ᠢᠦᠶ ᠵᠢᠶ ᠱᠦᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/11/25
      11 ᠰᠠᠷ᠎ᠠ ᠶᠢᠨ 24 ᠤ ᠡᠳᠦᠷ ᠠᠴᠠ 25 ᠤ ᠡᠳᠦᠷ ᠪᠣᠯᠲᠠᠯ᠎ᠠ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠠ᠃ ᠢᠦᠢ ᠵᠢᠢ ᠱᠦᠨ ᠤᠷᠢᠳ ᠬᠤᠵᠢᠳ ᠡᠮᠳᠦ ᠶᠢᠨ ᠭᠤᠣᠯ ᠰᠤᠮᠤ ᠶᠢᠨ  ᠪᠠᠶ᠋ᠬᠤᠪᠤᠭ᠎ᠠ ᠶᠢᠨ ᠠᠮᠢ ᠠᠬᠤᠢ ᠶᠢᠨ ᠵᠤᠭᠠᠴᠠᠯ ᠤᠨ ᠠᠮᠠᠷᠠᠯᠲᠠ ᠶᠢᠨ ᠲᠣᠰᠬᠤᠨ᠂  ᠲᠦᠷᠦᠯᠵᠢ ᠪᠠᠯᠭᠠᠰᠤ ᠶᠢᠨ ᠱᠤᠸᠠᠩ ᠶᠢᠨ ᠡᠭᠦᠯᠳᠡᠷ ᠤᠨ ᠲᠡᠵᠢᠭᠡᠨ ᠦᠷᠡᠵᠢᠭᠦᠯᠬᠦ ᠦᠢᠯᠡᠰ ᠤᠨ ᠲᠤᠰᠬᠠᠢ ᠬᠤᠷᠰᠢᠶ᠎ᠠ᠂ ᠪᠠᠶᠠᠨᠮᠠᠩᠬ᠎ᠠ ᠰᠤᠮᠤ ᠶᠢᠨ ᠵᠢᠢ ᠰᠢᠶᠠᠩ ᠠᠢ ᠯᠢ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠵᠡᠷᠭᠡ ᠭᠠᠵᠠᠷ ᠲᠤ ᠬᠦᠷᠴᠦ᠂ ᠠᠵᠤ ᠦᠢᠯᠡᠰ ᠤᠨ ᠬᠥᠭᠵᠢᠯᠲᠡ᠂ ᠠᠮᠢ ᠠᠬᠤᠢ ᠶᠢᠨ ᠪᠦᠳᠦᠭᠡᠨ ᠪᠠᠶᠢᠭᠤᠯᠤᠯᠲᠠ᠂ ᠲᠦᠷᠦᠯ ᠵᠦᠢᠯ ᠤᠨ ᠡᠵᠡᠩᠨᠡᠯᠲᠡ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠬᠤ ᠶᠢᠨ ᠬᠠᠮᠲᠤ ᠶᠠᠷᠢᠯᠴᠠᠬᠤ ᠬᠤᠷᠠᠯ ᠬᠢᠵᠡᠢ᠃    ᠢᠦᠢ ᠵᠢᠢ ᠱᠦᠨ᠂ ᠮᠠᠯ ᠠᠵᠤ ᠠᠬᠤᠢ ᠲᠠᠷᠢᠶᠠᠯᠠᠩ ᠤᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠵᠤ᠂ ᠡᠬᠢ ᠪᠠᠶᠠᠯᠢᠭ ᠢ ᠨᠡᠶᠢᠳᠬᠡᠵᠦ᠂ ᠬᠠᠷᠠᠭ᠎ᠠ ᠪᠠᠨ ᠥᠷᠭᠡᠳᠬᠡᠵᠦ᠂ ᠰᠡᠳᠬᠢᠴᠡ ᠪᠠᠨ ᠥᠷᠭᠡᠳᠬᠡᠵᠦ᠂ ᠮᠠᠯ ᠠᠵᠤ ᠠᠬᠤᠢ ᠲᠠᠷᠢᠶᠠᠯᠠᠩ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠡᠬᠢ ᠪᠠᠶᠠᠯᠢᠭ ᠤᠨ ᠳᠠᠪᠠᠭᠤᠯᠢᠭ ᠢ ᠵᠦᠢ ᠵᠣᠬᠢᠰᠲᠠᠶ ᠠᠰᠢᠭᠯᠠᠨ ︽ᠨᠤᠲᠤᠭ ᠤᠨ ᠣᠨᠴᠠ ᠭᠠᠷᠤᠯᠲᠠ︾ ᠶᠢ ᠬᠥᠭᠵᠢᠭᠦᠯᠵᠦ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠬᠦ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠵᠤ ᠦᠢᠯᠡᠰ ᠤᠨ ᠬᠡᠪᠴᠢᠶ᠎ᠡ ᠶᠢ ᠥᠷᠭᠡᠳᠬᠡᠬᠦ ᠬᠡᠷᠡᠭᠲᠡᠶ᠃ ᠠᠵᠠ ᠲᠣᠬᠢᠶᠠᠯ ᠢ ᠠᠮᠵᠢᠨ ᠰᠣᠶᠣᠯ ᠵᠤᠭᠠᠴᠠᠯ ᠤᠨ ᠦᠢᠯᠡᠰ ᠢ ᠰᠠᠶᠢᠲᠤᠷ ᠬᠢᠵᠦ᠂ ᠲᠤᠰ ᠲᠤᠰ ᠤᠨ ᠡᠬᠢ ᠪᠠᠶᠠᠯᠢᠭ ᠤᠨ ᠳᠠᠪᠠᠭᠤᠯᠢᠭ ᠲᠠᠢ ᠪᠠᠨ ᠤᠶᠠᠯᠳᠤᠭᠤᠯᠵᠤ᠂ ᠬᠥᠭᠵᠢᠯ ᠤᠨ ᠬᠠᠨᠳᠤᠰᠢ ᠳᠤᠨᠢ ᠲᠤᠬᠢᠷᠠᠭᠤᠯᠤᠨ ᠬᠦᠳᠦᠯᠦᠨ ᠵᠢᠯᠣᠭᠤᠳᠴᠤ ᠪᠠᠶᠢᠭᠠᠳ ᠡᠷᠡᠭᠦᠯᠵᠢᠨ ᠰᠤᠪᠢᠯᠠᠬᠤ᠂ ᠵᠤᠰᠠᠬᠤ᠂ ᠠᠮᠠᠷᠠᠯᠲᠠ ᠪᠠ ᠵᠤᠭᠠᠴᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠬᠥᠳᠡᠭᠡ ᠲᠣᠰᠬᠤᠨ ᠤ ᠵᠤᠭᠠᠴᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ  ᠭᠡᠪᠡ᠃    ᠢᠦᠢ ᠵᠢᠢ ᠱᠦᠨ᠂ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠬᠤ᠂ ᠠᠵᠢᠯᠴᠢ ᠬᠥᠳᠡᠯᠮᠦᠷᠢᠴᠢ ᠪᠠᠷ ᠪᠠᠶᠠᠵᠢᠬᠤ ᠠᠵᠢᠯ ᠤᠨ ᠤᠳᠤᠷᠢᠳᠤᠮᠵᠢ ᠶᠢ ᠪᠤᠢ ᠪᠣᠯᠭᠠᠵᠤ᠂ ᠡᠯ᠎ᠡ ᠱᠠᠲᠤᠨ ᠤ ᠺᠠᠳ᠋ᠷᠴᠤᠳ ᠤᠨ ᠠᠵᠢᠯ ᠬᠢᠵᠦ ᠦᠢᠯᠡᠰ ᠪᠤᠰᠬᠠᠬᠤ ᠢᠳᠡᠪᠬᠢᠵᠢᠯ ᠢ ᠬᠥᠭᠵᠢᠭᠡᠵᠦ᠂ ᠤᠯᠠᠨ ᠲᠦᠮᠡᠨ ᠢ ᠳᠠᠭᠠᠭᠤᠯᠤᠨ ᠪᠠᠶᠠᠵᠢᠯ ᠤᠨ ᠠᠵᠤ ᠦᠢᠯᠡᠰ ᠲᠤ ᠣᠷᠣᠯᠴᠠᠭᠤᠯᠬᠤ ᠬᠡᠷᠡᠭᠲᠡᠢ᠃ ᠠᠵᠤ ᠦᠢᠯᠡᠰ ᠢ ᠬᠥᠭᠵᠢᠭᠦᠯᠬᠦ ᠳᠤ ᠯᠠᠪᠳᠠᠭᠤᠨ ᠪᠠᠲᠤᠲᠠᠢ ᠪᠠᠶᠢᠵᠤ᠂ ᠤᠷᠳᠤ ᠬᠤᠭᠤᠴᠠᠭ᠎ᠠ ᠪᠠᠷ ᠬᠦᠴᠦ ᠣᠷᠣᠭᠤᠯᠵᠤ᠂ ᠲᠠᠭᠠᠭᠤᠯᠤᠭᠴᠢ ᠠᠵᠤ ᠠᠬᠤᠶᠢᠯᠠᠯ ᠢ ᠪᠤᠶᠢᠵᠢᠭᠤᠯᠵᠤ᠂ ᠪᠠᠶᠠᠵᠢᠯ ᠤᠨ ᠲᠠᠭᠠᠭᠤᠯᠤᠭᠴᠢ ᠶᠢ ᠪᠤᠶᠢᠵᠢᠭᠤᠯᠵᠤ᠂ ᠳᠠᠪᠠᠭᠤᠯᠢᠭ ᠠᠵᠤ ᠦᠢᠯᠡᠰ ᠪᠣᠯᠤᠨ ᠤᠨᠴᠠᠯᠢᠬᠳᠤ ᠠᠵᠤ ᠦᠢᠯᠡᠰ ᠢ ᠲᠥᠪᠯᠡᠷᠡᠭᠦᠯᠦᠨ ᠡᠷᠴᠢᠮᠵᠢᠭᠦᠯᠦᠨ ᠬᠥᠭᠵᠢᠭᠦᠯᠬᠦ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠵᠠᠬ᠎ᠠ ᠳᠡᠯᠭᠡᠭᠦᠷ ᠢ ᠰᠤᠳᠤᠯᠵᠤ᠂ ᠵᠠᠬ᠎ᠠ ᠳᠡᠯᠭᠡᠭᠦᠷ ᠢ ᠵᠣᠯᠭᠠᠭᠤᠯᠵᠤ᠂ ᠵᠠᠬ᠎ᠠ ᠳᠡᠯᠭᠡᠭᠦᠷᠴᠢᠯᠡᠭᠰᠡᠨ ᠰᠡᠳᠬᠢᠬᠦᠢ ᠪᠠᠷ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠵᠦ᠂ ᠪᠦᠲᠦᠭᠡᠭᠳᠡᠬᠦᠨ ᠤ ᠰᠠᠶᠢᠨ ᠦᠨ᠎ᠡ ᠶᠢ ᠰᠠᠶᠢᠲᠤᠷ ᠬᠤᠳᠠᠯᠳᠤᠨ ᠭᠠᠷᠭᠠᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠴᠢᠳᠠᠯ ᠤᠨ ᠬᠢᠷᠢ ᠪᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠠᠵᠤ ᠠᠬᠤᠶᠢᠯᠠᠯ᠂ ᠤᠯᠠᠨ ᠲᠦᠮᠡᠨ ᠤ ᠪᠠᠴᠢᠮ ᠬᠦᠴᠢᠷ ᠵᠣᠪᠠᠭᠤᠷᠢ ᠲᠠᠢ ᠵᠦᠢᠯᠡᠰ ᠢ ᠰᠡᠳᠬᠢᠯ ᠲᠠᠯᠪᠢᠨ ᠬᠦᠴᠦ ᠲᠠᠯᠪᠢᠨ ᠰᠢᠢᠳᠪᠦᠷᠢᠯᠡᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠢ᠃ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠤᠢ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠ ᠲᠦᠷᠢᠮ ᠤᠨ ᠪᠠᠶᠢᠭᠤᠯᠤᠯᠲᠠ᠂ ᠴᠢᠳᠠᠪᠤᠷᠢ ᠶᠢᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠪᠠᠶᠢᠭᠤᠯᠤᠮᠵᠢ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠢ ᠪᠣᠳᠠᠲᠠᠢ ᠠᠳᠬᠤᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠪᠦᠲᠦᠮᠵᠢᠲᠡᠢ ᠰᠡᠷᠭᠡᠶᠢᠯᠡᠨ ᠠᠷᠢᠯᠭᠠᠬᠤ ᠬᠡᠷᠡᠭᠲᠡᠢ  ᠭᠡᠪᠡ᠃     
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号