12 ᠰᠠᠷ᠎ᠠ ᠶᠢᠨ 1 ᠤ ᠡᠳᠦᠷ ᠠᠴᠠ 2 ᠤᠨ ᠡᠳᠦᠷ ᠪᠣᠯᠲᠠᠯ᠎ᠠ᠂ ᠬᠢᠩᠭᠠᠨ ᠠᠶᠢᠮᠠᠭ ᠤᠨ ᠨᠠᠮ ᠤᠨ | ᠬᠤᠷᠢᠶ᠎ᠠ ᠶᠢᠨ ᠱᠦᠵᠢ ᠰᠦᠬᠡ ᠪᠦᠯᠬᠦᠮ ᠳᠠᠭᠠᠭᠤᠯᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ | ᠡᠳ᠋ ᠬᠥᠷᠥᠩᠭᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ ᠤ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠭᠡᠯ ᠤᠨ ᠲᠣᠪᠴᠢᠶ᠎ᠠ᠂ ᠤᠯᠤᠰ ᠤᠨ ᠲᠤᠭ᠎ᠠ | ᠪᠦᠷᠢᠳᠭᠡᠯ ᠤᠨ ᠲᠣᠪᠴᠢᠶ᠎ᠠ ᠶᠢᠨ ᠥᠪᠥᠷ ᠮᠣᠩᠭᠤᠯ ᠤᠨ ᠪᠠᠶᠢᠴᠠᠭᠠᠯᠲᠠ ᠶᠢᠨ ᠶᠡᠷᠦᠩᠬᠡᠶ ᠠᠩᠭᠢ ᠵᠢᠴᠢ | ᠬᠥᠬᠡᠬᠤᠲᠠ ᠶᠢᠨ ᠲᠡᠮᠦᠷ ᠵᠠᠮ ᠤᠨ ᠲᠡᠭᠡᠭᠡᠪᠦᠷᠢ ᠶᠢᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠳᠤ ᠬᠦᠷᠴᠦ᠂ | ᠬᠤᠯᠪᠣᠭᠳᠠᠯ ᠪᠥᠬᠦᠶ ᠠᠵᠢᠯ ᠢᠶᠠᠨ ᠵᠤᠯᠭᠠᠭᠤᠯᠵᠠᠢ᠃ ᠰᠤᠷᠪᠤᠯᠵᠢᠯᠠᠭ᠎ᠠ ᠶᠢᠨ ᠬᠤᠭᠤᠴᠠᠭᠠᠨ ᠳᠤ᠂ ᠰᠦᠬᠡ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠢᠩᠬᠢᠮ ᠳᠤᠪᠴᠢᠶ᠎ᠠ ᠶᠢᠨ ᠤᠷᠳᠤ ᠬᠤᠭᠤᠴᠠᠭᠠᠨ ᠤ ᠲᠤᠷᠰᠢ | ᠬᠢᠩᠭᠠᠨ ᠠᠶᠢᠮᠠᠭ ᠲᠤ ᠦᠵᠡᠭᠦᠯᠦᠭᠰᠡᠨ ᠳᠡᠮᠵᠢᠯᠭᠡ ᠬᠠᠪᠰᠤᠷᠤᠯᠭ᠎ᠠ ᠳᠤ ᠲᠠᠯᠠᠷᠬᠠᠵᠤ ᠪᠠᠶᠢᠬᠤ ᠰᠡᠳᠭᠢᠯᠭᠡ ᠪᠠᠨ | ᠢᠯᠡᠳᠭᠡᠬᠦ ᠶᠢᠨ ᠬᠠᠮᠲᠤ ᠬᠢᠩᠭᠠᠨ ᠠᠶᠢᠮᠠᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠳᠥᠭᠦᠮᠬᠡᠨ | ᠲᠠᠨᠢᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠲᠢᠩᠬᠢᠮ ᠳᠤᠪᠴᠢᠶ᠎ᠠ ᠠᠴᠠ ᠬᠢᠩᠭᠠᠨ ᠠᠶᠢᠮᠠᠭ ᠤᠨ ᠠᠵᠤ | ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠢ ᠠᠬᠢᠭᠤᠯᠬᠤ᠂ ᠡᠳ᠋ ᠤᠨ ᠵᠠᠰᠠᠭ ᠤᠨ ᠠᠵᠢᠯᠯᠠᠭᠠᠨ ᠤ ᠠᠶᠤᠯ | ᠲᠦᠭᠰᠢᠭᠦᠷᠢ ᠶᠢ ᠰᠡᠷᠭᠡᠶᠢᠯᠡᠬᠦ᠂ ᠲᠤᠰᠬᠠᠢ ᠮᠡᠷᠭᠡᠵᠢᠯ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ | ᠲᠠᠯ᠎ᠠ ᠪᠠᠷ ᠨᠡᠩ ᠶᠡᠭᠡ ᠳᠡᠮᠵᠢᠯᠭᠡ ᠪᠠ ᠬᠠᠷᠠᠭᠠᠯᠵᠠᠯ ᠦᠵᠡᠭᠦᠯᠬᠦ ᠶᠢ ᠬᠦᠰᠡᠪᠡ᠃ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠥᠬᠦᠶ ᠲᠢᠩᠬᠢᠮ ᠳᠤᠪᠴᠢᠶ᠎ᠠ ᠠᠴᠠ ᠬᠢᠩᠭᠠᠨ ᠠᠶᠢᠮᠠᠭ ᠤᠨ ᠳᠤᠷᠠᠳᠤᠭᠰᠠᠨ ᠵᠣᠯᠭᠠᠭᠤᠯᠬᠤ ᠵᠦᠢᠯᠡᠰ ᠲᠤ | ᠢᠳᠡᠪᠬᠢᠲᠡᠶ ᠬᠠᠷᠢᠭᠤ ᠲᠤᠰᠬᠠᠯ ᠥᠭᠴᠦ᠂ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠ ᠠᠵᠢᠯ ᠤᠨ | ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠬᠢᠩᠭᠠᠨ ᠠᠶᠢᠮᠠᠭ ᠢ ᠪᠥᠬᠦ ᠬᠦᠴᠦᠨ ᠢᠶᠠᠷ ᠢᠶᠠᠨ ᠬᠠᠪᠰᠤᠷᠤᠨ | ᠳᠤᠲᠠᠭᠤᠳᠠᠯ ᠢ ᠨᠢ ᠨᠥᠬᠦᠪᠥᠷᠢᠯᠡᠨ᠂ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠳᠤ ᠦᠷᠭᠦᠯᠵᠢᠯᠡᠨ ᠬᠦᠴᠦᠨ ᠨᠡᠮᠡᠷᠢᠯᠡᠨ᠎ᠡ ᠭᠡᠵᠦ ᠢᠯᠡᠷᠬᠡᠶᠢᠯᠡᠪᠡ᠃ |