ᠵᠠᠩ ᠰᠢᠶᠤᠤ ᠪᠢᠩ ᠤᠯᠠᠭᠠᠨᠬᠤᠲᠠ ᠳᠤ ᠢᠷᠡᠵᠦ ᠪᠠᠶᠢᠴᠠᠭᠠᠨ ᠰᠤᠳᠤᠯᠵᠠᠢ
ᠨᠡᠶᠢᠲᠡᠯᠡᠭᠰᠡᠨ ᠴᠠᠭ᠄
2024/3/28
   3 ᠰᠠᠷ᠎ᠠ ᠶᠢᠨ 26 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠰᠢᠶᠤᠤ ᠪᠢᠩ ᠤᠯᠠᠭᠠᠨᠬᠤᠲᠠ ᠶᠢᠨ ᠭᠡᠭᠡᠨᠰᠦ᠋ᠮ᠎ᠡ ᠪᠠᠯᠭᠠᠰᠤᠨ ᠤ ᠪᠠᠶᠠᠨᠬᠤᠸᠠ ᠭᠠᠴᠠᠭ᠎ᠠ᠂ ᠣᠲᠣ ᠦᠶ᠎ᠡ ᠶᠢᠨ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ᠂ ᠬᠤᠲᠠ ᠶᠢᠨ ᠲᠡᠭᠦᠷᠭᠡ ᠶᠢᠨ ᠬᠡᠷᠡᠭ ᠡᠷᠬᠢᠯᠡᠬᠦ ᠭᠠᠵᠠᠷ ᠤᠨ ᠶᠤᠸᠠᠨ ᠳ᠋ᠢᠩ ᠨᠡᠶᠢᠭᠡᠮ ᠲᠣᠭᠤᠷᠢᠭ ᠂ ᠤᠯᠠᠭᠠᠨᠬᠠᠳᠠ ᠪᠠᠯᠭᠠᠰᠤᠨ ᠳᠤ ᠬᠦᠷᠴᠦ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ᠂ ᠦᠨᠳᠦᠰᠦᠨ ᠱᠠᠲᠤᠨ ᠤ ᠵᠠᠰᠠᠯᠲᠠ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠰᠦ ᠶᠢᠨ ᠦᠢᠯᠡᠰ ᠢ ᠬᠥᠭᠵᠢᠭᠦᠯᠬᠦ ᠵᠡᠷᠭᠡ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃    ᠵᠠᠩ ᠰᠢᠶᠤᠤ ᠪᠢᠩ ᠬᠡᠯᠡᠭᠰᠡᠨ ᠨᠢ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠠᠳᠬᠤᠵᠤ᠂ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠮᠤ ᠪᠤᠳᠠᠭ᠎ᠠ ᠳᠠᠷᠢᠬᠤ ᠲᠠᠷᠢᠶᠠᠴᠢᠳ ᠲᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠨᠥᠬᠦᠪᠥᠷᠢ ᠶᠢ ᠴᠠᠭ ᠲᠤᠬᠠᠶ ᠳᠤᠨᠢ ᠣᠯᠭᠤᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠥᠨᠳᠥᠷ ᠪᠦᠲᠦᠮᠵᠢᠲᠡᠶ ᠲᠠᠷᠢᠶᠠᠯᠠᠩ ᠤᠨ ᠮᠠᠰᠢᠨ ᠢ ᠳᠡᠯᠭᠡᠷᠡᠭᠦᠯᠦᠨ ᠲᠦᠭᠡᠮᠡᠯᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠬᠠᠷ᠎ᠠ ᠬᠥᠷᠥᠰᠥ ᠶᠢ ᠬᠠᠮᠠᠭᠠᠯᠠᠬᠤ ᠴᠢᠨᠠᠷᠲᠠᠶ ᠲᠠᠷᠢᠶᠠᠯᠠᠭ᠎ᠠ ᠵᠡᠷᠭᠡ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠪᠥᠬᠦ ᠵᠢᠯ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠤᠯᠬᠤ ᠳᠤ ᠰᠠᠭᠤᠷᠢ ᠲᠠᠯᠪᠢᠵᠤ ᠥᠭᠬᠦ ᠬᠡᠷᠡᠭᠲᠡᠶ᠃ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠭᠠᠴᠠᠭ᠎ᠠ ᠲᠣᠰᠬᠤᠨ ᠤ ᠨᠢᠭᠡᠳᠦᠭᠡᠷ ᠱᠦᠵᠢ ᠶᠢ ᠨᠠᠷᠢᠯᠢᠭ ᠣᠨᠣᠴᠠᠲᠠᠶ ᠪᠠᠷ ᠰᠣᠩᠭᠤᠨ ᠲᠣᠮᠢᠯᠠᠵᠤ ᠂ ᠣᠯᠠᠨ ᠲᠦᠮᠡᠨ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠢᠳᠡᠪᠬᠢᠲᠡᠶ ᠳᠠᠶᠢᠴᠢᠯᠠᠨ ᠨᠡᠶᠢᠭᠡᠮ ᠲᠣᠭᠤᠷᠢᠭ ᠤᠨ ᠵᠠᠰᠠᠯᠲᠠ ᠳᠤ ᠣᠷᠣᠯᠴᠠᠭᠤᠯᠵᠤ᠂ ᠬᠠᠪᠰᠤᠷᠤᠨ ᠭᠦᠢᠴᠡᠳᠬᠡᠬᠦ ᠪᠠ ᠣᠷᠣᠯᠠᠨ ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠪᠠ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠭᠤᠤᠯᠳᠠᠯᠭ᠎ᠠ ᠲᠠᠢ ᠠᠭᠤᠯᠭ᠎ᠠ ᠶᠢ ᠳᠣᠪᠤᠶᠢᠯᠭᠠᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠰᠠᠶᠢᠲᠤᠷ ᠬᠢᠵᠦ᠂ ᠲᠣᠭᠲᠠᠴᠠ ᠶᠢ ᠤᠯᠠᠮ ᠨᠢᠭᠡ ᠠᠯᠬᠤᠮ ᠰᠢᠯᠤᠭᠤᠳᠬᠠᠵᠤ᠂ ᠠᠰᠠᠭᠤᠳᠠᠯ ᠢ ᠰᠢᠢᠳᠪᠦᠷᠢᠯᠡᠵᠦ᠂ ᠣᠯᠠᠨ ᠲᠦᠮᠡᠨ ᠳᠤ ᠲᠥᠬᠦᠮ ᠦᠵᠡᠭᠦᠯᠬᠦ ᠬᠡᠷᠡᠭᠲᠡᠶ᠃ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠪᠣᠳᠠᠲᠠᠢ ᠠᠷᠭ᠎ᠠ ᠬᠡᠮᠵᠢᠶ᠎ᠡ ᠠᠪᠴᠤ ᠪᠠᠶᠢᠭᠠᠳ ᠫᠠᠶᠢᠰᠠ ᠤᠯᠠᠨ᠂ ᠪᠠᠶᠢᠴᠠᠭᠠᠯᠲᠠ ᠤᠯᠠᠨ᠂ ᠮᠡᠳᠡᠭᠦᠯᠦᠯᠲᠡ ᠶᠢᠨ ᠬᠦᠰᠦᠨᠦᠭᠲᠦ ᠤᠯᠠᠨ ᠵᠡᠷᠭᠡ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠂ ᠡᠭᠦᠷᠭᠡ ᠬᠠᠷᠢᠭᠤᠴᠠᠯᠭ᠎ᠠ ᠪᠠᠨ ᠶᠠᠭᠠᠬᠢᠭᠰᠠᠨ ᠴᠤ ᠦᠨᠳᠦᠰᠦᠨ ᠱᠠᠲᠤᠨ ᠳᠤ ᠣᠪᠣᠭᠠᠯᠠᠵᠤ ᠪᠣᠯᠬᠤ ᠦᠭᠡᠢ᠂ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠲᠠᠬᠢᠨ ᠬᠦᠨᠳᠦᠷᠡᠭᠦᠯᠬᠦ ᠦᠭᠡᠢ ᠪᠠᠶᠢᠬᠤ ᠬᠡᠷᠡᠭᠲᠡᠢ᠃ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠦᠷᠭᠦᠯᠵᠢᠯᠡᠨ ᠴᠢᠩᠭᠠᠳᠬᠠᠵᠤ᠂ ᠵᠢᠯ ᠤᠨ ᠳᠦᠷᠪᠡᠨ ᠤᠯᠠᠷᠢᠯ ᠳᠤ ᠲᠥᠪᠯᠡᠷᠡᠭᠦᠯᠦᠨ ᠴᠡᠪᠡᠷᠯᠡᠬᠦ᠂ ᠲᠣᠭᠲᠠᠴᠠ ᠶᠢ ᠪᠠᠶᠢᠭᠤᠯᠤᠨ ᠵᠢᠯ ᠲᠤᠷᠰᠢ ᠴᠡᠪᠡᠷᠯᠡᠬᠦ᠂ ᠡᠭᠦᠳᠡᠨ ᠡᠮᠦᠨᠡᠬᠢ ︽ᠲᠦᠷᠪᠡ ᠶᠢ ᠳᠠᠭᠠᠭᠠᠴᠢᠯᠠᠬᠤ︾ ᠰᠠᠨᠠᠭᠠᠴᠢᠯᠠᠭ᠎ᠠ ᠠᠴᠠ ᠪᠠᠨ ᠴᠡᠪᠡᠷᠯᠡᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠤᠭ ᠨᠣᠪᠰᠢ ᠶᠢ ᠡᠮᠦᠨ᠎ᠡ ᠦᠵᠦᠭᠦᠷ ᠲᠤᠨᠢ ᠰᠢᠢᠳᠪᠦᠷᠢᠯᠡᠬᠦ ᠶᠢ ᠴᠢᠩᠭᠠᠳᠬᠠᠵᠤ᠂ ᠲᠦᠷᠦᠯ ᠬᠤᠪᠢᠶᠠᠨ ᠴᠤᠭᠯᠠᠭᠤᠯᠬᠤ ᠠᠴᠠ ᠲᠥᠪᠯᠡᠷᠡᠭᠦᠯᠦᠨ ᠰᠢᠢᠳᠪᠦᠷᠢᠯᠡᠬᠦ ᠬᠦᠷᠲᠡᠯᠡᠬᠢ ᠪᠦᠬᠦ ᠬᠡᠯᠬᠢᠶᠡᠨ ᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠥᠳᠡᠭᠡ ᠲᠣᠰᠬᠤᠨ ᠤ ᠦᠢᠯᠡᠳᠪᠦᠷᠢᠯᠡᠯ ᠤᠨ ᠨᠥᠬᠦᠴᠡᠯ ᠪᠣᠯᠤᠨ ᠲᠠᠷᠢᠶᠠᠴᠢᠳ ᠤᠨ ᠠᠮᠢᠳᠤᠷᠠᠯ ᠤᠨ ᠣᠷᠴᠢᠨ ᠲᠣᠭᠤᠷᠢᠨ ᠢ ᠪᠦᠬᠦ ᠲᠠᠯ᠎ᠠ ᠪᠠᠷ ᠰᠠᠶᠢᠵᠢᠷᠠᠭᠤᠯᠵᠤ᠂ ᠣᠷᠴᠢᠨ ᠲᠣᠭᠤᠷᠢᠨ ᠢ ᠰᠠᠶᠢᠨ ᠰᠠᠶᠢᠬᠠᠨ ᠲᠣᠬᠢᠷᠠᠭᠤᠯᠬᠤ ᠬᠡᠷᠡᠭᠲᠡᠢ᠃ ᠰᠦ ᠶᠢᠨ ᠦᠶ᠋ᠯᠡᠰ ᠢ ᠬᠥᠭᠵᠢᠭᠦᠯᠦᠨ ᠮᠠᠨᠳᠤᠭᠤᠯᠬᠤ ᠶᠢ ᠶᠡᠭᠡ ᠪᠠᠷ ᠠᠬᠢᠭᠤᠯᠵᠤ᠂ ᠲᠡᠵᠢᠭᠡᠨ ᠦᠷᠡᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ᠂ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠢ ᠪᠠᠭᠤᠷᠠᠭᠤᠯᠬᠤ᠂ ᠡᠭᠦᠯᠳᠡᠷ ᠢ ᠰᠠᠶᠢᠵᠢᠷᠠᠭᠤᠯᠬᠤ ᠲᠠᠯ᠎ᠠ ᠪᠠᠷ ᠢᠯᠡᠭᠦᠬᠡᠨ ᠠᠷᠭ᠎ᠠ ᠪᠤᠳᠤᠵᠤ᠂ ᠢᠯᠡᠭᠦᠬᠡᠨ ᠪᠣᠳᠠᠲᠠᠶ ᠠᠷᠭ᠎ᠠ ᠭᠠᠷᠭᠠᠵᠤ᠂ ᠲᠦᠭᠦᠬᠡᠶ ᠰᠦ ᠶᠢᠨ ᠦᠨ᠎ᠡ ᠬᠠᠩᠰᠢ ᠶᠢᠨ ᠵᠢᠭᠠᠯᠲᠠ ᠲᠤᠭ᠎ᠠ ᠶᠢᠨ ᠳᠠᠭᠠᠳᠬᠠᠯ ᠵᠡᠷᠭᠡ ᠠᠷᠭ᠎ᠠ ᠪᠠᠷᠢᠯ ᠢ ᠰᠠᠶᠢᠲᠤᠷ ᠬᠡᠷᠡᠭᠯᠡᠵᠦ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠤ ᠠᠬᠤᠶᠢᠯᠠᠯ ᠢ ᠬᠠᠪᠰᠤᠷᠤᠨ ᠬᠦᠴᠢᠷ ᠢ ᠲᠤᠭᠤᠯᠵᠤ᠂ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠶ᠃   ᠰᠦᠨ ᠰᠢᠩ ᠢᠦᠢ᠂ ᠴᠧᠨ ᠵᠢᠩ ᠬᠤᠸᠠ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ 
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号