ᠰᠦᠬᠡ ᠢᠦᠢ ᠵᠢᠢ ᠱᠦᠨ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠶᠢᠨ ᠨᠠᠮ ᠤᠨ ᠬᠤᠷᠢᠶᠠᠨ ᠤ ᠱᠦᠵᠢ ᠳ᠋ᠢᠩ ᠵᠢᠶᠦ᠋ᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2024/12/18
       12 ᠳ᠋ᠤᠭᠠᠷ ᠰᠠᠷ᠎ᠠ ᠶᠢᠨ 11 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠰᠦᠬᠡ ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠶᠢᠨ ᠨᠠᠮ ᠤᠨ ᠬᠤᠷᠢᠶ᠎ᠠ ᠶᠢᠨ ᠱᠦᠵᠢ ᠳ᠋ᠢᠩ ᠵᠢᠶᠦ᠋ᠨ ᠲᠠᠢ ᠠᠭᠤᠯᠵᠠᠪᠠ᠃    ᠰᠦᠬᠡ ᠠᠶᠢᠮᠠᠭ ᠤᠨ ᠨᠠᠮ ᠤᠨ  ᠬᠤᠷᠢᠶ᠎ᠠ ᠂ ᠵᠠᠬᠢᠷᠭ᠎ᠠ ᠶᠢᠨ ᠡᠮᠦᠨ᠎ᠡ ᠠᠴᠠ ᠳ᠋ᠢᠩ ᠵᠢᠶᠦ᠋ᠨ ᠨᠡᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠪᠦᠳᠦᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠶᠢᠨ ᠬᠢᠩᠭᠠᠨ ᠠᠶᠢᠮᠠᠭ ᠲᠤ ᠦᠵᠡᠭᠦᠯᠦᠭᠰᠡᠨ ᠳᠡᠮᠵᠢᠯᠭᠡ ᠬᠠᠪᠰᠤᠷᠤᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠪᠦᠳᠦᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠨᠢ ᠠᠵᠢᠯ ᠲᠦᠷᠦᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠵᠤ ᠦᠢᠯᠡᠰ ᠢ ᠪᠤᠶᠢᠵᠢᠭᠤᠯᠬᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠬᠥᠭᠵᠢᠭᠦᠯᠬᠦ᠂ ᠥᠷᠢ ᠥᠭᠴᠡᠭᠡ ᠶᠢ ᠰᠢᠢᠳᠪᠦᠷᠢᠯᠡᠬᠦ ᠵᠡᠷᠭᠡ ᠬᠦᠷᠢᠶ᠎ᠡ ᠶᠢᠨ ᠲᠣᠭᠤᠷᠢᠨ ᠳᠤ᠂ ᠨᠡᠩ ᠤᠯᠠᠨ ᠵᠦᠷᠢᠶᠡᠴᠢᠯᠡᠭᠰᠡᠨ᠂ ᠣᠨᠴᠠᠯᠢᠬᠵᠢᠭᠰᠠᠨ ᠢᠲᠡᠭᠡᠮᠵᠢᠲᠦ ᠵᠢᠭᠡᠯᠡᠯᠭᠡ ᠶᠢᠨ ᠪᠦᠲᠦᠭᠡᠭᠳᠡᠬᠦᠨ ᠢ ᠪᠡᠶ᠎ᠡ ᠳᠡᠭᠡᠨ ᠲᠤᠬᠢᠷᠠᠭᠤᠯᠤᠨ ᠲᠣᠭᠲᠠᠭᠠᠵᠤ᠂ ᠮᠥᠩᠭᠦᠨ ᠭᠦᠢᠯᠭᠡᠭᠡᠨ ᠤ ᠪᠦᠲᠦᠮᠵᠢᠲᠡᠢ ᠬᠠᠩᠭᠠᠯᠭ᠎ᠠ ᠶᠢ ᠤᠯᠠᠮ ᠴᠢᠨᠠᠭᠰᠢᠳᠠ ᠪᠠᠶᠠᠯᠢᠭᠵᠢᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠨᠡᠩ ᠤᠯᠠᠨ ᠮᠥᠩᠭᠦᠨ ᠭᠦᠢᠯᠭᠡᠭᠡᠨ ᠤ ︽ᠠᠮᠢᠳᠤᠯᠢᠭ ᠤᠰᠤ︾ ᠬᠠᠩᠭᠠᠬᠤ ᠶᠢ ᠬᠦᠰᠡᠵᠦ ᠪᠠᠶᠢᠨ᠎ᠠ ᠭᠡᠵᠦ ᠬᠡᠯᠡᠪᠡ᠃ ᠬᠢᠩᠭᠠᠨ ᠠᠶᠢᠮᠠᠭ ᠤᠨ ᠬᠢᠨ ᠬᠠᠮᠤᠭ ᠤᠨ ᠰᠠᠶᠢᠨ ᠣᠷᠴᠢᠨ ᠲᠣᠭᠤᠷᠢᠨ᠂ ᠬᠠᠮᠤᠭ ᠤᠨ ᠰᠠᠶᠢᠨ ᠦᠢᠯᠡᠴᠢᠯᠡᠭᠡ ᠬᠠᠩᠭᠠᠵᠤ᠂ ᠮᠥᠩᠭᠦᠨ ᠭᠦᠢᠯᠭᠡᠭᠡ ᠪᠣᠯᠤᠨ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠵᠡᠷᠭᠡᠪᠡᠷ ᠠᠬᠢᠭᠤᠯᠵᠤ᠂ ᠬᠠᠷᠢᠯᠴᠠᠨ ᠠᠬᠢᠭᠤᠯᠵᠤ ᠬᠠᠮᠲᠤᠪᠠᠷ ᠠᠰᠢᠭ ᠬᠦᠷᠳᠡᠬᠦ ᠶᠢ ᠠᠬᠢᠭᠤᠯᠬᠤ ᠪᠣᠯᠤᠨ᠎ᠠ ᠭᠡᠪᠡ ᠃    ᠳ᠋ᠢᠩ ᠵᠢᠶᠦ᠋ᠨ ᠢᠯᠡᠷᠬᠡᠶᠢᠯᠡᠬᠦ ᠳᠡᠭᠡᠨ᠂ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠢᠩᠭᠠᠨ ᠠᠶᠢᠮᠠᠭ ᠤᠨ ᠬᠥᠭᠵᠢᠯᠲᠡ ᠶᠢᠨ ᠬᠡᠷᠡᠭᠴᠡᠭᠡ᠂ ᠠᠵᠤ ᠠᠬᠤᠶᠢᠯᠠᠯ ᠤᠨ ᠪᠠᠴᠢᠮ ᠪᠠᠶᠢᠳᠠᠯ᠂ ᠣᠯᠠᠨ ᠲᠦᠮᠡᠨ ᠤ ᠬᠦᠰᠡᠵᠦ ᠪᠠᠶᠢᠭ᠎ᠠ ᠮᠥᠩᠭᠦᠨ  ᠭᠦᠢᠯᠭᠡᠭᠡᠨ ᠤ ᠬᠠᠩᠭᠠᠯᠭ᠎ᠠ ᠶᠢ ᠦᠷᠭᠦᠯᠵᠢᠯᠡᠨ ᠰᠢᠯᠢᠳᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠥᠨᠳᠥᠷ ᠬᠢᠷᠢ ᠲᠦᠪᠰᠢᠨ ᠪᠥᠬᠦᠶ ᠮᠥᠩᠭᠦᠨ  ᠭᠦᠢᠯᠭᠡᠭᠡᠨ ᠤ  ᠦᠢᠯᠡᠴᠢᠯᠡᠭᠡ ᠪᠠᠷ ᠣᠷᠣᠨ ᠨᠤᠲᠤᠭ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠡᠶ᠃    ᠠᠶᠢᠮᠠᠭ ᠤᠨ ᠤᠳᠤᠷᠢᠳᠤᠯᠭ᠎ᠠ ᠬᠥ᠋ ᠯᠢ ᠮᠢᠨ ᠵᠢᠴᠢ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠭᠤᠯᠵᠠᠯᠲᠠ ᠳᠤ ᠣᠷᠣᠯᠴᠠᠪᠠ᠃ 
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号