ᠰᠢᠨᠬᠤᠸᠠ ᠬᠤᠷᠢᠶ᠎ᠠ ᠶᠢᠨ ᠦᠬᠠᠨ ᠤ 11 ᠰᠠᠷ᠎ᠠ ᠶᠢᠨ 6 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠬᠤᠪᠧᠢ ᠳᠤ ᠰᠢᠨᠵᠢᠯᠡᠨ | ᠪᠠᠶᠢᠴᠠᠭᠠᠬᠤ ᠳᠠᠭᠠᠨ᠂ ᠬᠤᠪᠧᠢ ᠮᠤᠵᠢ ᠶᠢᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ | ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ | ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠴᠣᠭᠴᠠᠯᠠᠬᠤ ᠳᠤᠮᠳᠠᠬᠢ ᠡᠭᠦᠷᠭᠡ ᠬᠠᠷᠢᠭᠤᠴᠠᠯᠭ᠎ᠠ ᠶᠢ ᠪᠠᠲᠤ | ᠡᠵᠡᠮᠳᠡᠵᠦ᠂ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠡᠷᠴᠢ ᠵᠣᠷᠢᠭ ᠢᠶᠠᠨ ᠬᠥᠪᠴᠢᠯᠡᠨ᠂ | ᠡᠷᠡᠮᠡᠬᠡᠶᠢᠯᠡᠨ ᠤᠷᠤᠭᠰᠢᠯᠠᠵᠤ᠂ ᠤᠷᠳᠤ ᠬᠤᠭᠤᠴᠠᠭ᠎ᠠ ᠪᠠᠷ ᠵᠢᠳᠬᠦᠨ ᠴᠢᠷᠮᠠᠶᠢᠵᠤ᠂ ᠴᠢᠳᠠᠮᠠᠭᠠᠢ ᠠᠵᠢᠯᠯᠠᠨ ᠦᠷ᠎ᠡ | ᠪᠦᠳᠦᠮᠵᠢ ᠭᠠᠷᠭᠠᠵᠤ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠳᠤᠮᠳᠠ | ᠲᠡᠷᠢᠭᠦᠨ ᠤ ᠬᠢ ᠪᠤᠯᠬᠤ ᠪᠠᠷ ᠭᠠᠪᠰᠢᠭᠠᠶᠢᠯᠠᠨ ᠲᠡᠮᠡᠴᠡᠵᠦ᠂ ᠳᠤᠮᠳᠠ ᠣᠷᠣᠨ ᠤ ᠬᠥᠭᠵᠢᠨ ᠮᠠᠨᠳᠤᠬᠤ ᠪᠠᠶᠢᠯᠳᠤᠬᠤ | ᠪᠣᠳᠣᠯᠭ᠎ᠠ ᠶᠢᠨ ᠴᠢᠬᠤᠯᠠ ᠲᠤᠯᠬᠤ ᠴᠡᠭ ᠢ ᠲᠦᠷᠭᠡᠨ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠬᠤᠪᠧᠢ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | 11 ᠰᠠᠷ᠎ᠠ ᠶᠢᠨ 4 ᠤ ᠡᠳᠦᠷ ᠠᠴᠠ 6 ᠤ ᠡᠳᠦᠷ ᠪᠤᠯᠳᠠᠯ᠎ᠠ᠂ ᠳᠣᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠪᠧᠢ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 4 ᠤ | ᠦᠳᠡ ᠶᠢᠨ ᠬᠤᠶᠢᠨ᠎ᠠ᠂ ᠰᠢ ᠶᠢᠨ ᠫᠢᠩ ᠰᠢᠶᠣᠣ ᠭᠠᠨ ᠬᠤᠳᠠ ᠶᠢᠨ ᠶᠦᠨ ᠮᠧᠩ ᠰᠢᠶᠠᠨ ᠤ ᠮᠦᠽᠧᠢ ᠳᠤ ᠬᠦᠷᠴᠦ | ᠴᠢᠨ ᠬᠠᠨ ᠤ ᠬᠤᠯᠤᠰᠤᠨ ᠴᠤᠭᠤᠳᠠᠰᠤ ᠶᠢᠨ ᠦᠵᠡᠭᠦᠯᠭᠡ ᠶᠢ ᠲᠣᠭᠤᠷᠢᠨ ᠦᠵᠡᠵᠦ ᠪᠠᠶᠢᠭ᠎ᠠ ᠨᠢ᠃ ᠰᠢᠨᠬᠤᠸᠠ | ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ 11 ᠰᠠᠷ᠎ᠠ ᠶᠢᠨ 4 ᠠᠴᠠ 6 ᠤ ᠡᠳᠦᠷ | ᠪᠤᠯᠲᠠᠯ᠎ᠠ᠂ ᠰᠢ ᠶᠢᠨ ᠫᠢᠩ ᠬᠤᠪᠧᠢ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠸᠠᠩ ᠮᠧᠩ ᠬᠤᠢ ᠪᠣᠯᠣᠨ | ᠮᠤᠵᠢ ᠶᠢᠨ ᠳᠠᠷᠤᠭ᠎ᠠ ᠸᠠᠩ ᠵᠦᠩ ᠯᠢᠨ ᠤ ᠪᠠᠷ᠎ᠠ ᠪᠤᠯᠤᠯᠭ᠎ᠠ ᠲᠠᠢ ᠪᠠᠷ᠂ ᠤᠷᠢᠳ ᠬᠤᠵᠢᠳ ᠰᠢᠶᠣᠣ ᠭᠠᠨ᠂ | ᠰᠢᠶᠠᠨᠨᠢᠩ᠂ ᠦᠬᠠᠨ ᠳᠤ ᠬᠦᠷᠴᠦ᠂ ᠮᠦᠽᠧᠢ᠂ ᠬᠥᠳᠡᠭᠡ ᠲᠣᠰᠬᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ | ᠪᠣᠯᠣᠨ ᠠᠵᠤ ᠦᠢᠯᠡᠰ ᠤᠨ ᠰᠢᠨ᠎ᠡ ᠶᠢ ᠡᠭᠦᠳᠬᠦ ᠲᠠᠪᠴᠠᠩ ᠢᠶᠠᠷ ᠭᠦᠨᠵᠡᠭᠡᠶᠢᠷᠡᠨ ᠰᠢᠨᠵᠢᠯᠡᠨ ᠪᠠᠶᠢᠴᠠᠭᠠᠪᠠ᠃ | 4 ᠤ ᠦᠳᠡ ᠶᠢᠨ ᠬᠤᠶᠢᠨ᠎ᠠ᠂ ᠰᠢ ᠶᠢᠨ ᠫᠢᠩ ᠰᠢᠶᠣᠣ ᠭᠠᠨ ᠬᠤᠳᠠ ᠶᠢᠨ ᠶᠦᠨ ᠮᠧᠩ ᠰᠢᠶᠠᠨ ᠤ ᠮᠦᠽᠧᠢ ᠳᠤ | ᠬᠦᠷᠴᠦ ᠴᠢᠨ ᠬᠠᠨ ᠤ ᠬᠤᠯᠤᠰᠤᠨ ᠴᠤᠭᠤᠳᠠᠰᠤ ᠶᠢᠨ ᠦᠵᠡᠭᠦᠯᠭᠡ ᠶᠢ ᠲᠣᠭᠤᠷᠢᠨ ᠦᠵᠡᠪᠡ᠃ ᠦᠵᠡᠭᠦᠯᠭᠡ ᠳᠤ | ᠦᠵᠡᠭᠦᠯᠦᠭᠰᠡᠨ ᠴᠢᠨ ᠤ ᠠᠷᠪᠠᠨ ᠨᠠᠢᠮᠠᠨ ᠲᠣᠭᠲᠠᠭᠠᠯ ᠨᠢ ᠠᠯᠢ ᠡᠷᠲᠡ 2200 ᠭᠠᠷᠤᠢ ᠵᠢᠯ ᠤᠨ ᠡᠮᠦᠨ᠎ᠡ᠂ ᠮᠠᠨ ᠤ | ᠤᠯᠤᠰ ᠤᠨ ᠡᠷᠲᠡᠨ ᠤ ᠬᠠᠤᠯᠢ ᠴᠠᠭᠠᠵᠠ ᠶᠢᠨ ᠳᠦᠷᠢᠮ ᠨᠢᠭᠡᠨᠲᠡ ᠰᠢᠰᠲ᠋ᠧᠮᠵᠢᠭᠰᠡᠨ ᠢ ᠬᠠᠷᠠᠭᠤᠯᠵᠤ ᠪᠠᠶᠢᠨ᠎ᠠ᠃ | ᠰᠢ ᠶᠢᠨ ᠫᠢᠩ ᠬᠤᠯᠤᠰᠤᠨ ᠴᠤᠭᠤᠳᠠᠰᠤ ᠶᠢᠨ ᠠᠭᠤᠯᠭ᠎ᠠ᠂ ᠲᠡᠦᠬᠡ ᠰᠣᠶᠣᠯ ᠤᠨ ᠦᠨ᠎ᠡ ᠦᠷᠳᠡᠭ ᠪᠣᠯᠣᠨ | ᠬᠠᠮᠠᠭᠠᠯᠠᠯᠲᠠ ᠶᠢᠨ ᠰᠤᠳᠤᠯᠭᠠᠨ ᠤ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠬᠠᠭᠤᠴᠢ | ᠰᠤᠳᠤᠯᠤᠯ ᠤᠨ ᠰᠤᠳᠤᠯᠭᠠᠨ ᠢ ᠦᠷᠭᠦᠯᠵᠢᠯᠡᠨ ᠴᠢᠩᠭᠠᠳᠬᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ | ᠲᠦᠪᠰᠢᠨ ᠢᠶᠠᠨ ᠳᠡᠭᠡᠭᠰᠢᠯᠡᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ᠂ | ᠰᠣᠶᠣᠯ ᠤᠨ ᠢᠲᠡᠭᠡᠯ ᠢ ᠨᠡᠮᠡᠭᠳᠡᠭᠦᠯᠬᠦ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠵᠤ᠂ ᠳᠤᠮᠳᠠᠳᠤ ᠶᠢᠨ | ᠪᠣᠯᠪᠠᠰᠤᠨ ᠤ ᠦᠨᠡᠲᠦ ᠡᠷᠳᠡᠨᠢ ᠶᠢ ᠡᠭᠦᠷᠢᠳᠡ ᠦᠯᠡᠳᠡᠭᠡᠵᠦ᠂ ᠦᠷ᠎ᠡ ᠬᠤᠶᠢᠴᠢᠰ ᠲᠠᠭᠠᠨ ᠠᠰᠢᠭ ᠬᠦᠷᠲᠡᠭᠡᠵᠦ᠂ | ᠬᠥᠮᠥᠰ ᠢ ᠦᠨᠳᠦᠰᠦᠲᠡᠨ ᠤ ᠣᠮᠣᠭᠰᠢᠯᠲᠤ ᠰᠡᠳᠬᠢᠯᠭᠡ ᠪᠣᠯᠣᠨ ᠢᠲᠡᠭᠡᠯ ᠵᠣᠷᠢᠭ ᠢᠶᠠᠨ ᠲᠠᠰᠤᠷᠠᠯᠳᠠ ᠦᠭᠡᠢ | ᠴᠢᠩᠭᠠᠳᠬᠠᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | 11 ᠰᠠᠷ᠎ᠠ ᠶᠢᠨ 4 ᠤ ᠡᠳᠦᠷ ᠠᠴᠠ 6 ᠤ ᠡᠳᠦᠷ ᠪᠤᠯᠳᠠᠯ᠎ᠠ᠂ ᠳᠣᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠪᠧᠢ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ | 4 ᠤ ᠦᠳᠡ ᠶᠢᠨ ᠬᠤᠶᠢᠨ᠎ᠠ᠂ ᠰᠢ ᠶᠢᠨ ᠫᠢᠩ ᠰᠢᠶᠣᠣ ᠭᠠᠨ ᠬᠤᠳᠠ ᠶᠢᠨ ᠶᠦᠨ ᠮᠧᠩ ᠰᠢᠶᠠᠨ ᠤ ᠮᠦᠽᠧᠢ ᠳᠤ | ᠰᠢᠨᠵᠢᠯᠡᠨ ᠪᠠᠶᠢᠴᠠᠭᠠᠵᠤ ᠪᠠᠶᠢᠭ᠎ᠠ ᠨᠢ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ | 5 ᠤ ᠦᠳᠡ ᠶᠢᠨ ᠡᠮᠦᠨ᠎ᠡ᠂ ᠰᠢ ᠶᠢᠨ ᠫᠢᠩ ᠰᠢᠶᠠᠨᠨᠢᠩ ᠬᠤᠲᠠ ᠶᠢᠨ ᠵᠢᠶᠠ ᠢᠦᠢ ᠰᠢᠶᠠᠨ ᠳᠤ ᠬᠦᠷᠴᠦ᠂ ᠡᠩ | ᠲᠡᠷᠢᠭᠦᠨ ᠳᠤ ᠫᠠᠨ ᠵᠢᠶᠠ ᠸᠠᠨ ᠪᠠᠯᠭᠠᠰᠤᠨ ᠤ ᠠᠷᠪᠠᠨ ᠭᠠᠵᠠᠷ ᠤᠨ ᠢᠳᠡᠰᠢᠨ ᠨᠣᠭᠤᠭ᠎ᠠ ᠶᠢᠨ ᠬᠤᠩᠭᠢᠯ ᠢᠶᠠᠷ | ᠰᠢᠨᠵᠢᠯᠡᠨ ᠪᠠᠶᠢᠴᠠᠭᠠᠪᠠ᠃ ᠨᠠᠮᠤᠷ ᠤᠨ ᠰᠡᠭᠦᠯᠴᠢ ᠪᠣᠯᠤᠭᠰᠠᠨ ᠴᠤ᠂ ᠠᠳᠡ ᠨᠣᠮᠢᠨ ᠨᠣᠭᠤᠭᠠᠨ ᠥᠩᠭᠡ ᠦᠵᠡᠮᠵᠢ | ᠢᠯᠭᠠᠷᠠᠨ᠂ ᠠᠮᠢᠳᠤᠷᠠᠯ ᠤᠨ ᠬᠦᠴᠦᠨ ᠪᠢᠯᠬᠠᠮ᠎ᠠ ᠪᠠᠶᠢᠯ᠎ᠠ᠃ ᠰᠢ ᠶᠢᠨ ᠫᠢᠩ ᠲᠠᠷᠢᠶᠠᠨ ᠭᠠᠵᠠᠷ ᠲᠤ ᠬᠦᠷᠴᠦ᠂ | ᠢᠳᠡᠰᠢᠨ ᠨᠣᠭᠤᠭ᠎ᠠ ᠶᠢᠨ ᠤᠷᠭᠤᠴᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠢᠳᠡᠰᠢᠨ ᠨᠣᠭᠤᠭ᠎ᠠ ᠶᠢᠨ ᠲᠦᠷᠦᠯ | ᠵᠦᠢᠯ᠂ ᠲᠠᠷᠢᠮᠠᠯ ᠤᠨ ᠮᠡᠷᠭᠡᠵᠢᠯ᠂ ᠪᠣᠷᠤᠯᠠᠭᠤᠯᠭ᠎ᠠ ᠵᠡᠷᠭᠡ ᠪᠠᠶᠢᠳᠠᠯ ᠢ ᠨᠠᠷᠢᠨ ᠠᠰᠠᠭᠤᠪᠠ᠃ ᠲᠡᠷᠡ᠂ ᠬᠥᠳᠡᠭᠡ | ᠲᠣᠰᠬᠤᠨ ᠤ ᠨᠤᠲᠤᠭ ᠳᠡᠪᠢᠰᠬᠡᠷ ᠥᠷᠭᠡᠨ ᠠᠭᠤᠳᠠᠮ᠂ ᠬᠥᠳᠡᠭᠡ ᠠᠵᠤ ᠠᠬᠤᠢ ᠶᠢᠨ ᠲᠠᠯ᠎ᠠ ᠪᠠᠷ ᠶᠡᠭᠡ ᠶᠢ | ᠪᠦᠲᠦᠭᠡᠵᠦ ᠪᠣᠯᠣᠨ᠎ᠠ᠃ ᠤᠳᠤ ᠦᠶ᠎ᠡ ᠶᠢᠨ ᠬᠥᠳᠡᠭᠡ ᠠᠵᠤ ᠠᠬᠤᠢ ᠶᠢ ᠬᠥᠭᠵᠢᠭᠦᠯᠵᠦ᠂ ᠬᠥᠳᠡᠭᠡ ᠠᠵᠤ | ᠠᠬᠤᠢ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠡᠷᠬᠡᠪᠰᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠠᠪᠰᠢᠯᠳᠠ ᠳᠤ ᠲᠦᠰᠢᠭᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠥᠳᠡᠭᠡ ᠠᠵᠤ | ᠠᠬᠤᠢ ᠶᠢᠨ ᠣᠳᠣᠬᠢᠴᠢᠯᠠᠯᠲᠠ ᠳᠤ ᠳᠡᠭᠦᠯᠢᠨ ᠨᠢᠰᠬᠦ ᠵᠢᠭᠦᠷ ᠤᠷᠭᠤᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠲᠡᠷᠡ ᠲᠤᠬᠠᠢ ᠶᠢᠨ ᠭᠠᠵᠠᠷ ᠤᠨ ᠺᠠᠳ᠋ᠷ ᠤᠯᠠᠨ ᠲᠦᠮᠡᠨ ᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠮ᠂ ᠶᠠᠰᠤ | ᠴᠢᠨᠠᠷ ᠤᠨ ᠵᠠᠮ᠂ ᠲᠦᠷᠦᠯ ᠲᠡᠮᠳᠡᠭ ᠤᠨ ᠵᠠᠮ ᠢᠶᠠᠷ ᠵᠠᠮᠨᠠᠵᠤ᠂ ᠢᠳᠡᠰᠢᠨ ᠨᠣᠭᠤᠭ᠎ᠠ ᠲᠠᠷᠢᠬᠤ ᠡᠨᠡ ᠬᠦ ᠠᠷᠠᠳ ᠢ | ᠪᠠᠶᠠᠵᠢᠭᠤᠯᠬᠤ ᠠᠵᠤ ᠦᠢᠯᠡᠰ ᠢ ᠤᠯᠠᠮ ᠨᠢᠭᠡ ᠠᠯᠬᠤᠮ ᠰᠠᠶᠢᠲᠤᠷ ᠬᠢᠵᠦ᠂ ᠨᠡᠩ ᠠᠷᠪᠢᠨ ᠤᠯᠠᠨ ᠲᠦᠮᠡᠨ ᠤ | ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠢ ᠭᠡᠵᠦ ᠵᠣᠷᠢᠭᠵᠢᠭᠤᠯᠪᠠ᠃ 1107习近平在 | 湖北考察时强调:3.jpg 11 ᠰᠠᠷ᠎ᠠ ᠶᠢᠨ 4 ᠤ ᠡᠳᠦᠷ ᠠᠴᠠ 6 ᠤ ᠡᠳᠦᠷ ᠪᠤᠯᠳᠠᠯ᠎ᠠ᠂ | ᠳᠣᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ | ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠪᠧᠢ ᠳᠤ ᠰᠢᠨᠵᠢᠯᠡᠨ | ᠪᠠᠶᠢᠴᠠᠭᠠᠪᠠ᠃ ᠵᠢᠷᠤᠭ ᠪᠣᠯ 5 ᠤ ᠦᠳᠡ ᠶᠢᠨ ᠡᠮᠦᠨ᠎ᠡ᠂ ᠰᠢ ᠶᠢᠨ ᠫᠢᠩ ᠰᠢᠶᠠᠨᠨᠢᠩ ᠬᠤᠲᠠ ᠶᠢᠨ ᠵᠢᠶᠠ ᠢᠦᠢ | ᠰᠢᠶᠠᠨ ᠤ ᠫᠠᠨ ᠵᠢᠶᠠ ᠸᠠᠨ ᠪᠠᠯᠭᠠᠰᠤᠨ ᠤ ᠠᠷᠪᠠᠨ ᠭᠠᠵᠠᠷ ᠤᠨ ᠢᠳᠡᠰᠢᠨ ᠨᠣᠭᠤᠭ᠎ᠠ ᠶᠢᠨ ᠬᠤᠩᠭᠢᠯ ᠳᠤ ᠰᠢᠨᠵᠢᠯᠡᠨ | ᠪᠠᠶᠢᠴᠠᠭᠠᠬᠤ ᠳᠠᠭᠠᠨ᠂ ᠲᠠᠷᠢᠶᠠᠨ ᠭᠠᠵᠠᠷ ᠲᠤ ᠬᠦᠷᠴᠦ᠂ ᠢᠳᠡᠰᠢᠨ ᠨᠣᠭᠤᠭ᠎ᠠ ᠶᠢᠨ ᠤᠷᠭᠤᠴᠠ ᠶᠢᠨ ᠪᠠᠶᠢᠳᠠᠯ ᠢ | ᠪᠠᠶᠢᠴᠠᠭᠠᠨ ᠦᠵᠡᠵᠦ ᠪᠠᠶᠢᠭ᠎ᠠ ᠨᠢ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ | ᠰᠡᠭᠦᠳᠡᠷᠯᠡᠪᠡ ᠳᠠᠷᠠᠭ᠎ᠠ ᠨᠢ᠂ ᠰᠢ ᠶᠢᠨ ᠫᠢᠩ ᠫᠠᠨ ᠵᠢᠶᠠ ᠸᠠᠨ ᠪᠠᠯᠭᠠᠰᠤᠨ ᠤ ᠰᠧ ᠢ ᠲᠣᠰᠬᠤᠨ ᠳᠤ ᠬᠦᠷᠴᠦ᠂ | ᠤᠷᠢᠳ ᠬᠤᠵᠢᠳ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠤᠯᠠᠭ᠎ᠠ ᠥᠷᠲᠡᠭᠡ᠂ ᠨᠠᠮ ᠤᠨ | ᠭᠡᠰᠢᠭᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠬᠦᠷᠴᠦ᠂ ᠨᠠᠰᠤᠵᠢᠯ ᠤᠨ ᠠᠰᠠᠷᠠᠮᠵᠢ ᠶᠢᠨ | ᠲᠥᠬᠦᠭᠡᠷᠦᠮᠵᠢ ᠪᠣᠯᠣᠨ ᠠᠷᠠᠳ ᠲᠤ ᠲᠥᠭᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ | ᠪᠠᠶᠢᠳᠠᠯ ᠢ ᠪᠠᠶᠢᠴᠠᠭᠠᠨ ᠦᠵᠡᠵᠦ᠂ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯᠯᠠᠭᠠᠨ ᠪᠣᠯᠣᠨ | ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ ᠪᠠᠶᠢᠬᠤ ᠵᠡᠷᠭᠡ | ᠠᠵᠢᠯ ᠢ ᠣᠶᠢᠯᠠᠭᠠᠪᠠ᠃ ᠲᠡᠷᠡ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠤᠯᠠᠮ ᠨᠢᠭᠡ ᠠᠯᠬᠤᠮ | ᠴᠢᠩᠭᠠᠳᠬᠠᠵᠤ᠂ ︽ᠥᠲᠡᠭᠦᠰ ᠨᠢᠯᠬᠠᠰ︾ ᠡᠨᠡ ᠬᠦ ᠭᠤᠣᠯᠳᠠᠯᠭ᠎ᠠ ᠶᠢ ᠠᠳᠬᠤᠵᠤ᠂ ᠨᠡᠩ ᠣᠨᠣᠴᠠᠲᠠᠢ | ᠪᠦᠲᠦᠮᠵᠢᠲᠡᠢ ᠪᠠᠷ ᠤᠯᠠᠨ ᠲᠦᠮᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠬᠦ ᠬᠡᠷᠡᠭᠲᠡᠢ᠃ ᠦᠨᠳᠦᠰᠦᠨ ᠱᠠᠲᠤᠨ ᠤ | ᠳᠠᠷᠤᠭᠠᠰᠤ ᠶᠢ ᠦᠷᠭᠦᠯᠵᠢᠯᠡᠨ ᠬᠥᠩᠭᠡᠷᠡᠭᠦᠯᠵᠦ᠂ ᠦᠨᠳᠦᠰᠦᠨ ᠱᠠᠲᠤᠨ ᠤ ᠺᠠᠳ᠋ᠷᠴᠤᠳ ᠢ ᠨᠡᠩ ᠤᠯᠠᠨ ᠴᠠᠭ ᠪᠠ | ᠤᠶᠤᠨ ᠴᠢᠳᠠᠯ ᠢᠶᠠᠨ ᠤᠯᠠᠨ ᠲᠦᠮᠡᠨ ᠳᠤ ᠵᠣᠷᠢᠭᠤᠯᠵᠤ ᠦᠢᠯᠡᠴᠢᠯᠡᠵᠦ ᠳᠡᠶᠢᠯᠭᠦ ᠪᠤᠯᠭᠠᠬᠤ ᠬᠡᠷᠡᠭᠲᠡᠢ ᠭᠡᠵᠦ ᠵᠢᠭᠠᠵᠤ | ᠭᠠᠷᠭᠠᠪᠠ᠃ 1107习近平在湖北考察时强调:4.jpg 11 | ᠰᠠᠷ᠎ᠠ ᠶᠢᠨ 4 ᠤ ᠡᠳᠦᠷ ᠠᠴᠠ 6 ᠤ ᠡᠳᠦᠷ ᠪᠤᠯᠳᠠᠯ᠎ᠠ᠂ ᠳᠣᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠪᠧᠢ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 5 ᠤ | ᠦᠳᠡ ᠶᠢᠨ ᠡᠮᠦᠨ᠎ᠡ᠂ ᠰᠢ ᠶᠢᠨ ᠫᠢᠩ ᠰᠢᠶᠠᠨᠨᠢᠩ ᠬᠤᠲᠠ ᠶᠢᠨ ᠵᠢᠶᠠ ᠢᠦᠢ ᠰᠢᠶᠠᠨ ᠤ ᠫᠠᠨ ᠵᠢᠶᠠ ᠸᠠᠨ | ᠪᠠᠯᠭᠠᠰᠤᠨ ᠤ ᠰᠧ ᠢ ᠲᠣᠰᠬᠤᠨ ᠳᠠᠬᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠤᠯᠠᠭ᠎ᠠ ᠥᠷᠲᠡᠭᠡ ᠶᠢᠨ | ᠬᠤᠭᠤᠯᠠᠨ ᠭᠡᠷ ᠲᠤ ᠰᠢᠨᠵᠢᠯᠡᠨ ᠪᠠᠶᠢᠴᠠᠭᠠᠵᠤ ᠪᠠᠶᠢᠭ᠎ᠠ ᠨᠢ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ | ᠰᠢᠶᠧ ᠬᠤᠸᠠᠨ ᡂᠢ ᠰᠡᠭᠦᠳᠡᠷᠯᠡᠪᠡ ᠲᠣᠰᠬᠤᠨ ᠤ ᠠᠷᠠᠳ ᠰᠢᠶᠦ᠋ᠩ ᠴᠧᠩ ᠯᠦᠩ ᠤᠨ ᠭᠡᠷ ᠲᠤ᠂ ᠰᠢ ᠶᠢᠨ | ᠫᠢᠩ ᠭᠡᠷ ᠤᠨ ᠠᠮᠢᠳᠤᠷᠠᠯ ᠤᠨ ᠪᠠᠶᠢᠳᠠᠯ ᠢ ᠨᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠭᠡᠷ ᠤᠨ ᠬᠥᠮᠥᠰ ᠲᠠᠢ ᠨᠢ | ᠬᠠᠮᠲᠤ ᠰᠠᠭᠤᠵᠤ᠂ ᠦᠢᠯᠡᠳᠪᠦᠷᠢᠯᠡᠯ᠂ ᠦᠷ᠎ᠡ ᠬᠡᠦᠬᠡᠳ ᠤᠨ ᠬᠢᠨᠢ ᠠᠵᠢᠯ ᠣᠯᠵᠤ ᠦᠢᠯᠡᠰ ᠪᠣᠰᠬᠠᠬᠤ᠂ ᠭᠡᠷ | ᠪᠦᠯᠢ ᠶᠢᠨ ᠣᠷᠣᠯᠭ᠎ᠠ᠂ ᠨᠠᠰᠤᠵᠢᠯ ᠤᠨ ᠠᠰᠠᠷᠠᠮᠵᠢ ᠡᠮᠴᠢᠯᠡᠭᠡ ᠵᠡᠷᠭᠡ ᠪᠠᠶᠢᠳᠠᠯ ᠢ ᠨᠢ ᠣᠶᠢᠯᠠᠭᠠᠪᠠ᠃ ᠡᠳᠡᠭᠡᠷ | ᠵᠢᠯ ᠤᠳ ᠲᠤ ᠬᠤᠲᠠ ᠬᠥᠳᠡᠭᠡ ᠶᠢᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮ ᠲᠠᠰᠤᠷᠠᠯᠲᠠ | ᠦᠭᠡᠢ ᠲᠡᠭᠦᠯᠳᠡᠷᠵᠢᠵᠦ᠂ ᠲᠠᠷᠢᠶᠠᠴᠢᠳ ᠤᠨ ᠪᠣᠳᠠᠰ ᠤᠨ ᠪᠠ ᠰᠣᠶᠣᠯ ᠤᠨ ᠠᠮᠢᠳᠤᠷᠠᠯ ᠤᠯᠠᠮ ᠠᠴᠠ ᠤᠯᠠᠮ | ᠪᠠᠲᠤᠯᠠᠭ᠎ᠠ ᠲᠠᠢ ᠪᠣᠯᠤᠭᠰᠠᠨ ᠢ ᠰᠣᠨᠣᠰᠤᠭᠠᠳ ᠰᠢ ᠶᠢᠨ ᠫᠢᠩ ᠮᠠᠰᠢ ᠪᠠᠶᠠᠷᠯᠠᠪᠠ᠃ ᠲᠡᠷᠡ ᠪᠦᠭᠦ ᠭᠡᠷ ᠢᠶᠠᠷ ᠢᠶᠠᠨ | ᠦᠷᠭᠦᠯᠵᠢᠯᠡᠨ ᠴᠢᠷᠮᠠᠶᠢᠵᠤ᠂ ᠦᠢᠯᠡᠳᠪᠦᠷᠢᠯᠡᠯ᠂ ᠠᠮᠢᠳᠤᠷᠠᠯ ᠢᠶᠠᠨ ᠨᠡᠩ ᠥᠭᠡᠳᠡ ᠪᠤᠯᠭᠠᠵᠤ᠂ ᠦᠷ᠎ᠡ ᠬᠡᠦᠬᠡᠳ ᠢᠶᠠᠨ | ᠰᠠᠶᠢᠲᠤᠷ ᠬᠥᠮᠥᠵᠢᠭᠦᠯᠵᠦ᠂ ᠰᠠᠶᠢᠨ ᠠᠮᠢᠳᠤᠷᠠᠯ ᠢᠶᠠᠨ ᠶᠠᠪᠤᠬᠤ ᠲᠤᠳᠤᠮ ᠥᠭᠡᠳᠡᠯᠡᠭᠦᠯᠬᠦ ᠶᠢ ᠬᠦᠰᠡᠪᠡ᠃ | 1107习近平在湖北考察时强调:5.jpg 11 ᠰᠠᠷ᠎ᠠ ᠶᠢᠨ 4 ᠤ | ᠡᠳᠦᠷ ᠠᠴᠠ 6 ᠤ ᠡᠳᠦᠷ ᠪᠤᠯᠳᠠᠯ᠎ᠠ᠂ ᠳᠣᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠬᠤᠪᠧᠢ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 5 ᠤ ᠦᠳᠡ ᠶᠢᠨ ᠡᠮᠦᠨ᠎ᠡ᠂ | ᠰᠢ ᠶᠢᠨ ᠫᠢᠩ ᠰᠢᠶᠠᠨᠨᠢᠩ ᠬᠤᠲᠠ ᠶᠢᠨ ᠵᠢᠶᠠ ᠢᠦᠢ ᠰᠢᠶᠠᠨ ᠤ ᠫᠠᠨ ᠵᠢᠶᠠ ᠸᠠᠨ ᠪᠠᠯᠭᠠᠰᠤᠨ ᠤ ᠰᠧ ᠢ | ᠲᠣᠰᠬᠤᠨ ᠤ ᠠᠷᠠᠳ ᠰᠢᠶᠦ᠋ᠩ ᠴᠧᠩ ᠯᠦᠩ ᠤᠨ ᠭᠡᠷ ᠲᠤ᠂ ᠭᠡᠷ ᠤᠨ ᠬᠥᠮᠥᠰ ᠲᠠᠢ ᠨᠢ ᠬᠠᠮᠲᠤ ᠰᠠᠭᠤᠵᠤ | ᠵᠣᠭᠤᠭᠳᠠᠵᠤ ᠪᠠᠶᠢᠭ᠎ᠠ ᠨᠢ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ | ᠲᠣᠰᠬᠤᠨ ᠠᠴᠠ ᠰᠠᠯᠬᠤ ᠦᠶ᠎ᠡ ᠳᠤ᠂ ᠲᠣᠰᠬᠤᠨ ᠤ ᠠᠷᠠᠳ ᠶᠡᠷᠦᠩᠬᠡᠢ ᠱᠦᠵᠢ ᠶᠢ ᠬᠠᠯᠠᠭᠤᠨ ᠢᠶᠠᠷ ᠦᠳᠡᠨ | ᠮᠣᠷᠳᠠᠭᠤᠯᠪᠠ᠃ ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ᠂ | ᠡᠷᠬᠡᠪᠰᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ᠂ ᠡᠩ | ᠲᠡᠷᠢᠭᠦᠨ ᠳᠤ ᠠᠷᠠᠳ ᠢ ᠪᠠᠶᠠᠵᠢᠭᠤᠯᠬᠤ ᠠᠵᠤ ᠦᠢᠯᠡᠰ ᠢ ᠬᠥᠭᠵᠢᠭᠦᠯᠬᠦ ᠬᠡᠷᠡᠭᠲᠡᠢ᠃ ᠨᠤᠲᠤᠭ ᠤᠨ ᠠᠬ᠎ᠠ ᠳᠡᠭᠦᠦ | ᠨᠠᠷ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠭᠠᠭᠤᠯᠭ᠎ᠠ ᠳᠣᠣᠷ᠎ᠠ᠂ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ᠂ ᠪᠦᠯᠬᠦᠮᠳᠡᠨ ᠲᠡᠮᠡᠴᠡᠵᠦ᠂ ᠥᠪᠡᠷ ᠤᠨ ᠠᠵᠢᠯᠴᠢ ᠭᠦᠳᠡᠯᠮᠦᠷᠢᠴᠢ ᠬᠤᠶᠠᠷ ᠭᠠᠷ ᠢᠶᠠᠷ ᠢᠶᠠᠨ | ᠣᠨᠴᠠᠯᠢᠭᠲᠤ ᠠᠵᠤ ᠦᠢᠯᠡᠰ ᠢ ᠨᠡᠩ ᠦᠷ᠎ᠡ ᠠᠰᠢᠭ ᠲᠠᠢ ᠪᠤᠯᠭᠠᠵᠤ᠂ ᠬᠥᠳᠡᠭᠡ ᠲᠣᠰᠬᠤᠨ ᠢᠶᠠᠨ ᠨᠡᠩ | ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠵᠤ᠂ ᠵᠣᠯ ᠵᠢᠷᠭᠠᠯᠲᠤ ᠰᠠᠶᠢᠨ ᠰᠠᠶᠢᠬᠠᠨ ᠠᠮᠢᠳᠤᠷᠠᠯ ᠢ | ᠬᠠᠮᠲᠤ ᠪᠠᠷ ᠴᠣᠭᠴᠠᠯᠠᠬᠤ ᠶᠢ ᠬᠦᠰᠡᠵᠦ ᠪᠠᠶᠢᠨ᠎ᠠ ᠭᠡᠵᠦ ᠬᠡᠯᠡᠪᠡ᠃ 1107习近平在湖北考 | 察时强调:6.jpg 11 ᠰᠠᠷ᠎ᠠ ᠶᠢᠨ 4 ᠤ ᠡᠳᠦᠷ ᠠᠴᠠ 6 ᠤ ᠡᠳᠦᠷ ᠪᠤᠯᠳᠠᠯ᠎ᠠ᠂ ᠳᠣᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠪᠧᠢ ᠳᠤ ᠰᠢᠨᠵᠢᠯᠡᠨ | ᠪᠠᠶᠢᠴᠠᠭᠠᠪᠠ᠃ ᠵᠢᠷᠤᠭ ᠪᠣᠯ 5 ᠤ ᠦᠳᠡ ᠶᠢᠨ ᠡᠮᠦᠨ᠎ᠡ᠂ ᠰᠢ ᠶᠢᠨ ᠫᠢᠩ ᠰᠢᠶᠠᠨᠨᠢᠩ ᠬᠤᠲᠠ ᠶᠢᠨ ᠵᠢᠶᠠ ᠢᠦᠢ | ᠰᠢᠶᠠᠨ ᠤ ᠫᠠᠨ ᠵᠢᠶᠠ ᠸᠠᠨ ᠪᠠᠯᠭᠠᠰᠤᠨ ᠤ ᠰᠧ ᠢ ᠲᠣᠰᠬᠤᠨ ᠳᠤ ᠰᠢᠨᠵᠢᠯᠡᠨ ᠪᠠᠶᠢᠴᠠᠭᠠᠬᠤ ᠳᠠᠭᠠᠨ᠂ ᠲᠤᠰᠬᠤᠨ ᠤ | ᠠᠷᠠᠳ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ | ᠬᠤᠸᠠᠨ ᡂᠢ ᠰᠡᠭᠦᠳᠡᠷᠯᠡᠪᠡ 5 ᠤ ᠦᠳᠡ ᠶᠢᠨ ᠬᠤᠶᠢᠨ᠎ᠠ᠂ ᠰᠢ ᠶᠢᠨ ᠫᠢᠩ ᠦᠬᠠᠨ ᠤ ᠠᠵᠤ ᠦᠢᠯᠡᠰ ᠤᠨ | ᠰᠢᠨ᠎ᠡ ᠶᠢ ᠡᠭᠦᠳᠬᠦ ᠬᠥᠭᠵᠢᠯᠲᠡ ᠶᠢᠨ ᠰᠤᠳᠤᠯᠭᠠᠨ ᠤ ᠬᠦᠷᠢᠶᠡᠯᠡᠩ ᠳᠤ ᠰᠢᠨᠵᠢᠯᠡᠨ ᠪᠠᠶᠢᠴᠠᠭᠠᠵᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠠᠩᠭᠠᠯᠭ᠎ᠠ ᠶᠢᠨ ᠬᠡᠯᠬᠢᠶ᠎ᠡ ᠶᠢᠨ ᠲᠠᠪᠴᠠᠩ ᠤᠨ | ᠠᠮᠵᠢᠯᠲᠠ ᠲᠠᠢ ᠬᠡᠷᠡᠭ ᠤᠨ ᠵᠢᠱᠢᠶ᠎ᠡ ᠶᠢᠨ ᠦᠵᠡᠭᠦᠯᠭᠡ ᠪᠣᠯᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠦᠵᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠶᠢ ᠠᠬᠢᠭᠤᠯᠬᠤ ᠠᠷᠭ᠎ᠠ ᠬᠡᠮᠵᠢᠶ᠎ᠡ ᠶᠢ ᠣᠶᠢᠯᠠᠭᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ | ᠪᠣᠯᠣᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠭᠦᠨᠵᠡᠭᠡᠢ ᠶᠠᠷᠢᠯᠴᠠᠨ ᠰᠣᠯᠢᠯᠴᠠᠪᠠ᠃ ᠲᠡᠷᠡ᠂ ᠥᠨᠳᠥᠷ | ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠥᠪᠡᠷ ᠢ ᠪᠠᠨ | ᠬᠦᠴᠦᠷᠬᠡᠭᠵᠢᠭᠦᠯᠬᠦ ᠶᠢ ᠪᠡᠶᠡᠯᠡᠭᠦᠯᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠨᠢ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ | ᠠᠭᠤᠰᠤᠯᠴᠠᠯ ᠳᠤ ᠨᠠᠩ ᠲᠤᠯᠭᠠᠮ ᠬᠡᠷᠡᠭᠴᠡᠭᠡ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠥᠷᠭᠡᠨ ᠣᠯᠠᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠪᠣᠯᠣᠨ ᠠᠵᠤ ᠠᠬᠤᠶᠢᠯᠠᠯᠲᠠᠨ ᠢᠲᠡᠭᠡᠯ ᠵᠣᠷᠢᠭ ᠢᠶᠠᠨ ᠴᠢᠩᠭᠠᠳᠬᠠᠵᠤ᠂ | ᠠᠯᠤᠰ ᠭᠡᠲᠦ ᠶᠢᠨ ᠵᠣᠷᠢᠯᠲᠠ ᠲᠠᠢ ᠪᠠᠶᠢᠵᠤ᠂ ᠬᠠᠮᠵᠢᠯᠴᠠᠨ ᠬᠦᠴᠦᠯᠡᠵᠦ᠂ ᠰᠢᠨ᠎ᠡ ᠶᠢ ᠡᠭᠦᠳᠬᠦ ᠰᠢᠰᠲ᠋ᠧᠮ ᠤᠨ | ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠭᠦ᠂ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮ ᠢ ᠪᠠᠶᠢᠭᠤᠯᠬᠤ ᠳᠤᠮᠳᠠ ᠲᠠᠰᠤᠷᠠᠯᠲᠠ ᠦᠭᠡᠢ ᠭᠠᠪᠢᠶ᠎ᠠ ᠪᠠᠶᠢᠭᠤᠯᠵᠤ ᠦᠢᠯᠡᠰ ᠪᠣᠰᠬᠠᠬᠤ ᠬᠡᠷᠡᠭᠲᠡᠢ ᠭᠡᠵᠦ | ᠴᠢᠬᠤᠯᠠᠴᠢᠯᠠᠪᠠ᠃ 1107习近平在湖北考察时强调:7.jpg 11 | ᠰᠠᠷ᠎ᠠ ᠶᠢᠨ 4 ᠤ ᠡᠳᠦᠷ ᠠᠴᠠ 6 ᠤ ᠡᠳᠦᠷ ᠪᠤᠯᠳᠠᠯ᠎ᠠ᠂ ᠳᠣᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠪᠧᠢ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 5 ᠤ | ᠦᠳᠡ ᠶᠢᠨ ᠬᠤᠶᠢᠨ᠎ᠠ᠂ ᠰᠢ ᠶᠢᠨ ᠫᠢᠩ ᠦᠬᠠᠨ ᠤ ᠠᠵᠤ ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠶᠢᠨ | ᠰᠤᠳᠤᠯᠭᠠᠨ ᠤ ᠬᠦᠷᠢᠶᠡᠯᠡᠩ ᠳᠤ ᠰᠢᠨᠵᠢᠯᠡᠨ ᠪᠠᠶᠢᠴᠠᠭᠠᠵᠤ ᠪᠠᠶᠢᠭ᠎ᠠ ᠨᠢ᠃ ᠰᠢᠨᠬᠤᠸᠠ ᠬᠤᠷᠢᠶ᠎ᠠ ᠶᠢᠨ | ᠰᠤᠷᠪᠤᠯᠵᠢᠯᠠᠬᠴᠢ ᠵᠢᠤᠢ ᠫᠧᠩ ᠰᠡᠭᠦᠳᠡᠷᠯᠡᠪᠡ 6 ᠤ ᠦᠳᠡ ᠶᠢᠨ ᠡᠮᠦᠨ᠎ᠡ᠂ ᠰᠢ ᠶᠢᠨ ᠫᠢᠩ ᠬᠤᠪᠧᠢ ᠮᠤᠵᠢ ᠶᠢᠨ | ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠬᠤᠪᠧᠢ ᠶᠢᠨ ᠡᠯ᠎ᠡ ᠵᠦᠢᠯ ᠤᠨ ᠠᠵᠢᠯ ᠤᠨ ᠣᠯᠣᠭᠰᠠᠨ ᠠᠮᠵᠢᠯᠲᠠ ᠶᠢ ᠨᠤᠲᠠᠯᠠᠵᠤ᠂ ᠳᠠᠷᠠᠭᠠᠴᠢ ᠶᠢᠨ ᠠᠯᠬᠤᠮ ᠤᠨ | ᠠᠵᠢᠯ ᠳᠤ ᠲᠣᠳᠣᠷᠬᠠᠢ ᠱᠠᠭᠠᠷᠳᠠᠯᠭ᠎ᠠ ᠳᠤᠷᠠᠳᠪᠠ᠃ ᠰᠢ ᠶᠢᠨ ᠫᠢᠩ᠂ ᠬᠤᠪᠧᠢ ᠰᠢᠨᠵᠢᠯᠡᠬᠦ ᠤᠬᠠᠭᠠᠨ ᠰᠤᠷᠭᠠᠨ | ᠬᠥᠮᠦᠵᠢᠯ ᠤᠨ ᠴᠢᠳᠠᠪᠤᠷᠢᠲᠠᠨ ᠤ ᠳᠠᠪᠠᠭᠤᠯᠢᠭ ᠤᠨ ᠲᠠᠯ᠎ᠠ ᠪᠠᠷ ᠲᠣᠪᠤᠶᠢᠮ᠎ᠠ ᠪᠠᠶᠢᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠨᠡᠯᠢᠶᠡᠳ ᠴᠢᠩᠭ᠎ᠠ ᠪᠠᠶᠢᠨ᠎ᠠ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠬᠢᠭᠤᠯᠬᠤ ᠲᠠᠯ᠎ᠠ ᠪᠠᠷ ᠵᠠᠮ | ᠨᠡᠭᠡᠭᠡᠨ ᠤᠷᠤᠭᠰᠢᠯᠠᠬᠤ ᠬᠡᠷᠡᠭᠲᠡᠢ᠃ ᠪᠦᠭᠦ ᠤᠯᠤᠰ ᠤᠨ ᠰᠢᠨ᠎ᠡ ᠶᠢ ᠡᠭᠦᠳᠬᠦ ᠬᠡᠯᠬᠢᠶ᠎ᠡ ᠳᠤ | ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠪᠦᠭᠦ ᠤᠯᠤᠰ ᠲᠤ ᠨᠥᠯᠥᠭᠡᠯᠡᠬᠦ ᠬᠦᠴᠦᠨ ᠲᠠᠢ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠥᠨᠳᠦᠷᠯᠢᠭ ᠢ ᠴᠢᠷᠮᠠᠶᠢᠨ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠭᠤᠯᠣᠮᠲᠠ ᠶᠢᠨ ᠴᠢᠳᠠᠪᠬᠢ ᠶᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ | ᠭᠤᠣᠯᠳᠠᠯᠭ᠎ᠠ ᠲᠠᠢ ᠠᠵᠤ ᠦᠢᠯᠡᠰ ᠤᠨ ᠲᠣᠭᠤᠷᠢᠨ ᠳᠤ ᠰᠢᠨ᠎ᠡ ᠶᠢ ᠡᠭᠦᠳᠬᠦ ᠠᠵᠤ ᠦᠢᠯᠡᠰ ᠤᠨ ᠬᠡᠯᠬᠢᠶ᠎ᠡ ᠪᠡᠯᠡ | ᠮᠥᠩᠭᠦᠨ ᠤ ᠬᠡᠯᠬᠢᠶ᠎ᠡ ᠴᠢᠳᠠᠪᠤᠷᠢᠲᠠᠨ ᠤ ᠬᠡᠯᠬᠢᠶ᠎ᠡ ᠶᠢᠨ ᠠᠭᠤᠰᠤᠯᠴᠠᠯ ᠢ ᠴᠢᠩᠭᠠᠳᠬᠠᠵᠤ᠂ ᠵᠠᠩᠭᠢᠯᠠᠭ᠎ᠠ ᠶᠢᠨ | ᠭᠤᠣᠯᠯᠠᠬᠤ ᠮᠡᠷᠭᠡᠵᠢᠯ ᠢ ᠰᠤᠳᠤᠯᠤᠨ ᠨᠡᠭᠡᠭᠡᠬᠦ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠲᠣᠮᠣ ᠳᠤᠮᠳᠠ ᠪᠠᠭ᠎ᠠ | ᠠᠵᠤ ᠠᠬᠤᠶᠢᠯᠠᠯ ᠤᠨ ᠬᠠᠮᠵᠢᠯᠴᠠᠨ ᠰᠢᠨ᠎ᠡ ᠶᠢ ᠡᠭᠦᠳᠬᠦ ᠲᠣᠭᠲᠠᠴᠠ ᠶᠢ ᠪᠠᠶᠢᠭᠤᠯᠵᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ | ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠪᠠ ᠰᠢᠨ᠎ᠡ ᠪᠠᠷ ᠮᠠᠨᠳᠤᠭᠰᠠᠨ | ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ᠂ ᠢᠷᠡᠭᠡᠳᠦᠢ ᠶᠢᠨ ᠠᠵᠤ ᠦᠢᠯᠡᠰ ᠵᠡᠷᠭᠡ ᠪᠠᠷ | ᠤᠷᠤᠭᠰᠢᠯᠠᠬᠤ ᠶᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠨᠡᠩ ᠤᠯᠠᠨ ᠠᠯᠳᠠᠷᠰᠢᠯ ᠲᠠᠢ ᠲᠦᠷᠦᠯ ᠲᠡᠮᠳᠡᠭ ᠢ ᠡᠭᠦᠳᠬᠦ | ᠬᠡᠷᠡᠭᠲᠡᠢ᠃ ᠬᠥᠬᠡᠮᠥ᠋ᠷᠡᠨ ᠤ ᠠᠮᠢ ᠠᠬᠤᠢ ᠣᠷᠴᠢᠨ ᠲᠣᠭᠤᠷᠢᠨ ᠢ ᠵᠠᠰᠠᠨ ᠰᠡᠷᠭᠦᠭᠡᠬᠦ ᠶᠠᠪᠤᠳᠠᠯ ᠢ ᠳᠡᠶᠢᠯᠦᠩᠭᠦᠢ | ᠪᠠᠶᠢᠷᠢᠨ ᠳᠤ ᠲᠠᠯᠪᠢᠵᠤ᠂ ᠠᠶᠤᠯᠭᠦᠢ ᠪᠥᠭᠡᠳ ᠤᠶᠠᠨ ᠬᠠᠳᠠᠨ ᠴᠢᠨᠠᠷᠲᠠᠢ ᠤᠳᠤ ᠦᠶ᠎ᠡ ᠶᠢᠨ ᠤᠰᠤᠨ ᠲᠣᠣᠷ ᠢ | ᠬᠦᠴᠦᠯᠡᠨ ᠪᠠᠶᠢᠭᠤᠯᠵᠤ᠂ ᠰᠠᠪᠠ ᠭᠠᠵᠠᠷ ᠤᠨ ᠶᠡᠷᠦᠩᠬᠡᠶᠢᠯᠡᠭᠰᠡᠨ ᠵᠠᠰᠠᠯᠲᠠ ᠶᠢ ᠪᠦᠭᠦ ᠲᠠᠯ᠎ᠠ ᠪᠠᠷ ᠠᠬᠢᠭᠤᠯᠵᠤ᠂ | ᠬᠥᠬᠡᠮᠥ᠋ᠷᠡᠨ ᠤ ᠠᠷᠪᠠᠨ ᠵᠢᠯ ᠵᠢᠭᠠᠰᠤ ᠠᠩᠨᠠᠬᠤ ᠶᠢ ᠴᠠᠭᠠᠵᠠᠯᠠᠬᠤ ᠶᠢ ᠡᠷᠡᠰ ᠠᠬᠢᠭᠤᠯᠬᠤ ᠬᠡᠷᠡᠭᠲᠡᠢ ᠭᠡᠵᠦ ᠵᠢᠭᠠᠵᠤ | ᠭᠠᠷᠭᠠᠪᠠ᠃ 1107习近平在湖北考察时强调:8.jpg 11 | ᠰᠠᠷ᠎ᠠ ᠶᠢᠨ 4 ᠤ ᠡᠳᠦᠷ ᠠᠴᠠ 6 ᠤ ᠡᠳᠦᠷ ᠪᠤᠯᠳᠠᠯ᠎ᠠ᠂ ᠳᠣᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠪᠧᠢ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 5 ᠤ | ᠦᠳᠡ ᠶᠢᠨ ᠬᠤᠶᠢᠨ᠎ᠠ᠂ ᠰᠢ ᠶᠢᠨ ᠫᠢᠩ ᠦᠬᠠᠨ ᠤ ᠠᠵᠤ ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠶᠢᠨ | ᠰᠤᠳᠤᠯᠭᠠᠨ ᠤ ᠬᠦᠷᠢᠶᠡᠯᠡᠩ ᠳᠤ ᠰᠢᠨᠵᠢᠯᠡᠨ ᠪᠠᠶᠢᠴᠠᠭᠠᠬᠤ ᠳᠠᠭᠠᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ | ᠪᠣᠯᠣᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃ ᠰᠢᠨᠬᠤᠸᠠ | ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ ᠰᠢ ᠶᠢᠨ ᠫᠢᠩ᠂ ᠬᠤᠪᠧᠢ ᠶᠢᠨ ᠬᠢᠨ | ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠ ᠥᠨᠳᠥᠷ ᠲᠦᠪᠰᠢᠨ ᠪᠦᠬᠦᠢ ᠨᠡᠭᠡᠭᠡᠯᠲᠡ ᠶᠢ | ᠥᠷᠭᠡᠳᠬᠡᠬᠦ ᠲᠠᠯ᠎ᠠ ᠪᠠᠷ ᠵᠣᠷᠢᠭᠲᠠᠢ ᠰᠦᠪᠡᠭᠴᠢᠯᠡᠬᠦ ᠬᠡᠷᠡᠭᠲᠡᠢ᠃ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ | ᠵᠠᠩᠭᠢᠯᠠᠭ᠎ᠠ ᠶᠢᠨ ᠭᠤᠭᠴᠣᠭᠠᠨ ᠤ ᠥᠭᠡᠷᠡᠴᠢᠯᠡᠯᠲᠡ ᠶᠢ ᠰᠠᠶᠢᠲᠤᠷ ᠠᠳᠬᠤᠵᠤ᠂ ᠪᠦᠭᠦ ᠤᠯᠤᠰ ᠤᠨ ᠨᠢᠭᠡᠳᠦᠯᠲᠡᠢ | ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠳᠤ ᠪᠦᠭᠦ ᠲᠠᠯ᠎ᠠ ᠪᠠᠷ ᠠᠭᠤᠰᠤᠯᠴᠠᠵᠤ᠂ ᠨᠠᠩ ᠲᠥᠪ | ᠭᠤᠤᠯᠴᠢ᠂ ᠨᠠᠩ ᠠᠮᠢᠵᠢᠷᠠᠯ ᠤᠨ ᠬᠦᠴᠦᠨ ᠲᠠᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠠᠶᠢᠭᠤᠯᠬᠤ ᠬᠡᠷᠡᠭᠲᠡᠢ | ᠃ ︽ᠬᠤᠶᠠᠷ ᠤᠬᠳᠤ ᠭᠤᠶᠢᠪᠢᠰᠢ ᠦᠭᠡᠢ︾ ᠶᠢ ᠪᠠᠷᠢᠮᠲᠠᠯᠠᠨ ᠨᠠᠶᠢᠳᠠᠪᠤᠷᠢᠵᠢᠭᠤᠯᠵᠤ᠂ ᠤᠯᠠᠨ ᠲᠦᠷᠦᠯ ᠤᠨ | ᠥᠮᠴᠢᠯᠡᠯ ᠤᠨ ᠠᠵᠤ ᠠᠬᠤᠢ ᠶᠢᠨ ᠬᠠᠷᠢᠯᠴᠠᠨ ᠠᠬᠢᠭᠤᠯᠵᠤ᠂ ᠬᠠᠮᠲᠤ ᠪᠠᠷ ᠬᠥᠭᠵᠢᠬᠦ ᠶᠢ ᠠᠬᠢᠭᠤᠯᠬᠤ ᠬᠡᠷᠡᠭᠲᠡᠢ᠃ | ᠳᠣᠲᠣᠭᠠᠳᠤ ᠭᠠᠳᠠᠭᠠᠳᠤ ᠨᠡᠭᠡᠭᠡᠯᠲᠡ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠳᠣᠲᠣᠭᠠᠳᠤ ᠬᠠᠭᠤᠷᠠᠢ ᠶᠢᠨ | ᠨᠡᠭᠡᠭᠡᠯᠲᠡ ᠶᠢᠨ ᠥᠨᠳᠦᠷᠯᠢᠭ ᠢ ᠪᠠᠶᠢᠭᠤᠯᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ | ᠠᠵᠤ ᠦᠢᠯᠡᠰ ᠤᠨ ᠪᠠᠶᠢᠷᠢᠰᠢᠭᠤᠯᠤᠯᠲᠠ ᠶᠢ ᠡᠮᠬᠢ ᠵᠢᠷᠤᠮ ᠲᠠᠢ ᠰᠢᠯᠢᠳᠡᠭᠵᠢᠭᠦᠯᠬᠦ ᠬᠡᠷᠡᠭᠲᠡᠢ᠃ ᠳᠣᠲᠣᠭᠠᠳᠤ | ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠨᠢᠭᠡ ᠪᠦᠰᠡ | ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠳᠤ ᠢᠳᠡᠪᠬᠢᠲᠡᠢ ᠣᠷᠣᠯᠴᠠᠵᠤ᠂ ᠨᠡᠭᠡᠭᠡᠯᠲᠡ | ᠬᠢᠬᠦ ᠵᠠᠩᠭᠢᠯᠠᠭ᠎ᠠ ᠶᠢᠨ ᠴᠢᠳᠠᠪᠬᠢ ᠶᠢ ᠰᠢᠰᠲ᠋ᠧᠮ ᠲᠠᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ | 1107习近平在湖北考察时强调:9.jpg 11 ᠰᠠᠷ᠎ᠠ ᠶᠢᠨ 4 ᠤ | ᠡᠳᠦᠷ ᠠᠴᠠ 6 ᠤ ᠡᠳᠦᠷ ᠪᠤᠯᠳᠠᠯ᠎ᠠ᠂ ᠳᠣᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠬᠤᠪᠧᠢ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 5 ᠤ ᠦᠳᠡ ᠶᠢᠨ ᠡᠮᠦᠨ᠎ᠡ᠂ | ᠰᠢ ᠶᠢᠨ ᠫᠢᠩ ᠰᠢᠶᠠᠨᠨᠢᠩ ᠬᠤᠲᠠ ᠶᠢᠨ ᠵᠢᠶᠠ ᠢᠦᠢ ᠰᠢᠶᠠᠨ ᠤ ᠫᠠᠨ ᠵᠢᠶᠠ ᠸᠠᠨ ᠪᠠᠯᠭᠠᠰᠤᠨ ᠤ ᠠᠷᠪᠠᠨ ᠭᠠᠵᠠᠷ ᠤᠨ | ᠢᠳᠡᠰᠢᠨ ᠨᠣᠭᠤᠭ᠎ᠠ ᠶᠢᠨ ᠬᠤᠩᠭᠢᠯ ᠳᠤ ᠰᠢᠨᠵᠢᠯᠡᠨ ᠪᠠᠶᠢᠴᠠᠭᠠᠬᠤ ᠳᠠᠭᠠᠨ ᠢᠳᠡᠰᠢᠨ ᠨᠣᠭᠤᠭ᠎ᠠ ᠲᠠᠷᠢᠳᠠᠭ | ᠲᠠᠷᠢᠶᠠᠴᠢᠨ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ | ᠶᠠᠨ ᠰᠡᠭᠦᠳᠡᠷᠯᠡᠪᠡ ᠰᠢ ᠶᠢᠨ ᠫᠢᠩ᠂ ᠬᠤᠪᠧᠢ ᠶᠢᠨ ᠬᠢᠨ ᠬᠤᠳᠠ ᠬᠥᠳᠡᠭᠡ ᠶᠢ ᠠᠭᠤᠰᠤᠯᠴᠠᠭᠤᠯᠤᠨ | ᠬᠥᠭᠵᠢᠭᠦᠯᠬᠦ ᠪᠠ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠲᠠᠯ᠎ᠠ ᠪᠠᠷ ᠬᠦᠴᠦᠯᠡᠨ | ᠴᠢᠷᠮᠠᠶᠢᠬᠤ ᠬᠡᠷᠡᠭᠲᠡᠢ᠃ ᠦᠬᠠᠨ ᠤ ᠬᠤᠲᠠ ᠶᠢᠨ ᠴᠠᠭᠠᠷᠢᠭ ᠢᠶᠠᠷ ᠲᠥᠪ ᠪᠤᠯᠭᠠᠵᠤ᠂ ᠬᠥᠬᠡᠮᠥ᠋ᠷᠡᠨ ᠤ ᠳᠤᠮᠳᠠ | ᠤᠷᠤᠰᠬᠠᠯ ᠤᠨ ᠬᠤᠲᠠ ᠶᠢᠨ ᠪᠦᠯᠦᠭᠵᠢᠯ ᠤᠨ ᠬᠤᠯᠪᠤᠭᠠᠯᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠰᠢᠶᠠᠨ ᠤ | ᠬᠤᠲᠠ ᠪᠠᠷ ᠴᠢᠬᠤᠯᠠ ᠠᠴᠢᠶᠠᠯᠠᠪᠤᠷᠢ ᠪᠤᠯᠭᠠᠬᠰᠠᠨ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠲᠤᠰ ᠲᠤᠰ ᠤᠨ ᠣᠨᠴᠠᠯᠢᠭ ᠪᠦᠬᠦᠢ ᠰᠢᠶᠠᠨ ᠤ ᠬᠡᠪᠴᠢᠶᠡᠨ ᠤ ᠠᠵᠤ ᠠᠬᠤᠢ ᠶᠢ | ᠬᠥᠭᠵᠢᠭᠦᠯᠬᠦ ᠬᠡᠷᠡᠭᠲᠡᠢ᠃ ᠠᠮᠤ ᠪᠤᠳᠠᠭᠠᠨ ᠤ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ | ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠤᠨᠠᠯᠲᠠ ᠶᠢ ᠲᠣᠭᠲᠠᠪᠤᠷᠢᠵᠢᠭᠤᠯᠵᠤ ᠬᠠᠩᠭᠠᠯᠭ᠎ᠠ ᠶᠢ ᠪᠠᠲᠤᠯᠠᠬᠤ ᠶᠢ | ᠪᠣᠳᠠᠲᠠᠢ ᠠᠳᠬᠤᠬᠤ ᠬᠡᠷᠡᠭᠲᠡᠢ᠃ ᠣᠨᠴᠠᠯᠢᠭᠲᠤ ᠠᠵᠤ ᠦᠢᠯᠡᠰ ᠪᠠ ᠤᠯᠠᠨ ᠲᠦᠷᠦᠯ ᠤᠨ ᠡᠵᠡᠩᠨᠡᠯᠲᠡ ᠶᠢᠨ ᠲᠠᠯᠳᠠ | ᠬᠦᠴᠦᠨ ᠢ ᠠᠭᠤᠳᠠᠯᠵᠤ᠂ ᠲᠠᠷᠢᠶᠠᠯᠠᠩ ᠤᠨ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠭᠦ | ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠵᠦ᠂ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠤ ᠬᠥᠭᠵᠢᠯ ᠮᠠᠨᠳᠤᠯ ᠢ ᠲᠦᠷᠭᠡᠳᠬᠡᠬᠦ ᠬᠡᠷᠡᠭᠲᠡᠢ᠃ | ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠪᠠ ᠦᠨᠳᠦᠰᠦᠨ ᠱᠠᠲᠤᠨ ᠤ | ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠷᠠᠳ ᠤᠨ ᠠᠮᠢᠳᠤᠷᠠᠯ ᠢ ᠪᠠᠲᠤᠯᠠᠬᠤ ᠡᠯ᠎ᠡ ᠵᠦᠢᠯ ᠤᠨ | ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠬᠤᠲᠠ ᠬᠥᠳᠡᠭᠡ ᠶᠢᠨ ᠣᠶᠤᠨ ᠤ ᠪᠣᠯᠪᠠᠰᠤᠨ ᠤ | ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠬᠡᠪ ᠵᠠᠩᠰᠢᠯ ᠢ ᠥᠭᠡᠷᠡᠴᠢᠯᠡᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ | ᠭᠠᠷᠭᠠᠪᠠ᠃ 1107习近平在湖北考察时强调:10.jpg 11 | ᠰᠠᠷ᠎ᠠ ᠶᠢᠨ 4 ᠤ ᠡᠳᠦᠷ ᠠᠴᠠ 6 ᠤ ᠡᠳᠦᠷ ᠪᠤᠯᠳᠠᠯ᠎ᠠ᠂ ᠳᠣᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠪᠧᠢ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 5 ᠤ | ᠦᠳᠡ ᠶᠢᠨ ᠡᠮᠦᠨ᠎ᠡ᠂ ᠰᠢ ᠶᠢᠨ ᠫᠢᠩ ᠰᠢᠶᠠᠨᠨᠢᠩ ᠬᠤᠲᠠ ᠶᠢᠨ ᠵᠢᠶᠠ ᠢᠦᠢ ᠰᠢᠶᠠᠨ ᠤ ᠫᠠᠨ ᠵᠢᠶᠠ ᠸᠠᠨ | ᠪᠠᠯᠭᠠᠰᠤᠨ ᠤ ᠰᠧ ᠢ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠰᠢᠨᠵᠢᠯᠡᠨ ᠪᠠᠶᠢᠴᠠᠭᠠᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ ᠰᠢ ᠶᠢᠨ ᠫᠢᠩ᠂ ᠬᠤᠪᠧᠢ ᠶᠢᠨ ᠲᠡᠦᠬᠡ | ᠰᠣᠶᠣᠯ ᠤᠨ ᠲᠤᠨᠳᠠᠰᠤ ᠵᠤᠵᠠᠭᠠᠨ᠂ ᠬᠤᠪᠢᠰᠬᠠᠯ ᠤᠨ ᠡᠬᠢ ᠪᠠᠶᠠᠯᠢᠭ ᠡᠯᠪᠡᠭ ᠳᠡᠯᠪᠡᠭ ᠶᠤᠮ᠂ ᠰᠣᠶᠣᠯ ᠤᠨ ᠡᠬᠢ | ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠬᠤ ᠪᠠ ᠰᠣᠶᠣᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠬᠤ | ᠲᠠᠯ᠎ᠠ ᠪᠠᠷ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ ᠲᠡᠦᠬᠡ ᠰᠣᠶᠣᠯ ᠤᠨ ᠥᠪ ᠢ ᠬᠠᠮᠠᠭᠠᠯᠠᠵᠤ | ᠤᠯᠠᠮᠵᠢᠯᠠᠬᠤ ᠪᠠ ᠠᠮᠢᠳᠤᠯᠢᠭᠵᠢᠭᠤᠯᠤᠨ ᠠᠰᠢᠭᠯᠠᠬᠤ ᠶᠢ ᠰᠢᠰᠲ᠋ᠧᠮ ᠲᠠᠢ ᠠᠬᠢᠭᠤᠯᠵᠤ᠂ ᠬᠥᠬᠡᠮᠥ᠋ᠷᠡᠨ ᠤ | ᠪᠣᠯᠪᠠᠰᠤᠨ ᠤ ᠡᠬᠢ ᠰᠤᠷᠪᠤᠯᠵᠢ ᠶᠢ ᠬᠠᠶᠢᠬᠤ ᠰᠤᠳᠤᠯᠭᠠᠨ ᠪᠠ ᠤᠯᠠᠮᠵᠢᠯᠠᠨ ᠳᠡᠯᠭᠡᠷᠡᠭᠦᠯᠬᠦ ᠶᠢ ᠴᠢᠩᠭᠠᠳᠬᠠᠬᠤ | ᠬᠡᠷᠡᠭᠲᠡᠢ᠃ ᠳ᠋ᠠ ᠪᠢᠶᠧ ᠱᠠᠨ ᠤ ᠵᠣᠷᠢᠭ ᠰᠠᠨᠠᠭ᠎ᠠ᠂ ᠦᠶᠡᠷ ᠲᠠᠢ ᠲᠡᠮᠡᠴᠡᠬᠦ ᠵᠣᠷᠢᠭ ᠰᠠᠨᠠᠭ᠎ᠠ᠂ ᠬᠢᠵᠢᠭ ᠲᠠᠢ ᠲᠡᠮᠡᠴᠡᠬᠦ | ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ | ᠥᠷᠭᠡᠨ ᠢᠶᠠᠷ ᠦᠢᠯᠡᠳᠦᠯᠭᠡᠵᠢᠭᠦᠯᠬᠦ ᠬᠡᠷᠡᠭᠲᠡᠢ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ | ᠬᠡᠷᠡᠭᠵᠢᠭᠦᠯᠵᠦ᠂ ᠰᠢᠨ᠎ᠡ ᠭᠡᠯᠪᠡᠷᠢ ᠶᠢᠨ ᠰᠣᠶᠣᠯ ᠤᠨ ᠡᠵᠡᠩᠨᠡᠯᠲᠡ ᠶᠢᠨ ᠭᠡᠯᠪᠡᠷᠢ ᠶᠢ ᠢᠳᠡᠪᠬᠢᠲᠡᠢ ᠬᠥᠭᠵᠢᠭᠦᠯᠵᠦ᠂ | ᠨᠠᠩ ᠣᠯᠠᠨ ᠰᠢᠯᠢᠳᠡᠭ ᠰᠣᠶᠣᠯ ᠤᠨ ᠦᠢᠯᠡᠳᠬᠦᠨ ᠪᠠ ᠦᠢᠯᠡᠴᠢᠯᠡᠭᠡ ᠶᠢ ᠣᠯᠠᠨ ᠲᠦᠮᠡᠨ ᠤ ᠳᠡᠷᠭᠡᠳᠡ ᠬᠦᠷᠭᠡᠬᠦ | ᠬᠡᠷᠡᠭᠲᠡᠢ᠃ ᠰᠣᠳᠣᠨ ᠰᠣᠶᠣᠯ ᠵᠢᠭᠤᠯᠴᠢᠯᠠᠯ ᠤᠨ ᠲᠦᠷᠦᠯ ᠲᠡᠮᠳᠡᠭ ᠪᠠ ᠵᠠᠮ ᠱᠤᠭᠤᠮ ᠢ ᠪᠤᠶ ᠪᠤᠯᠭᠠᠵᠤ᠂ ᠰᠣᠶᠣᠯ | ᠵᠢᠭᠤᠯᠴᠢᠯᠠᠯ ᠤᠨ ᠦᠢᠯᠡᠰ ᠢ ᠲᠤᠯᠭᠠᠭᠤᠷᠢ ᠠᠵᠤ ᠦᠢᠯᠡᠰ ᠪᠣᠯᠭᠠᠨ ᠪᠤᠶᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ | ᠃ 1107习近平在湖北考察时强调:11.jpg 11 ᠰᠠᠷ᠎ᠠ ᠶᠢᠨ | 4 ᠤ ᠡᠳᠦᠷ ᠠᠴᠠ 6 ᠤ ᠡᠳᠦᠷ ᠪᠤᠯᠳᠠᠯ᠎ᠠ᠂ ᠳᠣᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠬᠤᠪᠧᠢ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 4 ᠤ ᠦᠳᠡ ᠶᠢᠨ ᠬᠤᠶᠢᠨ᠎ᠠ᠂ | ᠰᠢ ᠶᠢᠨ ᠫᠢᠩ ᠰᠢᠶᠣᠣ ᠭᠠᠨ ᠬᠤᠳᠠ ᠶᠢᠨ ᠶᠦᠨ ᠮᠧᠩ ᠰᠢᠶᠠᠨ ᠤ ᠮᠦᠽᠧᠢ ᠳᠤ ᠬᠦᠷᠴᠦ ᠴᠢᠨ ᠬᠠᠨ ᠤ | ᠬᠤᠯᠤᠰᠤᠨ ᠴᠤᠭᠤᠳᠠᠰᠤ ᠶᠢᠨ ᠦᠵᠡᠭᠦᠯᠭᠡ ᠶᠢ ᠲᠣᠭᠤᠷᠢᠨ ᠦᠵᠡᠵᠦ ᠪᠠᠶᠢᠭ᠎ᠠ ᠨᠢ᠃ ᠰᠢᠨᠬᠤᠸᠠ ᠬᠤᠷᠢᠶ᠎ᠠ ᠶᠢᠨ | ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ ᠰᠢ ᠶᠢᠨ ᠫᠢᠩ᠂ ᠥᠭᠡᠷᠡᠴᠢᠯᠡᠯᠲᠡ ᠶᠢ ᠠᠳᠬᠤᠨ ᠬᠥᠭᠵᠢᠯᠲᠡ ᠶᠢ | ᠠᠬᠢᠭᠤᠯᠬᠤ ᠲᠠᠢ ᠨᠢᠭᠲᠠ ᠤᠶᠠᠯᠳᠤᠭᠤᠯᠤᠨ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠭᠡᠰᠢᠭᠦᠨ | ᠺᠠᠳ᠋ᠷ ᠤᠨ ᠠᠵᠢᠯ ᠶᠠᠪᠤᠳᠠᠯ ᠬᠢᠵᠦ ᠦᠢᠯᠡᠰ ᠪᠣᠰᠬᠠᠬᠤ ᠤᠷᠮ᠎ᠠ ᠵᠣᠷᠢᠭ ᠢ ᠪᠠᠳᠠᠷᠠᠭᠤᠯᠵᠤ᠂ ᠵᠣᠷᠢᠭᠲᠠᠢ ᠪᠠᠷ ᠵᠠᠮ | ᠨᠡᠭᠡᠭᠡᠨ ᠰᠢᠨ᠎ᠡ ᠶᠢ ᠡᠭᠦᠳᠬᠦ ᠮᠥᠷᠲᠡᠭᠡᠨ ᠨᠠᠶᠢᠳᠠᠪᠤᠷᠢᠵᠢᠭᠤᠯᠤᠯᠲᠠ ᠶᠢ ᠴᠥᠬᠦᠷᠡᠰᠢ ᠦᠭᠡᠢ ᠰᠠᠶᠢᠲᠤᠷ ᠠᠳᠬᠤᠵᠤ᠂ | ᠵᠣᠷᠢᠭᠲᠠᠢ ᠲᠡᠮᠡᠴᠡᠵᠦ ᠵᠣᠷᠢᠭᠲᠠᠢ ᠤᠷᠤᠭᠰᠢᠯᠠᠬᠤ ᠪᠥᠭᠡᠳ ᠪᠦᠯᠬᠦᠮᠳᠡᠨ ᠬᠠᠮᠵᠢᠯᠴᠠᠬᠤ ᠳᠠᠭᠠᠨ ᠴᠢᠳᠠᠮᠠᠭᠠᠢ ᠪᠠᠶᠢᠵᠤ᠂ | ᠲᠡᠦᠬᠡ᠂ ᠦᠢᠯᠡᠳᠦᠯᠭᠡ ᠪᠣᠯᠣᠨ ᠠᠷᠠᠳ ᠲᠦᠮᠡᠨ ᠤ ᠰᠢᠯᠭᠠᠯᠲᠠ ᠶᠢ ᠳᠠᠭᠠᠭᠠᠵᠤ ᠳᠡᠶᠢᠯᠭᠦ ᠠᠮᠵᠢᠯᠲᠠ ᠪᠦᠲᠦᠮᠵᠢ ᠶᠢ | ᠴᠢᠷᠮᠠᠶᠢᠨ ᠡᠭᠦᠳᠬᠦ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ | ᠴᠢᠩᠭᠠᠳᠬᠠᠵᠤ᠂ ᠪᠠᠲᠤ ᠴᠢᠩᠭ᠎ᠠ ᠳᠠᠶᠢᠴᠢᠨ ᠪᠠᠬᠢᠯᠡᠯᠲᠡ ᠶᠢ ᠴᠣᠭᠴᠠᠯᠠᠬᠤ ᠬᠡᠷᠡᠭᠲᠡᠢ᠃ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ ᠪᠠ ᠣᠷᠳᠣ ᠬᠤᠭᠤᠴᠠᠭ᠎ᠠ ᠪᠦᠲᠦᠮᠵᠢᠲᠡᠶ ᠪᠤᠯᠭᠠᠬᠤ ᠶᠢ | ᠠᠬᠢᠭᠤᠯᠵᠤ᠂ ᠴᠥᠬᠦᠷᠡᠰᠢ ᠦᠭᠡᠢ ᠪᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠨ ᠢᠯᠵᠠᠷᠠᠯ ᠢ | ᠡᠰᠡᠷᠭᠦᠴᠡᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠢ ᠶᠢ ᠲᠠᠰᠤᠷᠠᠯᠲᠠ ᠦᠭᠡᠢ | ᠪᠠᠬᠢᠵᠢᠭᠦᠯᠦᠨ ᠬᠥᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ 1107习近平在湖北考 | 察时强调:12.jpg 11 ᠰᠠᠷ᠎ᠠ ᠶᠢᠨ 4 ᠤ ᠡᠳᠦᠷ ᠠᠴᠠ 6 ᠤ ᠡᠳᠦᠷ ᠪᠤᠯᠳᠠᠯ᠎ᠠ᠂ ᠳᠣᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠪᠧᠢ ᠳᠤ ᠰᠢᠨᠵᠢᠯᠡᠨ | ᠪᠠᠶᠢᠴᠠᠭᠠᠪᠠ᠃ ᠵᠢᠷᠤᠭ ᠪᠣᠯ 5 ᠤ ᠦᠳᠡ ᠶᠢᠨ ᠡᠮᠦᠨ᠎ᠡ᠂ ᠰᠢ ᠶᠢᠨ ᠫᠢᠩ ᠰᠢᠶᠠᠨᠨᠢᠩ ᠬᠤᠲᠠ ᠶᠢᠨ ᠵᠢᠶᠠ ᠢᠦᠢ | ᠰᠢᠶᠠᠨ ᠤ ᠫᠠᠨ ᠵᠢᠶᠠ ᠸᠠᠨ ᠪᠠᠯᠭᠠᠰᠤᠨ ᠤ ᠰᠧ ᠢ ᠲᠣᠰᠬᠤᠨ ᠤ ᠨᠠᠮ ᠤᠨ ᠭᠡᠰᠢᠭᠦᠨ ᠪᠠ ᠣᠯᠠᠨ ᠲᠦᠮᠡᠨ ᠤ | ᠦᠢᠯᠡᠴᠢᠯᠡᠭᠡᠨ ᠤ ᠲᠥᠪ ᠲᠤ ᠰᠢᠨᠵᠢᠯᠡᠨ ᠪᠠᠶᠢᠴᠠᠭᠠᠵᠤ ᠪᠠᠶᠢᠭ᠎ᠠ ᠨᠢ᠃ ᠰᠢᠨᠬᠤᠸᠠ ᠬᠤᠷᠢᠶ᠎ᠠ ᠶᠢᠨ | ᠰᠤᠷᠪᠤᠯᠵᠢᠯᠠᠬᠴᠢ ᠵᠢᠤᠢ ᠫᠧᠩ ᠰᠡᠭᠦᠳᠡᠷᠯᠡᠪᠡ ᠰᠢ ᠶᠢᠨ ᠫᠢᠩ᠂ ᠡᠨᠡ ᠵᠢᠯ ᠪᠠᠰᠠ ᠬᠤᠶᠠᠷ ᠰᠠᠷ᠎ᠠ ᠰᠢᠬᠠᠮ ᠤᠨ | ᠴᠠᠭ ᠦᠯᠡᠳᠡᠵᠦ ᠪᠤᠢ᠂ ᠡᠯ᠎ᠡ ᠵᠦᠢᠯ ᠤᠨ ᠠᠵᠢᠯ ᠢᠯᠠᠩᠭᠤᠶ᠎ᠠ ᠠᠵᠤ ᠠᠬᠤᠢ ᠶᠢᠨ ᠠᠵᠢᠯ ᠢ ᠤᠯᠠᠮ ᠨᠢᠭᠡ ᠠᠯᠬᠤᠮ | ᠴᠢᠩᠭ᠎ᠠ ᠠᠳᠬᠤᠵᠤ ᠪᠣᠳᠠᠲᠠᠢ ᠠᠳᠬᠤᠵᠤ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠬᠠᠷᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠾᠧ ᠯᠢ ᠹᠧᠩ ᠵᠢᠴᠢ ᠲᠥᠪ ᠤᠨ | ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ | ᠰᠢᠨᠵᠢᠯᠡᠨ ᠪᠠᠶᠢᠴᠠᠭᠠᠪᠠ᠃ |