ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 29 ᠤ ᠴᠠᠭᠢᠯᠭᠠᠨ ᠮᠡᠳᠡᠭᠡ ᠲᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ | ᠰᠤᠳᠤᠯᠭᠠᠨ ᠤ ᠬᠦᠷᠢᠶᠡᠯᠡᠩ ᠤᠨ ᠣᠷᠴᠢᠭᠤᠯᠤᠭᠰᠠᠨ ︽ᠰᠢ ᠶᠢᠨ ᠫᠢᠩ ᠤᠨ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠲᠤᠬᠠᠢ ᠥᠭᠦᠯᠡᠯᠲᠡ ᠶᠢᠨ ᠲᠡᠭᠦᠪᠦᠷᠢ︾ ᠭᠡᠬᠦ ᠨᠣᠮ ᠤᠨ ᠶᠠᠫᠤᠨ ᠬᠡᠯᠡᠨ ᠤ ᠬᠡᠪᠯᠡᠯ ᠢ | ᠣᠶᠢᠷ᠎ᠠ ᠳᠤ ᠲᠥᠪ ᠤᠨ ᠨᠠᠶᠢᠷᠠᠭᠤᠯᠤᠨ ᠣᠷᠴᠢᠭᠤᠯᠬᠤ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ ᠤᠯᠤᠰ ᠤᠨ | ᠳᠣᠲᠣᠭᠠᠳᠤ ᠭᠠᠳᠠᠭᠠᠳᠤ ᠳᠤ ᠲᠠᠷᠬᠠᠭᠠᠪᠠ᠃ | ︽ᠰᠢ ᠶᠢᠨ ᠫᠢᠩ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠤᠬᠠᠢ ᠥᠭᠦᠯᠡᠯᠲᠡ ᠶᠢᠨ | ᠲᠡᠭᠦᠪᠦᠷᠢ︾ ᠶᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ | ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠠᠴᠠ ᠨᠠᠶᠢᠷᠠᠭᠤᠯᠵᠤ᠂ ᠰᠢ ᠶᠢᠨ ᠫᠢᠩ ᠨᠥᠬᠦᠷ ᠤᠨ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠣᠭᠤᠷᠢᠨ ᠳᠤ ᠨᠡᠶᠢᠲᠡᠯᠡᠭᠰᠡᠨ ᠠᠯᠢ ᠣᠯᠠᠨ ᠴᠢᠬᠤᠯᠠ | ᠥᠭᠦᠯᠡᠯᠲᠡ ᠶᠢ ᠣᠷᠣᠭᠤᠯᠪᠠ᠃ ᠲᠣᠰ ᠨᠣᠮ ᠤᠨ ᠶᠠᠫᠤᠨ ᠬᠡᠯᠡᠨ ᠤ ᠬᠡᠪᠯᠡᠯ ᠪᠠ ᠡᠭᠦᠨ ᠠᠴᠠ ᠡᠮᠦᠨ᠎ᠡ ᠬᠡᠪᠯᠡᠭᠳᠡᠭᠰᠡᠨ | ᠠᠩᠭ᠍ᠯᠢ ᠭᠡᠯᠡ᠂ ᠹᠷᠠᠨᠼᠢ ᠭᠡᠯᠡ᠂ ᠣᠷᠣᠰ ᠭᠡᠯᠡ᠂ ᠠᠷᠠᠪ ᠬᠡᠯᠡᠨ ᠤ ᠬᠡᠪᠯᠡᠯ ᠨᠢ ᠭᠠᠳᠠᠭᠠᠳᠤ ᠶᠢᠨ ᠤᠩᠰᠢᠭᠴᠢᠳ ᠤᠨ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠣᠨᠣᠯ ᠤᠨ ᠰᠢᠰᠲ᠋ᠧᠮ ᠪᠠ ᠦᠢᠯᠡᠳᠦᠯᠭᠡ ᠶᠢᠨ | ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠤᠮᠳᠠᠳᠤ ᠤᠯᠤᠰ ᠤᠨ | ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠠᠮᠵᠢᠯᠲᠠ ᠲᠠᠢ ᠪᠠᠷ ᠵᠠᠮᠨᠠᠭᠰᠠᠨ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠵᠠᠮ᠂ ᠡᠭᠦᠳᠦᠨ ᠪᠦᠲᠦᠭᠡᠭᠰᠡᠨ ᠬᠥᠮᠥᠨ ᠲᠥᠷᠥᠯᠬᠢᠲᠡᠨ ᠤ ᠪᠣᠯᠪᠠᠰᠤᠨ ᠤ | ᠰᠢᠨ᠎ᠡ ᠭᠡᠯᠪᠡᠷᠢ᠂ ᠢᠯᠡᠷᠡᠭᠦᠯᠦᠭᠰᠡᠨ ᠣᠳᠣᠬᠢᠴᠢᠯᠠᠯᠲᠠ ᠶᠢᠨ ᠰᠢᠨ᠎ᠡ ᠵᠢᠷᠤᠭ ᠲᠥᠰᠥᠪ ᠢ ᠭᠦᠨᠵᠡᠭᠡᠢ ᠣᠶᠢᠯᠠᠭᠠᠵᠤ᠂ | ᠳᠡᠯᠡᠬᠡᠢ ᠨᠡᠶᠢᠭᠡᠮ ᠤᠨ ᠣᠳᠣᠬᠢᠴᠢᠯᠠᠯᠲᠠ ᠶᠢᠨ ᠵᠠᠮ ᠢᠶᠠᠷ ᠭᠠᠷ ᠬᠤᠯᠪᠣᠯᠴᠠᠨ ᠬᠠᠮᠲᠤ ᠪᠠᠷ ᠤᠷᠤᠭᠰᠢᠯᠠᠬᠤ ᠶᠢ | ᠴᠢᠩᠭᠠᠳᠬᠠᠵᠤ᠂ ᠡᠩᠬᠡ ᠲᠠᠶᠢᠪᠤᠩ ᠬᠥᠭᠵᠢᠯᠲᠡ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ᠂ ᠬᠠᠮᠲᠤ ᠪᠠᠷ ᠴᠡᠴᠡᠭᠯᠡᠨ | ᠬᠥᠭᠵᠢᠭᠰᠡᠨ ᠳᠡᠯᠡᠬᠡᠢ ᠶᠢᠨ ᠣᠳᠣᠬᠢᠴᠢᠯᠠᠯᠲᠠ ᠶᠢᠨ ᠬᠠᠮᠲᠤ ᠶᠢᠨ ᠲᠠᠨᠢᠯᠲᠠ ᠶᠢ ᠪᠡᠶᠡᠯᠡᠭᠦᠯᠬᠦ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ | |