ᠬᠢᠩᠭᠠᠨ ᠠᠶᠢᠮᠠᠭ ᠤᠨ ᠵᠠᠬᠢᠷᠭ᠎ᠠ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/27
   2 ᠰᠠᠷ᠎ᠠ ᠶᠢᠨ 23 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠤᠯᠤᠰ ᠤᠨ ᠠᠶᠤᠯᠭᠦᠶ ᠦᠢᠯᠡᠳᠪᠦᠷᠢᠯᠡᠯ ᠤᠨ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠬᠢᠩᠭᠠᠨ ᠠᠶᠢᠮᠠᠭ ᠤᠨ ᠤᠯᠤᠰ ᠤᠨ ᠲᠠᠰ ᠤᠨ ᠣᠲᠣ ᠦᠶ᠎ᠡ ᠶᠢᠨ ᠮᠠᠯ ᠠᠵᠤ ᠠᠬᠤᠶ ᠶᠢᠨ ᠲᠤᠷᠰᠢᠯᠲᠠ ᠶᠢᠨ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠤᠨ ᠬᠡᠷᠡᠭᠵᠢᠭᠦᠯᠬᠦ ᠲᠥᠰᠦᠯ︾ ᠵᠢᠴᠢ ︽ᠬᠢᠩᠭᠠᠨ ᠠᠴᠠ ᠢᠷᠡᠯᠲᠡ ᠲᠠᠢ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠪᠠᠶᠢᠭᠤᠯᠤᠯᠲᠠ ᠶᠢᠨ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠪᠡ᠃    ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠤᠯᠤᠰ ᠤᠨ ᠠᠶᠤᠯᠭᠦᠢ ᠦᠢᠯᠡᠳᠪᠦᠷᠢᠯᠡᠯ ᠤᠨ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠠᠶᠤᠯᠭᠦᠢ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ︽ᠴᠠᠭ ᠢᠮᠠᠭᠲᠠ ᠰᠠᠨᠠᠭᠠᠰᠢᠷᠠᠬᠤ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭᠠᠳᠭᠠᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠵᠤ᠂ ᠬᠢᠩᠭᠠᠨ ᠠᠶᠢᠮᠠᠭ ᠤᠨ ᠤᠯᠤᠰ ᠤᠨ ᠲᠡᠰ ᠤᠨ ᠤᠳᠤ ᠦᠶ᠎ᠡ ᠶᠢᠨ ᠮᠠᠯ ᠠᠵᠤ ᠠᠬᠤᠢ ᠶᠢᠨ ᠲᠤᠷᠰᠢᠯᠲᠠ ᠶᠢᠨ ᠣᠷᠣᠨ ᠢ ᠨᠠᠶᠢᠳᠠᠪᠤᠷᠢᠵᠢᠭᠤᠯᠬᠤ ᠢᠨᠵᠧᠨᠧᠷᠢᠩ ᠢ ᠬᠡᠷᠡᠭᠵᠢᠭᠦᠯᠬᠦ ᠠᠵᠢᠯ ᠢ ᠴᠢᠬᠤᠯᠠ ᠠᠴᠠ ᠴᠢᠬᠤᠯᠠ ᠪᠠᠶᠢᠷᠢᠨ ᠳᠤ ᠲᠠᠯᠪᠢᠵᠤ᠂ ᠵᠣᠬᠢᠴᠠᠭᠤᠯᠤᠨ ᠨᠢᠭᠡᠳᠦᠯᠲᠡᠢ ᠲᠥᠯᠥᠪᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠲᠠᠩᠰᠠ ᠮᠡᠳᠡᠭᠦᠯᠬᠦ ᠤᠬᠠᠮᠰᠠᠷ᠂ ᠰᠢᠯᠭᠠᠯᠲᠠ ᠶᠢᠨ ᠬᠠᠭᠤᠳᠠᠰᠤ ᠲᠤᠰᠢᠶᠠᠬᠤ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠢᠶᠠᠨ ᠴᠢᠩᠭᠠᠳᠬᠠᠵᠤ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠲᠣᠭᠲᠠᠭᠠᠭᠰᠠᠨ ︽ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ︾ ᠤᠨ ᠰᠢᠷᠢᠰ ᠲᠦᠷᠦ ᠶᠢᠨ ᠪᠤᠳᠤᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ︽ᠬᠢᠩᠭᠠᠨ ᠠᠴᠠ ᠢᠷᠡᠯᠲᠡ ᠲᠠᠢ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠪᠠᠶᠢᠭᠤᠯᠤᠯᠲᠠ ᠶᠢᠨ ᠠᠵᠢᠯ ᠢ ᠬᠦᠴᠦᠯᠡᠨ ᠰᠠᠶᠢᠲᠤᠷ ᠠᠳᠬᠤᠵᠤ᠂ ᠬᠢᠩᠭᠠᠨ ᠠᠶᠢᠮᠠᠭ ᠤᠨ ᠣᠷᠣᠨ ᠪᠦᠰᠡ ᠶᠢᠨ ᠨᠠᠷᠠᠲᠤ ᠲᠡᠮᠳᠡᠭ ᠤᠨ ᠥᠯᠢᠭᠡᠷ ᠢ ᠦᠷᠭᠦᠯᠵᠢᠯᠡᠨ ᠰᠠᠶᠢᠲᠤᠷ ᠠᠭᠤᠳᠠᠯᠤᠨ ᠶᠠᠷᠢᠵᠤ᠂ ᠪᠥᠬᠦ ᠤᠯᠤᠰ ᠲᠤ ︽ᠬᠢᠩᠭᠠᠨ ᠠᠴᠠ ᠢᠷᠡᠯᠲᠡ ᠲᠠᠢ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ ᠬᠠᠩᠭᠢᠨᠠᠭᠤᠯᠵᠤ᠂ ᠬᠢᠩᠭᠠᠨ ᠠᠶᠢᠮᠠᠭ ᠤᠨ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠯᠳᠠᠷᠰᠢᠯ᠂ ᠢᠷᠠᠭᠤ ᠠᠯᠳᠠᠷ ᠤᠨ ᠬᠡᠮᠵᠢᠶ᠎ᠡ ᠪᠠ ᠥᠷᠢᠰᠦᠯᠳᠦᠬᠦ ᠬᠦᠴᠦᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠢᠩᠭᠠᠨ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ︽ᠲᠦᠷᠦᠯ ᠲᠡᠮᠳᠡᠭ ᠤᠨ ᠬᠦᠴᠦᠨ︾ ᠢ ᠡᠷᠭᠦᠬᠦ ᠬᠡᠷᠡᠭᠲᠡᠶ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号