ᠤᠢᠢᠷ᠎ᠠ ᠶᠢᠨ ᠵᠢᠯ ᠠᠴᠠ ᠨᠠᠰᠢ᠂ ᠤᠯᠠᠭᠠᠨᠬᠤᠲᠠ ᠤᠯᠠᠨ ᠲᠦᠮᠡᠨ ᠤ ᠡᠪᠡᠳᠴᠢᠨ ᠦᠵᠡᠭᠦᠯᠬᠦ ᠬᠦᠴᠢᠷᠳᠡᠯ ᠳᠤ | ᠠᠩᠬᠠᠷᠤᠯ ᠢᠶᠠᠨ ᠲᠥᠪᠯᠡᠷᠡᠭᠦᠯᠵᠦ᠂ ᠨᠢᠭᠲᠠ ᠬᠡᠯᠪᠡᠷᠢ ᠶᠢᠨ ᠬᠤᠳᠠ ᠶᠢᠨ ᠬᠡᠪᠴᠢᠶᠡᠨ ᠤ ᠡᠮᠴᠢᠯᠡᠭᠡᠨ ᠤ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠭᠡᠷ ᠪᠦᠯᠢ ᠶᠢᠨ ᠡᠮᠴᠢ ᠲᠠᠢ ᠭᠡᠷ᠎ᠡ ᠲᠤᠭᠳᠠᠨ | ᠦᠢᠯᠡᠴᠢᠯᠡᠬᠦ ᠠᠭᠤᠯᠭ᠎ᠠ ᠶᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠪᠦᠬᠦ ᠬᠤᠳᠠ ᠶᠢᠨ ᠦᠨᠳᠦᠰᠦᠨ ᠱᠠᠲᠤᠨ ᠤ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ | ᠳᠡᠭᠡᠭᠰᠢᠯᠡᠭᠦᠯᠵᠦ᠂ ᠤᠯᠠᠨ ᠲᠦᠮᠡᠨ ᠳᠤ ᠤᠢᠢᠷ᠎ᠠ ᠬᠠᠪᠢ ᠳᠠᠭᠠᠨ ᠨᠡᠩ ᠲᠦᠪ ᠭᠤᠤᠯᠴᠢ᠂ ᠰᠢᠰᠲ᠋ᠧᠮ ᠲᠠᠢ | ᠦᠷᠬᠦᠯᠵᠢᠯᠡᠭᠰᠡᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠦᠷᠲᠡᠭᠡᠵᠤ ᠪᠠᠶᠢᠨ᠎ᠠ᠃ ᠬᠤᠲᠠ ᠶᠢᠨ ᠲᠡᠭᠦᠷᠭᠡ | ᠵᠡᠭᠡᠯᠢ ᠶᠢᠨ ᠱᠠᠨ ᠴᠧᠩ ᠵᠠᠮ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ ᠳᠤ | ᠂ ᠡᠮᠨᠡᠯᠭᠡ ᠶᠢᠨ ᠠᠵᠢᠯᠲᠠᠳ ᠶᠠᠭ ᠨᠠᠰᠤᠲᠠᠶᠢᠴᠤᠳ ᠲᠤ ᠴᠢᠰᠤᠨ ᠳᠠᠷᠤᠯᠲᠠ᠂ ᠴᠢᠰᠤᠨ ᠰᠢᠬᠢᠷ᠂ ᠵᠢᠷᠦᠬᠡᠨ ᠤ | ᠯᠤᠭᠰᠢᠯᠲᠠ ᠶᠢᠨ ᠵᠢᠷᠤᠭ᠂ ᠬᠡᠪᠡᠯᠢ ᠶᠢᠨ ᠬᠡᠰᠡᠭ ᠤᠨ B ᠬᠡᠲᠦ ᠳᠣᠯᠭᠢᠶᠠᠨ ᠵᠡᠷᠭᠡ ᠣᠯᠠᠨ ᠵᠦᠢᠯ ᠤᠨ ᠪᠠᠶᠢᠴᠠᠭᠠᠯᠲᠠ | ᠬᠢᠵᠦ ᠦᠭᠴᠤ ᠪᠠᠶᠢᠯ᠎ᠠ᠃ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠰᠦᠢᠳᠭᠡᠯ ᠬᠤᠷᠢᠶᠠᠬᠤ | ᠥᠬᠡᠶ ᠪᠠᠷ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠬᠢᠵᠤ ᠦᠭᠬᠦ ᠨᠢ ᠬᠡᠷ ᠪᠦᠯᠢ ᠶᠢᠨ ᠡᠮᠴᠢ ᠲᠠᠢ ᠭᠡᠷ᠎ᠡ | ᠲᠣᠭᠲᠠᠬᠤ ᠤᠶᠢᠯᠡᠴᠢᠯᠡᠭᠡᠨ ᠤ ᠠᠵᠢᠯ ᠤᠨ ᠴᠢᠬᠤᠯᠠ ᠠᠭᠤᠯᠭ᠎ᠠ ᠪᠣᠯᠤᠭᠰᠠᠨ ᠤ ᠬᠤᠪᠢ ᠳᠤ᠂ ᠦᠨᠳᠦᠰᠦᠨ | ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠬᠦᠴᠦᠲᠡᠶ | ᠭᠠᠷᠳᠠᠴᠠ ᠪᠣᠯᠤᠭᠰᠠᠨ ᠪᠠᠶᠢᠨ᠎ᠠ᠃ ︽ᠡᠨᠡ ᠤᠳᠠᠭ᠎ᠠ ᠪᠢᠳᠡ ᠨᠡᠶᠢᠲᠡ 30 ᠭᠠᠷᠤᠶ ᠨᠠᠰᠤᠲᠠᠨ ᠳᠤ ᠪᠡᠶ᠎ᠡ ᠶᠢᠨ | ᠪᠠᠶᠢᠴᠠᠭᠠᠯᠲᠠ ᠬᠢᠵᠤ ᠦᠭᠬᠦᠭᠰᠡᠨ ᠪᠥᠭᠡᠳ ᠡᠷᠡᠭᠦᠯ ᠮᠡᠨᠳᠦ ᠶᠢᠨ ᠲᠠᠩᠰᠠ ᠡᠪᠬᠡᠮᠡᠯ ᠢ ᠨᠢ ᠴᠠᠭ ᠲᠤᠬᠠᠶ ᠳᠤᠨᠢ | ᠰᠢᠨᠡᠳᠬᠡᠨ ᠲᠡᠭᠦᠯᠳᠡᠷᠵᠢᠭᠦᠯᠵᠦ᠂ ᠨᠠᠰᠤᠲᠠᠶᠢᠴᠤᠳ ᠲᠤ ᠥᠪᠡᠷ ᠤᠨ ᠡᠷᠡᠭᠦᠯ ᠮᠡᠨᠳᠦ ᠶᠢᠨ ᠪᠠᠶᠢᠳᠠᠯ ᠢᠶᠠᠨ ᠴᠠᠭ | ᠲᠤᠬᠠᠶ ᠳᠤᠨᠢ ᠣᠶᠢᠯᠠᠭᠠᠭᠤᠯᠵᠤ᠂ ᠡᠷᠡᠭᠦᠯ ᠮᠡᠨᠳᠦ ᠪᠠᠨ ᠴᠢᠬᠤᠯᠠᠴᠢᠯᠠᠬᠤ ᠬᠡᠮᠵᠢᠶ᠎ᠡ ᠶᠢ ᠨᠢ ᠳᠡᠭᠡᠭᠰᠢᠯᠡᠭᠦᠯᠪᠡ᠃ | ᠵᠠᠯᠭᠠᠭᠠᠳ ᠪᠢᠳᠡ ᠪᠠᠰᠠ ᠡᠷᠦᠬᠡ ᠪᠠᠷ ᠭᠦᠨᠵᠡᠬᠡᠶᠢᠷᠡᠨ ᠳᠠᠭᠠᠵᠤ ᠰᠤᠷᠪᠤᠯᠵᠢᠯᠠᠬᠤ᠂ ᠰᠢᠯᠵᠢᠭᠦᠯᠦᠨ ᠡᠮᠨᠡᠭᠦᠯᠬᠦ | ᠤᠶᠢᠯᠡᠴᠢᠯᠡᠭᠡ ᠬᠠᠩᠭᠠᠬᠤ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠠᠷᠢᠶ᠎ᠠ ᠣᠷᠣᠨ ᠤ ᠪᠠᠨ | ᠨᠠᠰᠤᠲᠠᠶᠢᠴᠤᠳ ᠲᠤ ᠨᠠᠩ ᠳᠥᠭᠦᠮ ᠳᠥᠲᠡ᠂ ᠬᠠᠯᠠᠭᠤᠨ ᠲᠤᠳᠤᠨᠤᠰᠤᠭ᠂ ᠦᠷᠭᠦᠯᠵᠢᠯᠡᠭᠰᠡᠨ ᠦᠨᠳᠦᠰᠦᠨ | ᠡᠮᠴᠢᠯᠡᠭᠡ ᠡᠷᠡᠭᠦᠯ ᠬᠠᠮᠠᠭᠠᠯᠠᠯ ᠤᠨ ᠤᠶᠢᠯᠡᠴᠢᠯᠡᠭᠡ ᠬᠦᠷᠲᠡᠭᠡᠨ᠎ᠡ︾ ᠭᠡᠵᠤ ᠤᠯᠠᠭᠠᠨᠬᠤᠲᠠ ᠶᠢᠨ ᠡᠮ ᠡᠮᠨᠡᠯᠭᠡ ᠶᠢᠨ | ᠬᠠᠮᠲᠤ ᠶᠢᠨ ᠴᠣᠭᠴᠠ ᠶᠢᠨ ᠶᠡᠷᠦᠩᠬᠡᠶ ᠡᠮᠨᠡᠯᠭᠡ ᠶᠢᠨ ᠬᠤᠷᠢᠶᠠᠨ ᠤ ᠬᠤᠲᠠ ᠶᠢᠨ ᠲᠡᠭᠦᠷᠭᠡ ᠨᠡᠶᠢᠭᠡᠮ ᠲᠣᠭᠤᠷᠢᠭ ᠤᠨ | ᠬᠤᠪᠢᠶᠠᠷᠢ ᠬᠤᠷᠢᠶᠠᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠠᠯᠠᠭᠠᠨ ᠤ ᠳᠠᠷᠤᠭ᠎ᠠ ᠸᠠᠩ ᠴᠡᠩᠭᠡᠯ ᠬᠡᠯᠡᠪᠡ | ᠃ | ᠤᠯᠠᠭᠠᠨᠬᠠᠳᠠ ᠪᠠᠯᠭᠠᠰᠤᠨ ᠤ ᠤᠯᠠᠭᠠᠨᠬᠤᠰᠢᠭᠤ ᠭᠠᠴᠠᠭᠠᠨ ᠤ ᠡᠷᠡᠭᠦᠯ ᠬᠠᠮᠠᠭᠠᠯᠠᠯ ᠤᠨ ᠲᠠᠰᠤᠭ ᠲᠤ᠂ ᠴᠢᠰᠤᠨ | ᠰᠢᠬᠢᠷ ᠤᠨ ᠬᠡᠮᠵᠢᠭᠦᠷᠯᠢᠭ᠂ ᠲᠥᠭᠡᠨᠡᠯᠭᠡ ᠶᠢᠨ ᠮᠠᠰᠢᠨ᠂ ᠤᠯᠠᠭᠠᠨ ᠤ ᠭᠠᠳᠠᠨᠠᠬᠢ ᠰᠠᠴᠤᠷᠠᠭ ᠤᠨ ᠹᠢᠽᠢᠺ ᠵᠠᠰᠠᠯ ᠤᠨ | ᠬᠡᠮᠵᠢᠭᠦᠷᠯᠢᠭ ᠵᠡᠷᠭᠡ ᠡᠮᠴᠢᠯᠡᠭᠡᠨ ᠤ ᠲᠥᠬᠦᠭᠡᠷᠦᠮᠵᠢ ᠨᠢ ᠪᠦᠷᠢᠨ ᠭᠦᠢᠴᠡᠳ ᠪᠠᠶᠢᠵᠤ᠂ ᠡᠮᠴᠢ ᠠᠴᠠ ᠬᠡᠮᠵᠢᠬᠦᠷᠯᠢᠭ ᠢ | ᠪᠣᠯᠪᠠᠰᠤᠷᠠᠩᠭᠤᠶ ᠪᠠᠷ ᠬᠡᠷᠡᠭᠯᠡᠵᠤ᠂ ᠡᠪᠡᠳᠴᠢᠲᠡᠨ ᠳᠤ ᠡᠷᠡᠭᠦᠯᠵᠢᠭᠦᠯᠬᠦ ᠡᠮᠴᠢᠯᠡᠭᠡ ᠬᠢᠵᠦ ᠪᠠᠶᠢᠯ᠎ᠠ᠃ ᠡᠨᠡ ᠵᠢᠯ᠂ | ᠤᠯᠠᠭᠠᠨᠬᠤᠰᠢᠭᠤ ᠭᠠᠴᠠᠭᠠᠨ ᠤ ᠡᠷᠡᠭᠦᠯ ᠬᠠᠮᠠᠭᠠᠯᠠᠯ ᠤᠨ ᠲᠠᠰᠤᠭ ᠨᠢ ᠣᠨᠣᠰᠢᠯᠠᠬᠤ ᠲᠠᠰᠤᠭ᠂ ᠡᠮᠨᠡᠨ ᠵᠠᠰᠠᠬᠤ | ᠲᠠᠰᠤᠭ᠂ ᠡᠮ ᠤᠨ ᠲᠠᠰᠤᠭ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠠᠰᠤᠭ᠂ ᠠᠵᠢᠭᠯᠠᠬᠤ ᠲᠠᠰᠤᠭ ᠵᠡᠷᠭᠡ | ᠣᠷᠣᠨ ᠪᠦᠰᠡ ᠶᠢ ᠳᠠᠬᠢᠨ ᠲᠥᠯᠥᠪᠵᠢᠭᠦᠯᠵᠦ᠂ ︽ᠲᠠᠪᠤᠨ ᠲᠠᠰᠤᠭ ᠢ ᠰᠠᠯᠭᠠᠬᠤ︾ ᠶᠢ ᠪᠡᠶᠡᠯᠡᠭᠦᠯᠦᠭᠰᠡᠨ ᠪᠥᠭᠡᠳ | ᠡᠮ ᠤᠨ ᠲᠥᠷᠥᠯ ᠵᠦᠶ᠋ᠯ ᠪᠠ ᠬᠡᠪᠴᠢᠶ᠎ᠡ ᠶᠢ ᠥᠷᠭᠡᠳᠬᠡᠪᠡ᠃ ᠣᠳᠣᠬᠠᠨ ᠳᠤ ᠡᠷᠡᠭᠦᠯ ᠬᠠᠮᠠᠭᠠᠯᠠᠯ ᠤᠨ ᠲᠠᠰᠤᠭ ᠤᠨ | ᠡᠮ ᠤᠨ ᠵᠦᠢᠯ ᠨᠢᠭᠡᠨᠲᠡ 108 ᠵᠦᠢᠯ ᠳᠤ ᠬᠦᠷᠴᠦ᠂ ᠲᠣᠰᠬᠤᠨ ᠤ ᠠᠷᠠᠳ ᠤᠨ ᠡᠮᠴᠢᠯᠡᠭᠦᠯᠵᠦ ᠡᠮ ᠬᠡᠷᠡᠭᠯᠡᠬᠦ | ᠦᠨᠳᠦᠰᠦᠨ ᠬᠡᠷᠡᠭᠴᠡᠭᠡ ᠶᠢ ᠬᠠᠩᠭᠠᠵᠤ ᠳᠡᠶᠢᠯᠬᠦ ᠪᠣᠯᠵᠠᠶ᠃ ᠥᠨᠥᠳᠦᠷ ᠤᠨ ᠤᠯᠠᠭᠠᠨᠬᠤᠲᠠ ᠶᠢᠨ ᠦᠨᠳᠦᠰᠦᠨ | ᠱᠠᠲᠤᠨ ᠤ ᠡᠮᠴᠢᠯᠡᠭᠡᠨ ᠤ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠨᠢ ᠠᠷᠠᠳ ᠣᠯᠠᠨ ᠤ ᠡᠷᠡᠭᠦᠯ | ᠮᠡᠨᠳᠦ ᠶᠢᠨ ︽ᠨᠢᠭᠡᠳᠦᠭᠡᠷ ᠰᠡᠷᠭᠡᠶᠢᠯᠡᠯᠲᠡ ᠶᠢᠨ ᠱᠤᠭᠤᠮ︾ ᠢ ᠪᠠᠶᠢᠭᠤᠯᠤᠭᠰᠠᠨ ᠪᠠᠶᠢᠨ᠎ᠠ᠃ ᠬᠡᠷ ᠪᠦᠯᠢ ᠶᠢᠨ | ᠡᠮᠴᠢ ᠲᠠᠢ ᠭᠡᠷ᠎ᠡ ᠲᠣᠭᠲᠠᠬᠤ ᠦᠢᠯᠡᠴᠢᠯᠡᠭᠡᠨ ᠤ ᠠᠵᠢᠯ ᠢ ᠡᠬᠢᠯᠡᠬᠦᠯᠦᠭᠰᠡᠨ ᠠᠴᠠ ᠨᠠᠰᠢ᠂ ᠪᠥᠬᠦ ᠬᠤᠲᠠ ᠳᠤ 79 | ᠭᠡᠷ ᠪᠦᠯᠢ ᠶᠢᠨ ᠡᠮᠴᠢ ᠶᠢᠨ ᠪᠦᠯᠬᠦᠮ ᠨᠡᠶᠢᠲᠡ᠂ 370 ᠬᠥᠮᠦᠨ᠂ ᠨᠡᠶᠢᠲᠡ 21.7 ᠲᠦᠮᠡᠨ ᠬᠥᠮᠦᠨ ᠳᠤ | ᠦᠢᠯᠡᠴᠢᠯᠡᠭᠡ ᠬᠠᠩᠭᠠᠵᠤ᠂ ᠭᠤᠤᠯᠳᠠᠯᠭ᠎ᠠ ᠲᠠᠢ ᠬᠥᠮᠦᠰ ᠤᠨ ᠭᠡᠷ᠎ᠡ ᠲᠣᠭᠲᠠᠭᠰᠠᠨ ᠨᠣᠷᠮ᠎ᠠ 88% ᠳᠤ ᠬᠦᠷᠴᠡᠶ᠃ | ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠲᠠᠰᠤᠷᠠᠯᠲᠠ ᠥᠬᠡᠶ ᠲᠡᠩᠴᠡᠭᠦᠷᠢᠲᠡᠶ | ᠪᠠᠶᠢᠬᠤ ᠶᠢ ᠳᠠᠭᠠᠯᠳᠤᠨ᠂ ᠤᠯᠠᠮ ᠠᠴᠠ ᠤᠯᠠᠮ ᠣᠯᠠᠨ ᠲᠦᠮᠡᠨ ᠡᠪᠡᠳᠴᠢᠨ ᠦᠵᠡᠭᠦᠯᠬᠦ ᠳᠤ ᠳᠥᠭᠦᠮ ᠳᠥᠲᠡ ᠪᠠ | ᠥᠨᠳᠥᠷ ᠪᠦᠲᠦᠮᠵᠢᠲᠡᠶ ᠪᠠᠶᠢᠬᠤ ᠶᠢ ᠦᠨᠡᠨ ᠬᠦ ᠮᠡᠳᠡᠷᠡᠵᠦ᠂ ᠣᠯᠠᠨ ᠲᠦᠮᠡᠨ ᠤ ᠡᠪᠡᠳᠴᠢᠨ ᠦᠵᠡᠭᠦᠯᠬᠦ | ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠴᠤ ᠢᠯᠡᠳᠲᠡ ᠳᠡᠭᠡᠭᠰᠢᠯᠡᠪᠡ᠃ | |