| | 11 ᠰᠠᠷ᠎ᠠ ᠶᠢᠨ 19 ᠤ ᠡᠳᠦᠷ ᠠᠴᠠ 20 ᠤ ᠡᠳᠦᠷ ᠪᠣᠯᠲᠠᠯ᠎ᠠ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ | ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠢ ᠵᠢᠶ ᠱᠦᠨ ᠲᠦᠴᠢᠦᠸᠠᠨ ᠰᠢᠶᠠᠨ ᠳᠤ ᠪᠠᠶᠢᠴᠠᠭᠠᠨ | ᠰᠤᠳᠤᠯᠤᠯᠲᠠ ᠬᠢᠵᠡᠢ᠃ ᠢᠦᠢ ᠵᠢᠢ ᠱᠦᠨ ᠤᠷᠢᠳ ᠬᠤᠵᠢᠳ ᠱᠦᠢ ᠴᠢᠤᠸᠠᠨ ᠪᠠᠯᠭᠠᠰᠤ ᠶᠢᠨ ᠶᠢᠨ ᠬᠤᠢ ᠠᠮᠤ | ᠳᠤᠰᠤᠨ ᠤ ᠠᠷᠠᠯᠵᠢᠶᠠᠨ ᠤ ᠬᠢᠵᠠᠭᠠᠷᠲᠤ ᠺᠣᠮᠫᠠᠨᠢ᠂ ᠲᠦᠴᠢᠦᠸᠠᠨ ᠪᠠᠯᠭᠠᠰᠤ ᠶᠢᠨ ᠶᠠᠨ ᠯᠢᠶᠠᠩ ᠲᠠᠷᠢᠶᠠᠯᠠᠩ ᠤᠨ | ᠮᠠᠰᠢᠨᠴᠢᠯᠠᠭᠰᠠᠨ ᠲᠠᠷᠢᠮᠠᠯ ᠤᠨ ᠲᠤᠰᠬᠠᠢ ᠬᠤᠷᠰᠢᠶ᠎ᠠ᠂ ᠰᠢᠤᠸᠠᠢ ᠲᠢᠶᠠᠨ ᠰᠢᠶᠠᠩ ᠤᠨ ᠾᠧ ᠳ᠋ᠦᠩ ᠲᠣᠰᠬᠤᠨ ᠤ | ᠠᠮᠤ ᠪᠤᠳᠠᠭ᠎ᠠ ᠶᠢ ᠨᠠᠷᠢᠯᠢᠭ ᠡᠳ᠋ᠰᠢᠭᠦᠯᠬᠦ ᠲᠦᠷᠦᠯ ᠵᠦᠢᠯ᠂ ᠪᠦᠦ ᠱᠢ ᠲᠢᠶᠠᠨ ᠶᠤᠸᠠᠨ ᠶᠡᠷᠦᠩᠬᠡᠶᠢᠯᠡᠭᠰᠡᠨ ᠴᠣᠭᠴᠠ᠂ | ᠵᠢᠤ ᠯᠦᠩ ᠰᠢᠶᠠᠩ ᠤᠨ ᠰᠢᠨ ᠹᠧᠩ ᠲᠣᠰᠬᠤᠨ ᠤ ᠪᠣᠷᠳᠣᠵᠤ ᠲᠠᠷᠭᠤᠯᠠᠭᠤᠯᠬᠤ ᠦᠬᠡᠷ ᠲᠡᠵᠢᠭᠡᠨ ᠦᠷᠡᠵᠢᠭᠦᠯᠬᠦ | ᠲᠠᠯᠠᠪᠠᠢ ᠶᠢᠨ ᠲᠦᠷᠦᠯ ᠵᠦᠢᠯ ᠵᠡᠷᠭᠡ ᠭᠠᠵᠠᠷ ᠲᠤ ᠬᠦᠷᠴᠡᠢ᠃ ᠰᠢᠶᠠᠩ ᠪᠠᠯᠭᠠᠰᠤ ᠶᠢᠨ ᠠᠵᠤ ᠦᠢᠯᠡᠰ ᠤᠨ | ᠡᠵᠡᠩᠨᠡᠯᠲᠡ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ᠂ ᠪᠡᠭᠡᠵᠢᠩ ᠥᠪᠥᠷ ᠮᠣᠩᠭᠤᠯ ᠤᠨ | ᠬᠠᠪᠰᠤᠷᠤᠨ ᠲᠡᠳᠬᠦᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ | ᠪᠠᠶᠢᠴᠠᠭᠠᠨ ᠰᠤᠳᠤᠯᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ ᠃ | ᠢᠦᠢ ᠵᠢᠢ ᠱᠦᠨ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠥᠪᠯᠡᠷᠡᠭᠦᠯᠦᠨ | ᠲᠥᠪᠯᠡᠷᠡᠭᠦᠯᠵᠦ ᠡᠷᠴᠢᠮᠵᠢᠭᠦᠯᠦᠨ ᠬᠥᠭᠵᠢᠭᠦᠯᠬᠦ ᠰᠡᠳᠬᠢᠴᠡ ᠶᠣᠰᠣᠭᠠᠷ᠂ ᠳᠠᠪᠠᠭᠤᠯᠢᠭ ᠠᠵᠤ ᠦᠢᠯᠡᠰ ᠪᠣᠯᠤᠨ | ᠤᠨᠴᠠᠯᠢᠬᠳᠤ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠵᠦᠷᠢᠶᠡᠴᠢᠯᠡᠭᠰᠡᠨ᠂ ᠤᠨᠴᠠᠯᠢᠬᠵᠢᠭᠰᠠᠨ ᠠᠵᠤ | ᠦᠢᠯᠡᠰ ᠤᠨ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠢ᠃ ᠵᠠᠬ᠎ᠠ ᠳᠡᠯᠭᠡᠭᠦᠷ ᠤᠨ ᠪᠠᠶᠢᠴᠠᠭᠠᠨ | ᠰᠤᠳᠤᠯᠤᠯᠲᠠ ᠶᠢ ᠦᠨᠡᠨ ᠬᠦ ᠰᠠᠶᠢᠲᠤᠷ ᠬᠢᠵᠦ᠂ ᠵᠠᠬ᠎ᠠ ᠳᠡᠯᠭᠡᠭᠦᠷᠴᠢᠯᠡᠭᠰᠡᠨ ᠰᠡᠳᠬᠢᠬᠦᠶ ᠪᠠᠷ ᠪᠦᠲᠦᠭᠡᠭᠳᠡᠬᠦᠨ ᠤ | ᠪᠣᠷᠣᠯᠠᠭᠤᠯᠭ᠎ᠠ ᠶᠢᠨ ᠠᠷᠭ᠎ᠠ ᠵᠠᠮ ᠢ ᠯᠠᠪᠳᠠᠭᠤᠨ ᠪᠠᠲᠤᠲᠠᠶ ᠪᠠᠷ ᠥᠷᠭᠡᠳᠬᠡᠵᠦ᠂ ᠲᠠᠷᠢᠶᠠᠴᠢᠳ ᠤᠨ ᠣᠷᠣᠯᠭ᠎ᠠ ᠶᠢᠨ | ᠨᠡᠮᠡᠭᠳᠡᠯ ᠢ ᠠᠬᠢᠭᠤᠯᠬᠤ ᠬᠡᠷᠡᠭᠲᠡᠶ᠃ ᠲᠦᠷᠦ ᠶᠢᠨ ᠪᠤᠳᠤᠯᠭ᠎ᠠ ᠶᠢᠨ ᠪᠠᠲᠤᠯᠠᠭ᠎ᠠ ᠪᠣᠯᠤᠨ ᠰᠣᠶᠣᠯ ᠢᠷᠭᠡᠨᠰᠢᠯ ᠤᠨ | ᠬᠠᠯᠠᠮᠵᠢᠯᠠᠯ ᠢᠶᠠᠷ ︽ᠰᠢᠨ᠎ᠡ ᠲᠠᠷᠢᠶᠠᠴᠢᠨ︾ ᠤ ᠨᠤᠲᠤᠭ ᠲᠠᠭᠠᠨ ᠪᠤᠴᠠᠵᠤ ᠦᠢᠯᠡᠰ ᠪᠤᠰᠬᠠᠬᠤ ᠶᠢ ᠲᠠᠲᠠᠵᠤ᠂ ᠰᠢᠨ᠎ᠡ | ᠮᠠᠶ᠋ᠢᠭ ᠤᠨ ᠴᠢᠳᠠᠪᠤᠷᠢᠲᠠᠨ ᠢ ᠨᠥᠭᠡᠴᠡᠯᠡᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠳᠤ ᠬᠦᠴᠦᠲᠡᠢ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠢᠦᠢ ᠵᠢᠢ ᠱᠦᠨ᠂ ︽ᠠᠵᠢᠯᠯᠠᠬᠤ︾ ᠶᠢ ᠲᠡᠷᠢᠭᠦᠨ ᠳᠤ ᠲᠠᠯᠪᠢᠵᠤ᠂ ᠨᠠᠮ ᠤᠨ ᠭᠡᠰᠢᠭᠦᠨ ᠺᠠᠳ᠋ᠷ ᠪᠣᠯᠤᠨ ᠠᠷᠠᠳ | ᠤᠯᠠᠨ ᠤ ᠢᠳᠡᠪᠬᠢᠵᠢᠯ ᠢ ᠭᠦᠢᠴᠡᠳ ᠬᠥᠭᠵᠢᠭᠡᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠣᠯᠤᠨ | ᠦᠨᠳᠦᠰᠦᠨ ᠱᠠᠲᠤᠨ ᠤ ᠵᠠᠰᠠᠯᠲᠠ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠨᠠᠮ ᠤᠨ ᠤᠯᠤᠰ ᠲᠦᠷᠦ ᠶᠢᠨ | ᠤᠳᠤᠷᠢᠳᠬᠤ ᠬᠦᠴᠦᠨ᠂ ᠦᠵᠡᠯ ᠰᠠᠨᠠᠭᠠᠨ ᠤ ᠬᠦᠳᠦᠯᠦᠨ ᠳᠠᠭᠠᠭᠤᠯᠬᠤ ᠬᠦᠴᠦᠨ᠂ ᠤᠯᠠᠨ ᠲᠦᠮᠡᠨ ᠤ ᠵᠣᠬᠢᠶᠠᠨ | ᠪᠠᠶᠢᠭᠤᠯᠬᠤ ᠬᠦᠴᠦᠨ᠂ ᠨᠡᠶᠢᠭᠡᠮ ᠤᠨ ᠤᠷᠢᠶᠠᠯᠠᠬᠤ ᠬᠦᠴᠦᠨ ᠢ ᠲᠠᠰᠤᠷᠠᠯᠲᠠ ᠦᠭᠡᠢ ᠴᠢᠩᠭᠠᠳᠬᠠᠵᠤ᠂ ᠤᠯᠠᠨ | ᠲᠦᠮᠡᠨ ᠢ ᠪᠦᠯᠬᠦᠮᠳᠡᠭᠦᠯᠦᠨ ᠳᠠᠭᠠᠭᠤᠯᠵᠤ ᠠᠵᠢᠯᠴᠢ ᠬᠥᠳᠡᠯᠮᠦᠷᠢᠴᠢ ᠪᠠᠷ ᠴᠢᠨᠡᠭᠡᠯᠢᠭᠵᠢᠭᠦᠯᠬᠦ ᠬᠡᠷᠡᠭᠲᠡᠢ ᠭᠡᠵᠦ | ᠱᠠᠭᠠᠷᠳᠠᠪᠠ᠃ | | |