ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 16 ᠤ ᠴᠠᠭᠢᠯᠭᠠᠨ ᠮᠡᠳᠡᠭᠡ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ 16 ᠤ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ | ᠲᠠᠩᠬᠢᠮ ᠳᠤ ᠶᠠᠷᠢᠯᠴᠠᠬᠤ ᠬᠤᠷᠠᠯ ᠬᠤᠷᠠᠯᠳᠤᠭᠤᠯᠵᠤ᠂ ᠴᠢᠶᠣᠤ ᠱᠢ ᠨᠥᠬᠦᠷ ᠤᠨ ᠮᠡᠨᠳᠦᠯᠡᠭᠰᠡᠨ 100 ᠵᠢᠯ ᠤᠨ | ᠣᠶ ᠶᠢ ᠳᠤᠷᠠᠰᠬᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | ᠴᠢᠬᠤᠯᠠ ᠶᠠᠷᠢᠶ᠎ᠠ ᠲᠠᠯᠪᠢᠬᠤ ᠳᠠᠭᠠᠨ᠂ ᠤᠳᠤ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠶᠠᠭ ᠢᠲᠡᠭᠡᠯ ᠲᠡᠭᠦᠯᠳᠡᠷ ᠢᠶᠠᠷ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ | ᠪᠦᠲᠦᠭᠡᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ | ᠠᠬᠢᠭᠤᠯᠵᠤ᠂ ᠦᠶ᠎ᠡ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠪᠡᠶᠡᠯᠡᠭᠦᠯᠬᠦ ᠪᠠᠷ ᠲᠡᠮᠡᠴᠡᠭᠡᠳ | ᠢᠷᠡᠭᠰᠡᠨ ᠰᠠᠶᠢᠨ ᠰᠠᠶᠢᠬᠠᠨ ᠬᠦᠰᠡᠯᠡᠩ ᠶᠠᠭ ᠠᠯᠬᠤᠮ ᠠᠯᠬᠤᠮ ᠢᠶᠠᠷ ᠪᠡᠶᠡᠯᠡᠭᠳᠡᠵᠦ ᠪᠠᠶᠢᠨ᠎ᠠ᠃ ᠪᠢᠳᠡ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠤᠨ᠂ ᠨᠠᠮ ᠤᠨ | ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠪᠠᠲᠤ ᠴᠡᠭᠡᠵᠢᠯᠡᠵᠦ᠂ ᠨᠢᠭᠡ ᠰᠡᠳᠬᠢᠯ ᠨᠢᠭᠡ ᠵᠣᠷᠢᠭ ᠢᠶᠠᠷ ᠡᠷᠡᠯᠬᠡᠭᠯᠡᠨ | ᠤᠷᠤᠭᠰᠢᠯᠠᠵᠤ᠂ ᠲᠡᠦᠬᠡᠨ ᠳᠤ ᠣᠰᠣᠯᠳᠠᠬᠤ ᠦᠭᠡᠢ᠂ ᠴᠠᠭ ᠦᠶ᠎ᠡ ᠳᠤ ᠣᠰᠣᠯᠳᠠᠬᠤ ᠦᠭᠡᠢ᠂ ᠠᠷᠠᠳ ᠲᠦᠮᠡᠨ ᠳᠤ | ᠣᠰᠣᠯᠳᠠᠬᠤ ᠦᠭᠡᠢ ᠰᠢᠨ᠎ᠡ ᠠᠮᠵᠢᠯᠲᠠ ᠪᠦᠲᠦᠮᠵᠢ ᠶᠢ ᠲᠠᠰᠤᠷᠠᠯᠲᠠ ᠦᠭᠡᠢ ᠡᠭᠦᠳᠬᠦ ᠬᠡᠷᠡᠭᠲᠡᠢ ᠭᠡᠵᠦ | ᠴᠢᠬᠤᠯᠠᠴᠢᠯᠠᠵᠠᠢ᠃ | | 12 ᠰᠠᠷ᠎ᠠ ᠶᠢᠨ 16 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ | ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠴᠢᠶᠣᠤ ᠱᠢ ᠨᠥᠬᠦᠷ ᠤᠨ ᠮᠡᠨᠳᠦᠯᠡᠭᠰᠡᠨ 100 ᠵᠢᠯ ᠤᠨ | ᠤᠢ ᠶᠢ ᠳᠤᠷᠠᠰᠬᠠᠬᠤ ᠶᠠᠷᠢᠯᠴᠠᠬᠤ ᠬᠤᠷᠠᠯ ᠬᠢᠪᠡ᠃ ᠰᠢ ᠶᠢᠨ ᠫᠢᠩ᠂ ᠵᠤᠤ ᠯᠧ ᠵᠢᠢ᠂ ᠼᠠᠢ ᠴᠢ᠂ ᠯᠢ ᠰᠢ ᠨᠠᠷ | ᠶᠠᠷᠢᠯᠴᠠᠬᠤ ᠬᠤᠷᠠᠯ ᠳᠤ ᠣᠷᠣᠯᠴᠠᠪᠠ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ | ᠰᠡᠭᠦᠳᠡᠷᠯᠡᠪᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶᠠᠨ ᠤ ᠪᠠᠶᠢᠩᠭᠤ ᠶᠢᠨ ᠭᠡᠰᠢᠭᠦᠨ ᠵᠤᠤ ᠯᠧ ᠵᠢᠢ ᠶᠠᠷᠢᠯᠴᠠᠬᠤ ᠬᠤᠷᠠᠯ ᠢ ᠡᠷᠭᠢᠯᠡᠵᠦ᠂ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠼᠠᠢ ᠴᠢ | ᠂ ᠯᠢ ᠰᠢ ᠶᠠᠷᠢᠯᠴᠠᠬᠤ ᠬᠤᠷᠠᠯ ᠳᠤ ᠣᠷᠣᠯᠴᠠᠪᠠ᠃ | ᠰᠢ ᠶᠢᠨ ᠫᠢᠩ ᠶᠠᠷᠢᠶᠠᠨ ᠳᠠᠭᠠᠨ᠂ ᠳᠤᠮᠳᠠᠳᠤ ᠤᠯᠤᠰ ᠤᠨ ᠬᠤᠪᠢᠰᠬᠠᠯ᠂ ᠪᠦᠲᠦᠭᠡᠨ ᠪᠠᠶᠢᠭᠤᠯᠤᠯᠲᠠ᠂ | ᠥᠭᠡᠷᠡᠴᠢᠯᠡᠯᠲᠡ ᠶᠢᠨ ᠠᠭᠤᠤ ᠶᠡᠭᠡ ᠠᠬᠢᠴᠠ ᠳᠤᠮᠳᠠ ᠦᠶ᠎ᠡ ᠦᠶ᠎ᠡ ᠶᠢᠨ ᠰᠢᠯᠢᠳᠡᠭ ᠳᠤᠮᠳᠠᠳᠤ ᠤᠯᠤᠰ ᠤᠨ ᠡᠪ | ᠬᠠᠮᠲᠤᠴᠤᠳ ᠴᠣᠯᠭᠤᠷᠠᠨ ᠭᠠᠷᠴᠠᠢ᠂ ᠴᠢᠶᠣᠤ ᠱᠢ ᠨᠥᠬᠦᠷ ᠪᠣᠯ ᠳᠠᠷᠤᠢ ᠡᠭᠦᠨ ᠤ ᠳᠣᠲᠣᠷᠠᠬᠢ ᠨᠢᠭᠡ ᠭᠠᠷᠮᠠᠭᠠᠢ | ᠲᠥᠯᠥᠭᠡᠯᠡᠭᠴᠢ ᠪᠣᠯᠣᠨ᠎ᠠ᠃ ᠲᠡᠭᠦᠨ ᠤ ᠨᠢᠭᠡ ᠨᠠᠰᠤ ᠪᠣᠯ ᠬᠤᠪᠢᠰᠬᠠᠯ ᠤᠨ ᠨᠢᠭᠡ ᠨᠠᠰᠤ᠂ ᠲᠡᠮᠡᠴᠡᠯ ᠤᠨ ᠨᠢᠭᠡ ᠨᠠᠰᠤ | ᠂ ᠭᠡᠷᠡᠯ ᠰᠠᠴᠤᠷᠠᠩᠭᠤᠢ ᠨᠢᠭᠡ ᠨᠠᠰᠤ ᠮᠥᠨ᠂ ᠦᠨᠡᠨ ᠶᠣᠰᠣ ᠶᠢ ᠡᠷᠢᠯᠬᠢᠯᠡᠭᠰᠡᠨ᠂ ᠲᠠᠪᠰᠢᠯᠳᠠ ᠶᠢ ᠡᠷᠢᠯᠬᠢᠯᠡᠭᠰᠡᠨ᠂ | ᠡᠪ ᠬᠠᠮᠲᠤ ᠶᠣᠰᠣᠨ ᠤ ᠦᠢᠯᠡᠰ ᠤᠨ ᠲᠥᠯᠥᠭᠡ ᠲᠡᠮᠡᠴᠡᠭᠰᠡᠨ ᠨᠢᠭᠡ ᠨᠠᠰᠤ ᠮᠥᠨ᠃ ᠲᠡᠭᠦᠨ ᠤ ᠨᠠᠮ ᠪᠠ ᠠᠷᠠᠳ | ᠲᠦᠮᠡᠨ ᠤ ᠲᠥᠯᠥᠭᠡ ᠪᠠᠶᠢᠭᠤᠯᠤᠭᠰᠠᠨ ᠭᠠᠪᠢᠶ᠎ᠠ ᠵᠢᠳᠬᠦᠯ ᠢ ᠪᠢᠳᠡ ᠪᠠᠲᠤ ᠴᠡᠭᠡᠵᠢᠯᠡᠵᠦ᠂ ᠲᠡᠭᠦᠨ ᠤ ᠬᠤᠪᠢᠰᠬᠠᠯᠲᠤ | ᠵᠣᠷᠢᠭ ᠰᠠᠨᠠᠭ᠎ᠠ ᠪᠠ ᠡᠷᠬᠢᠮ ᠳᠡᠭᠡᠳᠦ ᠬᠡᠪ ᠰᠤᠷᠲᠠᠯ ᠢ ᠪᠢᠳᠡ ᠰᠤᠷᠤᠯᠴᠠᠭᠤᠰᠢᠲᠠᠢ ᠶᠤᠮ ᠭᠡᠵᠦ ᠵᠢᠭᠠᠵᠤ ᠭᠠᠷᠭᠠᠵᠠᠢ᠃ | | ᠰᠢ ᠶᠢᠨ ᠫᠢᠩ᠂ ᠪᠢᠳᠠ ᠴᠢᠶᠣᠤ ᠱᠢ ᠨᠥᠬᠦᠷ ᠢ ᠳᠤᠷᠠᠰᠬᠠᠵᠤ ᠪᠠᠶᠢᠭ᠎ᠠ ᠨᠢ ᠲᠡᠭᠦᠨ ᠤ ᠢᠲᠡᠭᠡᠯ ᠪᠢᠰᠢᠷᠡᠯ ᠢᠶᠠᠨ | ᠪᠠᠲᠤ ᠰᠠᠬᠢᠵᠤ᠂ ᠬᠦᠰᠡᠯᠡᠩ ᠤᠨ ᠢᠶᠠᠨ ᠲᠥᠯᠥᠭᠡ ᠪᠡᠶ᠎ᠡ ᠪᠠᠨ ᠵᠣᠷᠢᠭᠤᠯᠬᠤ ᠡᠷᠬᠢᠮ ᠳᠡᠭᠡᠳᠦ ᠵᠠᠩ ᠴᠢᠨᠠᠷ ᠢ | ᠰᠤᠷᠤᠯᠴᠠᠬᠤ ᠶᠢᠨ ᠲᠥᠯᠥᠭᠡ ᠶᠤᠮ᠃ ᠬᠦᠰᠡᠯᠡᠩ ᠢᠲᠡᠭᠡᠯ ᠵᠣᠷᠢᠭ ᠢᠶᠠᠨ ᠪᠠᠲᠤᠳᠬᠠᠬᠤ ᠶᠢ ᠨᠠᠰᠤᠨ ᠲᠤᠷᠰᠢᠲᠠ ᠶᠢᠨ | ᠰᠡᠳᠦᠪ ᠪᠤᠯᠭᠠᠵᠤ᠂ ᠪᠠᠶᠢᠩᠭᠤ ᠳᠠᠪᠲᠠᠵᠤ ᠪᠠᠶᠢᠩᠭᠤ ᠪᠣᠯᠪᠠᠰᠤᠷᠠᠵᠤ᠂ ᠪᠠᠶᠢᠩᠭᠤ ᠲᠤᠩᠭᠠᠵᠤ ᠪᠠᠶᠢᠩᠭᠤ ᠤᠷᠤᠭᠰᠢᠯᠠᠵᠤ | ᠂ ᠡᠪ ᠬᠠᠮᠲᠤ ᠶᠣᠰᠣᠨ ᠤ ᠠᠯᠤᠰ ᠤᠨ ᠬᠦᠰᠡᠯᠡᠩ ᠪᠣᠯᠣᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠬᠠᠮᠲᠤ ᠶᠢᠨ ᠬᠦᠰᠡᠯᠡᠩ ᠢ ᠢᠮᠠᠭᠲᠠ ᠪᠠᠲᠤ ᠰᠠᠬᠢᠵᠤ᠂ ᠰᠢᠷᠦᠭᠦᠨ ᠳᠠᠪᠠᠯᠭᠠᠨ ᠢ ᠰᠥᠷᠦᠨ ᠤᠷᠤᠭᠰᠢᠯᠠᠬᠤ | ᠰᠢᠯᠭᠠᠯᠲᠠ ᠶᠢ ᠳᠠᠭᠠᠭᠠᠵᠤ ᠳᠡᠶᠢᠯᠭᠦ ᠬᠡᠷᠡᠭᠲᠡᠢ ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠪᠢᠳᠡ ᠴᠢᠶᠣᠤ ᠱᠢ ᠨᠥᠬᠦᠷ ᠢ ᠳᠤᠷᠠᠰᠬᠠᠵᠤ ᠪᠠᠶᠢᠭ᠎ᠠ ᠨᠢ ᠲᠡᠭᠦᠨ ᠤ ᠨᠠᠮ ᠤᠨ ᠰᠤᠷᠲᠠᠯ ᠢ | ᠲᠥᠪ ᠪᠤᠯᠭᠠᠵᠤ᠂ ᠨᠠᠮ ᠤᠨ ᠰᠠᠬᠢᠯᠭ᠎ᠠ ᠪᠠᠲᠤ ᠶᠢ ᠴᠢᠩᠳᠠᠯᠠᠬᠤ ᠡᠷᠡᠰ ᠴᠢᠩᠭ᠎ᠠ ᠨᠠᠮᠴᠢ ᠴᠢᠨᠠᠷ ᠢ ᠰᠤᠷᠤᠯᠴᠠᠬᠤ ᠶᠢᠨ | ᠲᠥᠯᠥᠭᠡ ᠶᠤᠮ᠃ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠪᠣᠯᠣᠨ ᠨᠠᠮ ᠤᠨ ᠲᠥᠪ ᠬᠤᠷᠢᠶ᠎ᠠ ᠶᠢᠨ | ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠡᠷᠡᠰ ᠭᠤᠶᠢᠪᠢᠰᠢ ᠦᠭᠡᠢ ᠪᠠᠷ ᠪᠦᠭᠦ | ᠲᠠᠯ᠎ᠠ ᠪᠠᠷ ᠨᠠᠮ ᠢ ᠴᠢᠩᠭ᠎ᠠ ᠵᠠᠰᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠢᠷᠡᠯ ᠢ | ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠵᠤ᠂ ᠨᠠᠮ ᠤᠨ ᠲᠡᠷᠢᠭᠦᠨ ᠤ ᠴᠢᠨᠠᠷ ᠪᠣᠯᠣᠨ ᠴᠡᠪᠡᠷ ᠴᠢᠨᠠᠷ ᠢ ᠡᠭᠦᠷᠢᠳᠡ | ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠪᠢᠳᠡ ᠴᠢᠶᠣᠤ ᠱᠢ ᠨᠥᠬᠦᠷ ᠢ ᠳᠤᠷᠠᠰᠬᠠᠵᠤ ᠪᠠᠶᠢᠭ᠎ᠠ ᠨᠢ ᠲᠡᠭᠦᠨ ᠤ ᠤᠭ ᠰᠠᠨᠠᠭ᠎ᠠ ᠪᠠᠨ | ᠪᠠᠲᠤ ᠴᠡᠭᠡᠵᠢᠯᠡᠵᠦ᠂ ᠠᠷᠠᠳ ᠤᠨ ᠲᠥᠯᠥᠭᠡ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠬᠤ ᠡᠷᠬᠢᠮ ᠨᠠᠨᠳᠢᠨ ᠵᠠᠩ | ᠴᠢᠨᠠᠷ ᠢ ᠰᠤᠷᠤᠯᠴᠠᠬᠤ ᠶᠢᠨ ᠲᠥᠯᠥᠭᠡ ᠶᠤᠮ᠃ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠷᠠᠳ ᠲᠦᠮᠡᠨ ᠳᠤ | ᠦᠢᠯᠡᠴᠢᠯᠡᠬᠦ ᠦᠨᠳᠦᠰᠦᠨ ᠵᠣᠷᠢᠯᠲᠠ ᠶᠢ ᠢᠮᠠᠭᠲᠠ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠤᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠦᠨᠡᠨ ᠬᠦ | ᠬᠠᠮᠠᠭᠠᠯᠠᠵᠤ᠂ ᠠᠷᠠᠳ ᠲᠦᠮᠡᠨ ᠳᠤ ᠪᠤᠶᠠᠨ ᠦᠢᠯᠡᠳᠬᠦ ᠪᠠᠷ ᠴᠢᠷᠮᠠᠶᠢᠨ᠂ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠦᠭᠦ ᠠᠷᠠᠳ ᠲᠦᠮᠡᠨ ᠳᠤ ᠨᠡᠩ ᠤᠯᠠᠨ ᠨᠡᠩ ᠭᠤᠣᠯᠴᠢ ᠪᠠᠷ ᠬᠦᠷᠲᠡᠭᠡᠬᠦ | ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠪᠢᠳᠠ ᠴᠢᠶᠣᠤ ᠱᠢ ᠨᠥᠬᠦᠷ ᠢ ᠳᠤᠷᠠᠰᠬᠠᠵᠤ ᠪᠠᠶᠢᠭ᠎ᠠ ᠨᠢ ᠲᠡᠭᠦᠨ ᠤ ᠵᠣᠷᠢᠭᠲᠠᠢ ᠪᠠᠷ | ᠥᠭᠡᠷᠡᠴᠢᠯᠡᠯᠲᠡ ᠬᠢᠵᠦ᠂ ᠵᠣᠷᠢᠭᠲᠠᠢ ᠪᠠᠷ ᠵᠢᠳᠬᠦᠯ ᠴᠢᠷᠮᠠᠶᠢᠯᠭ᠎ᠠ ᠭᠠᠷᠭᠠᠬᠤ ᠤᠯᠤᠰ ᠲᠦᠷᠦ ᠶᠢᠨ ᠬᠠᠷᠢᠭᠤᠴᠠᠯᠭ᠎ᠠ | ᠡᠭᠦᠷᠭᠡᠯᠡᠯ ᠢ ᠰᠤᠷᠤᠯᠴᠠᠬᠤ ᠶᠢᠨ ᠲᠥᠯᠥᠭᠡ ᠶᠤᠮ᠃ ᠥᠭᠡᠷᠡᠴᠢᠯᠡᠯᠲᠡ ᠨᠡᠭᠡᠭᠡᠯᠲᠡ ᠶᠢᠨ ᠲᠤᠭ ᠢ ᠡᠷᠡᠰ ᠭᠤᠶᠢᠪᠢᠰᠢ | ᠦᠭᠡᠢ ᠥᠨᠳᠥᠷ ᠮᠠᠨᠳᠤᠭᠤᠯᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠣᠭᠤᠷᠢᠨ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ | ᠲᠠᠯ᠎ᠠ ᠪᠠᠷ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠵᠤ᠂ | ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | | | 12 ᠰᠠᠷ᠎ᠠ ᠶᠢᠨ 16 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ | ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠴᠢᠶᠣᠤ ᠱᠢ ᠨᠥᠬᠦᠷ ᠤᠨ ᠮᠡᠨᠳᠦᠯᠡᠭᠰᠡᠨ 100 ᠵᠢᠯ ᠤᠨ | ᠤᠢ ᠶᠢ ᠳᠤᠷᠠᠰᠬᠠᠬᠤ ᠶᠠᠷᠢᠯᠴᠠᠬᠤ ᠬᠤᠷᠠᠯ ᠬᠢᠪᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠰᠢᠨᠬᠤᠸᠠ ᠬᠤᠷᠢᠶ᠎ᠠ ᠶᠢᠨ | ᠰᠤᠷᠪᠤᠯᠵᠢᠯᠠᠬᠴᠢ ᠵᠢᠤᠢ ᠫᠧᠩ ᠰᠡᠭᠦᠳᠡᠷᠯᠡᠪᠡ ᠰᠢ ᠶᠢᠨ ᠫᠢᠩ᠂ ᠪᠢᠳᠡ ᠴᠢᠶᠣᠤ ᠱᠢ ᠨᠥᠬᠦᠷ ᠢ ᠳᠤᠷᠠᠰᠬᠠᠵᠤ | ᠪᠠᠶᠢᠭ᠎ᠠ ᠨᠢ ᠲᠡᠭᠦᠨ ᠤ ᠬᠠᠤᠯᠢ ᠪᠠᠷ ᠵᠠᠰᠠᠬᠤ ᠶᠢ ᠬᠦᠨᠳᠦᠳᠬᠡᠬᠦ᠂ ᠬᠠᠤᠯᠢ ᠪᠠᠷ ᠵᠠᠰᠠᠬᠤ ᠶᠢ ᠴᠢᠩᠭ᠎ᠠ ᠬᠡᠷᠡᠭᠵᠢᠭᠦᠯᠬᠦ | ᠪᠠᠷᠢᠮᠲᠠᠯᠠᠯ ᠬᠥᠭᠡᠭᠡᠴᠡᠯᠳᠦᠯ ᠢ ᠰᠤᠷᠤᠯᠴᠠᠬᠤ ᠶᠢᠨ ᠲᠥᠯᠥᠭᠡ ᠶᠤᠮ᠃ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠵᠠᠮ ᠢᠶᠠᠷ ᠵᠠᠮᠨᠠᠬᠤ ᠶᠢ ᠢᠮᠠᠭᠲᠠ ᠪᠠᠷᠢᠮᠲᠠᠯᠠᠵᠤ᠂ ᠰᠢᠨᠵᠢᠯᠡᠬᠦ | ᠤᠬᠠᠭᠠᠨᠴᠢ ᠪᠠᠷ ᠬᠠᠤᠯᠢ ᠲᠣᠭᠲᠠᠭᠠᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠲᠥᠪ ᠭᠤᠣᠯᠴᠢ ᠪᠠᠷ ᠬᠠᠤᠯᠢ | ᠪᠠᠷᠢᠬᠤ᠂ ᠪᠦᠭᠦ ᠠᠷᠠᠳ ᠢᠶᠠᠷ ᠢᠶᠠᠨ ᠬᠠᠤᠯᠢ ᠶᠢ ᠰᠠᠬᠢᠬᠤ ᠶᠢ ᠪᠦᠭᠦ ᠲᠠᠯ᠎ᠠ ᠪᠠᠷ ᠠᠬᠢᠭᠤᠯᠵᠤ᠂ ᠬᠠᠤᠯᠢ ᠪᠠᠷ ᠵᠠᠰᠠᠬᠤ | ᠵᠠᠮ ᠢᠶᠠᠷ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠡᠷᠡᠭᠲᠡᠢ | ᠭᠡᠵᠦ ᠴᠢᠬᠤᠯᠠᠴᠢᠯᠠᠪᠠ᠃ ᠰᠢ ᠶᠢᠨ ᠫᠢᠩ᠂ ᠪᠢᠳᠠ ᠴᠢᠶᠣᠤ ᠱᠢ ᠨᠥᠬᠦᠷ ᠢ ᠳᠤᠷᠠᠰᠬᠠᠵᠤ ᠪᠠᠶᠢᠭ᠎ᠠ ᠨᠢ ᠲᠡᠭᠦᠨ ᠤ | ᠦᠨᠡᠨ ᠠᠴᠠ ᠵᠥᠪ ᠢ ᠡᠷᠢᠬᠦ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠭᠢᠮᠯᠡᠭᠦ ᠠᠵᠢᠯ ᠤᠨ ᠰᠤᠷᠲᠠᠯ ᠢ | ᠰᠤᠷᠤᠯᠴᠠᠬᠤ ᠶᠢᠨ ᠲᠥᠯᠥᠭᠡ ᠶᠤᠮ᠃ ᠤᠨᠤᠯ ᠢ ᠪᠣᠳᠠᠲᠠᠢ ᠲᠠᠢ ᠤᠶᠠᠯᠳᠤᠭᠤᠯᠬᠤ ᠶᠢ ᠢᠮᠠᠭᠲᠠ ᠪᠠᠷᠢᠮᠲᠠᠯᠠᠵᠤ᠂ | ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠡᠰᠡᠷᠭᠦᠴᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ | ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠵᠤᠤ ᠯᠧ ᠵᠢᠢ ᠶᠠᠷᠢᠯᠴᠠᠬᠤ ᠬᠤᠷᠠᠯ ᠢ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠶᠠᠷᠢᠶ᠎ᠠ ᠴᠢᠶᠣᠤ ᠱᠢ ᠨᠥᠬᠦᠷ ᠤᠨ ᠨᠠᠮ ᠪᠣᠯᠣᠨ ᠤᠯᠤᠰ ᠤᠨ ᠠᠵᠢᠯ ᠦᠢᠯᠡᠰ ᠲᠤ ᠦᠵᠡᠭᠦᠯᠦᠭᠰᠡᠨ ᠭᠠᠷᠮᠠᠭᠠᠢ ᠬᠤᠪᠢ | ᠨᠡᠮᠡᠷᠢ ᠶᠢ ᠳᠡᠭᠡᠳᠦ ᠬᠡᠮᠵᠢᠶ᠎ᠡ ᠪᠠᠷ ᠦᠨᠡᠯᠡᠵᠦ᠂ ᠴᠢᠶᠣᠤ ᠱᠢ ᠨᠥᠬᠦᠷ ᠤᠨ ᠬᠤᠪᠢᠰᠬᠠᠯ ᠤᠨ ᠵᠣᠷᠢᠭ ᠰᠠᠨᠠᠭ᠎ᠠ ᠪᠣᠯᠣᠨ | ᠡᠷᠬᠢᠮ ᠳᠡᠭᠡᠳᠦ ᠬᠡᠪ ᠰᠤᠷᠲᠠᠯ ᠢ ᠰᠤᠷᠤᠯᠴᠠᠬᠤ ᠳᠤ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠴᠢᠬᠤᠯᠠ ᠶᠠᠷᠢᠶ᠎ᠠ | ᠪᠢᠳᠡᠨ ᠢ ᠦᠶ᠎ᠡ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠡᠭᠦᠳᠦᠨ ᠪᠦᠲᠦᠭᠡᠭᠰᠡᠨ ᠦᠢᠯᠡᠰ ᠢ | ᠵᠠᠯᠭᠠᠮᠵᠢᠯᠠᠨ ᠬᠥᠭᠵᠢᠭᠦᠯᠵᠦ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠪᠣᠯᠣᠨ ᠠᠷᠠᠳ ᠲᠦᠮᠡᠨ ᠤ ᠲᠡᠮᠡᠴᠡᠬᠦ | ᠬᠠᠷᠠᠯᠲᠠ ᠶᠢ ᠪᠡᠶᠡᠯᠡᠭᠦᠯᠬᠦ ᠳᠤ ᠴᠢᠬᠤᠯᠠ ᠵᠢᠯᠤᠭᠤᠳᠬᠤ ᠠᠴᠢ ᠬᠤᠯᠪᠣᠭᠳᠠᠯ ᠲᠠᠢ ᠶᠤᠮ᠃ ᠪᠢᠳᠡ ᠶᠡᠷᠦᠩᠬᠡᠢ ᠱᠦᠵᠢ | ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ | ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ | ᠲᠥᠪ ᠬᠤᠷᠢᠶ᠎ᠠ ᠶᠢᠨ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠣᠭᠤᠳᠤᠯᠭ᠎ᠠ ᠳᠣᠣᠷ᠎ᠠ | ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ | ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ | ᠴᠢᠷᠮᠠᠶᠢᠨ ᠲᠡᠮᠡᠴᠡᠬᠦ ᠬᠡᠷᠡᠭᠲᠡᠢ ᠭᠡᠵᠦ ᠬᠡᠯᠡᠪᠡ᠃ ᠶᠠᠷᠢᠯᠴᠠᠬᠤ ᠬᠤᠷᠠᠯ ᠳᠡᠭᠡᠷ᠎ᠡ ᠲᠥᠪ ᠤᠨ ᠨᠠᠮ ᠤᠨ ᠲᠡᠦᠬᠡ ᠪᠠ | ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠴᠢᠦᠢ ᠴᠢᠩ ᠱᠠᠨ᠂ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢᠨ ᠳᠡᠳ᠋ ᠱᠦᠵᠢ ᠰᠦᠨ ᠰᠢᠨ ᠶᠠᠩ᠂ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ ᠯᠢᠦ ᠴᠢ᠂ | ᠱᠠᠩᠬᠠᠢ ᠬᠤᠲᠠ ᠶᠢᠨ ᠳᠠᠷᠤᠭ᠎ᠠ ᠭᠦᠩ ᠵᠧᠩ ᠤᠷᠢᠳ ᠬᠤᠵᠢᠳ ᠦᠭᠡ ᠬᠡᠯᠡᠪᠡ᠃ | ᠯᠢ ᠭᠠᠨ ᠵᠢᠶᠧ᠂ ᠯᠢ ᠱᠣ᠋ ᠯᠧᠢ᠂ ᠯᠢ ᠬᠤᠩ ᠵᠥᠩ᠂ ᠴᠧᠨ ᠸᠧᠨ ᠴᠢᠩ᠂ ᠸᠠᠩ ᠰᠢᠶᠣᠣ ᠬᠤᠩ᠂ ᠬᠤᠤ | ᠮᠢᠩ ᠶᠢᠨ᠂ ᠰᠦ᠋ ᠬᠤᠶ ᠶᠠᠷᠢᠯᠴᠠᠬᠤ ᠬᠤᠷᠠᠯ ᠳᠤ ᠣᠷᠣᠯᠴᠠᠪᠠ᠃ | ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠱᠠᠩᠬᠠᠢ ᠬᠤᠳᠠ᠂ | ᠵᠧᠵᠢᠶᠠᠩ ᠮᠤᠵᠢ ᠶᠢᠨ ᠬᠠᠷᠢᠭᠤᠴᠠᠯᠭᠠᠲᠠᠨ ᠨᠥᠬᠦᠳ᠂ ᠴᠢᠶᠣᠤ ᠱᠢ ᠨᠥᠬᠦᠷ ᠤᠨ ᠲᠦᠷᠦᠯ ᠰᠠᠳᠤᠨ᠂ ᠠᠮᠢᠳᠤ | ᠰᠡᠷᠡᠭᠦᠨ ᠪᠠᠶᠢᠬᠤ ᠦᠶ᠎ᠡ ᠶᠢᠨ ᠨᠠᠶᠢᠵᠠ᠂ ᠤᠤᠯ ᠤᠨ ᠳᠡᠷᠭᠡᠳᠡᠬᠢ ᠠᠵᠢᠯᠲᠠᠨ ᠪᠣᠯᠣᠨ ᠨᠤᠲᠤᠭ ᠤᠨ ᠬᠢᠨᠢ | ᠲᠥᠯᠥᠭᠡᠯᠡᠭᠴᠢ ᠨᠠᠷ ᠶᠠᠷᠢᠯᠴᠠᠬᠤ ᠬᠤᠷᠠᠯ ᠳᠤ ᠣᠷᠣᠯᠴᠠᠵᠠᠢ᠃ |