ᠤᠶᠢᠷ᠎ᠠ ᠳᠤ᠂ ᠤᠯᠠᠭᠠᠨᠬᠤᠲᠠ ᠶᠢᠨ ᠢᠳᠡᠭᠡᠨ ᠡᠳ᠋ᠰᠢᠬᠦᠯᠤᠨ ᠪᠣᠯᠪᠠᠰᠤᠷᠠᠭᠤᠯᠬᠤ ᠠᠵᠤ ᠠᠬᠤᠶᠢᠯᠠᠯ ᠤᠳ ᠵᠠᠬ᠎ᠠ | ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠵᠤᠬᠢᠴᠠᠭᠤᠯᠤᠨ᠂ ᠦᠢᠯᠡᠳᠪᠦᠷᠢᠯᠡᠯ ᠢᠶᠠᠨ ᠪᠥᠬᠦ ᠬᠦᠴᠦᠨ ᠢᠶᠠᠷ ᠢᠶᠠᠨ | ᠠᠬᠢᠭᠤᠯᠵᠤ᠂ ᠵᠠᠬᠢᠶᠠᠯᠠᠭ᠎ᠠ ᠶᠢᠨ ᠬᠠᠭᠤᠳᠠᠰᠤ ᠶᠢ ᠵᠠᠪᠳᠤᠨ᠂ ᠪᠥᠬᠦ ᠵᠢᠯ ᠤᠨ ᠬᠠᠷᠠᠯᠲᠠ ᠪᠠᠨ ᠪᠠᠶᠡᠯᠡᠬᠦᠯᠬᠦ ᠪᠠᠷ ᠪᠦᠬᠦ | ᠬᠦᠴᠤᠨ ᠢᠶᠠᠷ ᠢᠶᠠᠨ ᠴᠢᠷᠮᠠᠶᠢᠨ᠎ᠠ᠃ ᠥᠪᠥᠷ ᠮᠣᠩᠭᠤᠯ ᠤᠨ ᠺᠧ ᠴᠢᠨ ᠸᠠᠨ ᠵᠢᠶᠠ ᠢᠳᠡᠭᠡᠨ ᠤ ᠬᠢᠵᠠᠭᠠᠷᠲᠤ | ᠺᠣᠮᠫᠠᠨᠢ ᠨᠢ ᠬᠢᠩᠭᠠᠨ ᠠᠶᠢᠮᠠᠭ ᠤᠨ ᠨᠤᠲᠤᠭ ᠤᠨ ᠣᠨᠴᠠ ᠭᠠᠷᠤᠯᠲᠠ ᠶᠢᠨ ᠠᠯᠳᠠᠨ ᠦᠰᠦᠭᠲᠦ ᠫᠠᠶᠢᠰᠠ | ᠪᠣᠯᠤᠭᠰᠠᠨ ᠤ ᠬᠤᠪᠢ ᠳᠤ᠂ ᠲᠤᠬᠠᠢ ᠶᠢᠨ ᠭᠠᠵᠠᠷ ᠲᠤ ᠣᠨᠴᠠᠭᠠᠢ ᠪᠠᠶᠢᠳᠠᠭ ︽ᠣᠷᠭᠠᠨᠢᠭ᠂ ᠪᠣᠬᠢᠷᠲᠤᠯ ᠦᠭᠡᠢ᠂ | ᠬᠤᠣᠷᠳᠠᠭᠳᠠᠯ ᠦᠭᠡᠢ︾ ᠲᠠᠷᠢᠶᠠᠯᠠᠩ ᠤᠨ ᠪᠦᠲᠦᠭᠡᠭᠳᠡᠬᠦᠨ ᠢᠶᠠᠷ ᠲᠦᠭᠦᠬᠡᠢ ᠮᠠᠲ᠋ᠧᠷᠢᠶᠠᠯ ᠪᠣᠯᠭᠠᠵᠤ᠂ ᠥᠪᠡᠷᠮᠢᠴᠡ | ᠦᠨᠦᠷ ᠠᠮᠲᠠ ᠲᠠᠢ᠂ ᠣᠷᠭᠠᠨᠢᠭ ᠵᠢᠶᠠᠩᠶ᠋ᠢᠤ ᠵᠡᠷᠭᠡ ᠪᠦᠲᠦᠭᠡᠭᠳᠡᠬᠦᠨ ᠢ ᠨᠠᠷᠢᠨ ᠨᠢᠮᠪᠠᠢ ᠦᠢᠯᠡᠳᠴᠦ ᠭᠠᠷᠭᠠᠵᠠᠢ᠃ | ᠡᠭᠦᠨ ᠤ ᠬᠠᠮᠲᠤ᠂ ᠪᠦ᠋ ᠯᠢᠤ ᠺᠧ᠂ ᠯᠤᠤᠪᠠᠩ᠂ ᠥᠷᠭᠡᠰᠦᠲᠦ ᠬᠡᠮᠬᠡ ᠵᠡᠷᠭᠡ ᠲᠣᠰ ᠭᠠᠵᠠᠷ ᠤᠨ ᠢᠳᠡᠰᠢᠨ | ᠨᠣᠭᠤᠭ᠎ᠠ ᠶᠢ ᠭᠦᠨᠵᠡᠭᠡᠶ ᠡᠳ᠋ᠰᠢᠬᠦᠯᠤᠨ ᠪᠣᠯᠪᠠᠰᠤᠷᠠᠭᠤᠯᠵᠤ᠂ ᠣᠯᠠᠨ ᠵᠦᠢᠯ ᠤᠨ ᠠᠮᠳᠠᠳᠠᠢ ᠳᠠᠪᠤᠰᠤᠯᠠᠭᠰᠠᠨ | ᠪᠦᠲᠦᠭᠡᠭᠳᠡᠬᠦᠨ ᠢ ᠨᠠᠷᠢᠨ ᠨᠢᠮᠪᠠᠶ ᠬᠢᠵᠦ ᠭᠠᠷᠭᠠᠵᠠᠢ᠃ ᠥᠪᠥᠷ ᠮᠣᠩᠭᠤᠯ ᠤᠨ ᠺᠧ ᠴᠢᠨ ᠸᠠᠨ ᠵᠢᠶᠠ ᠢᠳᠡᠭᠡᠨ ᠤ | ᠬᠢᠵᠠᠭᠠᠷᠲᠤ ᠺᠣᠮᠫᠠᠨᠢ ᠶᠢᠨ ᠶᠡᠷᠤᠩᠬᠡᠢ ᠬᠡᠯᠲᠡᠰ ᠤᠨ ᠳᠠᠭᠠᠭᠠᠮᠠᠯ ᠯᠢ ᠬᠠᠶ ᠵᠢᠩ᠄ ︽ᠡᠨᠡ ᠵᠢᠯ ᠤᠨ 1 — 10 | ᠰᠠᠷ᠎ᠠ ᠳᠤ᠂ ᠲᠤᠰ ᠺᠣᠮᠫᠠᠨᠢ 1.01 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ 1. | 32 ᠲᠦᠮᠡᠨ ᠲᠣᠨ ᠤ ᠶᠡᠷᠦᠩᠬᠡᠶ ᠭᠠᠷᠤᠯᠲᠠ ᠶᠢ ᠪᠡᠶᠡᠯᠡᠭᠦᠯᠪᠡ᠃ ᠳᠥᠷᠪᠡᠳᠦᠭᠡᠷ ᠤᠯᠠᠷᠢᠯ ᠳᠤ ᠣᠷᠣᠭᠰᠠᠨ ᠠᠴᠠ | ᠨᠠᠰᠢ᠂ ᠺᠣᠮᠫᠠᠨᠢ ᠠᠴᠠ ᠦᠢᠯᠡᠳᠪᠦᠷᠢᠯᠡᠯ ᠢᠶᠠᠨ ᠲᠦᠷᠭᠡᠳᠭᠡᠵᠤ᠂ ᠣᠯᠠᠨ ᠦᠢᠯᠡᠳᠪᠦᠷᠢᠯᠡᠯ ᠤᠨ ᠱᠤᠭᠤᠮ ᠢ ᠵᠡᠷᠭᠡᠪᠡᠷ | ᠡᠬᠢᠯᠡᠭᠦᠯᠵᠦ᠂ ᠪᠥᠬᠦ ᠬᠦᠴᠦᠨ ᠢᠶᠠᠷ ᠢᠶᠠᠨ ᠠᠵᠢᠯᠯᠠᠵᠤ᠂ ᠵᠠᠷᠢᠮ ᠠᠵᠢᠯ ᠤᠨ ᠪᠠᠶᠢᠷᠢ ᠨᠢ 24 ᠴᠠᠭ ᠢᠶᠠᠷ | ᠤᠶᠢᠯᠡᠳᠪᠤᠷᠢᠯᠡᠵᠤ᠂ ᠵᠢᠯ ᠤᠨ ᠡᠴᠦᠰ ᠪᠤᠯᠳᠠᠯ᠎ᠠ 1.8 ᠲᠦᠮᠡᠨ ᠲᠣᠨ ᠭᠠᠷᠤᠯᠲᠠ ᠶᠢ ᠪᠡᠶᠡᠯᠡᠭᠦᠯᠵᠦ᠂ | ᠦᠢᠯᠡᠳᠬᠦᠨ ᠤ ᠥᠷᠲᠡᠭ ᠨᠢ 1.6 ᠳ᠋ᠦᠩᠰᠢᠭᠤᠷ ᠲᠥᠭᠦᠷᠢᠭ ᠤᠨ ᠬᠠᠷᠠᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ︾ | ᠭᠡᠵᠠᠢ᠃ ᠡᠭᠦᠨ ᠤ ᠬᠠᠮᠲᠤ᠂ ᠬᠢᠩᠭᠠᠨ ᠠᠶᠢᠮᠠᠭ ᠤᠨ ᠯᠢᠩ ᠨᠠᠨ ᠰᠢᠶᠠᠩ ᠲᠠᠷᠢᠶᠠᠯᠠᠩ ᠤᠨ ᠪᠦᠲᠦᠭᠡᠭᠳᠡᠬᠦᠨ ᠤ | ᠨᠡᠭᠡᠭᠡᠨ ᠬᠦᠭᠵᠢᠬᠦᠯᠦᠯᠳᠡ ᠶᠢᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠶᠢᠨ ᠦᠢᠯᠡᠳᠪᠦᠷᠢᠯᠡᠯ ᠤᠨ ᠲᠠᠰᠤᠭ ᠲᠤ᠂ | ᠲᠤᠲᠤᠷᠭ᠎ᠠ ᠡᠳ᠋ᠰᠢᠭᠦᠯᠬᠦ ᠠᠦ᠋ᠲ᠋ᠣᠴᠢᠯᠠᠭᠰᠠᠨ ᠮᠠᠰᠢᠨ ᠶᠠᠭ ᠥᠨᠳᠥᠷ ᠪᠦᠲᠦᠮᠵᠢᠲᠡᠢ ᠠᠵᠢᠯᠯᠠᠵᠤ᠂ ᠪᠤᠯᠤᠷ ᠰᠢᠭ᠋ | ᠲᠤᠩᠭᠠᠯᠠᠭ ᠲᠤᠲᠤᠷᠭ᠎ᠠ ᠶᠢ ᠡᠯ᠎ᠡ ᠵᠦᠢᠯ ᠤᠨ ᠬᠡᠪ ᠪᠠᠷᠢᠮᠵᠢᠶ᠎ᠠ ᠪᠠᠷ ᠪᠤᠭᠤᠳᠠᠯᠯᠠᠵᠤ᠂ ᠪᠦᠬᠦ ᠤᠯᠤᠰ ᠤᠨ ᠡᠯ᠎ᠡ | ᠭᠠᠵᠠᠷ ᠲᠤ ᠭᠤᠪᠢᠭᠤᠯᠬᠤ ᠪᠠᠷ ᠪᠡᠯᠡᠳᠭᠡᠨ᠎ᠠ᠃ |