ᠰᠢᠨᠬᠤᠸᠠ ᠬᠤᠷᠢᠶ᠎ᠠ ᠶᠢᠨ ᠣᠣᠮᠧᠨ ᠤ 12 ᠰᠠᠷ᠎ᠠ ᠶᠢᠨ 19 ᠤ ᠴᠠᠭᠢᠯᠭᠠᠨ ᠮᠡᠳᠡᠭᠡ ᠤᠯᠤᠰ ᠤᠨ | ᠲᠡᠷᠢᠭᠦᠯᠡᠭᠴᠢ ᠰᠢ ᠶᠢᠨ ᠫᠢᠩ 19 ᠤ ᠣᠷᠣᠢ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠤᠨ | ᠣᠷᠳᠣᠨ ᠤ ᠤᠭᠲᠤᠬᠤ ᠦᠳᠡᠰᠢ ᠶᠢᠨ ᠳᠠᠶᠢᠯᠠᠯᠭ᠎ᠠ ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ | ᠰᠢ ᠶᠢᠨ ᠫᠢᠩ᠂ ᠥᠩᠭᠡᠷᠡᠭᠰᠡᠨ 5 ᠵᠢᠯ ᠪᠣᠯ ᠣᠣᠮᠧᠨ ᠤ ᠲᠡᠦᠬᠡᠨ ᠳᠡᠭᠡᠷᠡᠬᠢ ᠮᠠᠰᠢ ᠶᠡᠷᠦ ᠪᠤᠰᠤ ᠶᠢᠨ 5 ᠵᠢᠯ | ᠪᠣᠯᠣᠨ᠎ᠠ᠂ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠬᠤᠪᠢᠷᠠᠵᠤ | ᠪᠠᠶᠢᠭ᠎ᠠ ᠪᠣᠯᠣᠨ ᠡᠷᠢᠨ ᠵᠠᠭᠤᠨ ᠤ ᠬᠢᠵᠢᠭ ᠤᠨ ᠪᠠᠶᠢᠳᠠᠯ ᠤᠨ ᠬᠠᠲᠠᠭᠤ ᠰᠢᠯᠭᠠᠯᠲᠠ ᠶᠢᠨ ᠡᠮᠦᠨ᠎ᠡ ᠲᠠᠪᠤᠳᠤᠭᠠᠷ | ᠬᠤᠭᠤᠴᠠᠭᠠᠨ ᠤ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠣᠣᠮᠧᠨ ᠤ ᠨᠡᠶᠢᠭᠡᠮ ᠤᠨ ᠡᠯ᠎ᠡ | ᠡᠲᠡᠭᠡᠳ ᠢ ᠪᠦᠯᠬᠦᠮᠳᠡᠭᠦᠯᠦᠨ ᠳᠠᠭᠠᠭᠤᠯᠵᠤ ᠬᠦᠴᠢᠷ ᠢ ᠰᠥᠷᠦᠨ ᠤᠷᠤᠭᠰᠢᠯᠠᠵᠤ᠂ ᠪᠣᠳᠠᠲᠠᠢ ᠶᠢ ᠡᠷᠬᠢᠮᠯᠡᠨ ᠵᠢᠳᠬᠦᠯ | ᠴᠢᠷᠮᠠᠶᠢᠯᠭ᠎ᠠ ᠭᠠᠷᠭᠠᠵᠤ᠂ ᠠᠵᠤ ᠠᠬᠤᠢ ᠶᠢᠨ ᠦᠷᠭᠦᠯᠵᠢᠯᠡᠨ ᠰᠡᠷᠭᠦᠨ ᠰᠠᠶᠢᠵᠢᠷᠠᠬᠤ᠂ ᠡᠯ᠎ᠡ ᠵᠦᠢᠯ ᠤᠨ ᠦᠢᠯᠡᠰ ᠤᠨ | ᠪᠦᠭᠦ ᠲᠠᠯ᠎ᠠ ᠶᠢᠨ ᠲᠠᠪᠰᠢᠯᠳᠠ ᠶᠢ ᠠᠬᠢᠭᠤᠯᠵᠤ᠂ ᠣᠣᠮᠧᠨ ᠤ ᠣᠨᠴᠠᠯᠢᠭ ᠪᠦᠬᠦᠢ ︽ᠨᠢᠭᠡ ᠤᠯᠤᠰ ᠲᠤ ᠬᠤᠶᠠᠷ | ᠪᠠᠶᠢᠭᠤᠯᠤᠯ ᠢ ᠬᠡᠷᠡᠭᠵᠢᠭᠦᠯᠬᠦ︾ ᠠᠮᠵᠢᠯᠲᠠ ᠲᠠᠢ ᠦᠢᠯᠡᠳᠦᠯᠭᠡ ᠶᠢᠨ ᠴᠣ ᠰᠢᠨ᠎ᠡ ᠬᠠᠭᠤᠳᠠᠰᠤ ᠶᠢ ᠪᠢᠴᠢᠭᠯᠡᠵᠡᠢ ᠭᠡᠵᠦ | ᠵᠢᠭᠠᠵᠤ ᠭᠠᠷᠭᠠᠪᠠ᠃ | 12 ᠰᠠᠷ᠎ᠠ ᠶᠢᠨ 19 ᠤ ᠣᠷᠣᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠣᠣᠮᠧᠨ ᠣᠨᠴᠠᠭᠠᠢ ᠵᠠᠰᠠᠭ | ᠵᠠᠬᠢᠷᠭᠠᠨ ᠤ ᠣᠷᠣᠨ ᠤ ᠵᠠᠰᠠᠭ ᠤᠨ ᠣᠷᠳᠣᠨ ᠤ ᠤᠭᠲᠤᠬᠤ ᠦᠳᠡᠰᠢ ᠶᠢᠨ ᠳᠠᠶᠢᠯᠠᠯᠭ᠎ᠠ ᠳᠤ ᠣᠷᠣᠯᠴᠠᠬᠰᠠᠨ ᠪᠥᠭᠡᠳ | ᠴᠢᠬᠤᠯᠠ ᠶᠠᠷᠢᠶ᠎ᠠ ᠲᠠᠯᠪᠢᠪᠠ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | ᠣᠣᠮᠧᠨ ᠤ ᠵᠡᠭᠦᠨ ᠠᠽᠢᠶ᠎ᠠ ᠶᠢᠨ ᠪᠡᠶ᠎ᠡ ᠶᠢᠨ ᠲᠠᠮᠢᠷ ᠤᠨ ᠴᠤᠭᠯᠠᠭᠠᠨ ᠤ ᠪᠡᠶ᠎ᠡ ᠶᠢᠨ ᠲᠠᠮᠢᠷ ᠤᠨ ᠣᠷᠳᠣᠨ ᠤ | ᠳᠠᠶᠢᠯᠠᠯᠭ᠎ᠠ ᠶᠢᠨ ᠲᠢᠩᠬᠢᠮ ᠳᠤ ᠪᠠᠶᠠᠷ ᠭᠦᠷ ᠢᠶᠠᠷ ᠪᠢᠯᠬᠠᠨ᠎ᠠ᠃ 18 ᠴᠠᠭ ᠤᠨ ᠦᠶ᠎ᠡ ᠪᠠᠷ ᠰᠢ ᠶᠢᠨ ᠫᠢᠩ ᠬᠠᠳᠤᠨ | ᠫᠧᠩ ᠯᠢ ᠶᠤᠸᠠᠨ ᠲᠠᠢ ᠪᠠᠨ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ | ᠾᠧ ᠢ ᠴᠧᠩ ᠪᠣᠯᠣᠨ ᠲᠡᠭᠦᠨ ᠤ ᠬᠠᠳᠤᠨ ᠵᠧᠩ ᠰᠦ᠋ ᠵᠧᠨ ᠤ ᠪᠠᠷ᠎ᠠ ᠪᠤᠯᠤᠯᠭ᠎ᠠ ᠲᠠᠢ ᠪᠠᠷ ᠶᠡᠭᠡ ᠲᠢᠩᠬᠢᠮ ᠳᠤ | ᠠᠯᠬᠤᠨ ᠣᠷᠣᠬᠤ ᠳᠤ ᠲᠠᠯᠠᠪᠠᠢ ᠳᠠᠶᠠᠭᠠᠷ ᠪᠣᠰᠴᠤ ᠵᠣᠭᠰᠣᠨ᠂ ᠠᠯᠠᠭ᠎ᠠ ᠲᠠᠰᠢᠵᠤ ᠪᠠᠶᠠᠷᠯᠠᠨ ᠤᠭᠲᠤᠪᠠ᠃ | ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ ᠰᠢ ᠶᠢᠨ ᠫᠢᠩ ᠣᠷᠭᠢᠯᠤᠮ᠎ᠠ ᠬᠠᠯᠠᠭᠤᠨ ᠰᠡᠳᠬᠢᠯᠭᠡ ᠲᠠᠢ ᠶᠠᠷᠢᠶ᠎ᠠ | ᠲᠠᠯᠪᠢᠪᠠ᠃ ᠲᠡᠷᠡ ᠡᠩ ᠲᠡᠷᠢᠭᠦᠨ ᠳᠤ ᠲᠥᠪ ᠤᠨ ᠵᠠᠰᠠᠭ ᠤᠨ ᠣᠷᠳᠣᠨ ᠪᠣᠯᠣᠨ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠡᠮᠦᠨ᠎ᠡ ᠠᠴᠠ ᠣᠣᠮᠧᠨ ᠤ ᠪᠦᠭᠦ ᠰᠠᠭᠤᠭᠠᠯᠢ ᠠᠷᠠᠳ ᠪᠣᠯᠣᠨ | ᠣᠣᠮᠧᠨ ᠤ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠤᠯᠠᠨ ᠤᠯᠤᠰ ᠤᠨ ᠨᠥᠭᠦᠷᠰᠡᠭ ᠬᠥᠮᠥᠰ ᠲᠤ ᠴᠢᠩ | ᠰᠡᠳᠬᠢᠯ ᠤᠨ ᠮᠡᠨᠳᠦᠴᠢᠯᠡᠯ ᠪᠣᠯᠣᠨ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃ ᠰᠢ ᠶᠢᠨ ᠫᠢᠩ᠂ | ᠥᠩᠭᠡᠷᠡᠭᠰᠡᠨ 5 ᠵᠢᠯ ᠳᠤ ᠣᠣᠮᠧᠨ ᠤ ᠠᠵᠤ ᠠᠬᠤᠢ ᠶᠢᠨ ᠵᠣᠬᠢᠰᠲᠠᠢ ᠤᠯᠠᠨ ᠡᠰᠢᠴᠢᠯᠡᠭᠰᠡᠨ ᠬᠥᠭᠵᠢᠯᠲᠡ ᠰᠢᠨ᠎ᠡ | ᠦᠷ᠎ᠡ ᠪᠦᠲᠦᠮᠵᠢ ᠣᠯᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠤᠨ ᠲᠦᠪᠰᠢᠨ ᠰᠢᠨ᠎ᠡ ᠳᠡᠭᠲᠡᠷ ᠲᠤ ᠭᠠᠷᠴᠤ | ᠂ ᠤᠯᠤᠰ ᠢᠶᠠᠨ ᠬᠠᠶᠢᠷᠠᠯᠠᠬᠤ ᠣᠣᠮᠧᠨ ᠢᠶᠠᠨ ᠬᠠᠶᠢᠷᠠᠯᠠᠬᠤ ᠤᠯᠤᠰ ᠲᠦᠷᠦ ᠨᠡᠶᠢᠭᠡᠮ ᠤᠨ ᠰᠠᠭᠤᠷᠢ ᠡᠳᠦᠷ ᠢᠷᠡᠬᠦᠶ᠎ᠡ | ᠪᠠᠬᠢᠵᠢᠵᠦ᠂ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ ᠪᠠ ᠠᠯᠳᠠᠷᠰᠢᠯ ᠶᠡᠭᠡ ᠪᠠᠷ ᠳᠡᠭᠡᠭᠰᠢᠯᠡᠪᠡ᠃ ᠡᠨᠡ 5 ᠵᠢᠯ ᠳᠤ | ᠣᠣᠮᠧᠨ ᠤ ᠬᠥᠭᠵᠢᠯᠲᠡ ᠶᠢᠨ ᠣᠯᠣᠭᠰᠠᠨ ᠢᠯᠡᠳᠲᠡ ᠠᠮᠵᠢᠯᠲᠠ ᠪᠦᠲᠦᠮᠵᠢ ᠪᠣᠯ ︽ᠨᠢᠭᠡ ᠤᠯᠤᠰ ᠲᠤ ᠬᠤᠶᠠᠷ | ᠪᠠᠶᠢᠭᠤᠯᠤᠯ ᠢ ᠬᠡᠷᠡᠭᠵᠢᠭᠦᠯᠬᠦ︾ ᠴᠢᠭᠯᠡᠯᠲᠡ ᠶᠢ ᠪᠦᠭᠦ ᠲᠠᠯ᠎ᠠ ᠪᠠᠷ ᠵᠥᠪ ᠣᠨᠣᠪᠴᠢᠲᠠᠢ ᠲᠤᠭᠤᠰᠢᠯᠠᠭᠤᠯᠤᠭᠰᠠᠨ ᠠᠴᠠ | ᠪᠣᠯᠤᠭᠰᠠᠨ ᠶᠤᠮ᠂ ᠲᠥᠪ ᠤᠨ ᠵᠠᠰᠠᠭ ᠤᠨ ᠣᠷᠳᠣᠨ ᠪᠠ ᠡᠬᠡ ᠤᠯᠤᠰ ᠤᠨ ᠳᠣᠲᠣᠷ ᠭᠠᠵᠠᠷ ᠤᠨ ᠬᠦᠴᠦᠲᠡᠢ | ᠳᠡᠮᠵᠢᠯᠭᠡ ᠠᠴᠠ ᠪᠣᠯᠤᠭᠰᠠᠨ ᠶᠤᠮ᠂ ᠳᠡᠯᠡᠬᠡᠢ ᠨᠡᠶᠢᠭᠡᠮ ᠤᠨ ᠢᠳᠡᠪᠬᠢᠲᠡᠢ ᠣᠷᠤᠯᠴᠠᠯᠭ᠎ᠠ ᠠᠴᠠ ᠪᠣᠯᠤᠭᠰᠠᠨ ᠶᠤᠮ᠂ | ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠨᠡᠶᠢᠭᠡᠮ ᠤᠨ ᠡᠯ᠎ᠡ ᠡᠲᠡᠭᠡᠳ ᠤᠨ ᠬᠢᠨ ᠯᠦᠭᠡ | ᠪᠦᠯᠬᠦᠮᠳᠡᠨ ᠲᠡᠮᠡᠴᠡᠵᠦ ᠪᠠᠶᠢᠭᠠᠳ ᠣᠯᠣᠭᠰᠠᠨ ᠶᠤᠮ ᠭᠡᠵᠦ ᠢᠯᠡᠳᠬᠡᠪᠡ᠃ | ᠰᠢ ᠶᠢᠨ ᠫᠢᠩ᠂ ᠣᠣᠮᠧᠨ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠥᠪᠡᠷᠮᠢᠴᠡ | ᠳᠠᠪᠠᠭᠤᠯᠢᠭ ᠲᠠᠢ ᠶᠤᠮ᠃ ᠨᠢᠭᠡᠨᠲᠡ ᠪᠠᠲᠤ ᠪᠠᠬᠢ ᠬᠥᠭᠵᠢᠯᠲᠡ ᠶᠢᠨ ᠰᠠᠭᠤᠷᠢ ᠶᠢ ᠲᠠᠯᠪᠢᠵᠤ᠂ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠦᠷ ᠳᠠᠯᠠᠶᠢᠴᠠᠲᠠᠢ | ᠲᠤᠷᠤᠨ᠎ᠠ ᠶᠢᠨ ᠰᠠᠯᠬᠢᠨ ᠤ ᠡᠷᠴᠢᠨ ᠳᠡᠭᠡᠷ᠎ᠡ ᠨᠡᠩ ᠥᠨᠳᠥᠷ ᠨᠢᠰᠤᠨ ᠨᠡᠩ ᠬᠤᠯᠠ ᠠᠶᠠᠯᠠᠵᠤ᠂ ᠨᠡᠩ ᠰᠠᠶᠢᠨ | ᠬᠥᠭᠵᠢᠯᠲᠡ ᠶᠢ ᠪᠡᠶᠡᠯᠡᠭᠦᠯᠬᠦ ᠨᠥᠬᠦᠴᠡᠯ ᠪᠠ ᠴᠢᠳᠠᠪᠤᠷᠢ ᠪᠦᠷᠢᠨ ᠪᠠᠶᠢᠨ᠎ᠠ ᠭᠡᠵᠦ ᠢᠯᠡᠳᠬᠡᠪᠡ᠃ ᠰᠢ ᠶᠢᠨ ᠫᠢᠩ | ᠣᠣᠮᠧᠨ ᠳᠤ 3 ᠲᠠᠯ᠎ᠠ ᠶᠢᠨ ᠬᠦᠰᠡᠯ ᠨᠠᠶᠢᠳᠠᠯᠭ᠎ᠠ ᠳᠤᠷᠠᠳᠴᠠᠢ᠂ ᠨᠢᠭᠡ ᠳᠤ᠂ ᠥᠨᠳᠥᠷ ᠲᠤ ᠵᠣᠭᠰᠣᠨ ᠠᠯᠤᠰ ᠢ | ᠪᠠᠷᠠᠯᠠᠵᠤ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠪᠦᠲᠦᠭᠡᠨ ᠪᠠᠶᠢᠭᠤᠯᠤᠯᠲᠠ | ᠵᠡᠷᠭᠡ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠯᠤᠭ᠎ᠠ ᠨᠡᠩ ᠢᠳᠡᠪᠬᠢᠲᠡᠢ ᠰᠠᠨᠠᠭᠠᠴᠢᠯᠠᠭ᠎ᠠ ᠠᠴᠠ ᠪᠠᠨ | ᠵᠣᠯᠭᠠᠭᠤᠯᠵᠤ᠂ ᠤᠯᠠᠨ ᠤᠯᠤᠰ ᠤᠨ ᠲᠠᠪᠴᠠᠩ ᠳᠡᠭᠡᠷ᠎ᠡ ᠨᠡᠩ ᠶᠡᠭᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ | ᠬᠤᠶᠠᠷ ᠲᠤ᠂ ᠠᠨᠠᠪᠠᠳ ᠲᠠᠯᠠᠢ ᠵᠠᠭᠤᠨ ᠮᠥᠷᠡᠨ ᠢ ᠪᠠᠭᠲᠠᠭᠠᠵᠤ᠂ ᠤᠯᠤᠰ ᠢᠶᠠᠨ ᠬᠠᠶᠢᠷᠠᠯᠠᠬᠤ ᠣᠣᠮᠧᠨ ᠢᠶᠠᠨ | ᠬᠠᠶᠢᠷᠠᠯᠠᠬᠤ ᠲᠤᠭ ᠤᠨ ᠳᠣᠣᠷ᠎ᠠ ᠨᠡᠩ ᠨᠡᠭᠡᠭᠡᠯᠲᠡᠲᠡᠢ ᠪᠠᠭᠲᠠᠭᠠᠮᠵᠢᠲᠠᠢ ᠪᠠᠶᠢᠵᠤ᠂ ᠪᠦᠯᠬᠦᠮᠳᠡᠨ ᠨᠢᠭᠲᠠᠷᠠᠵᠤ | ᠬᠦᠴᠦᠨ ᠢᠶᠠᠨ ᠬᠠᠮᠲᠤᠳᠬᠠᠵᠤ᠂ ᠳᠡᠯᠡᠬᠡᠢ ᠳ᠋ᠠᠬᠢᠨ ᠤ ᠡᠷᠳᠡᠮᠲᠡᠨ ᠴᠢᠳᠠᠪᠤᠷᠢᠲᠠᠨ ᠢ ᠥᠷᠭᠡᠨ ᠢᠶᠠᠷ ᠴᠤᠭᠯᠠᠭᠤᠯᠵᠤ᠂ | ᠰᠠᠶᠢᠨ ᠰᠠᠶᠢᠬᠠᠨ ᠣᠣᠮᠧᠨ ᠢ ᠬᠠᠮᠲᠤ ᠪᠠᠷ ᠪᠦᠲᠦᠭᠡᠨ ᠪᠠᠶᠢᠭᠤᠯᠬᠤ ᠬᠡᠷᠡᠭᠲᠡᠢ᠃ ᠭᠤᠷᠪᠠ ᠳᠤ᠂ ᠡᠷᠡᠮᠡᠬᠡᠶᠢᠯᠡᠨ | ᠤᠷᠤᠭᠰᠢᠯᠠᠵᠤ᠂ ᠨᠡᠩ ᠶᠡᠭᠡ ᠰᠥᠰᠥ ᠵᠣᠷᠢᠭ ᠢᠶᠠᠨ ᠢᠯᠡᠷᠡᠭᠦᠯᠵᠦ᠂ ᠵᠣᠷᠢᠭᠲᠠᠢ ᠪᠠᠷ ᠬᠤᠪᠢᠰᠤᠯᠲᠠ ᠭᠠᠷᠭᠠᠵᠤ᠂ | ᠵᠣᠷᠢᠭᠲᠠᠢ ᠪᠠᠷ ᠰᠢᠨ᠎ᠡ ᠶᠢ ᠡᠭᠦᠳᠴᠦ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ | ᠪᠠᠶᠢᠭᠤᠯᠤᠯ ᠤᠨ ᠳᠠᠪᠠᠭᠤᠯᠢᠭ ᠢ ᠨᠡᠩ ᠰᠠᠶᠢᠲᠤᠷ ᠪᠠᠳᠠᠷᠠᠭᠤᠯᠵᠤ᠂ ᠣᠣᠮᠧᠨ ᠤ ᠬᠥᠭᠵᠢᠯᠲᠡ ᠶᠢᠨ ᠰᠢᠨ᠎ᠡ ᠪᠠᠶᠢᠳᠠᠯ ᠢ | ᠡᠭᠦᠳᠬᠦ ᠬᠡᠷᠡᠭᠲᠡᠢ ᠭᠡᠪᠡ᠃ | ᠰᠢ ᠶᠢᠨ ᠫᠢᠩ᠂ ᠠᠭᠤᠤ ᠶᠡᠭᠡ ᠡᠬᠡ ᠤᠯᠤᠰ ᠤᠨ ᠪᠠᠲᠤ ᠴᠢᠩᠭ᠎ᠠ ᠥᠮᠥᠭ ᠲᠦᠰᠢᠭ ᠪᠠᠶᠢᠪᠠᠯ ᠣᠣᠮᠧᠨ | ᠣᠨᠴᠠᠭᠠᠢ ᠵᠠᠰᠠᠭ ᠵᠠᠬᠢᠷᠭᠠᠨ ᠤ ᠣᠷᠣᠨ ᠯᠠᠪᠲᠠᠢ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠡᠷᠡᠮᠡᠬᠡᠶᠢᠯᠡᠨ ᠲᠡᠮᠡᠴᠡᠵᠦ | ᠵᠢᠳᠬᠦᠯ ᠴᠢᠷᠮᠠᠶᠢᠯᠭ᠎ᠠ ᠭᠠᠷᠭᠠᠵᠤ᠂ ᠰᠢᠨ᠎ᠡ ᠦᠰᠦᠷᠦᠯᠲᠡ ᠶᠢ ᠪᠡᠶᠡᠯᠡᠭᠦᠯᠵᠦ᠂ ᠰᠢᠨ᠎ᠡ ᠭᠡᠷᠡᠯ ᠰᠠᠴᠤᠷᠠᠩᠭᠤᠢ | ᠠᠮᠵᠢᠯᠲᠠ ᠶᠢ ᠡᠭᠦᠳᠴᠦ ᠴᠢᠳᠠᠨ᠎ᠠ ᠭᠡᠵᠦ ᠢᠯᠡᠳᠬᠡᠪᠡ᠃ | ᠾᠧ ᠢ ᠴᠧᠩ ᠪᠠᠶᠠᠷ ᠤᠨ ᠦᠭᠡ ᠳᠡᠭᠡᠨ᠂ ᠣᠣᠮᠧᠨ ᠡᠬᠡ ᠤᠯᠤᠰ ᠲᠠᠭᠠᠨ ᠪᠤᠴᠠᠵᠤ ᠢᠷᠡᠭᠰᠡᠨ 25 | ᠵᠢᠯ ᠤᠨ ᠤᠢ ᠶᠢᠨ ᠲᠠᠰᠢᠷᠠᠮ ᠢᠶᠠᠷ ᠲᠡᠷᠢᠭᠦᠯᠡᠭᠴᠢ ᠰᠢ ᠶᠢᠨ ᠫᠢᠩ ᠳᠠᠬᠢᠨᠲᠠ ᠣᠣᠮᠧᠨ ᠳᠤ ᠬᠦᠷᠴᠦ ᠢᠷᠡᠪᠡ᠂ ᠡᠨᠡ | ᠪᠣᠯ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠶᠡᠭᠡ ᠶᠠᠪᠤᠳᠠᠯ᠂ ᠪᠠᠶᠠᠷ ᠤᠨ ᠶᠠᠪᠤᠳᠠᠯ ᠪᠠ ᠦᠪᠡᠳᠡᠭᠰᠢ | ᠶᠠᠪᠤᠳᠠᠯ ᠪᠣᠯᠣᠨ᠎ᠠ᠃ ᠲᠡᠷᠢᠭᠦᠯᠡᠭᠴᠢ ᠰᠢ ᠶᠢᠨ ᠫᠢᠩ ᠣᠣᠮᠧᠨ ᠢ ᠭᠦᠨ᠎ᠡ ᠰᠠᠨᠠᠭᠠᠯᠵᠠᠵᠤ᠂ ᠭᠦᠨ᠎ᠡ ᠬᠠᠯᠠᠮᠵᠢᠯᠠᠵᠤ | ᠪᠠᠶᠢᠭ᠎ᠠ ᠨᠢ ᠣᠣᠮᠧᠨ ᠤ ᠠᠬ᠎ᠠ ᠳᠡᠭᠦᠦ ᠨᠠᠷ ᠲᠤ ᠮᠠᠰᠢ ᠶᠡᠭᠡ ᠵᠣᠷᠢᠭᠵᠢᠭᠤᠯᠤᠯ ᠪᠣᠯᠵᠤ᠂ ᠲᠦᠢᠯ ᠤᠨ ᠥᠩᠭᠡ | ᠭᠡᠷᠡᠯ ᠲᠠᠢ ᠰᠠᠨᠠᠭᠳᠠᠵᠤ ᠪᠠᠶᠢᠨ᠎ᠠ᠃ ᠣᠣᠮᠧᠨ ᠡᠬᠡ ᠤᠯᠤᠰ ᠤᠨ ᠶᠡᠭᠡ ᠭᠡᠷ ᠪᠦᠯᠢ ᠶᠢᠨ ᠨᠢᠭᠡ ᠪᠦᠷᠢᠯᠳᠦᠭᠦᠨ | ᠪᠣᠯᠤᠭᠰᠠᠨ ᠤ ᠬᠤᠪᠢ ᠳᠤ ᠰᠢᠨ᠎ᠡ ᠴᠠᠭ ᠦᠶ᠎ᠡ ᠰᠢᠨ᠎ᠡ ᠠᠶᠠᠨ ᠳᠤ ᠰᠢᠨ᠎ᠡ ᠬᠠᠷᠢᠭᠤᠴᠠᠯᠭ᠎ᠠ ᠡᠭᠦᠷᠭᠡᠯᠡᠯ ᠰᠢᠨ᠎ᠡ | ᠵᠢᠳᠬᠦᠯ ᠴᠢᠷᠮᠠᠶᠢᠯᠭ᠎ᠠ ᠭᠠᠷᠭᠠᠵᠤ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ | ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠨᠡᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ᠃ ᠲᠡᠷᠢᠭᠦᠯᠡᠭᠴᠢ | ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠣᠯᠣᠨ ᠲᠥᠪ ᠤᠨ ᠵᠠᠰᠠᠭ ᠤᠨ ᠣᠷᠳᠣᠨ ᠤ ᠬᠦᠴᠦᠲᠡᠢ ᠳᠡᠮᠵᠢᠯᠭᠡ | ᠳᠣᠣᠷ᠎ᠠ ᠵᠢᠷᠭᠤᠳᠤᠭᠠᠷ ᠬᠤᠭᠤᠴᠠᠭᠠᠨ ᠤ ᠵᠠᠰᠠᠭ ᠵᠠᠬᠢᠷᠭᠠᠨ ᠤ ᠳᠠᠷᠤᠭ᠎ᠠ ᠼᠧᠨ ᠬᠤᠤ ᠬᠤᠢ ᠠᠪᠤᠭᠠᠢ ᠯᠠᠪᠲᠠᠢ ᠰᠢᠨ᠎ᠡ | ᠨᠢᠭᠡ ᠬᠤᠭᠤᠴᠠᠭᠠᠨ ᠤ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠪᠣᠯᠣᠨ ᠨᠡᠶᠢᠭᠡᠮ ᠤᠨ ᠡᠯ᠎ᠡ | ᠡᠲᠡᠭᠡᠳ ᠤᠨ ᠬᠢᠨ ᠢ ᠳᠠᠭᠠᠭᠤᠯᠤᠨ ᠣᠣᠮᠧᠨ ᠤ ᠣᠨᠴᠠᠯᠢᠭ ᠪᠦᠬᠦᠢ ︽ᠨᠢᠭᠡ ᠤᠯᠤᠰ ᠲᠤ ᠬᠤᠶᠠᠷ ᠪᠠᠶᠢᠭᠤᠯᠤᠯ ᠢ | ᠬᠡᠷᠡᠭᠵᠢᠭᠦᠯᠬᠦ︾ ᠦᠢᠯᠡᠳᠦᠯᠭᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠶᠢ ᠪᠢ ᠪᠠᠲᠤ ᠢᠲᠡᠭᠡᠵᠦ ᠪᠠᠶᠢᠨ᠎ᠠ ᠭᠡᠵᠦ | ᠢᠯᠡᠳᠬᠡᠪᠡ᠃ ᠼᠠᠢ ᠴᠢ᠂ ᠯᠢ ᠬᠤᠩ ᠵᠦᠩ᠂ ᠾᠧ ᠸᠧᠢ ᠳ᠋ᠦᠩ᠂ ᠾᠧ ᠯᠢ ᠹᠧᠩ᠂ ᠸᠠᠩ ᠰᠢᠶᠣᠣ ᠬᠤᠩ᠂ | ᠸᠠᠩ ᠳ᠋ᠦᠩ ᠹᠧᠩ᠂ ᠰᠢᠶᠠ ᠪᠦᠦ ᠯᠦᠩ ᠨᠠᠷ ᠤᠭᠲᠤᠬᠤ ᠦᠳᠡᠰᠢ ᠶᠢᠨ ᠳᠠᠶᠢᠯᠠᠯᠭ᠎ᠠ ᠳᠤ ᠣᠷᠣᠯᠴᠠᠪᠠ᠃ | ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠾᠧ ᠾᠧᠦ ᠬᠤᠸᠠ᠂ | ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠯᠢ ᠵᠢᠶᠠ ᠴᠤᠤ᠂ ᠣᠣᠮᠧᠨ | ᠣᠨᠴᠠᠭᠠᠢ ᠵᠠᠰᠠᠭ ᠵᠠᠬᠢᠷᠭᠠᠨ ᠤ ᠣᠷᠣᠨ ᠤ ᠲᠤᠰᠢᠶᠠᠯ ᠳᠤ ᠭᠠᠷᠬᠤ ᠪᠠᠷ ᠪᠠᠶᠢᠭ᠎ᠠ ᠵᠠᠰᠠᠭ ᠵᠠᠬᠢᠷᠭᠠᠨ ᠤ ᠳᠠᠷᠤᠭ᠎ᠠ ᠼᠧᠨ | ᠬᠤᠤ ᠬᠤᠢ᠂ ᠤᠤᠯ ᠤᠨ ᠵᠠᠰᠠᠭ ᠵᠠᠬᠢᠷᠭᠠᠨ ᠤ ᠳᠠᠷᠤᠭ᠎ᠠ ᠼᠦᠢ ᠱᠢ ᠠᠨ᠂ ᠣᠣᠮᠧᠨ ᠣᠨᠴᠠᠭᠠᠢ ᠵᠠᠰᠠᠭ ᠵᠠᠬᠢᠷᠭᠠᠨ ᠤ | ᠣᠷᠣᠨ ᠤ ᠵᠠᠰᠠᠭ ᠤᠨ ᠣᠷᠳᠣᠨ ᠤ ᠭᠤᠣᠯ ᠲᠤᠰᠢᠶᠠᠯᠲᠠᠨ᠂ ᠣᠣᠮᠧᠨ ᠤ ᠡᠯ᠎ᠡ ᠡᠲᠡᠭᠡᠳ ᠤᠨ ᠲᠥᠯᠥᠭᠡᠯᠡᠭᠴᠢ ᠪᠠᠰᠠ | ᠣᠷᠣᠢ ᠶᠢᠨ ᠳᠠᠶᠢᠯᠠᠯᠭ᠎ᠠ ᠳᠤ ᠣᠷᠣᠯᠴᠠᠵᠠᠢ᠃ |