᠳᠤ ᠳᠥᠭᠦᠮ ᠦᠵᠡᠭᠦᠯᠬᠦ ᠶᠢ | ᠪᠡᠶᠡᠯᠡᠭᠦᠯᠦᠨ᠎ᠡ᠃ | ︵ᠳᠣᠯᠤᠭ᠎ᠠ︶ ᠵᠠᠬ᠎ᠠ ᠳᠡᠯᠭᠡᠭᠦᠷ ᠤᠨ ᠠᠷᠠᠯᠵᠢᠶᠠᠨ ᠤ ᠥᠪᠡᠷ ᠤᠨ ᠥᠷᠲᠡᠭ ᠢ ᠪᠠᠭᠤᠷᠠᠭᠤᠯᠬᠤ ᠬᠡᠷᠡᠭᠲᠡᠶ᠃ | ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠮᠥᠩᠭᠦᠨ ᠭᠦᠢᠯᠭᠡᠭᠡᠨ ᠤ ᠬᠦᠷᠢᠶᠡᠨ ᠳᠠᠬᠢ | ᠬᠡᠷᠡᠭᠯᠡᠯᠲᠡ ᠶᠢ ᠠᠬᠢᠭᠤᠯᠵᠤ᠂ ᠭᠠᠶᠢᠯᠢ ᠶᠢᠨ ᠶᠠᠪᠤᠳᠠᠯ ᠪᠠ ᠮᠥᠩᠭᠦᠨ ᠭᠦᠢᠯᠭᠡᠭᠡᠨ ᠤ ᠰᠠᠯᠠᠭ᠎ᠠ ᠮᠥᠴᠢᠷ ᠤᠨ ︽ | ᠪᠠᠩᠬᠢ ᠭᠠᠶᠢᠯᠢ ᠶᠢᠨ ᠬᠠᠷᠢᠯᠴᠠᠨ ᠬᠥᠳᠡᠯᠦᠯᠴᠡᠬᠦ︾ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠵᠣᠷᠢᠭᠵᠢᠭᠤᠯᠤᠨ᠎ᠠ᠃ | ᠤᠯᠤᠰ ᠠᠴᠠ A ᠲᠠᠰ ᠤᠨ ᠢᠲᠡᠭᠡᠮᠵᠢ ᠶᠢᠨ ᠭᠠᠶᠢᠯᠢ ᠲᠤᠰᠢᠶᠠᠭᠴᠢ ᠳᠤ ᠬᠡᠷᠡᠭᠵᠢᠭᠦᠯᠬᠦ ᠪᠠᠯᠠ ᠲᠣᠬᠢᠷᠠᠭᠤᠯᠭ᠎ᠠ ᠶᠢᠨ | ᠳᠥᠭᠦᠮᠴᠢᠯᠡᠯᠲᠡ᠂ ᠰᠠᠭᠠᠳ ᠥᠬᠡᠶ ᠨᠡᠪᠲᠡᠷᠡᠬᠦ ᠵᠠᠮ ᠵᠡᠷᠭᠡ ᠤᠷᠮᠠᠰᠢᠭᠤᠯᠬᠤ ᠠᠷᠭ᠎ᠠ ᠬᠡᠮᠵᠢᠶ᠎ᠡ ᠶᠢ | ᠲᠤᠭᠤᠰᠢᠯᠠᠭᠤᠯᠤᠨ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠠᠷᠠᠯᠵᠢᠶᠠᠨ ᠤ ᠥᠪᠡᠷ ᠤᠨ ᠥᠷᠲᠡᠭ ᠢ ᠪᠦᠲᠦᠮᠵᠢᠲᠡᠶ | ᠪᠠᠭᠤᠷᠠᠭᠤᠯᠤᠨ᠂ ᠢᠲᠡᠭᠡᠮᠵᠢ ᠶᠢᠨ ᠮᠡᠳᠡᠭᠡ ᠵᠠᠩᠭᠢ ᠶᠢᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠠᠯᠠ | ᠲᠣᠬᠢᠷᠠᠭᠤᠯᠭ᠎ᠠ ᠳᠤ ᠦᠵᠡᠭᠦᠯᠬᠦ ᠳᠡᠮᠵᠢᠯᠭᠡ ᠶᠢᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠳᠤᠮᠳᠠ | ᠵᠢᠵᠢᠭ ᠪᠢᠴᠢᠯ ᠠᠵᠤ ᠠᠬᠤᠶᠢᠯᠠᠯ ᠤᠨ ᠪᠠᠯᠠ ᠲᠣᠬᠢᠷᠠᠭᠤᠯᠬᠤ ᠳᠤ ᠬᠦᠴᠢᠷᠲᠡᠶ ᠪᠠᠯᠠ ᠲᠣᠬᠢᠷᠠᠭᠤᠯᠬᠤ ᠳᠤ ᠦᠨᠡᠲᠡᠶ | ᠪᠠᠶᠢᠬᠤ ᠠᠰᠠᠭᠤᠳᠠᠯ ᠢ ᠨᠠᠮᠳᠠᠭᠤᠯᠤᠨ᠎ᠠ᠃ | ᠭᠤᠷᠪᠠ᠂ ᠬᠦᠨᠳᠦ ᠨᠣᠴᠢᠲᠠᠶ ᠢᠲᠡᠭᠡᠯ ᠢᠶᠠᠨ ᠠᠯᠳᠠᠭᠰᠠᠨ ᠥᠢᠯᠡ ᠠᠵᠢᠯᠯᠠᠭ᠎ᠠ ᠶᠢ ᠬᠢᠵᠠᠭᠠᠷᠯᠠᠬᠤ ᠪᠠ | ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠥᠷᠢᠨᠰᠢᠬᠦᠯᠥᠨ᠎ᠡ | ︵ᠨᠠᠶ᠋ᠮᠠ︶ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠵᠠᠷᠴᠢᠮ᠃ ᠢᠲᠡᠭᠡᠯ ᠠᠯᠳᠠᠭᠰᠠᠳ ᠢ ᠵᠠᠯᠬᠠᠭᠠᠨ | ᠴᠡᠭᠡᠷᠯᠡᠭᠦᠯᠬᠦ ᠠᠷᠭ᠎ᠠ ᠬᠡᠮᠵᠢᠶ᠎ᠡ ᠶᠢᠨ ᠨᠠᠷᠢᠨ ᠬᠠᠭᠤᠳᠠᠰᠤ ᠪᠠ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠤᠨ | ᠶᠣᠰᠣᠭᠠᠷ ᠬᠦᠨᠳᠦ ᠬᠥᠩᠭᠡᠨ ᠵᠣᠬᠢᠰᠲᠠᠶ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠠᠪᠴᠤ᠂ ᠢᠲᠡᠭᠡᠯ | ᠠᠯᠳᠠᠭᠰᠠᠨ ᠭᠤᠤᠯ ᠴᠣᠭᠴᠠ ᠶᠢᠨ ᠦᠢᠯᠡ ᠠᠵᠢᠯᠯᠠᠭ᠎ᠠ ᠯᠤᠭ᠎ᠠ ᠬᠤᠯᠪᠣᠭᠳᠠᠭᠤᠯᠤᠨ᠂ ᠢᠲᠡᠭᠡᠯ ᠠᠯᠳᠠᠭᠰᠠᠨ ᠦᠶ᠋ᠯᠡ | ᠠᠵᠢᠯᠯᠠᠭ᠎ᠠ ᠶᠢᠨ ᠰᠢᠨᠵᠢ ᠴᠢᠨᠠᠷ᠂ ᠬᠦᠷᠢᠶ᠎ᠡ ᠴᠠᠷᠠᠭ᠎ᠠ ᠶᠢᠨ ᠦᠢᠯᠡ ᠪᠠᠶᠢᠳᠠᠯ ᠪᠠ ᠨᠡᠶᠢᠭᠡᠮ ᠤᠨ ᠬᠤᠤᠷ ᠬᠥᠨᠥᠭᠡᠯ ᠤᠨ | ᠬᠡᠮᠵᠢᠶ᠎ᠡ ᠯᠦᠭᠡ ᠲᠣᠬᠢᠷᠠᠯᠴᠠᠭᠤᠯᠵᠤ᠂ ᠬᠡᠲᠦ ᠵᠠᠯᠬᠠᠭᠠᠬᠤ ᠶᠢ ᠬᠠᠷᠢᠯᠴᠠᠨ ᠲᠡᠩᠴᠡᠭᠦᠯᠬᠦ ᠶᠢ ᠦᠨᠡᠨᠬᠦ ᠪᠠᠲᠤᠯᠠᠬᠤ | ᠬᠡᠷᠡᠭᠲᠡᠶ᠃ | ︵ᠶᠢᠰᠦ︶ ᠬᠦᠨᠳᠦ ᠨᠣᠴᠢᠲᠠᠶ ᠢᠲᠡᠭᠡᠯ ᠢᠶᠠᠨ ᠠᠯᠳᠠᠭᠰᠠᠨ ᠥᠢᠯᠡ ᠠᠵᠢᠯᠯᠠᠭ᠎ᠠ ᠶᠢ ᠲᠣᠳᠣᠷᠬᠠᠶᠢᠯᠠᠬᠤ ᠬᠡᠷᠡᠭᠲᠡᠶ᠃ | ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠴᠢᠩᠭ᠎ᠠ ᠵᠢᠷᠤᠮᠯᠠᠨ ᠬᠦᠨᠳᠦ ᠨᠣᠴᠢᠲᠠᠶ ᠢᠲᠡᠭᠡᠯ | ᠠᠯᠳᠠᠭᠰᠠᠨ ᠭᠤᠤᠯ ᠴᠣᠭᠴᠠ ᠶᠢᠨ ᠨᠡᠷᠡᠰ ᠤᠨ ᠵᠢᠭᠰᠠᠭᠠᠯᠲᠠ ᠶᠢᠨ ᠬᠦᠷᠢᠶ᠎ᠡ ᠴᠠᠷᠠᠭ᠎ᠠ ᠶᠢ ᠵᠢᠭᠰᠠᠭᠠᠬᠤ ᠬᠡᠷᠡᠭᠲᠡᠶ᠂ | ᠶᠠᠮᠠᠷᠪᠠ ᠰᠠᠯᠠᠭ᠎ᠠ ᠮᠥᠴᠢᠷ ︵ ᠨᠢᠭᠡᠴᠢ︶ ᠨᠢ ᠭᠡᠳ ᠳᠤᠷ᠎ᠠ ᠪᠠᠷ ᠢᠶᠠᠨ ᠨᠡᠮᠡᠬᠦ ᠪᠤᠶᠤ ᠥᠷᠭᠡᠳᠬᠡᠵᠦ ᠪᠣᠯᠬᠤ ᠥᠬᠡᠶ᠃ | ᠡᠭᠦᠨ ᠳᠤ ᠭᠤᠣᠯᠳᠠᠯᠭ᠎ᠠ ᠲᠠᠢ᠄ ᠨᠢᠭᠡ ᠳᠤ ᠠᠷᠠᠳ ᠤᠯᠠᠨ ᠤ ᠪᠡᠶ᠎ᠡ ᠶᠢᠨ ᠡᠷᠡᠭᠦᠯ ᠮᠡᠨᠳᠤ ᠪᠠ ᠠᠮᠢ ᠨᠠᠰᠤᠨ ᠤ ᠠᠮᠤᠷ | ᠲᠦᠪᠰᠢᠨ ᠳᠤ ᠬᠦᠨᠳᠦ ᠨᠣᠴᠢᠲᠠᠶ ᠬᠤᠣᠷ ᠬᠥᠨᠥᠭᠡᠯ ᠤᠴᠠᠷᠠᠭᠤᠯᠤᠭᠰᠠᠨ ᠦᠢᠯᠡ ᠠᠵᠢᠯᠯᠠᠭ᠎ᠠ᠂ ᠡᠭᠦᠨ ᠳᠤ | ᠢᠳᠡᠭᠡᠨ ᠤ ᠵᠦᠢᠯ ᠡᠮ ᠤᠨ ᠵᠦᠢᠯ᠂ ᠠᠮᠢ ᠠᠬᠤᠶ ᠶᠢᠨ ᠣᠷᠴᠢᠨ ᠨᠥᠬᠦᠴᠡᠯ᠂ ᠪᠠᠷᠢᠯᠭ᠎ᠠ ᠶᠢᠨ ᠶᠠᠰᠤ ᠴᠢᠨᠠᠷ᠂ | ᠦᠢᠯᠡᠳᠬᠦᠨ ᠤ ᠶᠠᠰᠤ ᠴᠢᠨᠠᠷ᠂ ᠠᠶᠤᠯᠭᠦᠶ ᠦᠢᠯᠡᠳᠪᠦᠷᠢᠯᠡᠯ᠂ ᠵᠠᠮ ᠬᠠᠷᠢᠯᠴᠠᠭᠠᠨ ᠤ ᠠᠮᠤᠷ ᠲᠦᠪᠰᠢᠨ᠂ ᠭᠠᠯ | ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠵᠡᠷᠭᠡ ᠬᠦᠷᠢᠶᠡᠨ ᠳᠠᠬᠢ ᠬᠦᠨᠳᠦ ᠨᠣᠴᠢᠲᠠᠶ ᠢᠲᠡᠭᠡᠯ ᠠᠯᠳᠠᠭᠰᠠᠨ | ᠦᠢᠯᠡ ᠠᠵᠢᠯᠯᠠᠭ᠎ᠠ ᠪᠠᠭᠲᠠᠨ᠎ᠠ︔ ᠬᠤᠶᠠᠷ ᠲᠤ ᠵᠠᠬ᠎ᠠ ᠳᠡᠯᠭᠡᠭᠦᠷ ᠤᠨ ᠭᠤᠣᠯᠴᠢ ᠥᠷᠢᠰᠥᠯᠳᠦᠭᠡᠨ ᠤ ᠡᠮᠬᠢ ᠵᠢᠷᠤᠮ | ᠪᠠ ᠨᠡᠶᠢᠭᠡᠮ ᠤᠨ ᠬᠡᠪ ᠤᠨ ᠡᠮᠬᠢ ᠵᠢᠷᠤᠮ ᠢ ᠬᠦᠨᠳᠦ ᠨᠣᠴᠢᠲᠠᠶ ᠡᠪᠳᠡᠭᠰᠡᠨ ᠠᠵᠢᠯᠯᠠᠭ᠎ᠠ᠂ ᠡᠭᠦᠨ ᠳᠤ ᠬᠡᠭᠡᠯᠢ | ᠬᠠᠭ᠋ᠤᠤᠯᠢ ᠪᠠᠭᠲᠠᠨ᠎ᠠ᠃ ᠭᠠᠶᠢᠯᠢ ᠠᠴᠠ ᠵᠠᠶᠢᠯᠠᠵᠤ ᠭᠠᠶᠢᠯᠢ ᠶᠢ ᠮᠡᠬᠡᠯᠡᠨ ᠠᠪᠬᠤ ᠮᠠᠭᠤ ᠰᠠᠨᠠᠭ᠎ᠠ ᠪᠠᠷ ᠥᠷᠢ | ᠰᠢᠷᠢ ᠠᠴᠠ ᠵᠠᠶᠢᠯᠠᠵᠤ᠂ ᠮᠠᠭᠤ ᠰᠠᠨᠠᠭ᠎ᠠ ᠪᠠᠷ ᠪᠠᠷᠠᠭᠠᠨ ᠤ ᠵᠣᠭᠤᠰ ᠪᠤᠶᠤ ᠦᠢᠯᠡᠴᠢᠯᠡᠭᠡᠨ ᠤ ᠰᠦᠢᠳᠬᠡᠯ ᠢ | ᠥᠷᠢᠲᠦᠵᠦ᠂ ᠮᠠᠭᠤ ᠰᠠᠨᠠᠭ᠎ᠠ ᠪᠠᠷ ᠴᠠᠯᠢᠩ ᠥᠷᠢᠲᠦᠬᠦ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠮᠠᠭᠤ ᠰᠠᠨᠠᠭ᠎ᠠ | ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢ ᠮᠡᠬᠡᠯᠡᠨ ᠠᠪᠴᠤ᠂ ᠠᠵᠢᠯ ᠣᠯᠭᠤᠯᠲᠠ ᠶᠢᠨ ᠨᠥᠬᠦᠪᠥᠷᠢ ᠶᠢᠨ | ᠪᠡᠯᠡ ᠮᠥᠩᠭᠦ ᠶᠢ ᠮᠡᠬᠡᠯᠡᠨ ᠠᠪᠴᠤ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠵᠤ᠂ ᠭᠡᠷ᠎ᠡ ᠪᠠᠷ ᠮᠡᠬᠡᠯᠡᠨ | ᠬᠢᠬᠠᠬᠤ᠂ ᠳᠠᠮᠵᠢᠭᠤᠯᠤᠨ ᠪᠣᠷᠣᠯᠠᠭᠤᠯᠬᠤ᠂ ᠭᠡᠷᠡᠴᠢ ᠦᠨᠡᠮᠯᠡᠯ ᠦᠭᠡᠢ ᠪᠠᠷ ᠡᠵᠡᠩᠨᠡᠬᠦ᠂ ᠬᠤᠳᠠᠯ ᠬᠠᠭᠤᠷᠮᠠᠭ ᠮᠠᠭᠤ | ᠦᠢᠯᠡᠳᠬᠦᠨ ᠦᠢᠯᠡᠳᠴᠦ ᠪᠣᠷᠣᠯᠠᠭᠤᠯᠬᠤ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠵᠣᠷᠢᠭᠤᠳᠠ | ᠬᠠᠯᠳᠠᠬᠤ᠂ ᠬᠤᠳᠠᠯ ᠬᠠᠭᠤᠷᠮᠠᠭ ᠮᠠᠲ᠋ᠧᠷᠢᠶᠠᠯ ᠢᠶᠠᠷ ᠳᠠᠭᠠᠭᠠᠴᠢᠯᠠᠯᠲᠠ ᠤᠯᠬᠤ᠂ ᠵᠢᠭᠡᠯᠡᠭᠦᠯᠬᠦ ᠪᠠ ᠵᠢᠭᠡᠯᠡᠨ ᠬᠡᠷᠡᠭᠯᠡᠬᠦ | ᠬᠢᠷᠢ ᠬᠡᠮ ᠢᠶᠠᠷ ᠳᠠᠭᠠᠭᠠᠴᠢᠯᠠᠯᠲᠠ ᠬᠦᠯᠢᠶᠡᠬᠦ᠂ ᠳᠠᠭᠠᠭᠠᠴᠢᠯᠠᠯᠲᠠ ᠶᠢ ᠬᠦᠷᠢᠶᠡᠯᠡᠨ ᠳᠠᠭᠠᠭᠠᠴᠢᠯᠠᠯᠲᠠ ᠲᠠᠢ | ᠰᠥᠯᠪᠡᠭᠡᠯᠳᠦᠬᠦ᠂ ᠬᠤᠳᠠᠯ ᠬᠠᠭᠤᠷᠮᠠᠭ ᠵᠠᠷ ᠭᠠᠷᠭᠠᠬᠤ᠂ ᠬᠡᠷᠡᠭᠯᠡᠭᠴᠢᠳ ᠪᠤᠶᠤ ᠦᠨᠡᠲᠦ ᠲᠡᠮᠳᠡᠭᠲᠦ ᠬᠤᠭᠤᠴᠠᠭᠠᠲᠤ | ᠪᠠᠷᠠᠭᠠᠨ ᠤ ᠪᠡᠯᠡ ᠣᠷᠣᠭᠤᠯᠤᠭᠴᠢᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠬᠤ᠂ ᠰᠦᠯᠵᠢᠶᠡᠨ ᠤ | ᠣᠷᠣᠨ ᠵᠠᠶ ᠶᠢᠨ ᠳᠠᠮᠵᠢᠭᠤᠯᠭ᠎ᠠ ᠶᠢᠨ ᠡᠮᠬᠢ ᠵᠢᠷᠤᠮ ᠢ ᠬᠦᠨᠳᠦ ᠨᠣᠴᠢᠲᠠᠶ ᠡᠪᠳᠡᠬᠦ᠂ ᠤᠯᠠᠨ ᠢ ᠴᠤᠭᠯᠠᠭᠤᠯᠵᠤ | ᠨᠡᠶᠢᠭᠡᠮ ᠤᠨ ᠡᠮᠬᠢ ᠵᠢᠷᠤᠮ ᠢ ᠰᠠᠮᠠᠭᠤᠷᠠᠭᠤᠯᠬᠤ ᠵᠡᠷᠭᠡ ᠬᠦᠨᠳᠦ ᠨᠣᠴᠢᠲᠠᠶ ᠢᠲᠡᠭᠡᠯ ᠠᠯᠳᠠᠭᠰᠠᠨ ᠠᠵᠢᠯᠯᠠᠭ᠎ᠠ︔ | ᠭᠤᠷᠪᠠ ᠳᠤ ᠬᠠᠤᠯᠢ ᠪᠠᠷ ᠲᠣᠭᠲᠠᠭᠠᠭᠰᠠᠨ ᠡᠭᠦᠷᠭᠡ ᠪᠠᠨ ᠭᠦᠢᠴᠡᠳᠬᠡᠬᠦ ᠶᠢ ᠲᠡᠪᠴᠢᠵᠦ᠂ ᠬᠠᠤᠯᠢ ᠪᠠᠷᠢᠬᠤ | ᠪᠠᠶᠢᠭᠤᠯᠭ᠎ᠠ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠬᠦᠨᠳᠦ | ᠨᠣᠴᠢᠲᠠᠶ ᠨᠥᠯᠥᠭᠡᠯᠡᠭᠰᠡᠨ ᠦᠢᠯᠡ ᠠᠵᠢᠯᠯᠠᠭ᠎ᠠ᠂ ᠡᠭᠦᠨ ᠳᠤ ᠲᠤᠬᠠᠶ ᠶᠢᠨ ᠬᠥᠮᠦᠨ ᠨᠢ ᠬᠠᠤᠯᠢ ᠪᠠᠷᠢᠬᠤ ᠪᠠᠶᠢᠭᠤᠯᠭ᠎ᠠ | ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠠᠰᠤᠯᠤᠯᠳᠠ ᠪᠤᠶᠤ ᠲᠣᠭᠲᠠᠭᠠᠯ ᠭᠠᠷᠭᠠᠭᠰᠠᠨ ᠤ ᠲᠠᠷᠠᠭ᠎ᠠ᠂ ᠭᠦᠢᠴᠡᠳᠬᠡᠬᠦ | ᠴᠢᠳᠠᠪᠤᠷᠢ ᠲᠠᠢ ᠪᠣᠯᠪᠠᠴᠤ ᠭᠦᠢᠴᠡᠳᠬᠡᠬᠦ ᠶᠢ ᠲᠡᠪᠴᠢᠬᠦ᠂ ᠭᠦᠢᠴᠡᠳᠬᠡᠬᠦ ᠠᠴᠠ ᠵᠠᠶᠢᠯᠠᠬᠤ ᠵᠡᠷᠭᠡ ᠬᠦᠨᠳᠦ ᠨᠣᠴᠢᠲᠠᠶ | ᠢᠲᠡᠭᠡᠯ ᠠᠯᠳᠠᠭᠰᠠᠨ ᠦᠢᠯᠡ ᠠᠵᠢᠯᠯᠠᠭ᠎ᠠ ᠪᠠᠭᠲᠠᠨ᠎ᠠ︔ ᠲᠦᠷᠪᠡ ᠳᠤ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠡᠭᠦᠷᠭᠡ ᠪᠠᠨ ᠭᠦᠢᠴᠡᠳᠬᠡᠬᠦ ᠶᠢ ᠲᠡᠪᠴᠢᠬᠦ᠂ ᠴᠡᠷᠢᠭ ᠤᠨ ᠠᠯᠪᠠᠨ ᠠᠴᠠ ᠵᠠᠶᠢᠯᠠᠬᠤ᠂ ᠠᠷᠠᠳ ᠤᠨ ᠬᠡᠷᠡᠭᠯᠡᠭᠡᠨ ᠤ ᠡᠬᠢ | ᠪᠠᠶᠠᠯᠢᠭ ᠢ ᠲᠠᠲᠠᠪᠤᠷᠢᠯᠠᠨ ᠬᠡᠷᠡᠭᠯᠡᠬᠦ ᠶᠢ ᠲᠡᠪᠴᠢᠬᠦ᠂ ᠤᠳᠠᠭᠠᠰᠢᠷᠠᠭᠤᠯᠬᠤ ᠪᠤᠶᠤ ᠲᠠᠲᠠᠪᠤᠷᠢᠯᠠᠨ ᠬᠡᠷᠡᠭᠯᠡᠭᠰᠡᠨ | ᠠᠷᠠᠳ ᠤᠨ ᠬᠡᠷᠡᠭᠯᠡᠭᠡᠨ ᠤ ᠡᠬᠢ ᠪᠠᠶᠠᠯᠢᠭ ᠢ ᠥᠭᠡᠷᠡᠴᠢᠯᠡᠬᠦ ᠶᠢ ᠬᠠᠷᠰᠢᠯᠠᠬᠤ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠠᠰᠢᠭ ᠲᠤᠰᠠ ᠶᠢ ᠬᠤᠬᠢᠷᠠᠭᠤᠯᠬᠤ᠂ ᠤᠯᠤᠰ ᠤᠨ ᠪᠠᠲᠤᠯᠠᠨ ᠬᠠᠮᠠᠭᠠᠯᠠᠯᠲᠠ ︵ᠠᠷᠠᠳ ᠤᠨ | ᠠᠭᠠᠷ ᠤᠨ ᠰᠡᠷᠭᠡᠶᠢᠯᠡᠯᠲᠡ︶ ᠶᠢᠨ ᠲᠥᠬᠦᠭᠡᠷᠦᠮᠵᠢ ᠶᠢ ᠡᠪᠳᠡᠬᠦ ᠵᠡᠷᠭᠡ ᠠᠵᠢᠯᠯᠠᠭ᠎ᠠ︔ ᠲᠠᠪᠤ ᠳᠤ ᠬᠠᠤᠯᠢ ᠴᠠᠭᠠᠵᠠ᠂ | ᠬᠠᠤᠯᠢ ᠲᠣᠭᠲᠠᠭᠠᠯ ᠪᠣᠯᠤᠨ ᠤᠯᠤᠰ ᠠᠴᠠ ᠲᠣᠭᠲᠠᠭᠠᠭᠰᠠᠨ ᠪᠤᠰᠤᠳ ᠬᠦᠨᠳᠦ ᠨᠣᠴᠢᠲᠠᠶ ᠢᠲᠡᠭᠡᠯ ᠢᠶᠠᠨ | ᠠᠯᠳᠠᠭᠰᠠᠨ ᠥᠢᠯᠡ ᠠᠵᠢᠯᠯᠠᠭ᠎ᠠ᠃ | ︵ᠠᠷᠪᠠ︶ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ ᠬᠠᠤᠯᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠡᠯ᠎ᠡ ᠬᠦᠷᠢᠶᠡᠨ ᠤ ᠢᠲᠡᠭᠡᠯ ᠢᠶᠠᠨ ᠠᠯᠳᠠᠭᠰᠠᠨ ᠠᠵᠢᠯᠯᠠᠭ᠎ᠠ ᠶᠢ ᠰᠢᠢᠳᠪᠦᠷᠢᠯᠡᠬᠦ ᠪᠠ ᠦᠨᠡᠯᠡᠵᠦ᠂ ︽ᠪᠦᠬᠦ | ᠤᠯᠤᠰ ᠤᠨ ᠢᠲᠡᠭᠡᠯ ᠢᠶᠠᠨ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢᠨ ᠰᠠᠭᠤᠷᠢ ᠨᠠᠷᠢᠨ ᠳᠠᠩᠰᠠ | ︾ ᠲᠠᠢ ᠬᠠᠷᠢᠴᠠᠭᠤᠯᠵᠤ᠂ ᠢᠲᠡᠭᠡᠯ ᠢᠶᠠᠨ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠵᠢᠴᠢ ᠬᠤᠯᠪᠣᠭᠠᠯᠠᠨ ᠵᠠᠯᠬᠠᠭᠠᠨ | ᠴᠡᠭᠡᠷᠯᠡᠭᠦᠯᠬᠦ ᠶᠢ ᠬᠠᠤᠯᠢ ᠲᠣᠭᠲᠠᠭᠠᠯ ᠶᠣᠰᠣᠭᠠᠷ ᠴᠢᠩᠭ᠎ᠠ ᠬᠡᠷᠡᠭᠵᠢᠭᠦᠯᠦᠨ᠎ᠡ᠃ ᠬᠦᠨᠳᠦ ᠨᠣᠴᠢᠲᠠᠶ ᠢᠲᠡᠭᠡᠯ ᠢᠶᠠᠨ | ᠠᠯᠳᠠᠭᠰᠠᠨ ᠭᠤᠤᠯ ᠴᠣᠭᠴᠠ ᠳᠤ ᠴᠢᠭᠯᠡᠭᠦᠯᠦᠨ᠂ ᠨᠢᠭᠡᠳᠦᠯᠲᠡᠶ ᠨᠡᠶᠢᠭᠡᠮ ᠤᠨ ᠢᠲᠡᠭᠡᠮᠵᠢ ᠶᠢᠨ ᠣᠷᠣᠯᠠᠬᠤ | ᠨᠣᠮᠧᠷ ᠢᠶᠠᠷ ᠴᠣᠷ ᠤᠨ ᠭᠠᠭᠴᠠ ᠲᠡᠮᠳᠡᠭ ᠪᠣᠯᠭᠠᠵᠤ᠂ ᠬᠠᠮᠢᠶ᠎ᠠ ᠪᠥᠬᠦᠶ ᠮᠡᠳᠡᠭᠡ ᠵᠠᠩᠭᠢ ᠶᠢ ᠴᠠᠭ ᠲᠤᠬᠠᠶ ᠳᠤᠨᠢ ᠢᠯᠡ | ᠨᠡᠶᠢᠲᠡᠯᠡᠵᠦ᠂ ᠵᠠᠬ᠎ᠠ ᠳᠡᠯᠭᠡᠭᠦᠷ ᠤᠨ ᠢᠲᠡᠭᠡᠯ ᠢᠶᠠᠨ ᠠᠯᠳᠠᠭᠰᠠᠨ ᠦᠢᠯᠡ ᠠᠵᠢᠯᠯᠠᠭ᠎ᠠ ᠶᠢ ᠢᠯᠭᠠᠨ ᠲᠠᠨᠢᠬᠤ ᠳᠤ | ᠲᠥᠬᠦᠮ ᠦᠵᠡᠭᠦᠯᠦᠨ᠂ ᠢᠲᠡᠭᠡᠮᠵᠢ ᠶᠢᠨ ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠶ᠃ ᠬᠤᠯᠪᠣᠭᠳᠠᠯ ᠪᠥᠬᠦᠶ ᠠᠵᠤ | ᠠᠬᠤᠶᠢᠯᠠᠯ ᠪᠠ ᠬᠤᠪᠢ ᠬᠥᠮᠦᠨ ᠤ ᠬᠠᠤᠯᠢ ᠪᠠᠷ ᠲᠣᠭᠲᠠᠭᠠᠭᠰᠠᠨ ᠡᠭᠦᠷᠭᠡ ᠪᠠᠨ ᠭᠦᠢᠴᠡᠳᠭᠡᠬᠦ ᠶᠢ ᠰᠢᠮᠳᠠᠭᠤᠯᠵᠤ᠂ | ᠭᠦᠢᠴᠡᠳᠭᠡᠬᠦ ᠴᠢᠳᠠᠪᠤᠷᠢ ᠲᠠᠢ ᠪᠣᠯᠪᠠᠴᠤ ᠭᠦᠢᠴᠡᠳᠭᠡᠬᠦ ᠶᠢ ᠲᠡᠪᠴᠢᠭᠰᠡᠨ ᠬᠦᠨᠳᠦ ᠨᠣᠴᠢᠲᠠᠶ ᠢᠲᠡᠭᠡᠯ ᠠᠯᠳᠠᠭᠰᠠᠨ | ᠭᠤᠤᠯ ᠴᠣᠭᠴᠠ ᠳᠤ ᠬᠢᠯᠢ ᠠᠴᠠ ᠭᠠᠷᠬᠤ ᠶᠢ ᠬᠢᠵᠠᠭᠠᠷᠯᠠᠬᠤ ᠪᠠ ᠥᠯᠥ ᠬᠥᠳᠡᠯᠬᠦ ᠬᠥᠷᠥᠩᠭᠡ ᠬᠤᠳᠠᠯᠳᠤᠨ | ᠠᠪᠬᠤ ᠶᠢ ᠬᠢᠵᠠᠭᠠᠷᠯᠠᠬᠤ᠂ ᠨᠢᠰᠬᠡᠯ ᠳᠤ ᠰᠠᠭᠤᠬᠤ᠂ ᠳᠡᠭᠡᠳᠦ ᠲᠠᠰ ᠤᠨ ᠭᠠᠯᠲᠤ ᠲᠡᠷᠭᠡ ᠪᠠ ᠰᠠᠭᠤᠳᠠᠯ ᠳᠤ ᠰᠠᠭᠤᠬᠤ | ᠂ ᠵᠢᠭᠤᠯᠴᠢᠯᠠᠵᠤ ᠠᠮᠠᠷᠠᠬᠤ᠂ ᠣᠳᠣᠨ ᠲᠠᠰ ᠠᠴᠠ ᠳᠡᠭᠡᠭᠰᠢᠬᠢ ᠵᠣᠴᠢᠳ ᠤᠨ ᠪᠠᠭᠤᠳᠠᠯ ᠳᠤ ᠰᠠᠭᠤᠬᠤ ᠵᠢᠴᠢ | ᠪᠤᠰᠤᠳ ᠥᠨᠳᠥᠷ ᠬᠡᠷᠡᠭᠯᠡᠭᠡᠨ ᠤ ᠦᠢᠯᠡᠳ ᠠᠵᠢᠯᠯᠠᠭ᠎ᠠ ᠶᠢ ᠬᠢᠵᠠᠭᠠᠷᠯᠠᠬᠤ ᠵᠡᠷᠭᠡ ᠠᠷᠭ᠎ᠠ ᠬᠡᠮᠵᠢᠶ᠎ᠡ ᠶᠢ | ᠬᠡᠷᠡᠭᠵᠢᠭᠦᠯᠦᠨ᠎ᠡ᠃ ᠢᠲᠡᠭᠡᠮᠵᠢ ᠶᠢᠨ ᠮᠡᠳᠡᠭᠡ ᠵᠠᠩᠭᠢ ᠴᠤᠭᠯᠠᠭᠤᠯᠬᠤ ᠪᠠᠶᠢᠭᠤᠯᠤᠮᠵᠢ ᠶᠢᠨ ᠬᠦᠨᠳᠦ ᠨᠣᠴᠢᠲᠠᠶ | ᠢᠲᠡᠭᠡᠯ ᠢᠶᠠᠨ ᠠᠯᠳᠠᠭᠰᠠᠨ ᠦᠢᠯᠡ ᠠᠵᠢᠯᠯᠠᠭ᠎ᠠ ᠶᠢᠨ ᠮᠡᠳᠡᠭᠡ ᠵᠠᠩᠭᠢ ᠴᠤᠭᠯᠠᠭᠤᠯᠬᠤ ᠶᠢ ᠳᠡᠮᠵᠢᠵᠦ᠂ | ᠢᠲᠡᠭᠡᠮᠵᠢ ᠶᠢᠨ ᠲᠡᠮᠳᠡᠭᠯᠡᠯ ᠪᠠ ᠢᠲᠡᠭᠡᠮᠵᠢ ᠶᠢᠨ ᠮᠡᠳᠡᠭᠦᠯᠦᠯᠲᠡ ᠳᠤ ᠣᠷᠣᠭᠤᠯᠬᠤ ᠬᠡᠷᠡᠭᠲᠡᠶ᠃ ᠬᠤᠳᠠᠯᠳᠤᠭᠠᠨ ᠤ | ᠪᠠᠩᠬᠢ᠂ ᠲᠡᠮᠳᠡᠭᠲᠦ ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ ᠪᠠᠶᠢᠭᠤᠯᠤᠮᠵᠢ᠂ ᠳᠠᠭᠠᠳᠬᠠᠯ ᠤᠨ ᠺᠣᠮᠫᠠᠨᠢ ᠵᠡᠷᠭᠡ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠲᠦᠭᠰᠢᠭᠦᠷᠢ ᠶᠢᠨ ᠦᠨ᠎ᠡ | ᠲᠣᠭᠲᠠᠭᠠᠬᠤ ᠵᠠᠷᠴᠢᠮ ᠶᠣᠰᠣᠭᠠᠷ᠂ ᠬᠦᠨᠳᠦ ᠨᠣᠴᠢᠲᠠᠶ ᠢᠲᠡᠭᠡᠯ ᠠᠯᠳᠠᠭᠰᠠᠨ ᠭᠤᠤᠯ ᠴᠣᠭᠴᠠ ᠳᠤ ᠵᠢᠭᠡᠯᠡᠯᠭᠡ ᠶᠢᠨ | ᠬᠦᠤ ᠮᠥᠩᠭᠦ ᠶᠢᠨ ᠨᠣᠷᠮ᠎ᠠ ᠪᠠ ᠡᠳ᠋ ᠬᠥᠷᠥᠩᠭᠡ ᠶᠢᠨ ᠳᠠᠭᠠᠳᠬᠠᠯ ᠤᠨ ᠰᠦᠢᠳᠭᠡᠯ ᠤᠨ ᠨᠣᠷᠮ᠎ᠠ ᠶᠢ ᠳᠡᠭᠡᠭᠰᠢᠯᠡᠭᠦᠯᠬᠦ | ᠪᠤᠶᠤ ᠲᠡᠳᠡᠨ ᠳᠤ ᠵᠢᠭᠡᠯᠡᠯᠭᠡ᠂ ᠪᠠᠲᠤᠯᠠᠨ ᠲᠠᠨᠢᠯᠴᠠᠭᠤᠯᠬᠤ᠂ ᠳᠠᠭᠠᠭᠠᠨ ᠪᠣᠷᠣᠯᠠᠭᠤᠯᠬᠤ᠂ ᠳᠠᠭᠠᠳᠬᠠᠯ ᠵᠡᠷᠭᠡ | ᠦᠢᠯᠡᠴᠢᠯᠡᠭᠡ ᠬᠠᠩᠭᠠᠬᠤ ᠶᠢ ᠬᠢᠵᠠᠭᠠᠷᠯᠠᠬᠤ ᠬᠡᠷᠡᠭᠲᠡᠶ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠢᠲᠡᠭᠡᠯ | ᠠᠯᠳᠠᠭᠰᠠᠨ ᠪᠡᠶᠡᠴᠢ ᠴᠣᠭᠴᠠ ᠳᠤ ᠴᠢᠭᠯᠡᠭᠦᠯᠦᠨ᠂ ᠨᠢᠭᠡ ᠳᠤ ᠲᠣᠭᠲᠠᠭᠠᠯ ᠶᠣᠰᠣᠭᠠᠷ ᠲᠡᠳᠬᠦᠨ ᠳᠡᠮᠵᠢᠬᠦ | ᠲᠥᠷᠥ ᠶᠢᠨ ᠪᠣᠳᠣᠯᠭ᠎ᠠ ᠶᠢ ᠬᠢᠵᠠᠭᠠᠷᠯᠠᠵᠤ᠂ ᠡᠳ᠋ ᠤᠨ ᠵᠠᠰᠠᠭ ᠤᠨ ᠪᠠᠯᠠ ᠮᠥᠩᠭᠦ ᠶᠢᠨ ᠨᠥᠬᠦᠪᠥᠷᠢ᠂ ᠪᠠᠯᠠ | ᠲᠣᠬᠢᠷᠠᠭᠤᠯᠭ᠎ᠠ ᠶᠢᠨ ᠦᠢᠯᠡᠴᠢᠯᠡᠭᠡ ᠵᠢᠴᠢ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠵᠡᠷᠭᠡ ᠶᠢ ᠭᠤᠶᠤᠴᠢᠯᠠᠨ᠎ᠠ︔ ᠬᠤᠶᠠᠷ ᠲᠤ ᠵᠠᠰᠠᠭ ᠤᠨ ᠣᠷᠳᠣᠨ ᠬᠢᠭᠡᠳ ᠨᠡᠶᠢᠭᠡᠮ ᠤᠨ | ᠬᠥᠷᠥᠩᠭᠡ ᠶᠢᠨ ᠬᠠᠮᠲᠤᠷᠠᠯᠴᠠᠭᠠᠨ ᠤ ᠲᠥᠷᠥᠯ ᠵᠦᠢᠯ ᠤᠨ ᠠᠵᠢᠯᠯᠠᠭᠠᠨ ᠤ ᠶᠠᠪᠤᠴᠠ ᠳᠠᠬᠢ ᠵᠠᠰᠠᠭ ᠤᠨ ᠣᠷᠳᠣᠨ ᠤ | ᠰᠠᠯᠠᠭ᠎ᠠ ᠮᠥᠴᠢᠷ ᠤᠨ ᠢᠲᠡᠭᠡᠯ ᠢᠶᠠᠨ ᠠᠯᠳᠠᠭᠰᠠᠨ ᠠᠵᠢᠯᠯᠠᠭ᠎ᠠ ᠶᠢ ᠢᠯᠡ ᠨᠡᠶᠢᠲᠡᠯᠡᠬᠦ ᠶᠢᠨ ᠬᠠᠮᠲᠤ᠂ ᠬᠠᠮᠢᠶ᠎ᠠ ᠪᠥᠬᠦᠶ | ᠰᠠᠯᠠᠭ᠎ᠠ ᠮᠥᠴᠢᠷ ᠵᠢᠴᠢ ᠠᠵᠢᠯᠲᠠᠨ ᠤ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ︔ ᠭᠤᠷᠪᠠ ᠳᠤ | ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠷᠢᠶᠡᠨ ᠳᠤ ᠢᠲᠡᠭᠡᠯ ᠠᠯᠳᠠᠭᠰᠠᠨ ᠲᠡᠮᠳᠡᠭᠯᠡᠯ ᠲᠠᠢ ᠵᠠᠰᠠᠭ ᠤᠨ | ᠣᠷᠳᠣᠨ ᠤ ᠰᠠᠯᠠᠭ᠎ᠠ ᠮᠥᠴᠢᠷ ᠢ ᠵᠠᠰᠠᠭ ᠤᠨ ᠣᠷᠳᠣᠨ ᠤ ᠬᠤᠳᠠᠯᠳᠤᠨ ᠠᠪᠬᠤ ᠮᠠᠭᠤ ᠠᠵᠢᠯᠯᠠᠭ᠎ᠠ ᠶᠢᠨ ︽ᠨᠡᠷ᠎ᠡ ᠶᠢᠨ | ᠬᠠᠷ᠎ᠠ ᠲᠠᠩᠰᠠ︾ ᠳᠤ ᠵᠢᠭᠰᠠᠭᠠᠨ ᠣᠷᠣᠭᠤᠯᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ | ᠣᠷᠣᠯᠴᠠᠬᠤ ᠶᠢ ᠴᠢᠩᠭ᠎ᠠ ᠬᠢᠵᠠᠭᠠᠷᠯᠠᠬᠤ ᠶᠢᠨ ᠬᠠᠮᠲᠤ ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ ᠠᠵᠢᠯᠲᠠᠨ ᠤ | ᠠᠮᠰᠠᠭᠰᠠᠨ ᠡᠳ᠋ ᠬᠥᠷᠥᠩᠭᠡ ᠶᠢᠨ ᠬᠤᠬᠢᠷᠠᠯ ᠳᠤ ᠬᠠᠤᠯᠢ ᠶᠣᠰᠣᠭᠠᠷ ᠨᠥᠬᠦᠪᠥᠷᠢ ᠥᠭᠭᠦᠨ᠎ᠡ︔ ᠳᠥᠷᠪᠡ ᠳᠤ ᠡᠯ᠎ᠡ | ᠲᠥᠷᠥᠯ ᠤᠨ ᠢᠷᠠᠭᠤ ᠠᠯᠳᠠᠷ ᠤᠨ ᠰᠢᠯᠭᠠᠷᠠᠭᠤᠯᠤᠯᠲᠠ ᠳᠤ ᠣᠷᠣᠯᠴᠠᠬᠤ ᠬᠢᠷᠢ ᠬᠡᠮ ᠢ ᠲᠣᠭᠲᠠᠭᠠᠯ ᠶᠣᠰᠣᠭᠠᠷ | ᠬᠦᠴᠦᠨ ᠥᠬᠡᠶ ᠪᠣᠯᠭᠠᠵᠤ᠂ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠵᠦ᠂ ᠢᠯᠡ ᠪᠠᠷ ᠵᠠᠷᠯᠠᠨ | ᠰᠢᠭᠦᠮᠵᠢᠯᠡᠨ᠎ᠡ︔ ᠲᠠᠪᠤ ᠳᠤ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠴᠠᠭᠠᠵᠠ ᠶᠢ ᠵᠥᠷᠢᠴᠡᠭᠰᠡᠨ ᠰᠡᠵᠢᠭᠯᠡᠯᠲᠡᠶ | ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ ᠃ | ᠳᠥᠷᠪᠡ᠂ ᠢᠲᠡᠭᠡᠮᠵᠢ ᠲᠠᠢ ᠪᠠᠶᠢᠬᠤ ᠶᠢ ᠬᠠᠮᠲᠤᠷᠠᠨ ᠤᠷᠮᠠᠰᠢᠭᠤᠯᠬᠤ ᠪᠠ ᠢᠲᠡᠭᠡᠮᠵᠢ ᠪᠠᠨ ᠠᠯᠳᠠᠬᠤ ᠶᠢ | ᠬᠠᠮᠲᠤᠷᠠᠨ ᠵᠠᠯᠬᠠᠭᠠᠨ ᠴᠡᠭᠡᠷᠯᠡᠭᠦᠯᠬᠦ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠎ᠠ | ︵ᠠᠷᠪᠠᠨ ᠨᠢᠭᠡ︶ ᠬᠥᠨᠳᠡᠵᠦ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠬᠤ ᠬᠡᠷᠡᠭᠲᠡᠶ᠃ ᠢᠲᠡᠭᠡᠮᠵᠢ ᠲᠠᠢ | ᠪᠠᠶᠢᠬᠤ ᠶᠢ ᠬᠠᠮᠲᠤᠷᠠᠨ ᠵᠣᠷᠢᠭᠵᠢᠭᠤᠯᠬᠤ ᠪᠠ ᠢᠲᠡᠭᠡᠮᠵᠢ ᠪᠠᠨ ᠠᠯᠳᠠᠬᠤ ᠶᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠶᠢ | ᠰᠠᠨᠠᠭᠠᠴᠢᠯᠠᠬᠤ ᠪᠠ ᠴᠤᠤᠷᠢᠶᠠᠲᠤᠨ ᠳᠠᠭᠠᠬᠤ ᠲᠣᠭᠲᠠᠴᠠ ᠶᠢ ᠪᠠᠶᠢᠭᠤᠯᠵᠤ᠂ ᠡᠯ᠎ᠡ ᠠᠵᠢᠯ ᠲᠥᠷᠥᠯ ᠤᠨ ᠬᠦᠷᠢᠶ᠎ᠡ | ᠴᠠᠷᠠᠭ᠎ᠠ ᠶᠢᠨ ᠬᠤᠯᠪᠣᠭᠠᠯᠠᠨ ᠱᠠᠩᠨᠠᠵᠤ ᠲᠣᠷᠭᠠᠬᠤ ᠶᠢ ᠡᠭᠦᠰᠭᠡᠭᠰᠡᠨ ᠰᠠᠯᠠᠭ᠎ᠠ ᠮᠥᠴᠢᠷ ᠨᠢ ᠤᠷᠮᠠᠰᠢᠭᠤᠯᠬᠤ ᠪᠠ | ᠵᠠᠯᠬᠠᠭᠠᠨ ᠴᠡᠭᠡᠷᠯᠡᠭᠦᠯᠬᠦ ᠡᠲᠡᠭᠡᠳ ᠢ ᠲᠣᠭᠲᠠᠭᠠᠬᠤ ᠶᠢ ᠬᠠᠷᠢᠭᠤᠴᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ | ᠬᠠᠮᠲᠤᠷᠠᠨ ᠲᠣᠰ ᠲᠣᠰ ᠤᠨ ᠡᠷᠬᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠤᠷᠮᠠᠰᠢᠭᠤᠯᠬᠤ ᠪᠠ ᠵᠠᠯᠬᠠᠭᠠᠨ | ᠴᠡᠭᠡᠷᠯᠡᠭᠦᠯᠬᠦ ᠵᠦᠶ᠋ᠯᠡᠰ ᠢ ᠲᠣᠭᠲᠠᠭᠠᠵᠤ᠂ ᠬᠡᠷᠡᠭᠵᠢᠭᠦᠯᠬᠦ ᠰᠠᠯᠠᠭ᠎ᠠ ᠮᠥᠴᠢᠷ ᠨᠢ ᠬᠤᠯᠪᠣᠭᠳᠠᠯ ᠪᠥᠬᠦᠶ ᠭᠤᠤᠯ | ᠴᠣᠭᠴᠠ ᠳᠤ ᠵᠣᠬᠢᠬᠤ ᠬᠤᠯᠪᠣᠭᠠᠯᠠᠨ ᠤᠷᠮᠠᠰᠢᠭᠤᠯᠬᠤ ᠪᠠ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ | ᠠᠪᠬᠤ ᠶᠢ ᠬᠠᠷᠢᠭᠤᠴᠠᠬᠤ ᠶᠢᠨ ᠬᠠᠮᠲᠤ᠂ ᠤᠷᠮᠠᠰᠢᠭᠤᠯᠬᠤ ᠪᠠ ᠵᠠᠯᠬᠠᠭᠠᠨ ᠴᠡᠭᠡᠷᠯᠡᠭᠦᠯᠬᠦ ᠶᠢ ᠰᠢᠢᠳᠪᠦᠷᠢᠯᠡᠭᠰᠡᠨ | ᠪᠠᠶᠢᠳᠠᠯ ᠢ ᠴᠠᠭ ᠲᠤᠬᠠᠶ ᠳᠤᠨᠢ ᠬᠠᠷᠢᠭᠤ ᠲᠤᠰᠬᠠᠨ᠎ᠠ᠃ ᠡᠯ᠎ᠡ ᠨᠢᠭᠡᠴᠢ ᠶᠢᠨ ᠲᠣᠰ ᠠᠵᠢᠯ ᠲᠥᠷᠥᠯ ᠤᠨ | ᠳᠣᠲᠣᠷ᠎ᠠ ᠪᠠᠨ ᠲᠣᠭᠲᠠᠭᠠᠭᠰᠠᠨ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠪᠠ ᠬᠦᠨᠳᠦ ᠨᠣᠴᠢᠲᠠᠶ ᠢᠲᠡᠭᠡᠯ | ᠠᠯᠳᠠᠭᠰᠠᠨ ᠭᠤᠤᠯ ᠴᠣᠭᠴᠠ ᠳᠤ ᠠᠵᠢᠯ ᠲᠥᠷᠥᠯ ᠢᠶᠠᠷ ᠢᠶᠠᠨ ᠬᠠᠮᠵᠢᠯᠴᠠᠬᠤ ᠪᠠ ᠣᠷᠣᠨ ᠪᠦᠰᠡ ᠠᠯᠤᠰᠯᠠᠨ | ᠬᠤᠯᠪᠣᠭᠠᠯᠠᠨ ᠤᠷᠮᠠᠰᠢᠭᠤᠯᠬᠤ ᠪᠠ ᠵᠠᠯᠬᠠᠭᠠᠨ ᠴᠡᠭᠡᠷᠯᠡᠭᠦᠯᠬᠦ ᠶᠢ ᠰᠠᠨᠠᠭᠠᠴᠢᠯᠠᠬᠤ ᠶᠢ ᠵᠣᠷᠢᠭᠵᠢᠭᠤᠯᠤᠨ᠎ᠠ᠃ | ︵ᠠᠷᠪᠠᠨ ᠬᠤᠶᠠᠷ︶ ᠬᠤᠯᠪᠣᠭᠠᠯᠠᠨ ᠱᠠᠩᠨᠠᠵᠤ ᠲᠣᠷᠭᠠᠬᠤ ᠭᠠᠷᠴᠠᠭ ᠤᠨ ᠨᠠᠷᠢᠨ ᠬᠠᠭᠤᠳᠠᠰᠤ ᠶᠢ ᠡᠮᠬᠢᠯᠡᠨ | ᠲᠣᠭᠲᠠᠭᠠᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ︽ᠪᠦᠬᠦ ᠤᠯᠤᠰ ᠤᠨ ᠢᠲᠡᠭᠡᠯ | ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢᠨ ᠰᠠᠭᠤᠷᠢ ᠨᠠᠷᠢᠨ ᠳᠠᠩᠰᠠ︾ ᠵᠢᠴᠢ ᠬᠤᠯᠪᠣᠭᠳᠠᠯ | ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠵᠦ᠂ ᠲᠣᠰ ᠬᠦᠷᠢᠶ᠎ᠡ ᠴᠠᠷᠠᠭ᠎ᠠ ᠶᠢᠨ | ᠬᠠᠮᠢᠶᠠᠷᠤᠯᠲᠠ ᠶᠢᠨ ᠡᠭᠦᠷᠭᠡ ᠴᠢᠳᠠᠪᠤᠷᠢ᠂ ᠡᠷᠬᠡ ᠶᠢᠨ ᠨᠠᠷᠢᠨ ᠬᠠᠭᠤᠳᠠᠰᠤ ᠲᠠᠢ ᠤᠶᠠᠯᠳᠤᠭᠤᠯᠤᠨ᠂ ᠢᠲᠡᠭᠡᠯ | ᠠᠯᠳᠠᠭᠰᠠᠨ ᠦᠢᠯᠡ ᠠᠵᠢᠯᠯᠠᠭ᠎ᠠ ᠶᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠵᠠᠭᠠᠭᠯᠠᠨ ᠲᠣᠭᠲᠠᠭᠠᠵᠤ᠂ | ᠢᠲᠡᠭᠡᠯ ᠠᠯᠳᠠᠭᠰᠠᠳ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠬᠠᠤᠯᠢ ᠲᠣᠭᠲᠠᠭᠠᠯ ᠶᠣᠰᠣᠭᠠᠷ | ᠲᠣᠭᠲᠠᠭᠠᠵᠤ᠂ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢᠨ ᠬᠡᠷᠡᠭᠯᠡᠬᠦ ᠵᠦᠶ᠋ᠯᠡᠰ ᠢ | ᠲᠣᠳᠣᠷᠬᠠᠶᠢᠯᠠᠨ᠂ ᠬᠡᠷᠡᠭᠯᠡᠬᠦ ᠴᠤᠪᠤᠷᠠᠯ ᠪᠠ ᠲᠥᠰᠦᠯ ᠢ ᠰᠤᠳᠤᠯᠤᠨ ᠲᠣᠭᠲᠠᠭᠠᠬᠤ ᠶᠢᠨ ᠬᠠᠮᠲᠤ᠂ ᠣᠯᠠᠨ ᠵᠦᠢᠯ | ᠤᠨ ᠠᠷᠭ᠎ᠠ ᠮᠠᠶ᠋ᠢᠭ ᠢ ᠠᠪᠴᠤ ᠪᠠᠶᠢᠭᠠᠳ ᠨᠡᠶᠢᠭᠡᠮ ᠳᠤ ᠢᠯᠡ ᠪᠠᠷ ᠨᠡᠶᠢᠲᠡᠯᠡᠨ᠎ᠡ᠃ | ︵ᠠᠷᠪᠠᠨ ᠭᠤᠷᠪᠠ︶ ᠢᠲᠡᠭᠡᠮᠵᠢ ᠶᠢ ᠰᠡᠷᠭᠦᠭᠡᠬᠦ ᠲᠣᠭᠲᠠᠴᠠ ᠶᠢ ᠪᠦᠷᠢᠨᠰᠢᠭᠦᠯᠦᠨ᠎ᠡ᠃ ᠢᠲᠡᠭᠡᠮᠵᠢ ᠶᠢ ᠰᠡᠷᠭᠦᠭᠡᠬᠦ | ᠬᠦᠷᠢᠶ᠎ᠡ ᠬᠡᠪᠴᠢᠶ᠎ᠡ᠂ ᠠᠷᠭ᠎ᠠ ᠵᠠᠮ᠂ ᠴᠤᠪᠤᠷᠠᠯ ᠵᠡᠷᠭᠡ ᠶᠢ ᠵᠢᠷᠤᠮᠵᠢᠭᠤᠯᠵᠤ᠂ ᠢᠲᠡᠭᠡᠯ ᠢᠶᠠᠨ ᠠᠯᠳᠠᠭᠰᠠᠨ | ᠠᠵᠢᠯᠯᠠᠭ᠎ᠠ ᠶᠢᠨ ᠭᠤᠤᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠡᠯ᠎ᠡ ᠲᠥᠷᠥᠯ ᠤᠨ | ᠢᠲᠡᠭᠡᠯ ᠠᠯᠳᠠᠭᠰᠠᠨ ᠠᠵᠢᠯᠯᠠᠭ᠎ᠠ ᠶᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠬᠤᠭᠤᠴᠠᠭ᠎ᠠ ᠶᠢ ᠲᠣᠳᠣᠷᠬᠠᠶᠢᠯᠠᠨ᠎ᠠ᠃ | ᠢᠲᠡᠭᠡᠯ ᠠᠯᠳᠠᠭᠰᠠᠨ ᠠᠵᠢᠯᠯᠠᠭ᠎ᠠ ᠶᠢᠨ ᠭᠤᠤᠯ ᠴᠣᠭᠴᠠ ᠶᠢᠨ ᠢᠲᠡᠭᠡᠮᠵᠢ ᠪᠠᠨ ᠰᠡᠷᠭᠦᠭᠡᠬᠦ ᠪᠠᠷ ᠳᠤᠷᠠᠳᠬᠤ ᠶᠢ | ᠳᠡᠮᠵᠢᠵᠦ᠂ ᠢᠲᠡᠭᠡᠯ ᠠᠯᠳᠠᠭᠰᠠᠨ ᠠᠵᠢᠯᠯᠠᠭ᠎ᠠ ᠶᠢ ᠰᠠᠨᠠᠭᠠᠴᠢᠯᠠᠭ᠎ᠠ ᠠᠴᠠ ᠪᠠᠨ ᠵᠠᠯᠠᠷᠠᠭᠤᠯᠬᠤ ᠶᠢᠨ ᠬᠠᠮᠲᠤ ᠢᠯᠡ | ᠨᠡᠶᠢᠲᠡᠯᠡᠵᠦ᠂ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠶᠢ ᠬᠦᠴᠦᠨ ᠥᠬᠡᠶ ᠪᠣᠯᠭᠠᠨ᠎ᠠ᠃ ︽ᠬᠤᠶᠠᠷ | ᠪᠢᠴᠢᠭ ᠢ ᠬᠠᠮᠲᠤ ᠳᠤᠨᠢ ᠬᠦᠷᠭᠡᠬᠦ︾ ᠶᠢ ᠬᠡᠷᠡᠭᠵᠢᠭᠦᠯᠦᠨ᠎ᠡ᠂ ᠲᠤᠬᠠᠶᠢᠯᠠᠪᠠᠯ ᠬᠡᠷᠡᠭ ᠤᠨ ᠲᠤᠬᠠᠶ ᠶᠢᠨ ᠬᠥᠮᠦᠨ ᠳᠤ ︽ | ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠣᠭᠲᠠᠭᠠᠯ ᠤᠨ ᠪᠢᠴᠢᠭ︾ ᠢ ᠬᠦᠷᠭᠡᠬᠦ ᠶᠢᠨ ᠬᠠᠮᠲᠤ᠂ ︽ | ᠢᠲᠡᠭᠡᠮᠵᠢ ᠶᠢ ᠰᠡᠷᠭᠦᠭᠡᠬᠦ ᠮᠡᠳᠡᠭᠳᠡᠯ ᠤᠨ ᠪᠢᠴᠢᠭ︾ ᠢ ᠵᠡᠷᠭᠡ ᠪᠠᠷ ᠬᠦᠷᠭᠡᠵᠦ᠂ ᠰᠠᠨᠠᠭᠠᠴᠢᠯᠠᠭ᠎ᠠ ᠠᠴᠠ ᠪᠠᠨ | ᠲᠤᠬᠠᠶ ᠶᠢᠨ ᠬᠥᠮᠦᠨ ᠢ ᠬᠠᠪᠰᠤᠷᠤᠨ ᠢᠲᠡᠭᠡᠮᠵᠢ ᠶᠢ ᠰᠡᠷᠭᠦᠭᠡᠬᠦ ᠠᠵᠢᠯ ᠢ ᠥᠷᠨᠢᠭᠦᠯᠵᠦ᠂ ᠠᠵᠤ ᠠᠬᠤᠶᠢᠯᠠᠯ ᠤᠨ | ᠢᠲᠡᠭᠡᠮᠵᠢ ᠶᠢ ᠳᠠᠬᠢᠨ ᠪᠠᠶᠢᠭᠤᠯᠬᠤ ᠳᠤ ᠬᠦᠴᠦᠨ ᠨᠡᠮᠡᠷᠢᠯᠡᠨ᠎ᠡ᠃ | ︵ᠠᠷᠪᠠᠨ ᠳᠥᠷᠪᠡ︶ ᠢᠲᠡᠭᠡᠮᠵᠢ ᠶᠢᠨ ᠭᠤᠤᠯ ᠴᠣᠭᠴᠠ ᠶᠢᠨ ᠡᠷᠬᠡ ᠠᠰᠢᠭ ᠤᠨ ᠬᠠᠮᠠᠭᠠᠯᠠᠯᠲᠠ ᠶᠢ | ᠴᠢᠩᠭᠠᠳᠬᠠᠨ᠎ᠠ᠃ ᠢᠲᠡᠭᠡᠮᠵᠢ ᠶᠢᠨ ᠮᠡᠳᠡᠭᠡ ᠵᠠᠩᠭᠢ ᠶᠢᠨ ᠣᠨᠳᠣᠣ ᠰᠠᠨᠠᠯ᠂ ᠵᠠᠭᠠᠯᠳᠤᠬᠤ ᠲᠣᠭᠲᠠᠴᠠ ᠶᠢ ᠪᠠᠶᠢᠭᠤᠯᠤᠨ | ᠪᠦᠷᠢᠨᠰᠢᠬᠦᠯᠦᠨ᠎ᠠ᠃ ᠢᠲᠡᠭᠡᠯ ᠠᠯᠳᠠᠭᠰᠠᠳ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢᠨ ᠲᠤᠬᠠᠶ | ᠣᠨᠳᠣᠤ ᠰᠠᠨᠠᠯ ᠤᠨ ᠵᠠᠭᠠᠯᠳᠤᠯᠭ᠎ᠠ ᠶᠢ ᠭᠥᠯᠢᠶᠡᠨ ᠠᠪᠤᠭᠰᠠᠨ ᠡᠳᠦᠷ ᠠᠴᠠ ᠡᠬᠢᠯᠡᠨ 20 ᠡᠳᠦᠷ ᠤᠨ ᠳᠣᠲᠣᠷ᠎ᠠ | ᠬᠢᠨᠠᠨ ᠬᠠᠷᠭᠤᠭᠤᠯᠬᠤ᠂ ᠰᠢᠢᠳᠪᠦᠷᠢᠯᠡᠬᠦ᠂ ᠬᠠᠷᠢᠭᠤ ᠲᠤᠰᠬᠠᠬᠤ ᠶᠢ ᠪᠡᠶᠡᠯᠡᠭᠦᠯᠬᠦ ᠬᠡᠷᠡᠭᠲᠡᠶ᠃ ᠬᠠᠮᠲᠤᠷᠠᠨ ᠵᠠᠯᠬᠠᠭᠠᠨ | ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠬᠤᠭᠤᠴᠠᠭᠠᠨ ᠳᠤ ᠲᠦᠷ ᠬᠡᠷᠡᠭᠵᠢᠭᠦᠯᠬᠦ | ᠥᠬᠡᠶ᠂ ᠬᠢᠨᠠᠨ ᠬᠠᠷᠭᠤᠭᠤᠯᠤᠭᠠᠳ ᠪᠤᠷᠤᠭᠤ ᠲᠠᠢ ᠮᠡᠳᠡᠭᠡ ᠵᠠᠩᠭᠢ ᠶᠢ ᠴᠠᠭ ᠲᠤᠬᠠᠶ ᠳᠤᠨᠢ ᠵᠠᠯᠠᠷᠠᠭᠤᠯᠬᠤ ᠪᠤᠶᠤ | ᠬᠦᠴᠦᠨ ᠥᠬᠡᠶ ᠪᠣᠯᠭᠠᠬᠤ ᠬᠡᠷᠡᠭᠲᠡᠶ᠃ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠪᠤᠷᠤᠭᠤ ᠪᠠᠷ | ᠬᠡᠷᠡᠭᠯᠡᠭᠰᠡᠨ ᠠᠴᠠ ᠪᠣᠯᠵᠣ ᠬᠤᠯᠪᠣᠭᠳᠠᠯ ᠪᠥᠬᠦᠶ ᠭᠤᠤᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ | ᠬᠤᠬᠢᠷᠠᠭᠤᠯᠤᠭᠰᠠᠨ ᠪᠠᠶᠢᠪᠠᠯ᠂ ᠢᠳᠡᠪᠬᠢᠲᠡᠶ ᠪᠠᠷ ᠠᠷᠭ᠎ᠠ ᠬᠡᠮᠵᠢᠶ᠎ᠡ ᠠᠪᠴᠤ ᠪᠠᠶᠢᠭᠠᠳ ᠢᠲᠡᠭᠡᠯ ᠬᠦᠨᠳᠦ ᠶᠢ ᠨᠢ | ᠰᠡᠷᠭᠦᠭᠡᠵᠦ᠂ ᠮᠠᠭᠤ ᠨᠥᠯᠥᠭᠡ ᠶᠢ ᠨᠢ ᠠᠷᠢᠯᠭᠠᠬᠤ ᠬᠡᠷᠡᠭᠲᠡᠶ᠃ ᠬᠤᠯᠪᠣᠭᠳᠠᠯ ᠪᠥᠬᠦᠶ ᠪᠡᠶᠡᠴᠢ ᠴᠣᠭᠴᠠ ᠶᠢᠨ ᠵᠠᠰᠠᠭ | ᠵᠠᠬᠢᠷᠭᠠᠨ ᠢᠶᠠᠷ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | ᠲᠣᠰ ᠪᠡᠶ᠎ᠡ ᠶᠢᠨ ᠬᠠᠤᠯᠢ ᠶᠣᠰᠣᠨ ᠤ ᠡᠷᠬᠡ | ︵ᠠᠷᠪᠠᠨ ᠲᠠᠪᠤ︶ ᠢᠲᠡᠭᠡᠮᠵᠢ ᠶᠢᠨ ᠪᠠᠷᠢᠮᠵᠢᠶ᠎ᠠ ᠶᠢᠨ ᠵᠢᠷᠤᠮᠵᠢᠯ ᠢ ᠪᠦᠷᠢᠨᠰᠢᠭᠦᠯᠦᠨ᠎ᠡ᠃ ︽ᠤᠯᠠᠭᠠᠨ ᠬᠠᠷ᠎ᠠ | ᠲᠠᠩᠰᠠ︾ ᠶᠢᠨ ᠲᠦᠷᠢᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠬᠠᠮᠢᠶ᠎ᠠ ᠪᠥᠬᠦᠶ | ᠬᠦᠷᠢᠶ᠎ᠡ ᠴᠠᠷᠠᠭ᠎ᠠ ᠶᠢᠨ ︽ᠤᠯᠠᠭᠠᠨ ᠬᠠᠷ᠎ᠠ ᠲᠠᠩᠰᠠ︾ ᠶᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠪᠠ | ᠬᠠᠮᠢᠶᠠᠷᠤᠯᠲᠠ ᠶᠢᠨ ᠠᠷᠭ᠎ᠠ ᠶᠢ ᠴᠢᠩᠭ᠎ᠠ ᠬᠡᠷᠡᠭᠵᠢᠭᠦᠯᠵᠦ᠂ ᠮᠠᠨ ᠤ ᠠᠶᠢᠮᠠᠭ ᠤᠨ ᠠᠵᠢᠯ ᠲᠥᠷᠥᠯ ᠤᠨ ᠣᠨᠴᠠᠯᠢᠭ ᠲᠤ | ᠨᠡᠶᠢᠴᠡᠭᠰᠡᠨ ︽ᠤᠯᠠᠭᠠᠨ ᠬᠠᠷ᠎ᠠ ᠲᠠᠩᠰᠠ︾ ᠶᠢᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ | ︽ᠤᠯᠠᠭᠠᠨ ᠬᠠᠷ᠎ᠠ ᠲᠠᠩᠰᠠ︾ ᠶᠢᠨ ᠮᠡᠳᠡᠭᠡ ᠵᠠᠩᠭᠢ ᠶᠢ ᠬᠠᠤᠯᠢ ᠶᠣᠰᠣᠭᠠᠷ ᠮᠠᠭᠠᠳᠯᠠᠨ ᠲᠣᠭᠲᠠᠭᠠᠬᠤ᠂ ᠨᠡᠶᠢᠲᠡᠯᠡᠬᠦ᠂ | ᠴᠤᠭᠯᠠᠭᠤᠯᠬᠤ᠂ ᠬᠠᠮᠲᠤᠪᠠᠷ ᠭᠥᠷᠳᠡᠬᠦ᠂ ᠰᠢᠨᠡᠳᠬᠡᠬᠦ ᠪᠠ ᠬᠡᠷᠡᠭᠯᠡᠵᠦ᠂ ᠠᠵᠢᠯ ᠲᠥᠷᠥᠯ ᠤᠨ ᠳᠣᠲᠣᠭᠠᠳᠤ ᠶᠢᠨ | ᠱᠠᠩᠨᠠᠵᠤ ᠲᠣᠷᠭᠠᠬᠤ ᠵᠢᠴᠢ ᠰᠠᠯᠠᠭ᠎ᠠ ᠮᠥᠴᠢᠷ ᠠᠯᠤᠰᠯᠠᠨ ᠬᠤᠯᠪᠣᠭᠠᠯᠠᠨ ᠱᠠᠩᠨᠠᠵᠤ ᠲᠣᠷᠭᠠᠬᠤ ᠠᠷᠭ᠎ᠠ ᠬᠡᠮᠵᠢᠶ᠎ᠡ ᠶᠢ | ᠲᠣᠭᠲᠠᠭᠠᠨ᠎ᠠ᠃ ᠢᠲᠡᠭᠡᠮᠵᠢ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠠᠭᠤᠯᠵᠠᠷ ᠢ ᠲᠣᠰ ᠰᠠᠯᠠᠭ᠎ᠠ | ᠮᠥᠴᠢᠷ ᠤᠨ ᠢᠶᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ | ᠣᠯᠠᠨ ᠨᠡᠶᠢᠲᠡ ᠶᠢᠨ ᠦᠶ᠋ᠯᠡᠴᠢᠯᠡᠭᠡ ᠵᠡᠷᠭᠡ ᠮᠡᠳᠡᠭᠡ ᠵᠠᠩᠭᠢ ᠶᠢᠨ ᠰᠢᠰᠲ᠋ᠧᠮ ᠪᠠ ᠪᠣᠳᠠᠲᠠᠶ ᠠᠵᠢᠯ ᠤᠨ ᠴᠤᠪᠤᠷᠠᠯ ᠳᠤ | ᠰᠢᠭᠢᠳᠬᠡᠨ ᠣᠷᠣᠭᠤᠯᠬᠤ ᠶᠢ ᠵᠣᠷᠢᠭᠵᠢᠭᠤᠯᠵᠤ᠂ ︽ᠤᠯᠠᠭᠠᠨ ᠬᠠᠷ᠎ᠠ ᠲᠠᠩᠰᠠ︾ ᠶᠢᠨ ᠮᠡᠳᠡᠭᠡ ᠵᠠᠩᠭᠢ ᠶᠢ | ᠪᠠᠶᠢᠴᠠᠭᠠᠨ ᠯᠠᠪᠯᠠᠵᠤ ᠬᠡᠷᠡᠭᠯᠡᠨ᠂ ᠨᠢᠭᠡ ᠭᠠᠵᠠᠷ ᠲᠤ ᠢᠲᠡᠭᠡᠯ ᠠᠯᠳᠠᠵᠤ᠂ ᠭᠠᠵᠠᠷ ᠪᠣᠯᠭᠠᠨ ᠳᠤ ᠬᠢᠵᠠᠭᠠᠷᠯᠠᠭᠳᠠᠬᠤ ᠶᠢ | ᠦᠨᠡᠨᠬᠦ ᠪᠡᠶᠡᠯᠡᠭᠦᠯᠦᠨ᠎ᠡ᠃ ᠢᠲᠡᠭᠡᠯ ᠲᠠᠢ ᠪᠠᠶᠢᠬᠤ ᠶᠢ ᠬᠠᠮᠲᠤᠷᠠᠨ ᠤᠷᠮᠠᠰᠢᠭᠤᠯᠬᠤ ᠪᠠ ᠢᠲᠡᠭᠡᠯ ᠢᠶᠠᠨ ᠠᠯᠳᠠᠬᠤ ᠶᠢ | ᠬᠠᠮᠲᠤᠷᠠᠨ ᠵᠠᠯᠬᠠᠭᠠᠨ ᠴᠡᠭᠡᠷᠯᠡᠭᠦᠯᠦᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠴᠠᠭ ᠲᠤᠬᠠᠶ ᠳᠤᠨᠢ ᠴᠤᠭᠯᠠᠭᠤᠯᠵᠤ᠂ | ᠬᠠᠮᠲᠤᠷᠠᠨ ᠱᠠᠩᠨᠠᠵᠤ ᠲᠣᠷᠭᠠᠭᠰᠠᠨ ᠪᠠᠶᠢᠳᠠᠯ ᠢ ᠪᠦᠷᠢᠳᠬᠡᠨ᠎ᠡ᠃ | ︵ᠠᠷᠪᠠᠨ ᠵᠢᠷᠭᠤᠭ᠎ᠠ︶ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠴᠢᠩᠭᠠᠳᠬᠠᠨ᠎ᠠ᠃ ᠢᠲᠡᠭᠡᠮᠵᠢ ᠲᠠᠢ | ᠪᠠᠶᠢᠬᠤ ᠶᠢ ᠬᠠᠮᠲᠤᠷᠠᠨ ᠤᠷᠮᠠᠰᠢᠭᠤᠯᠬᠤ ᠪᠠ ᠢᠲᠡᠭᠡᠮᠵᠢ ᠪᠠᠨ ᠠᠯᠳᠠᠬᠤ ᠶᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠶᠢ | ᠬᠡᠷᠡᠭᠵᠢᠭᠦᠯᠬᠦ ᠶᠢ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠶᠢᠨ | ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠨ᠂ | ᠡᠯ᠎ᠡ ᠵᠦᠶ᠋ᠯ ᠤᠨ ᠬᠠᠮᠲᠤᠷᠠᠨ ᠤᠷᠮᠠᠰᠢᠭᠤᠯᠬᠤ ᠪᠠ ᠬᠠᠮᠲᠤᠷᠠᠨ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ | ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | | | | ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ᠴᠠᠯᠢᠩ ᠥᠭᠬᠦ ᠶᠢ | ᠪᠠᠲᠤᠯᠠᠬᠤ ᠠᠵᠢᠯ ᠢ ᠰᠠᠶᠢᠲᠤᠷ ᠬᠢᠬᠦ ᠲᠤᠬᠠᠶ ᠠᠷᠭ᠎ᠠ ᠬᠡᠮᠵᠢᠶ᠎ᠡ ᠨᠦᠭᠦᠳ︾ ᠢ ᠳᠠᠷᠤᠮᠠᠯᠯᠠᠨ ᠶᠠᠪᠤᠭᠤᠯᠬᠤ ᠲᠤᠬᠠᠶ | ᠮᠡᠳᠡᠭᠳᠡᠯ | | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠡᠯ᠎ᠡ | ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠠᠶᠢᠮᠠᠭ ᠤᠨ ᠵᠠᠬᠢᠷᠭ᠎ᠠ ᠪᠠᠷ ᠵᠥᠪᠰᠢᠶᠡᠷᠡᠭᠦᠯᠦᠭᠡᠳ᠂ ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ᠴᠠᠯᠢᠩ | ᠣᠯᠭᠤᠬᠤ ᠶᠢ ᠪᠠᠲᠤᠯᠠᠬᠤ ᠠᠵᠢᠯ ᠤᠨ ᠠᠷᠭ᠎ᠠ ᠬᠡᠮᠵᠢᠶ᠎ᠡ ᠨᠦᠭᠦᠳ ᠢ ᠳᠠᠷᠤᠮᠠᠯᠯᠠᠨ ᠶᠠᠪᠤᠭᠤᠯᠬᠤ ᠲᠤᠬᠠᠶᠮᠡᠳᠡᠭᠳᠡᠯ︾ ︵ | ᠥᠪᠥᠷ ᠵᠠᠰᠠᠭ ᠲᠠᠷᠬᠠᠭᠠᠭᠰᠠᠨ ︹ 2023 ︺ 24 ᠳ᠋ᠦ᠋ᠭᠡᠷ ᠲᠣᠭᠠᠲᠤ︶ ᠢ ᠲᠠᠨᠠᠷ ᠲᠤ ᠤᠯᠠᠮᠵᠢᠯᠠᠨ | ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | 2024 ᠣᠨ ᠤ 2 ᠰᠠᠷ᠎ᠠ ᠶᠢᠨ | 6 ᠤ ᠡᠳᠦᠷ | ︵ᠲᠣᠰ ᠮᠠᠲ᠋ᠧᠷᠢᠶᠠᠯ ᠢ | ᠢᠯᠡ ᠨᠡᠶᠢᠲᠡᠯᠡᠨ᠎ᠡ︶ | ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠣᠯᠭᠤᠬᠤ ᠶᠢ ᠪᠠᠲᠤᠯᠠᠬᠤ ᠠᠵᠢᠯ ᠢ ᠰᠠᠶᠢᠲᠤᠷ ᠬᠢᠬᠦ | ᠲᠤᠬᠠᠶ | ᠠᠷᠭ᠎ᠠ ᠬᠡᠮᠵᠢᠶ᠎ᠡ ᠨᠦᠭᠦᠳ | ︽ᠬᠥᠯᠥᠰᠥᠨ ᠠᠵᠢᠯᠴᠢᠨ ᠤ ᠴᠠᠯᠢᠩ ᠢ ᠣᠯᠭᠤᠬᠤ ᠶᠢ ᠪᠠᠲᠤᠯᠠᠬᠤ ᠲᠦᠷᠢᠮ︾ ︵ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠵᠠᠷᠯᠢᠭ 724 ᠳ᠋ᠦᠭᠡᠷ ᠲᠣᠭᠠᠲᠤ︶ ᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠥᠪᠡᠷᠲᠡᠭᠡᠨ ᠵᠠᠰᠠᠬᠤ ᠣᠷᠣᠨ ᠤ ᠮᠠᠯᠴᠢᠨ ᠲᠠᠷᠢᠶᠠᠴᠢᠨ ᠬᠥᠯᠥᠰᠥᠨ ᠠᠵᠢᠯᠴᠢᠨ ᠤ ᠴᠠᠯᠢᠩ ᠢ ᠣᠯᠭᠤᠬᠤ ᠶᠢ | ᠪᠠᠲᠤᠯᠠᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠦᠨᠡᠨᠬᠦ ᠰᠢᠢᠳᠪᠦᠷᠢᠯᠡᠨ ᠂ ᠡᠯ᠎ᠡ | ᠱᠠᠲᠤᠨ ᠤ ᠠᠷᠠᠳ ᠤᠨ ᠵᠠᠰᠠᠭ ᠤᠨ ᠣᠷᠳᠣᠨ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ︽ᠥᠷᠢ ᠰᠢᠷᠢ ᠶᠢ ᠵᠠᠰᠠᠬᠤ︾ ᠠᠴᠠ ︽ᠥᠷᠢ ᠰᠢᠷᠢ ᠶᠢ ᠰᠡᠷᠭᠡᠶᠢᠯᠡᠬᠦ︾ ᠳᠠᠰᠢ | ᠬᠤᠪᠢᠷᠠᠭᠤᠯᠬᠤ ᠶᠢ ᠠᠬᠢᠭᠤᠯᠬᠤ ᠶᠢᠨ ᠲᠤᠰᠠᠳᠠ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠳᠣᠤᠷᠠᠬᠢ | ᠠᠷᠭ᠎ᠠ ᠬᠡᠮᠵᠢᠶ᠎ᠡ ᠶᠢ ᠲᠣᠭᠲᠠᠭᠠᠨ᠎ᠠ᠃ | ᠨᠢᠭᠡ᠂ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠵᠢᠯ ᠤᠨ ᠬᠠᠷᠢᠭᠤᠴᠠᠯᠭ᠎ᠠ ᠶᠢ | ᠪᠣᠳᠠᠲᠠᠶᠢᠵᠢᠭᠤᠯᠤᠨ᠎ᠠ | ︵ᠨᠢᠭᠡ︶ ᠬᠠᠷᠢᠶ᠎ᠠ ᠭᠠᠵᠠᠷ ᠤᠨ ᠠᠷᠠᠳ ᠤᠨ ᠵᠠᠰᠠᠭ ᠤᠨ ᠣᠷᠳᠣᠨ ᠤ ᠭᠤᠤᠯ ᠴᠣᠭᠴᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠬᠠᠷᠢᠶᠠᠲᠤ ᠭᠠᠵᠠᠷ ᠤᠨ ᠠᠷᠠᠳ ᠤᠨ ᠵᠠᠰᠠᠭ ᠤᠨ ᠣᠷᠳᠣᠨ ᠤ | ᠬᠠᠷᠢᠭᠤᠴᠠᠯᠭ᠎ᠠ ᠪᠠᠨ ᠭᠦᠢᠴᠡᠳ ᠭᠦᠢᠴᠡᠳᠭᠡᠭᠰᠡᠨ ᠥᠬᠡᠶ ᠠᠰᠠᠭᠤᠳᠠᠯ ᠳᠤ ᠴᠢᠭᠯᠡᠭᠦᠯᠦᠨ᠂ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ | ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠣᠯᠭᠤᠬᠤ ᠶᠢ ᠪᠠᠲᠤᠯᠠᠬᠤ ᠠᠵᠢᠯ ᠢ ᠬᠠᠷᠢᠭᠤᠴᠠᠵᠤ᠂ | ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠪᠣᠯ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠮᠠᠯᠴᠢᠨ | ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠣᠯᠭᠤᠬᠤ ᠶᠢ ᠪᠠᠲᠤᠯᠠᠬᠤ ᠠᠵᠢᠯ ᠤᠨ ᠨᠢᠭᠡᠳᠦᠭᠡᠷ | ᠬᠠᠷᠢᠭᠤᠴᠠᠯᠭᠠᠲᠠᠨ ᠪᠣᠯᠤᠨ᠎ᠠ᠃ | ︵ᠬᠤᠶᠠᠷ︶ ᠪᠦᠷᠢᠯᠳᠦᠬᠦᠨ ᠨᠢᠭᠡᠴᠢ ᠶᠢᠨ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠡᠯ᠎ᠡ | ᠠᠵᠢᠯ ᠲᠥᠷᠥᠯ ᠤᠨ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ | ᠬᠦᠷᠦᠯᠴᠡᠬᠦ ᠥᠬᠡᠶ ᠪᠠᠶᠢᠬᠤ ᠠᠰᠠᠭᠤᠳᠠᠯ ᠳᠤ ᠴᠢᠭᠯᠡᠭᠦᠯᠦᠨ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ | ᠴᠠᠯᠢᠩ ᠢ ᠣᠯᠭᠤᠬᠤ ᠶᠢ ᠪᠠᠲᠤᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ᠂ ᠬᠠᠮᠢᠶᠠᠷᠴᠤ ᠵᠢᠯᠣᠭᠤᠳᠬᠤ | ᠪᠠ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠭᠭᠦᠭᠰᠡᠨ ᠪᠠᠶᠢᠳᠠᠯ ᠳᠤ ᠬᠢᠨᠠᠯᠲᠠ ᠲᠠᠯᠪᠢᠵᠤ | ᠪᠠᠶᠢᠴᠠᠭᠠᠬᠤ ᠶᠢ ᠦᠨᠡᠨᠬᠦ ᠰᠠᠶᠢᠲᠤᠷ ᠬᠢᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠵᠦ | ᠤᠳᠠᠭᠠᠰᠢᠷᠠᠭᠤᠯᠤᠭᠰᠠᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ︔ ᠣᠷᠣᠨ | ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ | ᠠᠰᠢᠭᠯᠠᠯᠲᠠ ᠵᠡᠷᠭᠡ ᠬᠠᠮᠢᠶ᠎ᠠ ᠪᠦᠬᠦᠢ ᠠᠵᠢᠯ ᠲᠥᠷᠥᠯ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠤᠳ ᠠᠵᠢᠯ ᠲᠥᠷᠥᠯ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠴᠢᠩᠭ᠎ᠠ | ᠭᠦᠢᠴᠡᠳᠬᠡᠵᠦ᠂ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠤᠯᠢ ᠶᠣᠰᠣᠭᠠᠷ | ᠵᠢᠷᠤᠮᠵᠢᠭᠤᠯᠵᠤ᠂ ᠬᠥᠮᠦᠨ ᠬᠡᠷᠡᠭᠯᠡᠬᠦ ᠨᠢᠭᠡᠴᠢ ᠶᠢᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ | ᠥᠭᠬᠦ ᠶᠢ ᠪᠠᠲᠤᠯᠠᠬᠤ ᠡᠯ᠎ᠡ ᠵᠦᠢᠯ ᠤᠨ ᠲᠦᠷᠢᠮ ᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ | ᠪᠠᠶᠢᠴᠠᠭᠠᠬᠤ ᠶᠢ ᠴᠢᠩᠭᠠᠳᠬᠠᠨ᠂ ᠬᠠᠤᠯᠢ ᠠᠴᠠ ᠵᠥᠷᠢᠴᠡᠨ ᠳᠠᠭᠠᠭᠠᠴᠢᠯᠠᠭᠤᠯᠬᠤ᠂ ᠰᠢᠯᠵᠢᠭᠦᠯᠦᠨ | ᠳᠠᠭᠠᠭᠠᠴᠢᠯᠠᠭᠤᠯᠬᠤ᠂ ᠬᠠᠤᠯᠢ ᠠᠴᠠ ᠵᠥᠷᠢᠴᠡᠨ ᠬᠤᠪᠢᠶᠠᠨ ᠳᠠᠭᠠᠭᠠᠴᠢᠯᠠᠭᠤᠯᠬᠤ᠂ ᠲᠦᠰᠢᠬᠦ ᠵᠡᠷᠭᠡ ᠦᠢᠯᠡ | ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ | ᠥᠷᠢᠲᠦᠬᠦ ᠳᠤ ᠬᠦᠷᠦᠭᠦᠯᠦᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ | ᠬᠤᠷᠢᠭᠯᠠᠨ ᠵᠣᠭᠰᠣᠭᠠᠬᠤ ᠪᠠ ᠵᠠᠯᠠᠷᠠᠭᠤᠯᠬᠤ ᠬᠡᠷᠡᠭᠲᠡᠶ︔ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠵᠠᠰᠠᠭ ᠤᠨ | ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠪᠠᠯᠠ ᠮᠥᠩᠭᠦ ᠶᠢᠨ ᠲᠥᠰᠦᠪ ᠤᠨ ᠬᠠᠮᠢᠶᠠᠷᠤᠯᠲᠠ ᠶᠢ | ᠴᠢᠩᠭᠠᠳᠬᠠᠵᠤ᠂ ᠵᠥᠪᠰᠢᠶᠡᠷᠡᠭᠦᠯᠦᠭᠰᠡᠨ ᠲᠥᠰᠦᠪ ᠢ ᠦᠨᠳᠦᠰᠦᠯᠡᠨ ᠵᠠᠰᠠᠭ ᠤᠨ ᠣᠷᠳᠣᠨ ᠤ ᠪᠠᠯᠠ | ᠣᠷᠣᠭᠤᠯᠤᠯᠲᠠ ᠶᠢᠨ ᠪᠠᠯᠠ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠰᠢᠯᠵᠢᠭᠦᠯᠦᠨ ᠥᠭᠴᠦ᠂ ᠬᠡᠷᠡᠭᠰᠡᠬᠦ | ᠪᠠᠯᠠ ᠮᠥᠩᠭᠦ ᠶᠢ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠬᠤ ᠶᠢ ᠦᠨᠡᠨ ᠬᠦ | ᠪᠠᠲᠤᠯᠠᠬᠤ ᠬᠡᠷᠡᠭᠲᠡᠶ︔ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠬᠥᠳᠡᠯᠮᠦᠷᠢ ᠶᠢᠨ ᠬᠥᠯᠥᠰᠥ | ᠣᠯᠭᠤᠮᠵᠢ ᠥᠭᠬᠦ ᠶᠢ ᠲᠡᠪᠴᠢᠭᠰᠡᠨ ᠰᠡᠵᠢᠭᠯᠡᠯᠲᠡᠶ ᠡᠷᠡᠭᠦᠤ ᠶᠢᠨ ᠬᠡᠷᠡᠭ ᠢ ᠴᠠᠭ ᠲᠤᠬᠠᠶ ᠳᠤᠨᠢ ᠭᠥᠯᠢᠶᠡᠨ ᠠᠪᠴᠤ | ᠰᠢᠢᠳᠪᠦᠷᠢᠯᠡᠬᠦ ᠪᠠ ᠳᠡᠩᠨᠡᠨ ᠰᠢᠢᠳᠪᠦᠷᠢᠯᠡᠵᠦ ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ | ᠤᠳᠠᠭᠠᠰᠢᠷᠠᠭᠤᠯᠤᠨ ᠥᠷᠢᠲᠦᠭᠰᠡᠨ ᠠᠴᠠ ᠪᠣᠯᠤᠭᠰᠠᠨ ᠨᠡᠶᠢᠭᠡᠮ ᠤᠨ ᠠᠮᠤᠷ ᠲᠦᠪᠰᠢᠨ ᠤ ᠬᠡᠷᠡᠭ ᠢ ᠬᠠᠤᠯᠢ ᠶᠣᠰᠣᠭᠠᠷ | ᠰᠢᠢᠳᠪᠦᠷᠢᠯᠡᠬᠦ ᠬᠡᠷᠡᠭᠲᠡᠶ︔ ᠬᠠᠤᠯᠢ ᠴᠠᠭᠠᠵᠠ ᠶᠢᠨ ᠵᠠᠰᠠᠭ ᠵᠠᠬᠢᠷᠭᠠᠨ᠂ ᠠᠷᠠᠳ ᠤᠨ ᠪᠠᠩᠬᠢ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠨᠢᠭᠡᠴᠢ ᠨᠦᠭᠦᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠣᠯᠭᠤᠬᠤ ᠶᠢ ᠪᠠᠲᠤᠯᠠᠬᠤ | ᠠᠵᠢᠯ ᠢ ᠰᠠᠶᠢᠲᠤᠷ ᠬᠢᠬᠦ ᠬᠡᠷᠡᠭᠲᠡᠶ᠃ | ᠬᠤᠶᠠᠷ᠂ ᠡᠬᠢ ᠡᠭᠦᠰᠦᠯ ᠠᠴᠠ ᠨᠢ ᠵᠠᠰᠠᠬᠤ ᠶᠢ ᠴᠢᠬᠤᠯᠠᠴᠢᠯᠠᠵᠤ᠂ ᠲᠦᠷᠢᠮ ᠤᠨ ᠨᠠᠶᠢᠳᠠᠪᠤᠷᠢᠵᠢᠭᠤᠯᠤᠯᠲᠠ ᠶᠢ | ᠴᠢᠩᠭᠠᠳᠬᠠᠪᠠ | ︵ᠭᠤᠷᠪᠠ︶ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ | ᠲᠦᠷᠢᠮ ᠢ ᠨᠠᠶᠢᠳᠠᠪᠤᠷᠢᠵᠢᠭᠤᠯᠤᠨ᠎ᠠ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ | ᠪᠡᠯᠡ ᠮᠥᠩᠭᠦ ᠶᠢ ᠴᠠᠭ ᠲᠤᠬᠠᠶ ᠳᠤᠨᠢ ᠰᠠᠯᠭᠠᠨ ᠥᠭᠭᠦᠭᠰᠡᠨ ᠦᠭᠡᠶ ᠠᠴᠠ ᠪᠣᠯᠵᠤ ᠴᠠᠯᠢᠩ ᠥᠷᠢᠲᠦᠬᠦ | ᠠᠰᠠᠭᠤᠳᠠᠯ ᠳᠤ ᠴᠢᠭᠯᠡᠭᠦᠯᠦᠨ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠡᠯᠡ | ᠣᠷᠣᠭᠤᠯᠤᠯᠲᠠ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠤᠰᠤᠳ ᠬᠤᠯᠪᠣᠭᠳᠠᠯ ᠪᠥᠬᠦᠢ ᠰᠠᠯᠠᠭ᠎ᠠ | ᠮᠥᠴᠢᠷ ᠤᠳ ᠬᠢᠨᠠᠨ ᠵᠥᠪᠰᠢᠶᠡᠷᠡᠬᠦ ᠲᠡᠰ ᠳᠠᠷᠠᠭᠠᠯᠠᠯ ᠢ ᠬᠠᠤᠯᠢ ᠶᠣᠰᠣᠭᠠᠷ ᠭᠦᠢᠴᠡᠳᠬᠡᠵᠦ᠂ ᠵᠠᠰᠠᠭ ᠤᠨ | ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ᠂ | ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠡᠯᠡ ᠮᠥᠩᠭᠦ ᠶᠢ ᠨᠠᠶᠢᠳᠠᠪᠤᠷᠢᠵᠢᠭᠤᠯᠬᠤ | ᠬᠡᠷᠡᠭᠲᠡᠶ᠂ ᠪᠠᠷᠢᠯᠭ᠎ᠠ ᠪᠠᠷᠢᠬᠤ ᠨᠢᠭᠡᠴᠢ ᠠᠴᠠ ᠪᠡᠯᠡ ᠮᠥᠩᠭᠦ ᠶᠢ ᠣᠷᠣᠯᠠᠨ ᠪᠥᠳᠥᠭᠡᠨ ᠪᠠᠶᠢᠭᠤᠯᠵᠤ ᠪᠣᠯᠬᠤ ᠥᠭᠡᠢ᠂ | ᠵᠠᠰᠠᠭ ᠤᠨ ᠣᠷᠳᠣᠨ ᠤ ᠲᠠᠯᠳᠠ ᠥᠷᠢ ᠥᠭᠴᠡᠭᠡ ᠶᠢ ᠨᠡᠮᠡᠭᠳᠡᠭᠦᠯᠵᠦ ᠪᠣᠯᠬᠤ ᠥᠭᠡᠢ᠂ ᠪᠡᠯᠡ ᠣᠷᠣᠭᠤᠯᠤᠯᠲᠠ ᠶᠢᠨ | ᠲᠦᠢᠮᠣ ᠲᠥᠰᠦᠪ ᠢᠶᠠᠨ ᠳᠤᠷ᠎ᠠ ᠪᠠᠷ ᠢᠶᠠᠨ ᠨᠡᠮᠡᠭᠳᠡᠭᠦᠯᠵᠦ ᠪᠣᠯᠬᠤ ᠥᠭᠡᠢ᠂ ᠲᠥᠷᠥᠯ ᠵᠦᠢᠯ ᠢ ᠬᠤᠭᠤᠴᠠᠭ᠎ᠠ | ᠶᠣᠰᠣᠭᠠᠷ ᠪᠥᠳᠥᠭᠡᠨ ᠪᠠᠶᠢᠭᠤᠯᠬᠤ᠂ ᠪᠡᠯᠡ ᠮᠥᠩᠭᠦ ᠶᠢ ᠴᠠᠭ ᠬᠤᠭᠤᠴᠠᠭ᠎ᠠ ᠶᠣᠰᠣᠭᠠᠷ ᠰᠢᠯᠵᠢᠭᠦᠯᠦᠨ ᠥᠭᠬᠦ ᠶᠢ | ᠦᠨᠡᠨᠬᠦ ᠪᠠᠲᠤᠯᠠᠬᠤ ᠬᠡᠷᠡᠭᠲᠡᠶ᠃ ᠡᠯ᠎ᠡ ᠬᠤᠯᠪᠣᠭᠳᠠᠯ ᠪᠥᠬᠦᠶ ᠪᠥᠲᠥᠭᠡᠨ ᠪᠠᠶᠢᠭᠤᠯᠤᠯᠲᠠ ᠶᠢᠨ ᠨᠢᠭᠡᠴᠢ ᠨᠦᠭᠦᠳ | ᠪᠠᠯᠠ ᠮᠥᠩᠭᠦ ᠶᠢᠨ ᠬᠡᠷᠡᠭᠯᠡᠯᠲᠡ ᠪᠠ ᠬᠠᠮᠢᠶᠠᠷᠤᠯᠲᠠ ᠪᠠᠨ ᠴᠢᠩᠭᠠᠳᠬᠠᠵᠤ᠂ ᠮᠠᠯᠴᠢᠨ ᠲᠠᠷᠢᠶᠠᠴᠢᠨ ᠬᠦᠴᠦ | ᠶᠠᠪᠤᠭᠰᠠᠳ ᠤᠨ ᠴᠠᠯᠢᠩ ᠢ ᠤᠳᠠᠭᠠᠰᠢᠷᠠᠭᠤᠯᠵᠤ ᠪᠣᠯᠬᠤ ᠥᠬᠡᠶ᠃ | ︵ᠳᠥᠷᠪᠡ︶ ᠪᠠᠷᠢᠯᠭ᠎ᠠ ᠶᠢᠨ ᠵᠣᠭᠤᠰ ᠢ ᠥᠭᠬᠦ ᠳᠤ ᠳᠠᠭᠠᠭᠠᠯᠲᠠ ᠬᠢᠬᠦ᠂ ᠪᠠᠷᠢᠯᠭ᠎ᠠ ᠪᠠᠷᠢᠬᠤ ᠶᠠᠪᠤᠴᠠ ᠶᠢ | ᠳ᠋ᠦᠩᠨᠡᠨ ᠪᠤᠳᠤᠬᠤ ᠪᠠ ᠲᠠᠩᠰᠠ ᠬᠤᠪᠢᠶᠠᠨ ᠬᠠᠮᠢᠶᠠᠷᠬᠤ ᠵᠡᠷᠭᠡ ᠲᠦᠷᠢᠮ ᠢ ᠨᠠᠶᠢᠳᠠᠪᠤᠷᠢᠵᠢᠭᠤᠯᠤᠨ᠎ᠠ᠃ ᠨᠡᠶᠢᠭᠡᠮ ᠤᠨ | ᠲᠥᠷᠥᠯ ᠵᠦᠢᠯ ᠤᠨ ᠢᠨᠵᠧᠨᠧᠷᠢᠩ ᠤᠨ ᠵᠣᠭᠤᠰ ᠢ ᠴᠠᠭ ᠲᠤᠬᠠᠶ ᠳᠤᠨᠢ ᠥᠭᠭᠦᠭᠰᠡᠨ ᠦᠭᠡᠶ ᠵᠢᠴᠢ ᠢᠨᠵᠧᠨᠧᠷᠢᠩ ᠤᠨ | ᠵᠣᠭᠤᠰ ᠢ ᠥᠷᠢᠲᠦᠭᠰᠡᠨ ᠠᠴᠠ ᠪᠣᠯᠵᠤ ᠴᠠᠯᠢᠩ ᠥᠷᠢᠲᠦᠬᠦ ᠵᠡᠷᠭᠡ ᠠᠰᠠᠭᠤᠳᠠᠯ ᠳᠤ ᠴᠢᠭᠯᠡᠭᠦᠯᠦᠨ᠂ ᠪᠠᠷᠢᠯᠭ᠎ᠠ | ᠪᠠᠷᠢᠭᠤᠯᠬᠤ ᠨᠢᠭᠡᠴᠢ ᠨᠢ ᠪᠠᠷᠢᠯᠭ᠎ᠠ ᠪᠠᠷᠢᠬᠤ ᠨᠢᠭᠡᠴᠢ ᠳᠤ ᠪᠠᠷᠢᠯᠭ᠎ᠠ ᠶᠢᠨ ᠵᠣᠭᠤᠰ ᠥᠭᠬᠦ ᠳᠠᠭᠠᠭᠠᠯᠲᠠ ᠬᠠᠩᠭᠠᠵᠤ᠂ | ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠶᠢᠨ ᠬᠦᠷᠢᠶ᠎ᠡ ᠬᠡᠪᠴᠢᠶᠡᠨ ᠤ ᠠᠵᠢᠯ ᠲᠥᠷᠥᠯ ᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠪᠣᠯᠤᠨ ᠪᠤᠰᠤᠳ ᠬᠤᠯᠪᠣᠭᠳᠠᠯ ᠪᠥᠬᠦᠢ ᠰᠠᠯᠠᠭ᠎ᠠ ᠮᠥᠴᠢᠷ ᠨᠢ ᠪᠠᠷᠢᠯᠭ᠎ᠠ ᠪᠠᠷᠢᠬᠤ ᠶᠢ | ᠶᠡᠷᠦᠩᠬᠡᠶᠢᠯᠡᠨ ᠳᠠᠭᠠᠭᠠᠴᠢᠯᠠᠭᠰᠠᠨ ᠨᠢᠭᠡᠴᠢ ᠯᠦᠭᠡ ᠪᠠᠷᠢᠯᠭ᠎ᠠ ᠶᠢᠨ ᠵᠣᠭᠤᠰ ᠪᠣᠯᠤᠨ ᠬᠥᠮᠦᠨ ᠤ ᠬᠦᠴᠦᠨ ᠤ | ᠵᠠᠷᠤᠳᠠᠯ ᠳᠤ ᠲᠠᠩᠰᠠ ᠬᠤᠪᠢᠶᠠᠨ ᠬᠠᠮᠢᠶᠠᠷᠬᠤ ᠶᠢ ᠬᠡᠷᠡᠭᠵᠢᠭᠦᠯᠵᠦ᠂ ᠪᠠᠷᠢᠯᠭ᠎ᠠ ᠪᠠᠷᠢᠬᠤ ᠭᠡᠷ᠎ᠡ ᠶᠢᠨ ᠪᠣᠯᠵᠣᠯ | ᠶᠣᠰᠣᠭᠠᠷ ᠪᠠᠷᠢᠯᠭ᠎ᠠ ᠶᠢᠨ ᠵᠣᠭᠤᠰ ᠪᠣᠯᠤᠨ ᠬᠥᠮᠦᠨ ᠤ ᠬᠦᠴᠦᠨ ᠤ ᠵᠠᠷᠤᠳᠠᠯ ᠢ ᠴᠠᠭ ᠲᠤᠬᠠᠶ ᠳᠤᠨᠢ ᠭᠦᠢᠴᠡᠳ | ᠲᠤᠭ᠎ᠠ ᠪᠠᠷ ᠰᠠᠯᠭᠠᠨ ᠥᠭᠬᠦ ᠶᠢ ᠰᠢᠮᠳᠠᠭᠤᠯᠬᠤ ᠬᠡᠷᠡᠭᠲᠡᠶ᠃ | ︵ᠲᠠᠪᠤ︶ ᠦᠨᠡᠨ ᠨᠡᠷ᠎ᠡ ᠶᠢᠨ ᠲᠦᠷᠢᠮ ᠤᠨ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠤᠨ᠎ᠠ᠃ ᠦᠨᠡᠨ | ᠨᠡᠷ᠎ᠡ ᠶᠢᠨ ᠲᠦᠷᠢᠮ ᠤᠨ ᠨᠠᠶᠢᠳᠠᠪᠤᠷᠢᠵᠢᠭᠤᠯᠤᠯᠲᠠ ᠶᠢ ᠨᠠᠷᠢᠯᠢᠭ ᠣᠨᠣᠴᠠᠲᠠᠶ ᠨᠠᠶᠢᠳᠠᠪᠤᠷᠢᠵᠢᠭᠤᠯᠤᠭᠰᠠᠨ ᠥᠬᠡᠶ | ᠠᠰᠠᠭᠤᠳᠠᠯ ᠳᠤ ᠴᠢᠭᠯᠡᠭᠦᠯᠦᠨ᠂ ᠪᠠᠷᠢᠯᠭ᠎ᠠ ᠶᠢᠨ ᠠᠵᠢᠯ ᠢ ᠶᠡᠷᠦᠩᠬᠡᠶᠢᠯᠡᠨ ᠳᠠᠭᠠᠭᠠᠴᠢᠯᠠᠭᠰᠠᠨ ᠨᠢᠭᠡᠴᠢ ᠪᠤᠶᠤ | ᠬᠤᠪᠢᠶᠠᠨ ᠳᠠᠭᠠᠭᠠᠴᠢᠯᠠᠭᠰᠠᠨ ᠨᠢᠭᠡᠴᠢ ᠨᠢ ᠡᠯᠰᠡᠨ ᠬᠡᠷᠡᠭᠯᠡᠭᠰᠡᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠯᠤᠭ᠎ᠠ | ᠬᠠᠤᠯᠢ ᠶᠣᠰᠣᠭᠠᠷ ᠬᠥᠳᠡᠯᠮᠦᠷᠢ ᠶᠢᠨ ᠭᠡᠷ᠎ᠡ ᠲᠣᠭᠲᠠᠵᠤ᠂ ᠠᠵᠢᠯᠴᠢᠨ ᠬᠡᠷᠡᠭᠯᠡᠬᠦ ᠳᠤ ᠦᠨᠡᠨ ᠨᠡᠷ᠎ᠡ ᠪᠠᠷ ᠢᠶᠠᠨ | ᠳᠡᠩᠰᠡᠯᠡᠵᠦ᠂ ᠠᠵᠢᠯᠴᠢᠨ ᠬᠡᠷᠡᠭᠯᠡᠬᠦ ᠬᠠᠮᠢᠶᠠᠷᠤᠯᠲᠠ ᠶᠢᠨ ᠡᠬᠡ ᠲᠠᠩᠰᠠ ᠪᠠᠶᠢᠭᠤᠯᠬᠤ ᠬᠡᠷᠡᠭᠲᠡᠶ᠃ ᠪᠠᠷᠢᠯᠭ᠎ᠠ ᠶᠢᠨ | ᠲᠥᠷᠥᠯ ᠵᠦᠶ᠋ᠯ ᠤᠨ ᠬᠥᠳᠡᠯᠮᠦᠷᠢ ᠴᠠᠯᠢᠩ ᠤᠨ ᠲᠤᠰᠬᠠᠶ ᠬᠠᠮᠢᠶᠠᠷᠤᠭᠴᠢ ᠨᠢ ᠬᠥᠳᠡᠯᠮᠦᠷᠢ ᠶᠢᠨ ᠭᠡᠷ᠎ᠡ᠂ ᠦᠨᠡᠨ | ᠨᠡᠷ᠎ᠡ ᠶᠢᠨ ᠲᠦᠷᠢᠮ ᠢᠶᠠᠷ ᠠᠵᠢᠯ ᠳᠤ ᠭᠠᠷᠬᠤ ᠶᠢ ᠰᠢᠯᠭᠠᠬᠤ ᠵᠡᠷᠭᠡ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠦᠨᠡᠨ | ᠨᠡᠷ᠎ᠡ ᠶᠢᠨ ᠲᠦᠷᠢᠮ ᠤᠨ ᠬᠠᠮᠢᠶᠠᠷᠤᠯᠲᠠ ᠶᠢᠨ ᠲᠠᠪᠴᠠᠩ ᠳᠤ ᠴᠠᠭ ᠲᠤᠬᠠᠶ ᠳᠤᠨᠢ᠂ ᠣᠨᠣᠪᠴᠢᠲᠠᠶ᠂ ᠪᠦᠷᠢᠨ | ᠪᠦᠲᠦᠨ ᠢᠶᠠᠷ ᠳᠠᠮᠵᠢᠭᠤᠯᠵᠤ᠂ ᠴᠠᠯᠢᠩ ᠣᠯᠭᠤᠬᠤ ᠶᠢᠨ ᠪᠦᠲᠦᠮᠵᠢᠲᠡᠶ ᠦᠨᠳᠦᠰᠦᠯᠡᠯ ᠪᠣᠯᠭᠠᠬᠤ ᠬᠡᠷᠡᠭᠲᠡᠶ᠃ ᠦᠨᠡᠨ | ᠨᠡᠷ᠎ᠡ ᠶᠢᠨ ᠲᠦᠷᠢᠮ ᠤᠨ ᠬᠠᠮᠢᠶᠠᠷᠤᠯᠲᠠ ᠶᠢ ᠲᠣᠭᠲᠠᠭᠠᠯ ᠶᠣᠰᠣᠭᠠᠷ ᠶᠠᠪᠤᠭᠤᠯᠤᠭᠰᠠᠨ ᠥᠬᠡᠶ ᠪᠠᠶᠢᠪᠠᠯ᠂ ᠬᠠᠮᠢᠶ᠎ᠠ | ᠪᠥᠬᠦᠶ ᠲᠣᠭᠲᠠᠭᠠᠯ ᠶᠣᠰᠣᠭᠠᠷ ᠰᠢᠳᠬᠡᠨ ᠲᠣᠷᠭᠠᠨ᠎ᠠ᠃ | ︵ᠵᠢᠷᠭᠤᠭ᠎ᠠ︶ ᠴᠠᠯᠢᠩ ᠤᠨ ᠲᠤᠰᠬᠠᠶ ᠲᠠᠩᠰᠠᠨ ᠡᠷᠦᠬᠡ ᠶᠢᠨ ᠬᠠᠮᠢᠶᠠᠷᠤᠯᠲᠠ ᠶᠢᠨ ᠲᠦᠷᠢᠮ ᠢ | ᠨᠠᠶᠢᠳᠠᠪᠤᠷᠢᠵᠢᠭᠤᠯᠤᠨ᠎ᠠ᠃ ᠴᠠᠯᠢᠩ ᠤᠨ ᠲᠤᠰᠬᠠᠶ ᠳᠠᠩᠰᠠᠨ ᠡᠷᠦᠬᠡ ᠶᠢᠨ ᠳᠦᠷᠢᠮ ᠢ ᠪᠣᠳᠠᠲᠠᠶ | ᠨᠠᠶᠢᠳᠠᠪᠤᠷᠢᠵᠢᠭᠤᠯᠤᠭᠰᠠᠨ ᠦᠭᠡᠶ ᠠᠴᠠ ᠪᠣᠯᠵᠤ ᠴᠠᠯᠢᠩ ᠥᠷᠢᠲᠦᠬᠦ ᠠᠰᠠᠭᠤᠳᠠᠯ ᠳᠤ ᠴᠢᠭᠯᠡᠭᠦᠯᠦᠨ᠂ ᠪᠠᠷᠢᠯᠭ᠎ᠠ ᠶᠢᠨ | ᠠᠵᠢᠯ ᠢ ᠶᠡᠷᠦᠩᠬᠡᠶᠢᠯᠡᠨ ᠳᠠᠭᠠᠭᠠᠴᠢᠯᠠᠭᠰᠠᠨ ᠨᠢᠭᠡᠴᠢ ᠨᠢ ᠪᠠᠷᠢᠯᠭ᠎ᠠ ᠶᠢᠨ ᠠᠵᠢᠯ ᠤᠨ ᠭᠡᠷ᠎ᠡ ᠲᠣᠭᠲᠠᠭᠰᠠᠨ ᠡᠳᠦᠷ ᠠᠴᠠ | ᠡᠬᠢᠯᠡᠨ 30 ᠡᠳᠦᠷ ᠤᠨ ᠳᠣᠲᠣᠷ᠎ᠠ᠂ ᠲᠥᠷᠥᠯ ᠵᠦᠶ᠋ᠯ ᠤᠨ ᠶᠣᠰᠣᠭᠠᠷ ᠪᠠᠷᠢᠯᠭ᠎ᠠ ᠶᠢᠨ ᠪᠠᠶᠢᠭ᠎ᠠ ᠭᠠᠵᠠᠷ ᠤᠨ | ᠪᠠᠩᠬᠢ ᠳᠤ ᠴᠠᠯᠢᠩ ᠤᠨ ᠲᠤᠰᠬᠠᠶ ᠲᠠᠩᠰᠠᠨ ᠡᠷᠦᠬᠡ ᠪᠠᠶᠢᠭᠤᠯᠬᠤ ᠶᠢᠨ ᠬᠠᠮᠲᠤ ᠪᠥᠲᠥᠭᠡᠨ ᠪᠠᠶᠢᠭᠤᠯᠬᠤ ᠨᠢᠭᠡᠴᠢ ᠂ | ᠲᠠᠩᠰᠠ ᠪᠠᠶᠢᠭᠤᠯᠤᠭᠰᠠᠨ ᠪᠠᠩᠬᠢ ᠯᠤᠭ᠎ᠠ ᠪᠠᠯᠠ ᠮᠥᠩᠭᠦ ᠶᠢᠨ ᠬᠠᠮᠢᠶᠠᠷᠤᠯᠲᠠ ᠶᠢᠨ ᠭᠤᠷᠪᠠᠨ ᠲᠠᠯ᠎ᠠ ᠶᠢᠨ ᠵᠥᠪᠯᠡᠯᠴᠡᠭᠡᠷ | ᠲᠣᠭᠲᠠᠵᠤ᠂ ᠪᠥᠲᠥᠭᠡᠨ ᠪᠠᠶᠢᠭᠤᠯᠬᠤ ᠨᠢᠭᠡᠴᠢ ᠨᠢ ᠬᠡᠯᠡᠯᠴᠡᠭᠡᠷ ᠤᠨ ᠶᠣᠰᠣᠭᠠᠷ ᠬᠥᠮᠦᠨ ᠤ ᠬᠦᠴᠦᠨ ᠤ ᠵᠠᠷᠤᠳᠠᠯ ᠢ | ᠰᠠᠯᠭᠠᠨ ᠥᠭᠴᠦ᠂ ᠪᠠᠷᠢᠯᠭ᠎ᠠ ᠶᠢᠨ ᠠᠵᠢᠯ ᠢ ᠶᠡᠷᠦᠩᠬᠡᠶᠢᠯᠡᠨ ᠳᠠᠭᠠᠭᠠᠴᠢᠯᠠᠭᠰᠠᠨ ᠨᠢᠭᠡᠴᠢ ᠨᠢ ᠪᠠᠷᠢᠯᠭ᠎ᠠ ᠶᠢᠨ | ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠴᠠᠭ | ᠲᠤᠬᠠᠶ ᠳᠤᠨᠢ ᠭᠦᠶ᠋ᠴᠡᠳ ᠲᠤᠭ᠎ᠠ ᠪᠠᠷ ᠰᠠᠯᠭᠠᠨ ᠥᠭᠬᠦ ᠬᠡᠷᠡᠭᠲᠡᠶ᠃ | ︵ᠲᠤᠯᠤᠭ᠎ᠠ︶ ᠴᠠᠯᠢᠩ ᠤᠨ ᠪᠠᠲᠤᠯᠠᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠷᠢᠮ ᠢ | ᠨᠠᠶᠢᠳᠠᠪᠤᠷᠢᠵᠢᠭᠤᠯᠤᠨ᠎ᠠ᠃ ᠴᠠᠯᠢᠩ ᠤᠨ ᠪᠠᠲᠤᠯᠠᠭ᠎ᠠ ᠶᠢᠨ ᠮᠥᠩᠭᠦ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠨᠢ | ᠬᠦᠷᠦᠯᠴᠡᠬᠦ ᠥᠬᠡᠶ ᠪᠠᠶᠢᠬᠤ ᠠᠰᠠᠭᠤᠳᠠᠯ ᠳᠤ ᠴᠢᠭᠯᠡᠭᠦᠯᠦᠨ᠂ ᠪᠠᠷᠢᠯᠭ᠎ᠠ ᠪᠠᠷᠢᠬᠤ ᠶᠢ ᠶᠡᠷᠦᠩᠬᠡᠶᠢᠯᠡᠨ | ᠳᠠᠭᠠᠭᠠᠴᠢᠯᠠᠭᠰᠠᠨ ᠨᠢᠭᠡᠴᠢ ᠨᠢ ᠪᠠᠷᠢᠯᠭ᠎ᠠ ᠪᠠᠷᠢᠬᠤ ᠭᠡᠷ᠎ᠡ ᠲᠣᠭᠲᠠᠭᠰᠠᠨ ᠡᠳᠦᠷ ᠠᠴᠠ ᠡᠬᠢᠯᠡᠨ 20 ᠡᠳᠦᠷ ᠤᠨ | ᠳᠣᠲᠣᠷ᠎ᠠ᠂ ᠲᠥᠷᠥᠯ ᠵᠦᠢᠯ ᠤᠨ ᠶᠣᠰᠣᠭᠠᠷ ᠪᠠᠷᠢᠯᠭ᠎ᠠ ᠶᠢᠨ ᠪᠠᠶᠢᠭ᠎ᠠ ᠭᠠᠵᠠᠷ ᠲᠤ ᠪᠡᠯᠡᠨ ᠵᠣᠭᠤᠰ᠂ ᠪᠠᠩᠬᠢ ᠶᠢᠨ | ᠪᠠᠲᠤᠯᠠᠭ᠎ᠠ ᠶᠢᠨ ᠵᠠᠬᠢᠳᠠᠯ᠂ ᠳᠠᠭᠠᠳᠬᠠᠯ ᠤᠨ ᠺᠣᠮᠫᠠᠨᠢ ᠶᠢᠨ ᠪᠠᠲᠤᠯᠠᠭ᠎ᠠ ᠶᠢᠨ ᠬᠠᠭᠤᠳᠠᠰᠤ᠂ ᠪᠠᠷᠢᠯᠭ᠎ᠠ ᠶᠢᠨ | ᠳᠠᠭᠠᠭᠠᠯᠲᠠ ᠶᠢᠨ ᠺᠣᠮᠫᠠᠨᠢ ᠶᠢᠨ ᠪᠠᠲᠤᠯᠠᠭ᠎ᠠ ᠶᠢᠨ ᠵᠠᠬᠢᠳᠠᠯ ᠵᠡᠷᠭᠡ ᠬᠡᠯᠪᠡᠷᠢ ᠪᠠᠷ ᠴᠠᠯᠢᠩ ᠤᠨ ᠪᠠᠲᠤᠯᠠᠭ᠎ᠠ ᠶᠢᠨ | ᠮᠥᠩᠭᠦ ᠪᠠᠨ ᠲᠤᠰᠢᠶᠠᠨ ᠬᠠᠳᠠᠭᠠᠯᠠᠭᠤᠯᠵᠤ᠂ ᠪᠠᠲᠤᠯᠠᠭ᠎ᠠ ᠶᠢᠨ ᠵᠠᠬᠢᠳᠠᠯ ᠤᠨ ᠪᠠᠲᠤᠯᠠᠭ᠎ᠠ ᠶᠢᠨ ᠬᠠᠭᠤᠳᠠᠰᠤ ᠶᠢᠨ | ᠰᠢᠨᠵᠢ ᠴᠢᠨᠠᠷ ᠨᠢ ᠬᠦᠴᠦᠨ ᠥᠬᠡᠶ ᠪᠣᠯᠭᠠᠵᠤ ᠪᠣᠯᠬᠤ ᠥᠬᠡᠶ ᠪᠠᠷ ᠪᠠᠷᠢᠨ ᠥᠭᠬᠦ ᠬᠡᠷᠡᠭᠲᠡᠶ᠃ | ᠭᠤᠷᠪᠠ᠂ ᠬᠢᠨᠠᠨ ᠬᠠᠮᠢᠶᠠᠷᠬᠤ ᠵᠠᠭᠪᠤᠷ ᠤᠨ ᠰᠢᠨ᠎ᠡ ᠶᠢ ᠡᠭᠦᠳᠴᠦ᠂ ᠡᠳᠦᠷ ᠲᠤᠳᠤᠮ ᠤᠨ ᠬᠢᠨᠠᠨ | ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ | ︵ ᠨᠠᠢᠮᠠ ︶ ᠮᠡᠳᠡᠭᠡ ᠵᠠᠩᠭᠢᠵᠢᠯᠲᠠ ᠶᠢᠨ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠦᠨ᠎ᠡ᠃ | ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠲᠥᠷᠥᠯ ᠵᠦᠢᠯ ᠢ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶ᠎ᠡ | ᠴᠠᠷᠠᠭ᠎ᠠ ᠶᠢᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠣᠯᠭᠤᠬᠤ ᠶᠢ ᠬᠢᠨᠠᠨ ᠡᠵᠡᠮᠳᠡᠵᠦ | ᠰᠡᠷᠡᠮᠵᠢᠯᠡᠭᠦᠯᠬᠦ ᠲᠠᠪᠴᠠᠩ ︵ᠳᠣᠷᠣᠭᠰᠢ ᠬᠢᠨᠠᠨ ᠡᠵᠡᠮᠳᠡᠵᠦ ᠰᠡᠷᠡᠮᠵᠢᠯᠡᠭᠦᠯᠬᠦ ᠲᠠᠪᠴᠠᠩ ᠭᠡᠵᠦ ᠲᠣᠪᠴᠢᠯᠠᠨ᠎ᠠ︶ ᠤᠨ | ᠬᠢᠨᠠᠯᠲᠠ ᠬᠠᠮᠢᠶᠠᠷᠤᠯᠲᠠ ᠳᠤ ᠪᠥᠬᠦ ᠰᠢᠰᠲ᠋ᠧᠮ ᠢᠶᠠᠷ ᠨᠢ ᠣᠷᠣᠭᠤᠯᠤᠭᠰᠠᠨ ᠥᠬᠡᠶ ᠠᠰᠠᠭᠤᠳᠠᠯ ᠳᠤ ᠴᠢᠭᠯᠡᠭᠦᠯᠦᠨ᠂ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠡᠯ᠎ᠡ ᠬᠤᠰᠢᠭᠤ ᠰᠢᠶᠠᠨ ︵ | ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠨᠢᠭᠡᠨᠲᠡ ᠠᠵᠢᠯ ᠡᠬᠢᠯᠡᠭᠦᠯᠬᠦ ᠶᠢ ᠬᠢᠨᠠᠨ | ᠵᠥᠪᠰᠢᠶᠡᠷᠡᠭᠦᠯᠬᠦ ᠭᠠᠷᠳᠠᠮ ᠢ ᠭᠦᠶ᠋ᠴᠡᠳᠬᠡᠭᠰᠡᠨ ᠮᠥᠷᠲᠡᠭᠡᠨ ᠠᠵᠢᠯ ᠳᠠᠭᠤᠰᠬᠠᠭᠠᠳᠤᠶ ᠲᠥᠷᠥᠯ ᠵᠦᠢᠯ ᠢ ᠪᠦᠬᠦᠨ ᠢ | ᠬᠢᠨᠠᠨ ᠡᠵᠡᠮᠳᠡᠵᠦ ᠰᠡᠷᠡᠮᠵᠢᠯᠡᠭᠦᠯᠬᠦ ᠲᠠᠪᠴᠠᠩ ᠤᠨ ᠬᠢᠨᠠᠯᠲᠠ ᠬᠠᠮᠢᠶᠠᠷᠤᠯᠲᠠ ᠳᠤ ᠣᠷᠣᠭᠤᠯᠬᠤ ᠬᠡᠷᠡᠭᠲᠡᠶ᠃ ᠬᠢᠨᠠᠯᠲᠠ | ᠬᠠᠮᠢᠶᠠᠷᠤᠯᠲᠠ ᠶᠢᠨ ᠪᠠᠶᠢᠳᠠᠯ ᠳᠤ ᠣᠷᠣᠭᠤᠯᠤᠭᠰᠠᠨ ᠥᠬᠡᠶ ᠶᠢ ᠣᠯᠵᠤ ᠮᠡᠳᠡᠪᠡᠯ᠂ ᠥᠪᠡᠷᠲᠡᠭᠡᠨ ᠵᠠᠰᠠᠬᠤ | ᠣᠷᠣᠨ ᠠᠴᠠ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠨ ᠤ ᠰᠢᠯᠭᠠᠨ | ᠬᠢᠨᠠᠬᠤ ᠳᠤ ᠬᠤᠪᠢ ᠣᠯᠭᠤᠬᠤ ᠦᠨᠳᠦᠰᠦᠯᠡᠯ ᠪᠣᠯᠭᠠᠨ᠎ᠠ᠃ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠤᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ | ᠬᠦᠷᠢᠶ᠎ᠡ ᠴᠠᠷᠠᠭ᠎ᠠ ᠶᠢᠨ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠡᠭᠦᠷᠭᠡ | ᠬᠠᠷᠢᠭᠤᠴᠠᠯᠭ᠎ᠠ ᠪᠠᠨ ᠦᠨᠳᠦᠰᠦᠯᠡᠨ ᠠᠵᠢᠯ ᠡᠬᠢᠯᠡᠭᠦᠯᠬᠦ ᠶᠢ ᠬᠢᠨᠠᠨ ᠵᠥᠪᠰᠢᠶᠡᠷᠡᠭᠦᠯᠬᠦ ᠭᠠᠷᠳᠠᠮ ᠢ ᠨᠢᠭᠡᠨᠲᠡ | ᠭᠦᠶ᠋ᠴᠡᠳᠬᠡᠭᠰᠡᠨ ᠪᠥᠭᠡᠳ ᠠᠵᠢᠯ ᠳᠠᠭᠤᠰᠬᠠᠭᠠᠳᠤᠶ ᠲᠥᠷᠥᠯ ᠵᠦᠶ᠋ᠯ ᠳᠤ ᠮᠠᠯᠴᠢᠨ ᠲᠠᠷᠢᠶᠠᠴᠢᠨ ᠬᠦᠴᠦ | ᠶᠠᠪᠤᠭᠰᠠᠳ ᠤᠨ ᠴᠠᠯᠢᠩ ᠣᠯᠭᠤᠬᠤ ᠶᠢ ᠪᠠᠲᠤᠯᠠᠬᠤ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠠᠭ | ᠲᠤᠬᠠᠶ ᠳᠤᠨᠢ ᠬᠢᠨᠠᠨ ᠬᠠᠮᠢᠶᠠᠷᠬᠤ ᠶᠢᠨ ᠬᠠᠮᠲᠤ᠂ ᠠᠵᠢᠯᠴᠢᠨ ᠬᠡᠷᠡᠭᠯᠡᠬᠦ ᠲᠤᠭ᠎ᠠ ᠪᠠᠷᠢᠮᠲᠠ ᠬᠢᠭᠡᠳ ᠴᠠᠯᠢᠩ ᠣᠯᠭᠤᠬᠤ | ᠮᠡᠳᠡᠭᠡ ᠵᠠᠩᠭᠢ ᠶᠢᠨ ᠬᠠᠷᠢᠴᠠᠯ ᠢᠶᠠᠷ ᠳᠠᠮᠵᠢᠭᠤᠯᠤᠨ ᠴᠠᠯᠢᠩ ᠣᠯᠭᠤᠬᠤ ᠶᠢ ᠴᠠᠭ ᠲᠤᠬᠠᠶ ᠳᠤᠨᠢ ᠬᠢᠨᠠᠨ ᠡᠵᠡᠮᠳᠡᠵᠦ | ᠤᠷᠢᠳᠴᠢᠯᠠᠨ ᠰᠡᠷᠡᠮᠵᠢᠯᠡᠭᠦᠯᠬᠦ ᠶᠢ ᠪᠡᠶᠡᠯᠡᠭᠦᠯᠦᠨ᠎ᠡ᠃ | ︵ᠶᠢᠰᠦ︶ ︽ᠬᠤᠶᠠᠷ ᠲᠤ ᠰᠠᠭᠤᠵᠤ ᠬᠤᠶᠠᠷ ᠢ ᠪᠠᠶᠢᠴᠠᠭᠠᠬᠤ︾ ᠠᠵᠢᠯ ᠤᠨ ᠲᠣᠭᠲᠠᠴᠠ ᠶᠢ | ᠨᠠᠶᠢᠳᠠᠪᠤᠷᠢᠵᠢᠭᠤᠯᠤᠨ᠎ᠠ᠃ ︽ᠪᠠᠶᠢᠴᠠᠭᠠᠬᠤ ᠳᠤ ᠰᠠᠭᠤᠭ᠎ᠠ︾ ᠶᠢᠨ ᠴᠢᠩᠭ᠎ᠠ ᠪᠤᠰᠤ ᠪᠣᠳᠠᠲᠠᠶ ᠪᠤᠰᠤ ᠠᠰᠠᠭᠤᠳᠠᠯ ᠳᠤ | ᠴᠢᠭᠯᠡᠭᠦᠯᠦᠨ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ | ᠮᠥᠴᠢᠷ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠵᠢᠯ ᠲᠥᠷᠥᠯ ᠤᠨ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠤᠳ ᠲᠥᠷᠥᠯ ᠲᠥᠷᠥᠯ ᠵᠦᠶ᠋ᠯ ᠤᠨ ᠪᠠᠷᠢᠯᠭ᠎ᠠ ᠡᠬᠢᠯᠡᠭᠦᠯᠦᠨ ᠪᠥᠲᠥᠭᠡᠨ | ᠪᠠᠶᠢᠭᠤᠯᠬᠤ ᠠᠴᠠ ᠠᠵᠢᠯ ᠳᠠᠭᠤᠰᠲᠠᠯ᠎ᠠ᠂ ᠲᠥᠷᠥᠯ ᠵᠦᠶ᠋ᠯ ᠤᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ | ᠴᠠᠯᠢᠩ ᠣᠯᠭᠤᠬᠤ ᠶᠢ ᠪᠠᠲᠤᠯᠠᠬᠤ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠰᠠᠷ᠎ᠠ ᠪᠦᠷᠢ ᠲᠤᠬᠠᠶ ᠶᠢᠨ | ᠭᠠᠵᠠᠷ ᠲᠤᠨᠢ ᠪᠠᠶᠢᠴᠠᠭᠠᠯᠲᠠ ᠬᠢᠵᠦ᠂ ᠴᠠᠯᠢᠩ ᠥᠷᠢᠲᠦᠬᠦ ᠬᠡᠮ ᠰᠣᠭᠤᠭ ᠢ ᠴᠠᠭ ᠲᠤᠬᠠᠶ ᠳᠤᠨᠢ ᠵᠢᠭᠰᠠᠭᠠᠨ | ᠪᠠᠶᠢᠴᠠᠭᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠲᠤᠬᠠᠶ ᠶᠢᠨ ᠲᠠᠯᠠᠪᠤᠷ ᠲᠤᠨᠢ ᠰᠢᠢᠳᠪᠦᠷᠢᠯᠡᠬᠦ ᠶᠢᠨ ᠬᠠᠮᠲᠤ᠂ | ᠪᠠᠶᠢᠴᠠᠭᠠᠯᠲᠠ ᠳᠤ ᠰᠠᠭᠤᠭ᠎ᠠ ᠡᠳᠦᠷ ᠤᠨ ᠲᠡᠮᠳᠡᠭᠯᠡᠯ ᠢ ᠬᠢᠨᠠᠨ ᠡᠵᠡᠮᠳᠡᠵᠦ ᠰᠡᠷᠡᠮᠵᠢᠯᠡᠭᠦᠯᠬᠦ ᠲᠠᠪᠴᠠᠩ ᠳᠤ ᠬᠦᠷᠭᠡᠬᠦ | ᠬᠡᠷᠡᠭᠲᠡᠶ᠃ | ︵ᠠᠷᠪᠠ︶ ᠬᠥᠳᠡᠯᠮᠦᠷᠢ ᠴᠠᠯᠢᠩ ᠤᠨ ᠲᠤᠰᠬᠠᠶ ᠬᠠᠮᠢᠶᠠᠷᠤᠭᠴᠢ ᠳᠤ ᠬᠢᠨᠠᠯᠲᠠ ᠲᠠᠯᠪᠢᠵᠤ ᠪᠠᠷᠢᠯᠭ᠎ᠠ ᠶᠢᠨ | ᠲᠤᠬᠠᠶ ᠶᠢᠨ ᠭᠠᠵᠠᠷ ᠤᠨ ᠬᠠᠮᠢᠶᠠᠷᠤᠯᠲᠠ ᠶᠢ ᠰᠠᠶᠢᠲᠤᠷ ᠬᠢᠬᠦ ᠬᠡᠷᠡᠭᠲᠡᠶ᠃ ᠬᠡᠰᠡᠭ ᠬᠥᠳᠡᠯᠮᠦᠷᠢ ᠴᠠᠯᠢᠩ ᠤᠨ ᠲᠤᠰᠬᠠᠶ | ᠬᠠᠮᠢᠶᠠᠷᠤᠯᠲᠠ ᠶᠢᠨ ᠠᠵᠢᠯᠲᠠᠨ ᠤ ᠲᠤᠬᠠᠶᠢᠯᠠᠭᠰᠠᠨ ᠠᠵᠢᠯ ᠳᠠᠭᠠᠨ ᠪᠣᠯᠪᠠᠰᠤᠷᠠᠩᠭᠤᠶ ᠪᠤᠰᠤ᠂ ᠪᠠᠲᠤᠯᠠᠭ᠎ᠠ ᠶᠢᠨ | ᠴᠠᠯᠢᠩ ᠥᠭᠬᠦ ᠳᠦᠷᠢᠮ ᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠶ ᠪᠠᠶᠢᠬᠤ ᠠᠰᠠᠭᠤᠳᠠᠯ ᠳᠤ | ᠴᠢᠭᠯᠡᠭᠦᠯᠦᠨ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ | ᠮᠥᠴᠢᠷ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ ᠠᠵᠢᠯ ᠲᠥᠷᠥᠯ ᠤᠨ ᠭᠤᠣᠯᠯᠠᠨ ᠬᠠᠮᠢᠶᠠᠷᠬᠤ | ᠰᠠᠯᠠᠭ᠎ᠠ ᠮᠥᠴᠢᠷ ᠤᠳ ᠪᠠᠷᠢᠯᠭ᠎ᠠ ᠶᠢᠨ ᠠᠵᠢᠯ ᠢ ᠶᠡᠷᠦᠩᠬᠡᠶᠢᠯᠡᠨ ᠳᠠᠭᠠᠭᠠᠴᠢᠯᠠᠭᠰᠠᠨ ᠨᠢᠭᠡᠴᠢ ᠶᠢᠨ ᠬᠥᠳᠡᠯᠮᠦᠷᠢ | ᠴᠠᠯᠢᠩ ᠤᠨ ᠲᠤᠰᠬᠠᠶ ᠬᠠᠮᠢᠶᠠᠷᠤᠭᠴᠢ ᠶᠢ ᠰᠢᠮᠳᠠᠭᠤᠯᠵᠤ ᠪᠠᠶᠢᠭᠠᠳ ᠬᠤᠪᠢᠶᠠᠨ ᠳᠠᠭᠠᠭᠠᠴᠢᠯᠠᠭᠰᠠᠨ ᠨᠢᠭᠡᠴᠢ ᠶᠢᠨ | ᠬᠥᠳᠡᠯᠮᠦᠷᠢ ᠬᠦᠴᠦᠨ ᠢ ᠬᠡᠷᠡᠭᠯᠡᠬᠦ ᠳᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠦᠨᠡᠨ ᠨᠡᠷ᠎ᠡ ᠶᠢᠨ ᠳᠦᠷᠢᠮᠲᠦ | ᠬᠠᠮᠢᠶᠠᠷᠤᠯᠲᠠ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠬᠥᠳᠡᠯᠦᠩᠭᠦᠶ ᠪᠠᠷ ᠰᠢᠨᠡᠳᠬᠡᠵᠦ᠂ ᠪᠠᠷᠢᠯᠭ᠎ᠠ ᠶᠢᠨ | ᠠᠵᠢᠯ ᠤᠨ ᠲᠤᠬᠠᠶ ᠶᠢᠨ ᠲᠠᠯᠠᠪᠠᠶ ᠶᠢᠨ ᠠᠵᠢᠯᠴᠢᠨ ᠬᠡᠷᠡᠭᠯᠡᠬᠦ᠂ ᠠᠵᠢᠯ ᠳᠤ ᠭᠠᠷᠬᠤ ᠶᠢ ᠰᠢᠯᠭᠠᠬᠤ᠂ ᠴᠠᠯᠢᠩ | ᠣᠯᠭᠤᠬᠤ ᠵᠡᠷᠭᠡ ᠪᠠᠶᠢᠳᠠᠯ ᠢ ᠡᠵᠡᠮᠰᠢᠨ᠂ ᠬᠤᠪᠢᠶᠠᠨ ᠳᠠᠭᠠᠭᠠᠴᠢᠯᠠᠭᠰᠠᠨ ᠨᠢᠭᠡᠴᠢ ᠶᠢᠨ ᠨᠠᠶᠢᠷᠠᠭᠤᠯᠤᠨ ᠵᠣᠬᠢᠶᠠᠭᠰᠠᠨ | ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠣᠯᠭᠤᠬᠤ ᠬᠦᠰᠦᠨᠦᠭᠲᠦ ᠶᠢ ᠬᠢᠨᠠᠨ ᠬᠠᠷᠭᠤᠭᠤᠯᠬᠤ ᠶᠢᠨ | ᠬᠠᠮᠲᠤ᠂ ᠬᠠᠮᠢᠶ᠎ᠠ ᠪᠥᠬᠦᠶ ᠠᠵᠢᠯ ᠤᠨ ᠲᠥᠷᠥᠯ ᠵᠦᠶ᠋ᠯ ᠤᠨ ᠬᠠᠮᠢᠶᠠᠷᠤᠯᠲᠠ ᠶᠢᠨ ᠡᠬᠡ ᠲᠠᠩᠰᠠ ᠶᠢ ᠪᠠᠶᠢᠭᠤᠯᠵᠤ᠂ | ᠱᠠᠭᠠᠷᠳᠠᠯᠭ᠎ᠠ ᠶᠣᠰᠣᠭᠠᠷ ᠬᠥᠳᠡᠯᠮᠦᠷᠢ ᠶᠢᠨ ᠠᠵᠢᠯᠴᠢᠨ ᠬᠡᠷᠡᠭᠯᠡᠬᠦ ᠵᠢᠴᠢ ᠴᠠᠯᠢᠩ ᠣᠯᠭᠤᠬᠤ ᠬᠠᠮᠢᠶ᠎ᠠ ᠪᠥᠬᠦᠶ ᠮᠡᠳᠡᠭᠡ | ᠵᠠᠩᠭᠢ ᠶᠢ ᠴᠠᠭ ᠲᠤᠬᠠᠶ ᠳᠤᠨᠢ ᠬᠢᠨᠠᠨ ᠡᠵᠡᠮᠳᠡᠵᠦ ᠰᠡᠷᠡᠮᠵᠢᠯᠡᠭᠦᠯᠬᠦ ᠲᠠᠪᠴᠠᠩ ᠳᠤ ᠳᠠᠮᠵᠢᠭᠤᠯᠬᠤ ᠬᠡᠷᠡᠭᠲᠡᠶ᠃ | ︵ᠠᠷᠪᠠᠨ ᠨᠢᠭᠡ︶ ᠪᠥᠬᠦ ᠬᠦᠷᠢᠶᠡᠨ ᠳᠠᠬᠢ ᠡᠳᠦᠷ ᠲᠤᠲᠤᠮ ᠤᠨ ᠲᠣᠭᠤᠷᠢᠨ ᠪᠠᠶᠢᠴᠠᠭᠠᠵᠤ ᠪᠠᠶᠢᠴᠠᠭᠠᠬᠤ | ᠡᠷᠴᠢᠮ ᠢ ᠴᠢᠩᠭᠠᠷᠠᠭᠤᠯᠤᠨ᠎ᠠ᠃ ᠪᠠᠷᠢᠯᠭ᠎ᠠ ᠶᠢᠨ ᠪᠤᠰᠤ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠮᠠᠯᠴᠢᠨ | ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠵᠦ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠬᠥᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠬᠠᠮᠢᠶ᠎ᠠ ᠪᠥᠬᠦᠶ | ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ︽ᠬᠤᠶᠠᠷ ᠢ ᠲᠠᠰᠢᠷᠠᠮ ᠳᠠᠭᠠᠤ ᠬᠢᠬᠦ᠂ | ᠨᠢᠭᠡ ᠶᠢ ᠢᠯᠡ ᠪᠣᠯᠭᠠᠬᠤ︾ ᠵᠡᠷᠭᠡ ᠵᠠᠭᠪᠤᠷ ᠢ ᠠᠪᠴᠤ᠂ ᠬᠤᠨᠤᠭ ᠬᠤᠭᠤᠯᠠ ᠤᠮᠳᠠ᠂ ᠡᠳ᠋ᠰᠢᠭᠦᠯᠦᠨ ᠦᠶ᠋ᠯᠡᠳᠬᠦ᠂ | ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ᠂ ᠰᠠᠭᠤᠭᠠᠯᠢ ᠠᠷᠠᠳ ᠤᠨ ᠦᠶ᠋ᠯᠡᠴᠢᠯᠡᠭᠡ ᠵᠡᠷᠭᠡ ᠡᠯᠰᠡᠨ | ᠬᠡᠷᠡᠭᠯᠡᠭᠰᠡᠨ ᠮᠠᠯᠴᠢᠨ ᠲᠠᠷᠢᠶᠠᠴᠢᠨ ᠠᠵᠢᠯᠴᠢᠨ ᠤ ᠲᠤᠭ᠎ᠠ ᠪᠠᠷ ᠨᠡᠯᠢᠶᠡᠳ ᠣᠯᠠᠨ ᠠᠵᠢᠯ ᠲᠥᠷᠥᠯ ᠤᠨ ᠬᠦᠷᠢᠶ᠎ᠡ | ᠴᠠᠷᠠᠭ᠎ᠠ ᠳᠠᠬᠢ ᠲᠣᠭᠤᠷᠢᠨ ᠪᠠᠶᠢᠴᠠᠭᠠᠵᠤ ᠪᠠᠶᠢᠴᠠᠭᠠᠬᠤ ᠪᠠᠨ ᠴᠢᠩᠭᠠᠳᠬᠠᠵᠤ᠂ ᠬᠥᠮᠦᠨ ᠬᠡᠷᠡᠭᠯᠡᠬᠦ ᠨᠢᠭᠡᠴᠢ ᠶᠢ | ᠰᠢᠮᠳᠠᠭᠤᠯᠵᠤ ᠪᠠᠶᠢᠭᠠᠳ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠣᠯᠭᠤᠬᠤ ᠶᠢ ᠪᠠᠲᠤᠯᠠᠬᠤ | ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠶ᠃ | ᠳᠥᠷᠪᠡ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ ᠂ ᠬᠡᠷᠡᠭ | ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠪᠡ | ︵ᠠᠷᠪᠠᠨ ᠬᠤᠶᠠᠷ︶ ᠴᠠᠯᠢᠩ ᠥᠷᠢᠲᠦᠭᠰᠡᠨ ᠬᠡᠷᠡᠭ ᠢ ᠬᠠᠷᠭᠤᠭᠤᠯᠤᠨ ᠰᠢᠢᠳᠪᠦᠷᠢᠯᠡᠬᠦ ᠶᠠᠰᠤ ᠴᠢᠨᠠᠷ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ ᠴᠠᠯᠢᠩ ᠥᠷᠢᠲᠦᠬᠦ ᠬᠡᠷᠡᠭ ᠢ ᠰᠢᠢᠳᠪᠦᠷᠢᠯᠡᠭᠰᠡᠨ ᠶᠠᠰᠤ ᠴᠢᠨᠠᠷ ᠦᠷ᠎ᠡ | ᠪᠦᠲᠦᠮᠵᠢ ᠥᠨᠳᠥᠷ ᠪᠢᠰᠢ ᠠᠰᠠᠭᠤᠳᠠᠯ ᠳᠤ ᠴᠢᠭᠯᠡᠭᠦᠯᠦᠨ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ︽1 ᠠᠵᠢᠯ ᠤᠨ ᠡᠳᠦᠷ ᠲᠤ ᠰᠦᠪᠡᠭᠴᠢ ᠭᠥᠯᠢᠶᠡᠨ | ᠠᠪᠴᠤ᠂ 5 ᠠᠵᠢᠯ ᠤᠨ ᠡᠳᠦᠷ ᠲᠤ ᠭᠥᠯᠢᠶᠡᠨ ᠠᠪᠴᠤ ᠰᠢᠶ᠋ᠳᠪᠦᠷᠢᠯᠡᠬᠦ ᠰᠠᠨᠠᠯ ᠭᠠᠷᠭᠠᠵᠤ᠂ 15 ᠠᠵᠢᠯ ᠤᠨ | ᠡᠳᠦᠷ ᠤᠨ ᠳᠣᠲᠣᠷ᠎ᠠ ᠰᠢᠢᠳᠪᠦᠷᠢᠯᠡᠵᠦ ᠳᠠᠭᠤᠰᠬᠠᠨ᠂ ᠣᠨᠴᠣᠭᠤᠶ ᠪᠠᠶᠢᠳᠠᠯ ᠳᠤ 15 ᠠᠵᠢᠯ ᠤᠨ ᠡᠳᠦᠷ | ᠤᠷᠲᠤᠳᠬᠠᠨ ᠰᠢᠢᠳᠪᠦᠷᠢᠯᠡᠵᠦ ᠳᠠᠭᠤᠰᠬᠠᠬᠤ︾ ᠪᠠ ︽ᠥᠪᠡᠷᠲᠡᠭᠡᠨ ᠵᠠᠰᠠᠬᠤ ᠣᠷᠣᠨ ᠤ ᠴᠠᠯᠢᠩ ᠥᠷᠢᠲᠦᠭᠰᠡᠨ | ᠰᠦᠪᠡᠭᠴᠢ ᠶᠢ ᠲᠤᠰᠬᠠᠬᠤ ᠲᠠᠪᠴᠠᠩ ᠳᠤ ᠲᠤᠰᠬᠠᠭᠰᠠᠨ ᠤ ᠳᠠᠷᠠᠭ᠎ᠠ᠂ ᠣᠬᠤᠷ ᠮᠡᠳᠡᠭᠡ ᠶᠢᠨ ᠬᠡᠯᠪᠡᠷᠢ ᠪᠠᠷ | ᠳᠠᠮᠵᠢᠭᠤᠯᠤᠨ ᠬᠡᠷᠡᠭ ᠢ ᠭᠥᠯᠢᠶᠡᠨ ᠠᠪᠬᠤ᠂ ᠭᠥᠯᠢᠶᠡᠨ ᠠᠪᠴᠤ ᠰᠢᠢᠳᠪᠦᠷᠢᠯᠡᠬᠦ ᠂ ᠦᠷ᠎ᠡ ᠳ᠋ᠦᠩ ᠢ ᠮᠡᠳᠡᠭᠳᠡᠬᠦ︾ | ᠬᠡᠷᠡᠭ ᠰᠢᠢᠳᠪᠦᠷᠢᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠬᠡᠷᠡᠭ ᠢ ᠰᠢᠢᠳᠪᠦᠷᠢᠯᠡᠵᠦ | ᠳᠠᠭᠤᠰᠬᠠᠬᠤ ᠳᠤ ᠬᠡᠷᠡᠭ ᠳᠠᠷᠠᠭᠠᠯᠠᠨ ᠬᠠᠷᠢᠭᠤ ᠰᠤᠷᠪᠤᠯᠵᠢᠯᠠᠵᠤ᠂ ᠬᠡᠷᠡᠭ ᠢ ᠳᠠᠭᠤᠰᠬᠠᠵᠤ ᠤᠴᠢᠷ ᠶᠠᠪᠤᠳᠠᠯ ᠢ | ᠳᠠᠭᠤᠰᠬᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠤᠳᠠᠯ ᠬᠠᠭᠤᠷᠮᠠᠭ ᠢᠶᠠᠷ ᠬᠡᠷᠡᠭ ᠢ ᠳᠠᠭᠤᠰᠬᠠᠭᠰᠠᠨ ᠵᠡᠷᠭᠡ | ᠪᠠᠶᠢᠳᠠᠯ ᠣᠷᠣᠰᠢᠵᠤ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠣᠨ ᠤ ᠰᠢᠯᠭᠠᠨ ᠬᠢᠨᠠᠬᠤ ᠳᠤ ᠬᠤᠪᠢ ᠬᠠᠰᠤᠬᠤ ᠵᠦᠶ᠋ᠯ ᠳᠤ ᠵᠢᠭᠰᠠᠭᠠᠨ | ᠣᠷᠣᠭᠤᠯᠤᠨ᠎ᠠ᠃ | ︵ᠠᠷᠪᠠᠨ ᠭᠤᠷᠪᠠ︶ ᠢᠲᠡᠭᠡᠯ ᠠᠯᠳᠠᠭᠰᠠᠳ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠪᠠ ᠨᠡᠶᠢᠭᠡᠮ | ᠨᠡᠶᠢᠲᠡ ᠪᠠᠷ ᠢᠶᠠᠨ ᠨᠡᠶᠢᠲᠡᠯᠡᠬᠦ ᠶᠢ ᠰᠠᠶᠢᠲᠤᠷ ᠬᠢᠨ᠎ᠠ᠃ ᠴᠠᠯᠢᠩ ᠥᠷᠢᠲᠦᠬᠦ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ ᠰᠢᠢᠳᠪᠦᠷᠢᠯᠡᠬᠦ ᠡᠷᠴᠢᠮ ᠰᠤᠯᠠ ᠪᠠᠶᠢᠭ᠎ᠠ ᠠᠰᠠᠭᠤᠳᠠᠯ ᠳᠤ | ᠴᠢᠭᠯᠡᠭᠦᠯᠦᠨ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠤᠳ ᠴᠠᠯᠢᠩ ᠥᠷᠢᠲᠦᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ︽ᠬᠡᠷᠡᠭ ᠪᠣᠯᠭᠠᠨ | ᠳᠠᠩᠰᠠᠯᠠᠬᠤ ᠶᠣᠰᠣᠲᠠᠶ ᠪᠠᠶᠢᠪᠠᠯ ᠵᠠᠪᠠᠯ ᠬᠡᠷᠡᠭ ᠪᠣᠯᠭᠠᠨ ᠳᠡᠩᠰᠡᠯᠡᠵᠦ︾᠂ ᠬᠠᠤᠯᠢ ᠶᠣᠰᠣᠭᠠᠷ ᠵᠠᠰᠠᠭ ᠵᠠᠬᠢᠷᠭᠠᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠨᠢ ︽ᠢᠲᠡᠭᠡᠯ ᠠᠯᠳᠠᠭᠰᠠᠳ ᠢ ᠬᠤᠯᠪᠣᠭᠠᠯᠠᠨ ᠵᠠᠯᠬᠠᠭᠠᠨ | ᠴᠡᠭᠡᠷᠯᠡᠭᠦᠯᠬᠦ ᠡᠲᠡᠭᠡᠳ ᠤᠨ ᠨᠡᠷᠡᠰ︾ ᠲᠤ ᠵᠢᠭᠰᠠᠭᠠᠨ ᠣᠷᠣᠭᠤᠯᠤᠭᠰᠠᠨ ᠪᠠᠶᠢᠳᠠᠯ ᠳᠤ ᠨᠡᠶᠢᠴᠡᠭᠰᠡᠨ ᠪᠠᠶᠢᠪᠠᠯ᠂ | ᠪᠦᠬᠦᠨ ᠢ ᠵᠢᠭᠰᠠᠭᠠᠨ ᠵᠢᠭᠰᠠᠭᠠᠬᠤ ᠬᠡᠷᠡᠭᠲᠡᠶ᠃ ᠬᠥᠭᠵᠢᠭᠦᠯᠦᠯᠲᠡ ᠥᠭᠡᠷᠡᠴᠢᠯᠡᠯᠲᠡ᠂ ᠣᠷᠣᠨ ᠰᠠᠭᠤᠴᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠰᠠᠯᠠᠭ᠎ᠠ ᠮᠥᠴᠢᠷ ᠤᠳ ᠪᠠᠷᠢᠯᠭ᠎ᠠ ᠶᠢᠨ ᠦᠢᠯᠡᠰ ᠤᠨ ᠪᠠᠷᠢᠯᠭ᠎ᠠ ᠶᠢᠨ | ᠠᠵᠤ ᠠᠬᠤᠶᠢᠯᠠᠯ ᠤᠨ ᠢᠲᠡᠭᠡᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ︽ᠢᠲᠡᠭᠡᠯ ᠠᠯᠳᠠᠭᠰᠠᠳ ᠢ | ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠡᠲᠡᠭᠡᠳ ᠤᠨ ᠨᠡᠷᠡᠰ︾ ᠲᠤ ᠵᠢᠭᠰᠠᠭᠠᠭᠳᠠᠭᠰᠠᠨ ᠠᠵᠤ ᠠᠬᠤᠶᠢᠯᠠᠯ ᠳᠤ | ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠵᠦ᠂ ᠡᠭᠦᠨ ᠳᠤ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠵᠦᠢᠯᠡᠰ ᠤᠨ ᠳᠠᠭᠠᠭᠠᠴᠢᠯᠠᠯᠲᠠ ᠳᠤ ᠣᠷᠣᠯᠴᠠᠬᠤ ᠬᠢᠷᠢ ᠬᠡᠮ ᠢ ᠬᠦᠴᠦᠨ ᠦᠭᠡᠶ ᠪᠣᠯᠭᠠᠬᠤ᠂ | ᠰᠢᠨ᠎ᠡ ᠪᠠᠷ ᠨᠡᠮᠡᠭᠳᠡᠬᠦ ᠵᠦᠢᠯᠡᠰ ᠤᠨ ᠵᠥᠪᠰᠢᠶᠡᠷᠡᠯ ᠢ ᠬᠢᠵᠠᠭᠠᠷᠯᠠᠬᠤ᠂ ᠡᠳ᠋ ᠤᠨ ᠵᠠᠰᠠᠭ ᠤᠨ ᠴᠢᠨᠠᠷᠲᠠᠶ ᠪᠡᠯᠡ | ᠮᠥᠩᠭᠦ ᠶᠢᠨ ᠵᠦᠢᠯᠡᠰ ᠢ ᠭᠤᠶᠤᠴᠢᠯᠠᠬᠤ ᠶᠢ ᠬᠢᠵᠠᠭᠠᠷᠯᠠᠬᠤ ᠵᠡᠷᠭᠡ ᠪᠠᠭᠲᠠᠨ᠎ᠠ᠂ 1 ᠵᠢᠯ ᠤᠨ ᠳᠣᠲᠣᠷ᠎ᠠ 3 | ᠤᠳᠠᠭ᠎ᠠ ᠠᠴᠠ ᠳᠡᠭᠡᠭᠰᠢ ᠪᠤᠶᠤ 3 ᠵᠢᠯ ᠳᠠᠷᠠᠭᠠᠯᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ | ᠥᠷᠢᠲᠦᠵᠦ ᠤᠳᠠᠭᠠᠰᠢᠷᠠᠭᠤᠯᠤᠭᠰᠠᠨ ᠬᠡᠷᠡᠭ ᠭᠠᠷᠤᠭᠰᠠᠨ ᠠᠵᠤ ᠠᠬᠤᠶᠢᠯᠠᠯ ᠢ ᠵᠠᠬ᠎ᠠ ᠳᠡᠯᠭᠡᠭᠦᠷ ᠲᠤ ᠵᠥᠪᠰᠢᠶᠡᠷᠡᠨ | ᠣᠷᠣᠭᠤᠯᠬᠤ ᠵᠡᠷᠭᠡ ᠲᠠᠯ᠎ᠠ ᠪᠠᠷ ᠬᠢᠵᠠᠭᠠᠷᠯᠠᠬᠤ ᠶᠢᠨ ᠬᠠᠮᠲᠤ᠂ ᠬᠠᠮᠢᠶ᠎ᠠ ᠪᠥᠬᠦᠶ ᠲᠣᠭᠲᠠᠭᠠᠯ ᠶᠣᠰᠣᠭᠠᠷ᠂ ᠤᠯᠠᠷᠢᠯ | ᠪᠦᠷᠢ ᠨᠡᠶᠢᠭᠡᠮ ᠨᠡᠶᠢᠲᠡ ᠳᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠬᠦᠨᠳᠦ ᠨᠣᠴᠢᠲᠠᠶ | ᠥᠷᠢᠲᠦᠵᠦ ᠤᠳᠠᠭᠠᠰᠢᠷᠠᠭᠤᠯᠤᠭᠰᠠᠨ ᠬᠠᠤᠯᠢ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠶᠢ ᠨᠡᠶᠢᠲᠡᠯᠡᠨ᠎ᠡ᠃ | ︵ᠠᠷᠪᠠᠨ ᠳᠥᠷᠪᠡ︶ ᠬᠠᠤᠯᠢ ᠪᠤᠰᠤ ᠪᠠᠷ ᠴᠠᠯᠢᠩ ᠨᠡᠬᠡᠬᠦ ᠦᠢᠯᠡ ᠠᠵᠢᠯᠯᠠᠭ᠎ᠠ ᠶᠢ ᠴᠢᠩᠭ᠎ᠠ ᠰᠢᠢᠳᠪᠦᠷᠢᠯᠡᠨ᠎ᠡ ᠃ | ᠬᠥᠳᠡᠯᠮᠦᠷᠢ ᠦᠢᠯᠡᠴᠢᠯᠡᠭᠡᠨ ᠤ ᠵᠢᠭᠤᠷᠠᠯᠳᠤᠭᠠᠨ ᠢᠶᠠᠷ ᠰᠢᠯᠲᠠᠭ ᠪᠣᠯᠭᠠᠵᠤ ᠬᠠᠤᠯᠢ ᠪᠤᠰᠤ ᠪᠠᠷ ᠴᠠᠯᠢᠩ ᠨᠡᠬᠡᠵᠦ | ᠠᠵᠢᠯᠴᠢᠨ ᠬᠡᠷᠡᠭᠯᠡᠬᠦ ᠵᠠᠬ᠎ᠠ ᠳᠡᠯᠭᠡᠭᠦᠷ ᠢ ᠰᠠᠮᠠᠭᠤᠷᠠᠭᠤᠯᠤᠭᠰᠠᠨ ᠠᠰᠠᠭᠤᠳᠠᠯ ᠳᠤ ᠴᠢᠭᠯᠡᠭᠦᠯᠦᠨ᠂ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠠᠴᠠ ᠴᠠᠯᠢᠩ ᠨᠡᠬᠡᠬᠦ ᠶᠠᠪᠤᠴᠠ ᠳᠠᠬᠢ ᠠᠯᠪᠠᠨ ᠠᠵᠢᠯ ᠤᠨ ᠡᠮᠬᠢ ᠵᠢᠷᠤᠮ ᠢ ᠬᠠᠷᠰᠢᠯᠠᠬᠤ | ᠪᠤᠶᠤ ᠰᠠᠮᠠᠭᠤᠷᠠᠭᠤᠯᠬᠤ᠂ ᠤᠯᠠᠨ ᠢ ᠴᠤᠭᠯᠠᠭᠤᠯᠤᠨ ᠬᠡᠷᠡᠭ ᠥᠳᠥᠭᠡᠵᠦ ᠤᠯᠠᠨ ᠨᠡᠶᠢᠲᠡ ᠶᠢᠨ ᠡᠮᠬᠢ ᠵᠢᠷᠤᠮ ᠢ | ᠰᠠᠮᠠᠭᠤᠷᠠᠭᠤᠯᠬᠤ᠂ ᠦᠨᠡᠨ ᠪᠣᠳᠠᠲᠠᠶ ᠪᠤᠰᠤ ᠦᠭᠡ ᠶᠠᠷᠢᠶ᠎ᠠ ᠲᠠᠷᠬᠠᠭᠠᠬᠤ ᠵᠡᠷᠭᠡ ᠦᠢᠯᠡ ᠠᠵᠢᠯᠯᠠᠭ᠎ᠠ ᠳᠤ ᠬᠠᠤᠯᠢ | ᠶᠣᠰᠣᠭᠠᠷ ᠴᠢᠩᠭ᠎ᠠ ᠴᠣᠬᠢᠯᠲᠠ ᠥᠭᠬᠦ ᠬᠡᠷᠡᠭᠲᠡᠶ᠃ | ︵ᠠᠷᠪᠠᠨ ᠲᠠᠪᠤ︶ ᠴᠠᠯᠢᠩ ᠥᠷᠢᠲᠦᠬᠦ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | ᠬᠥᠳᠡᠯᠮᠦᠷᠢ ᠶᠢᠨ ᠬᠥᠯᠥᠰᠥ ᠣᠯᠭᠤᠮᠵᠢ ᠥᠭᠬᠦ ᠶᠢ ᠲᠡᠪᠴᠢᠭᠰᠡᠨ ᠰᠡᠵᠢᠭᠯᠡᠯᠲᠡᠶ ᠶᠠᠯᠠᠲᠤ ᠠᠵᠢᠯᠯᠠᠭ᠎ᠠ ᠳᠤ ᠴᠣᠬᠢᠯᠲᠠ | ᠥᠭᠬᠦ ᠡᠷᠴᠢᠮ ᠨᠢ ᠬᠦᠷᠦᠯᠴᠡᠬᠦ ᠦᠭᠡᠢ ᠪᠠᠶᠢᠬᠤ ᠠᠰᠠᠭᠤᠳᠠᠯ ᠳᠤ ᠴᠢᠭᠯᠡᠭᠦᠯᠦᠨ᠂ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠨᠤᠭᠤᠳ ᠴᠠᠯᠢᠩ ᠥᠷᠢᠲᠦᠬᠦ ᠠᠰᠠᠭᠤᠳᠠᠯ ᠢ ᠰᠢᠶ᠋ᠳᠪᠦᠷᠢᠯᠡᠬᠦ ᠳᠤ ᠰᠠᠨᠠᠭᠠᠴᠢᠯᠠᠭ᠎ᠠ ᠠᠴᠠ ᠪᠠᠨ | ᠣᠷᠣᠯᠴᠠᠵᠤ᠂ ᠴᠠᠯᠢᠩ ᠥᠷᠢᠲᠦᠬᠦ ᠶᠠᠯᠠᠲᠤ ᠠᠵᠢᠯᠯᠠᠭ᠎ᠠ ᠶᠢ ᠵᠠᠯᠬᠠᠭᠠᠨ ᠰᠢᠳᠬᠡᠬᠦ ᠡᠷᠴᠢᠮ ᠢᠶᠠᠨ ᠴᠢᠩᠭᠠᠷᠠᠭᠤᠯᠵᠤ᠂ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠲᠠᠢ ᠬᠠᠮᠲᠤᠷᠠᠨ ᠬᠠᠤᠯᠢ ᠬᠡᠷᠡᠭᠵᠢᠭᠦᠯᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠴᠠᠯᠢᠩ ᠥᠷᠢᠲᠦᠬᠦ | ᠬᠠᠷᠢᠭᠤᠴᠠᠯᠭ᠎ᠠ ᠶᠢᠨ ᠪᠡᠶᠡᠴᠢ ᠴᠣᠭᠴᠠ ᠳᠤ ᠬᠠᠮᠲᠤᠷᠠᠨ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠬᠦ ᠬᠡᠷᠡᠭᠲᠡᠶ᠃ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ | ᠡᠳ᠋ ᠬᠥᠷᠥᠩᠭᠡ ᠶᠢ ᠰᠢᠯᠵᠢᠭᠦᠯᠬᠦ᠂ ᠣᠷᠭᠤᠨ ᠳᠠᠯᠳᠠᠯᠠᠬᠤ ᠵᠡᠷᠭᠡ ᠠᠷᠭ᠎ᠠ ᠮᠠᠶ᠋ᠢᠭ ᠢᠶᠠᠷ ᠬᠥᠳᠡᠯᠮᠦᠷᠢᠴᠢᠨ ᠤ | ᠬᠥᠳᠡᠯᠮᠦᠷᠢ ᠶᠢᠨ ᠬᠥᠯᠥᠰᠥ ᠣᠯᠭᠤᠮᠵᠢ ᠶᠢ ᠥᠭᠬᠦ ᠠᠴᠠ ᠵᠠᠶᠢᠯᠠᠭᠰᠠᠨ ᠪᠤᠶᠤ ᠥᠭᠬᠦ ᠴᠢᠳᠠᠪᠤᠷᠢ ᠲᠠᠢ ᠪᠠᠶᠢᠭᠠᠳ | ᠬᠥᠳᠡᠯᠮᠦᠷᠢᠴᠢᠨ ᠤ ᠬᠥᠳᠡᠯᠮᠦᠷᠢ ᠶᠢᠨ ᠬᠥᠯᠥᠰᠥ ᠣᠯᠭᠤᠮᠵᠢ ᠶᠢ ᠥᠭᠬᠦ ᠥᠬᠡᠶ ᠪᠠᠶᠢᠵᠤ᠂ ᠲᠤᠭ᠎ᠠ ᠬᠡᠮᠵᠢᠶ᠎ᠡ ᠨᠢ | ᠨᠡᠯᠢᠶᠡᠳ ᠶᠡᠭᠡ ᠪᠠᠶᠢᠪᠠᠯ᠂ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠥᠭᠭᠦᠭᠦᠯᠬᠦ ᠪᠠᠷ | ᠵᠠᠷᠯᠢᠭᠳᠠᠭᠰᠠᠨ ᠪᠣᠯᠪᠠᠴᠤ ᠮᠥᠨ ᠥᠭᠬᠦ ᠥᠬᠡᠶ ᠪᠠᠶᠢᠬᠤ ᠬᠥᠳᠡᠯᠮᠦᠷᠢ ᠶᠢᠨ ᠬᠥᠯᠥᠰᠥ ᠣᠯᠭᠤᠮᠵᠢ ᠶᠢ ᠥᠭᠬᠦ ᠶᠢ | ᠲᠡᠪᠴᠢᠭᠰᠡᠨ ᠰᠡᠵᠢᠭᠯᠡᠯᠲᠡᠶ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠳᠤ ᠰᠢᠯᠵᠢᠭᠦᠯᠦᠨ ᠬᠦᠷᠭᠡᠬᠦ ᠬᠡᠷᠡᠭᠲᠡᠶ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ | ᠬᠥᠳᠡᠯᠮᠦᠷᠢ ᠶᠢᠨ ᠬᠥᠯᠥᠰᠥ ᠣᠯᠭᠤᠮᠵᠢ ᠥᠭᠬᠦ ᠶᠢ ᠲᠡᠪᠴᠢᠭᠰᠡᠨ ᠰᠡᠵᠢᠭᠯᠡᠯᠲᠡᠶ ᠦᠢᠯᠡ ᠠᠵᠢᠯᠯᠠᠭ᠎ᠠ ᠶᠢ ᠲᠦᠷᠭᠡᠨ | ᠲᠤᠷᠰᠢᠨ ᠪᠠᠶᠢᠴᠠᠭᠠᠵᠤ᠂ ᠲᠦᠷᠭᠡᠨ ᠪᠠᠶᠢᠴᠠᠭᠠᠵᠤ᠂ ᠲᠦᠷᠭᠡᠨ ᠰᠢᠶ᠋ᠳᠪᠦᠷᠢᠯᠡᠵᠦ᠂ ᠨᠢᠭᠡ ᠶᠢ ᠣᠯᠵᠤ ᠮᠡᠳᠡᠪᠡᠯ | ᠨᠢᠭᠡ ᠶᠢ ᠪᠠᠶᠢᠴᠠᠭᠠᠨ ᠰᠢᠶ᠋ᠳᠪᠦᠷᠢᠯᠡᠬᠦ ᠬᠡᠷᠡᠭᠲᠡᠶ᠃ | ︵ᠠᠷᠪᠠᠨ ᠵᠢᠷᠭᠤᠭ᠎ᠠ︶ ᠬᠠᠭᠤᠴᠢᠨ ᠥᠷᠢ ᠰᠢᠷᠢ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠶᠢ ᠪᠥᠬᠦ | ᠬᠦᠴᠦᠨ ᠢᠶᠠᠷ ᠢᠶᠠᠨ ᠠᠬᠢᠭᠤᠯᠤᠨ᠎ᠠ᠃ ᠬᠡᠰᠡᠭ ᠬᠠᠭᠤᠴᠢᠨ ᠥᠷᠢ ᠰᠢᠷᠢ ᠶᠢᠨ ᠳᠠᠷᠤᠭᠳᠠᠭᠰᠠᠨ ᠬᠡᠷᠡᠭ ᠢ | ᠰᠢᠢᠳᠪᠦᠷᠢᠯᠡᠬᠦ ᠥᠬᠡᠶ ᠤᠳᠠᠭᠠᠰᠢᠷᠠᠭᠤᠯᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠣᠨ ᠨᠤᠭᠤᠳ ᠡᠯ᠎ᠡ ᠲᠠᠯ᠎ᠠ ᠶᠢᠨ ᠬᠦᠴᠦᠨ ᠢ ᠨᠢᠭᠡᠳᠦᠯᠲᠡᠶ ᠲᠥᠯᠥᠪᠯᠡᠵᠦ ᠪᠠᠶᠢᠭᠠᠳ ᠬᠠᠭᠤᠴᠢᠨ | ᠥᠷᠢ ᠰᠢᠷᠢ ᠶᠢᠨ ᠬᠡᠷᠡᠭ ᠢ ᠵᠣᠬᠢᠴᠠᠭᠤᠯᠤᠨ ᠰᠢᠶ᠋ᠳᠪᠦᠷᠢᠯᠡᠵᠦ᠂ ᠪᠠᠯᠠ ᠮᠥᠩᠭᠦ ᠶᠢᠨ ᠬᠡᠯᠬᠢᠶ᠎ᠡ ᠲᠠᠰᠤᠷᠠᠭᠰᠠᠨ᠂ | ᠡᠪᠳᠡᠷᠡᠵᠦ ᠴᠤᠴᠠᠷᠠᠭᠰᠠᠨ ᠪᠠᠷᠢᠯᠭ᠎ᠠ᠂ ᠣᠯᠠᠨ ᠵᠢᠯ ᠤᠨ ᠲᠤᠷᠰᠢ ᠳᠡᠭᠡᠭᠰᠢ ᠰᠤᠷᠪᠤᠯᠵᠢᠯᠠᠭᠰᠠᠨ ᠢᠶᠠᠷ ᠥᠷᠢᠲᠦᠭᠰᠡᠨ | ᠵᠣᠭᠤᠰ ᠢ ᠲᠤᠰᠬᠠᠭᠰᠠᠨ ᠵᠡᠷᠭᠡ ᠠᠰᠠᠭᠤᠳᠠᠯ ᠪᠤᠶᠤ ᠪᠠᠷᠢᠯᠭ᠎ᠠ ᠶᠢᠨ ᠶᠠᠰᠤ ᠴᠢᠨᠠᠷ᠂ ᠬᠥᠳᠡᠯᠮᠦᠷᠢ ᠦᠶ᠋ᠯᠡᠴᠢᠯᠡᠭᠡ ᠶᠢᠨ | ᠵᠢᠭᠤᠷᠠᠯᠳᠤᠭᠠᠨ ᠵᠡᠷᠭᠡ ᠪᠠᠶᠢᠳᠠᠯ ᠣᠷᠣᠰᠢᠵᠤ ᠪᠠᠶᠢᠪᠠᠯ᠂ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ | ᠰᠢᠶ᠋ᠳᠪᠦᠷᠢᠯᠡᠬᠦ ᠲᠣᠭᠲᠠᠴᠠ ᠪᠠᠷ ᠳᠠᠮᠵᠢᠭᠤᠯᠤᠨ ᠰᠢᠢᠳᠪᠦᠷᠢᠯᠡᠬᠦ ᠶᠢ ᠬᠥᠲᠥᠯᠦᠨ ᠵᠢᠯᠣᠭᠤᠳᠬᠤ ᠬᠡᠷᠡᠭᠲᠡᠶ᠃ ᠡᠯ᠎ᠡ | ᠱᠠᠲᠤᠨ ᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠣᠯᠭᠤᠬᠤ ᠶᠢ ᠪᠠᠲᠤᠯᠠᠬᠤ ᠠᠵᠢᠯ ᠤᠨ ᠬᠡᠷᠡᠭ | ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠶᠢᠨ ᠡᠯ᠎ᠡ ᠪᠦᠷᠢᠯᠳᠦᠬᠦᠨ ᠨᠢᠭᠡᠴᠢ ᠨᠦᠭᠦᠳ ᠨᠢᠭᠲᠠ ᠬᠠᠮᠵᠢᠯᠴᠠᠵᠤ᠂ | ᠠᠷᠠᠳ ᠤᠨ ᠡᠶᠡᠳᠡᠭᠦᠯᠬᠦ ᠡᠷᠴᠢᠮ ᠢ ᠴᠢᠩᠭᠠᠷᠠᠭᠤᠯᠬᠤ᠂ ᠬᠠᠤᠯᠢ ᠴᠠᠭᠠᠵᠠ ᠶᠢᠨ ᠨᠤᠲᠠᠯᠠᠯᠲᠠ ᠶᠢ ᠴᠠᠭ ᠲᠤᠬᠠᠶ ᠳᠤᠨᠢ | ᠵᠣᠬᠢᠶᠠᠨ ᠪᠠᠶᠢᠭᠤᠯᠬᠤ᠂ ᠬᠥᠳᠡᠯᠮᠦᠷᠢ ᠶᠢᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠶᠢ ᠴᠠᠭ ᠲᠤᠬᠠᠶ ᠳᠤᠨᠢ | ᠶᠠᠪᠤᠭᠳᠠᠭᠤᠯᠬᠤ᠂ ᠵᠠᠷᠭᠤ ᠶᠢᠨ ᠦᠶ᠋ᠯᠡᠴᠢᠯᠡᠭᠡᠨ ᠤ ᠪᠣᠬᠢᠷᠲᠤᠯ ᠥᠬᠡᠶ ᠠᠷᠭ᠎ᠠ ᠵᠠᠮ ᠢ ᠨᠡᠭᠡᠭᠡᠬᠦ᠂ ᠵᠠᠷᠭᠤ ᠶᠢᠨ | ᠰᠦᠶ᠋ᠳᠬᠡᠯ ᠢ ᠬᠤᠶᠢᠰᠢᠯᠠᠭᠤᠯᠤᠨ ᠲᠤᠰᠢᠶᠠᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ ᠳᠠᠷᠤᠭᠳᠠᠭᠰᠠᠨ ᠬᠠᠭᠤᠴᠢᠨ | ᠬᠡᠷᠡᠭ ᠢ ᠪᠦᠲᠦᠮᠵᠢᠲᠡᠶ ᠰᠢᠶ᠋ᠳᠪᠦᠷᠢᠯᠡᠬᠦ ᠶᠢ ᠠᠬᠢᠭᠤᠯᠬᠤ ᠬᠡᠷᠡᠭᠲᠡᠶ᠃ | ᠲᠠᠪᠤ᠂ ᠠᠵᠢᠯ ᠤᠨ ᠲᠣᠭᠲᠠᠴᠠ ᠶᠢ ᠪᠥᠷᠢᠨᠰᠢᠬᠦᠯᠥᠨ᠂ ᠪᠠᠲᠤᠯᠠᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠬᠦ | ᠬᠡᠷᠡᠭᠲᠡᠶ | ︵ᠠᠷᠪᠠᠨ ᠳᠣᠯᠤᠭ᠎ᠠ︶ ᠰᠢᠯᠭᠠᠨ ᠬᠢᠨᠠᠵᠤ ᠬᠢᠨᠠᠯᠲᠠ ᠲᠠᠯᠪᠢᠬᠤ ᠶᠢ ᠴᠢᠩᠭᠠᠷᠠᠭᠤᠯᠤᠨ᠎ᠠ᠃ ᠰᠢᠯᠭᠠᠨ ᠬᠢᠨᠠᠬᠤ ᠶᠢᠨ | ︽ᠳᠣᠬᠢᠭᠤᠷ︾ ᠤᠨ ᠦᠢᠯᠡᠳᠦᠯ ᠢ ᠪᠠᠳᠠᠷᠠᠭᠤᠯᠤᠭᠰᠠᠨ ᠢᠶᠠᠷ ᠬᠦᠷᠦᠯᠴᠡᠬᠦ ᠥᠬᠡᠶ᠂ ᠡᠳᠦᠷ ᠲᠤᠲᠤᠮ ᠤᠨ ᠬᠢᠨᠠᠯᠲᠠ | ᠲᠠᠯᠪᠢᠬᠤ ᠡᠷᠴᠢᠮ ᠢᠶᠠᠷ ᠬᠦᠷᠦᠯᠴᠡᠬᠦ ᠥᠬᠡᠶ ᠵᠡᠷᠭᠡ ᠠᠰᠠᠭᠤᠳᠠᠯ ᠳᠤ ᠴᠢᠭᠯᠡᠭᠦᠯᠦᠨ᠂ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠣᠨ ᠢᠶᠠᠷ ᠲᠣᠰ ᠱᠠᠲᠤᠨ ᠤ ᠬᠤᠯᠪᠣᠭᠳᠠᠯ ᠪᠥᠬᠦᠶ | ᠰᠠᠯᠠᠭ᠎ᠠ ᠮᠥᠴᠢᠷ ᠪᠠ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠮᠠᠯᠴᠢᠨ ᠲᠠᠷᠢᠶᠠᠴᠢᠨ | ᠬᠦᠴᠦ ᠶᠠᠪᠤᠭᠰᠠᠳ ᠤᠨ ᠴᠠᠯᠢᠩ ᠣᠯᠭᠤᠬᠤ ᠶᠢ ᠪᠠᠲᠤᠯᠠᠬᠤ ᠠᠵᠢᠯ ᠢ ᠰᠢᠯᠭᠠᠨ ᠬᠢᠨᠠᠵᠤ᠂ ᠰᠢᠯᠭᠠᠨ ᠬᠢᠨᠠᠭᠰᠠᠨ ᠦᠷ᠎ᠡ | ᠳ᠋ᠦᠩ ᠨᠢ ᠰᠢᠯᠢᠳᠡᠭ ᠪᠠᠶᠢᠬᠤ ᠶᠢ ᠨᠢ ᠨᠡᠪᠲᠡᠷᠡᠭᠦᠯᠦᠨ ᠰᠠᠶᠢᠰᠢᠶᠠᠬᠤ ᠬᠡᠷᠡᠭᠲᠡᠶ︔ ᠰᠢᠯᠭᠠᠨ ᠬᠢᠨᠠᠭᠰᠠᠨ ᠦᠷ᠎ᠡ | ᠳ᠋ᠦᠩ ᠨᠢ ᠬᠢᠷᠢ ᠲᠡᠩᠴᠡᠭᠰᠡᠨ ᠥᠬᠡᠶ᠂ ᠴᠠᠯᠢᠩ ᠥᠷᠢᠲᠦᠬᠦ ᠠᠰᠠᠭᠤᠳᠠᠯ ᠣᠯᠠᠨ ᠭᠠᠷᠤᠭᠰᠠᠨ ᠭᠠᠵᠠᠷ ᠣᠷᠣᠨ᠂ | ᠡᠰᠡᠬᠦᠯ᠎ᠡ ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠬᠡᠭᠰᠡᠨ ᠨᠢ ᠪᠣᠳᠠᠲᠠᠶᠢᠵᠢᠭᠰᠠᠨ ᠥᠬᠡᠶ ᠰᠠᠯᠠᠭ᠎ᠠ ᠮᠥᠴᠢᠷ ᠲᠤ | ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠬᠤ ᠬᠡᠷᠡᠭᠲᠡᠶ᠃ | ︵ᠠᠷᠪᠠᠨ ᠨᠠᠢᠮᠠ ︶ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠎ᠠ᠃ ᠡᠯ᠎ᠡ ᠲᠠᠯ᠎ᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠬᠡᠶ ᠠᠰᠠᠭᠤᠳᠠᠯ ᠳᠤ ᠴᠢᠭᠯᠡᠭᠦᠯᠦᠨ᠂ ᠡᠯ᠎ᠡ | ᠱᠠᠲᠤᠨ ᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠣᠯᠭᠤᠬᠤ ᠶᠢ ᠪᠠᠲᠤᠯᠠᠬᠤ ᠠᠵᠢᠯ ᠤᠨ ᠬᠡᠷᠡᠭ | ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠨᠢ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠥᠪᠯᠡᠯ ᠯᠦᠭᠡ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠠᠷ᠎ᠠ | ᠰᠠᠷ᠎ᠠ ᠪᠠᠷ ᠠᠵᠢᠯ ᠢᠶᠠᠨ ᠳᠣᠭᠢᠷᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠤᠭᠰᠠᠨ ᠪᠠᠶᠢᠳᠠᠯ ᠢᠶᠠᠨ ᠠᠳᠠᠯᠢ | ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠳᠤ ᠮᠡᠳᠡᠭᠦᠯᠵᠦ᠂ ᠡᠭᠦᠷᠭᠡ | ᠬᠠᠷᠢᠭᠤᠴᠠᠯᠭ᠎ᠠ ᠪᠠᠨ ᠰᠠᠶᠢᠲᠤᠷ ᠭᠦᠢᠴᠡᠳᠭᠡᠭᠰᠡᠨ ᠥᠬᠡᠶ ᠵᠡᠷᠭᠡ ᠪᠠᠶᠢᠳᠠᠯ ᠢ ᠴᠠᠭ ᠲᠤᠬᠠᠶ ᠳᠤᠨᠢ ᠰᠢᠮᠳᠠᠭᠤᠯᠤᠨ | ᠰᠢᠢᠳᠪᠦᠷᠢᠯᠡᠬᠦᠯᠵᠦ ᠰᠠᠨᠠᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠮᠠᠯᠴᠢᠨ ᠲᠠᠷᠢᠶᠠᠴᠢᠨ ᠬᠦᠴᠦ | ᠶᠠᠪᠤᠭᠰᠠᠳ ᠤᠨ ᠴᠠᠯᠢᠩ ᠥᠭᠬᠦ ᠶᠢ ᠪᠠᠲᠤᠯᠠᠬᠤ ᠠᠵᠢᠯ ᠤᠨ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠶᠢᠨ | ᠠᠯᠪᠠᠨ ᠭᠡᠷ ᠠᠴᠠ ᠥᠪᠡᠷᠲᠡᠭᠡᠨ ᠵᠠᠰᠠᠬᠤ ᠣᠷᠣᠨ ᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ | ᠥᠭᠬᠦ ᠶᠢ ᠪᠠᠲᠤᠯᠠᠬᠤ ᠠᠵᠢᠯ ᠤᠨ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠳᠤ ᠮᠡᠳᠡᠭᠦᠯᠵᠦ | ᠵᠥᠪᠰᠢᠶᠡᠷᠡᠭᠦᠯᠦᠭᠰᠡᠨ ᠤ ᠳᠠᠷᠠᠭ᠎ᠠ᠂ ᠬᠠᠮᠢᠶ᠎ᠠ ᠪᠥᠬᠦᠶ ᠲᠣᠭᠲᠠᠭᠠᠯ ᠶᠣᠰᠣᠭᠠᠷ ᠬᠡᠷᠡᠭ ᠶᠠᠪᠤᠳᠠᠯ ᠳᠤ ᠬᠤᠯᠪᠣᠭᠳᠠᠭᠰᠠᠨ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠬᠤᠰᠢᠭᠤ ᠰᠢᠶᠠᠨ ︵ᠬᠤᠲᠠ᠂ | ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ᠂ ᠬᠤᠪᠢᠳᠠᠨ ᠬᠠᠮᠢᠶᠠᠷᠴᠤ ᠪᠥᠬᠦᠶ | ᠬᠠᠷᠢᠭᠤᠴᠠᠯᠭᠠᠲᠠᠨ ᠵᠢᠴᠢ ᠬᠠᠮᠢᠶ᠎ᠠ ᠪᠥᠬᠦᠶ ᠬᠥᠮᠦᠰ ᠲᠠᠢ ᠪᠣᠯᠵᠣᠨ ᠶᠠᠷᠢᠯᠴᠠᠵᠤ᠂ ᠬᠠᠷᠢᠯᠴᠠᠨ ᠲᠦᠯᠬᠢᠯᠴᠡᠬᠦ᠂ ᠠᠯᠪᠠ | ᠬᠠᠰᠢᠵᠤ ᠠᠮᠠ ᠪᠥᠭᠯᠡᠬᠦ᠂ ᠴᠡᠭᠴᠡᠯᠡᠨ ᠰᠠᠶᠢᠵᠢᠷᠠᠭᠤᠯᠤᠭᠰᠠᠨ ᠨᠢ ᠬᠦᠴᠦᠨ ᠥᠬᠡᠶ ᠠᠴᠠ ᠪᠣᠯᠵᠣ ᠬᠦᠨᠳᠦ ᠨᠣᠴᠢᠲᠠᠶ | ᠦᠷ᠎ᠡ ᠳ᠋ᠦᠩ ᠭᠠᠷᠭᠠᠭᠰᠠᠨ ᠪᠠᠶᠢᠪᠠᠯ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠳᠤ | ᠰᠢᠯᠵᠢᠭᠦᠯᠦᠨ ᠬᠦᠷᠭᠡᠵᠦ ᠬᠠᠷᠢᠭᠤᠴᠠᠯᠭ᠎ᠠ ᠨᠡᠬᠡᠮᠵᠢᠯᠡᠨ᠎ᠡ᠃ | ︵ᠠᠷᠪᠠ ᠶᠢᠰᠦ︶ ᠬᠠᠤᠯᠢ ᠬᠡᠷᠡᠭᠵᠢᠭᠦᠯᠬᠦ ᠪᠠᠲᠤᠯᠠᠭ᠎ᠠ ᠶᠢ ᠴᠢᠩᠭᠠᠷᠠᠭᠤᠯᠤᠨ᠎ᠠ᠃ ᠬᠠᠤᠯᠢ ᠬᠡᠷᠡᠭᠵᠢᠭᠦᠯᠬᠦ | ᠡᠩᠨᠡᠭᠡ ᠶᠢᠨ ᠬᠦᠴᠦᠨ ᠪᠠᠭᠤᠷᠠᠶ ᠵᠠᠷᠤᠳᠠᠯ ᠤᠨ ᠪᠠᠲᠤᠯᠠᠭ᠎ᠠ ᠬᠦᠷᠦᠯᠴᠡᠬᠦ ᠥᠬᠡᠶ ᠪᠠᠶᠢᠬᠤ ᠠᠰᠠᠭᠤᠳᠠᠯ ᠳᠤ | ᠴᠢᠭᠯᠡᠭᠦᠯᠦᠨ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠵᠠᠰᠠᠭ ᠵᠠᠬᠢᠷᠭᠠᠨ ᠤ ᠣᠷᠣᠨ ᠤ | ᠳᠣᠲᠣᠷᠠᠬᠢ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠵᠤ ᠬᠠᠤᠯᠢ ᠬᠡᠷᠡᠭᠵᠢᠭᠦᠯᠬᠦ ᠶᠢ ᠬᠠᠷᠢᠭᠤᠴᠠᠬᠤ ᠭᠤᠤᠯ | ᠴᠣᠭᠴᠠ ᠪᠠ ᠲᠠᠰ ᠳᠠᠪᠬᠤᠷᠭ᠎ᠠ ᠶᠢ ᠰᠢᠯᠤᠭᠤᠳᠬᠠᠵᠤ᠂ ᠬᠠᠤᠯᠢ ᠬᠡᠷᠡᠭᠵᠢᠭᠦᠯᠬᠦ ᠬᠦᠴᠦᠨ ᠢ ᠲᠡᠭᠦᠯᠳᠡᠷᠵᠢᠭᠦᠯᠦᠨ᠂ | ᠠᠵᠢᠯᠲᠠᠨ ᠤ ᠲᠣᠬᠢᠷᠠᠭᠤᠯᠤᠯᠲᠠ ᠶᠢ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠣᠯᠭᠤᠬᠤ ᠶᠢ | ᠪᠠᠲᠤᠯᠠᠬᠤ ᠠᠵᠢᠯ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠱᠠᠭᠠᠷᠳᠠᠯᠭ᠎ᠠ ᠳᠤ ᠨᠠᠩ ᠢᠯᠡᠭᠦᠤ | ᠨᠡᠶᠢᠴᠡᠭᠦᠯᠬᠦ ᠬᠡᠷᠡᠭᠲᠡᠶ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠬᠥᠳᠡᠯᠮᠦᠷᠢ ᠶᠢᠨ | ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠳᠤ ᠬᠡᠷᠡᠭᠰᠡᠬᠦ ᠵᠠᠷᠤᠳᠠᠯ ᠢ ᠲᠣᠰ ᠱᠠᠲᠤᠨ ᠤ ᠡᠳ᠋ ᠤᠨ ᠵᠠᠰᠠᠭ ᠤᠨ | ︵ᠬᠤᠷᠢ︶ ᠡᠩᠨᠡᠭᠡ ᠶᠢᠨ ᠪᠠᠶᠢᠭᠤᠯᠤᠯᠲᠠ ᠶᠢ ᠴᠢᠩᠭᠠᠷᠠᠭᠤᠯᠤᠨ᠎ᠠ᠃ ᠬᠠᠤᠯᠢ ᠬᠡᠷᠡᠭᠵᠢᠭᠦᠯᠬᠦ ᠡᠩᠨᠡᠭᠡ ᠶᠢᠨ | ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠬᠦ ᠴᠢᠬᠤᠯᠠᠲᠠᠶ ᠠᠰᠠᠭᠤᠳᠠᠯ ᠳᠤ ᠴᠢᠭᠯᠡᠭᠦᠯᠦᠨ᠂ ᠡᠯ᠎ᠡ ᠱᠠᠲᠤᠨ ᠤ ᠬᠥᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ︽ᠴᠢᠩᠭ᠎ᠠ᠂ | ᠵᠢᠷᠤᠮᠵᠢᠯ ᠲᠠᠢ᠂ ᠲᠥᠪ ᠭᠤᠤᠯᠴᠢ᠂ ᠪᠣᠯᠪᠠᠰᠤᠨ ᠢᠶᠠᠷ︾ ᠬᠠᠤᠯᠢ ᠬᠡᠷᠡᠭᠵᠢᠭᠦᠯᠬᠦ ᠶᠢ ᠪᠥᠬᠦ ᠲᠠᠯ᠎ᠠ ᠪᠠᠷ ᠠᠬᠢᠭᠤᠯᠵᠤ᠂ | ᠬᠥᠳᠡᠯᠮᠦᠷᠢ ᠶᠢᠨ ᠬᠢᠨᠠᠨ ᠪᠠᠶᠢᠴᠠᠭᠠᠯᠲᠠ ᠶᠢᠨ ᠠᠵᠢᠯᠲᠠᠨ ᠤ ᠲᠤᠬᠠᠶᠢᠯᠠᠭᠰᠠᠨ ᠠᠵᠢᠯ ᠪᠠ ᠬᠠᠤᠯᠢ ᠬᠡᠷᠡᠭᠵᠢᠭᠦᠯᠬᠦ | ᠴᠢᠳᠠᠪᠤᠷᠢ ᠶᠢᠨ ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ | ᠴᠠᠯᠢᠩ ᠣᠯᠭᠤᠬᠤ ᠶᠢ ᠪᠠᠲᠤᠯᠠᠬᠤ ᠵᠡᠷᠭᠡ ᠬᠥᠳᠡᠯᠮᠦᠷᠢ ᠶᠢᠨ ᠪᠠᠲᠤᠯᠠᠭ᠎ᠠ ᠶᠢᠨ ᠬᠠᠤᠯᠢ ᠴᠠᠭᠠᠵᠠ ᠬᠠᠤᠯᠢ | ᠲᠣᠭᠲᠠᠭᠠᠯ ᠤᠨ ᠤᠬᠠᠭᠤᠯᠭ᠎ᠠ ᠶᠢᠨ ᠠᠵᠢᠯ ᠢ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠬᠦ ᠬᠡᠷᠡᠭᠲᠡᠶ᠃ ᠡᠯ᠎ᠡ | ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠪᠣᠯᠤᠨ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠠᠵᠤ ᠠᠬᠤᠶᠢᠯᠠᠯ ᠤᠨ | ᠬᠠᠷᠢᠭᠤᠴᠠᠯᠭᠠᠲᠠᠨ᠂ ᠲᠥᠷᠥᠯ ᠵᠦᠶ᠋ᠯ ᠤᠨ ᠳᠠᠭᠠᠭᠠᠮᠠᠯ᠂ ᠬᠥᠳᠡᠯᠮᠦᠷᠢ ᠴᠠᠯᠢᠩ ᠤᠨ ᠲᠤᠰᠬᠠᠶ ᠬᠠᠮᠢᠶᠠᠷᠤᠭᠴᠢ ᠵᠡᠷᠭᠡ | ᠬᠠᠮᠢᠶ᠎ᠠ ᠪᠥᠬᠦᠶ ᠠᠵᠢᠯᠲᠠᠨ ᠤ ᠪᠣᠯᠪᠠᠰᠤᠷᠠᠭᠤᠯᠤᠯ ᠢ ᠰᠠᠶᠢᠲᠤᠷ ᠬᠢᠵᠦ᠂ ᠡᠯ᠎ᠡ ᠲᠥᠷᠥᠯ ᠤᠨ ᠬᠥᠮᠦᠨ ᠬᠡᠷᠡᠭᠯᠡᠬᠦ | ᠨᠢᠭᠡᠴᠢ ᠶᠢᠨ ᠬᠠᠤᠯᠢ ᠶᠣᠰᠣᠭᠠᠷ ᠠᠵᠢᠯᠴᠢᠨ ᠬᠡᠷᠡᠭᠯᠡᠬᠦ ᠶᠢ ᠠᠬᠢᠭᠤᠯᠬᠤ ᠬᠡᠷᠡᠭᠲᠡᠶ᠃ | | | | |