ᠰᠦᠬᠡ ᠨᠦᠬᠦᠷ ᠤᠨ ᠠᠶᠢᠮᠠᠭ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠵᠢᠴᠢ ᠪᠦᠬᠦ | ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠳᠡᠭᠡᠷᠡᠬᠢ ᠶᠠᠷᠢᠶ᠎ᠠ | ︵2024 ᠣᠨ ᠤ 1 ᠰᠠᠷ᠎ᠠ ᠶᠢᠨ 16 ᠤ ᠡᠳᠦᠷ︶ | | | ᠰᠢᠶᠤᠤ ᠪᠢᠩ ᠱᠦᠵᠢ ᠶᠢᠨ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ | ᠲᠣᠭᠤᠷᠢᠨ ᠳᠤ᠂ ᠪᠢ 2023 ᠣᠨ ᠤ ᠠᠵᠢᠯ ᠢᠶᠠᠨ ᠲᠣᠪᠴᠢ ᠳ᠋ᠦᠩᠨᠡᠵᠦ᠂ 2024 ᠣᠨ ᠤ ᠪᠥᠬᠦ ᠠᠶᠢᠮᠠᠭ ᠤᠨ | ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯᠳᠠᠯᠭ᠎ᠠ ᠲᠠᠢ ᠡᠭᠦᠷᠭᠡ ᠶᠢ ᠪᠣᠳᠠᠲᠠᠶ ᠪᠠᠶᠢᠷᠢᠯᠠᠭᠤᠯᠪᠠ᠃ | ᠨᠢᠭᠡ᠂ 2023 ᠣᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠳᠤ᠂ ᠪᠢᠳᠡ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠡᠷᠡᠰ ᠲᠤᠤᠱᠯᠠᠭᠤᠯᠵᠤ᠂ ᠠᠶᠢᠮᠠᠭ ᠤᠨ ᠨᠠᠮ ᠤᠨ ᠬᠤᠷᠢᠶᠠᠨ ᠤ | ︽ᠭᠤᠷᠪᠠ ᠶᠢ ᠲᠣᠭᠲᠠᠪᠤᠷᠢᠵᠢᠭᠤᠯᠵᠤ ᠲᠠᠪᠤ ᠶᠢ ᠠᠬᠢᠭᠤᠯᠬᠤ︾ ᠠᠵᠢᠯ ᠤᠨ ᠰᠡᠳᠬᠢᠮᠵᠢ ᠶᠣᠰᠣᠭᠠᠷ᠂ ᠠᠵᠤ | ᠠᠬᠤᠶ ᠶᠢᠨ ᠪᠠᠭᠤᠷᠠᠯᠲᠠ ᠶᠢᠨ ᠳᠠᠷᠤᠯᠲᠠ ᠶᠢ ᠢᠳᠡᠪᠬᠢᠲᠡᠶ ᠠᠷᠭᠠᠴᠠᠵᠤ᠂ ᠲᠣᠭᠲᠠᠭᠤᠨ ᠤ ᠳᠤᠮᠳᠠ ᠤᠷᠤᠭᠰᠢᠯᠠᠵᠤ᠂ | ᠬᠦᠴᠦᠯᠡᠨ ᠤᠷᠤᠭᠰᠢᠯᠠᠵᠤ᠂ ᠠᠵᠤ ᠠᠬᠤᠶ ᠦᠷᠭᠦᠯᠵᠢᠯᠡᠨ ᠰᠠᠶᠢᠵᠢᠷᠠᠵᠤ᠂ ᠴᠢᠨᠠᠷ ᠰᠠᠶᠢᠲᠠᠶ ᠬᠥᠭᠵᠢᠯᠲᠡ ᠶᠢ | ᠯᠠᠪᠳᠠᠭᠤᠨ ᠪᠠᠲᠤᠲᠠᠶ ᠠᠬᠢᠭᠤᠯᠪᠠ᠃ ᠵᠢᠱᠢᠯᠲᠡ ᠪᠠᠷ ᠪᠦᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠶ ᠥᠷᠲᠡᠭ ᠠᠳᠠᠯᠢ ᠬᠤᠭᠤᠴᠠᠭᠠᠨ ᠤ ᠬᠢ ᠠᠴᠠ 3.5% ᠪᠠᠷ ᠨᠡᠮᠡᠭᠳᠡᠵᠦ᠂ ᠲᠣᠭᠲᠠᠮᠠᠯ ᠬᠥᠷᠥᠩᠭᠡ ᠶᠢᠨ | ᠪᠡᠯᠡ ᠣᠷᠣᠭᠤᠯᠤᠯᠲᠠ 17% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠥᠷᠲᠡᠭ ᠤᠨ ᠭᠠᠷᠭᠠᠭᠰᠠᠨ ᠨᠡᠭᠦᠷᠡᠰᠦᠨ ᠤ ᠳᠣᠷᠣᠭᠰᠢ ᠲᠠᠲᠠᠭᠰᠠᠨ ᠬᠦᠴᠦᠨ ᠵᠦᠢᠯ ᠠᠴᠠ 7.5% ᠪᠠᠷ | ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 3.3% ᠪᠠᠷ | ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ ᠨᠢᠭᠡ ᠯᠡ ᠤᠳᠠᠭ᠎ᠠ ᠶᠢᠨ ᠴᠢᠨᠠᠷᠲᠠᠶ | ᠣᠷᠣᠯᠭ᠎ᠠ ᠶᠢᠨ ᠬᠦᠴᠦᠨ ᠵᠦᠢᠯ ᠢ ᠭᠠᠷᠭᠠᠭᠰᠠᠨ ᠬᠡᠮᠵᠢᠶ᠎ᠡ 8.9% ᠪᠠᠷ ᠨᠡᠮᠡᠭᠳᠡᠵᠦ᠂ ᠡᠩ ᠤᠨ ᠣᠯᠠᠨ ᠨᠡᠶᠢᠲᠡ ᠶᠢᠨ | ᠲᠥᠰᠦᠪ ᠤᠨ ᠵᠠᠷᠤᠯᠭ᠎ᠠ ᠠᠩᠬ᠎ᠠ ᠤᠳᠠᠭ᠎ᠠ 350 ᠳ᠋ᠦᠩᠰᠢᠭᠤᠷ ᠲᠥᠭᠦᠷᠢᠭ ᠢ ᠳᠠᠪᠠᠵᠤ᠂ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 6.2% ᠪᠠ 8. | 9% ᠪᠠᠷ ᠨᠡᠮᠡᠭᠳᠡᠪᠡ᠃ ᠭᠤᠣᠯᠳᠠᠭᠤ ᠵᠢᠷᠭᠤᠭᠠᠨ ᠲᠠᠯ᠎ᠠ ᠶᠢᠨ ᠠᠵᠢᠯ ᠢ ᠬᠢᠵᠡᠢ᠃ | ᠨᠢᠭᠡ ᠳᠤ᠂ ᠠᠵᠤ ᠦᠢᠯᠡᠰ ᠤᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠦᠨ ᠠᠵᠤ ᠠᠬᠤᠢ ᠶᠢ | ᠠᠳᠬᠤᠵᠤ᠂ ᠪᠦᠲᠦᠴᠡ ᠶᠢ ᠲᠤᠬᠢᠷᠠᠭᠤᠯᠬᠤ᠂ ᠬᠥᠳᠡᠯᠭᠡᠬᠦ ᠬᠦᠴᠦᠨ ᠢ ᠰᠣᠯᠢᠬᠤ ᠲᠠᠯ᠎ᠠ ᠪᠠᠷ ᠰᠢᠨ᠎ᠡ ᠦᠷ᠎ᠡ | ᠪᠦᠲᠦᠮᠵᠢ ᠤᠯᠪᠠ᠃ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠲᠤᠭ᠎ᠠ ᠬᠡᠮᠵᠢᠶ᠎ᠡ ᠪᠠ ᠶᠠᠰᠤ ᠴᠢᠨᠠᠷ | ᠵᠡᠷᠭᠡ ᠪᠠᠷ ᠳᠡᠭᠡᠭᠰᠢᠯᠡᠪᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ 91 ᠲᠦᠮᠡᠨ | ᠮᠥ᠂ ᠬᠠᠷ᠎ᠠ ᠬᠥᠷᠥᠰᠥ ᠶᠢ ᠬᠠᠮᠠᠭᠠᠯᠠᠬᠤ ᠴᠢᠨᠠᠷᠲᠠᠶ ᠲᠠᠷᠢᠶᠠᠯᠠᠭ᠎ᠠ 827 ᠲᠦᠮᠡᠨ ᠮᠥ᠂ ᠠᠮᠤ ᠪᠤᠳᠠᠭ᠎ᠠ ᠳᠠᠷᠢᠬᠤ | ᠲᠠᠯᠠᠪᠠᠶ 1563 ᠲᠦᠮᠡᠨ ᠮᠥ ᠪᠠᠶᠢᠵᠤ᠂ ᠠᠮᠤ ᠪᠤᠳᠠᠭᠠᠨ ᠤ ᠶᠡᠷᠦᠩᠬᠡᠶ ᠤᠨᠠᠯᠲᠠ 135.6 ᠳ᠋ᠦᠩᠰᠢᠭᠤᠷ ᠵᠢᠩ | ᠪᠠᠶᠢᠵᠤ᠂ ᠪᠥᠬᠦ ᠣᠷᠣᠨ ᠤ ᠬᠤᠶᠠᠳᠤᠭᠠᠷ ᠲᠤ ᠣᠷᠣᠵᠤ᠂ ︽ᠠᠷᠪᠠᠨ ᠳᠦᠷᠪᠡ ᠵᠢᠯ ᠳᠠᠷᠠᠭᠠᠯᠠᠨ ᠡᠯᠪᠡᠭ ᠬᠤᠷᠢᠶᠠᠯᠲᠠ | ᠤᠯᠬᠤ︾ ᠶᠢ ᠪᠡᠶᠡᠯᠡᠭᠦᠯᠪᠡ᠃ ᠤᠰᠤᠨ ᠲᠤᠲᠤᠷᠭ᠎ᠠ ᠶᠢᠨ ᠵᠢᠱᠢᠶ᠎ᠡ ᠦᠵᠡᠭᠦᠯᠬᠦ ᠲᠠᠷᠢᠶᠠᠨ ᠭᠠᠵᠠᠷ ᠨᠢ ᠪᠥᠬᠦ ᠣᠷᠣᠨ ᠤ | ᠨᠢᠭᠡᠴᠢ ᠤᠨᠠᠯᠲᠠ ᠶᠢᠨ ᠲᠡᠮᠳᠡᠭᠯᠡᠯ ᠢ ᠰᠢᠨᠡᠳᠬᠡᠵᠦ᠂ ᠰᠢᠷ᠎ᠠ ᠪᠤᠷᠴᠠᠭ ᠨᠢ ᠪᠥᠬᠦ ᠣᠷᠣᠨ ᠪᠠ ᠵᠡᠭᠦᠨ ᠬᠤᠶᠢᠲᠤ | ᠣᠷᠣᠨ ᠤ ᠥᠨᠳᠥᠷ ᠤᠨᠠᠯᠲᠠ ᠶᠢᠨ ᠲᠡᠮᠳᠡᠭᠯᠡᠯ ᠢ ᠡᠭᠦᠳᠴᠦ᠂ ᠵᠠᠯᠠᠶᠢᠳ ᠬᠤᠰᠢᠭᠤ ᠤᠯᠤᠰ ᠤᠨ ᠠᠩᠬᠠᠨ ᠤ ᠪᠦᠯᠦᠭ | ᠂ ᠪᠥᠬᠦ ᠣᠷᠣᠨ ᠤ ᠠᠩᠬᠠᠳᠠᠭᠴᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ | ᠠᠬᠢᠭᠤᠯᠬᠤ ᠲᠤᠷᠰᠢᠯᠲᠠ ᠶᠢᠨ ᠬᠤᠰᠢᠭᠤ ᠰᠢᠶᠠᠨ ᠪᠣᠯᠪᠠ᠃ 400 ᠲᠦᠮᠡᠨ ᠮᠦ ᠶᠢᠨ ᠤᠰᠤᠯᠠᠯᠲᠠ ᠶᠢᠨ ᠣᠷᠣᠨ ᠤ | ᠲᠥᠷᠥᠯ ᠵᠦᠢᠯ ᠢ ᠲᠦᠷᠭᠡᠳᠬᠡᠨ ᠠᠬᠢᠭᠤᠯᠵᠤ᠂ 6 ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠢ | ᠤᠯᠤᠰ ᠤᠨ ᠬᠠᠮᠢᠶ᠎ᠠ ᠪᠦᠬᠦᠢ ᠲᠥᠯᠥᠪᠵᠢᠭᠦᠯᠭᠡ ᠳᠤ ᠣᠷᠣᠭᠤᠯᠤᠨ᠎ᠠ᠃ ᠱᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ | ᠬᠠᠳᠠᠭᠠᠯᠠᠵᠤ᠂ ᠠᠮᠤ ᠪᠤᠳᠠᠭᠠᠨ ᠤ ᠬᠤᠷᠣᠭᠳᠠᠯ ᠢ ᠪᠠᠭᠠᠰᠬᠠᠬᠤ ᠶᠠᠪᠤᠳᠠᠯ ᠢ 4.2 ᠳ᠋ᠦᠩᠱᠢᠭᠤᠷ ᠵᠢᠩ ᠪᠡᠶᠡᠯᠡᠭᠦᠯᠵᠦ᠂ | ᠠᠮᠤ ᠪᠤᠳᠠᠭᠠᠨ ᠤ ᠭᠠᠷᠤᠯᠲᠠ ᠶᠢᠨ ᠲᠣᠮᠣ ᠱᠢᠶᠠᠩ ᠢ ᠳᠠᠬᠢᠨ 1 ᠪᠠᠢᠭᠤᠯᠤᠭᠰᠠᠨ ᠲᠠᠢ ᠲᠡᠩᠴᠡᠨ᠎ᠡ᠃ ᠤᠯᠤᠰ ᠤᠨ | ᠲᠠᠰ ᠤᠨ ᠣᠲᠣ ᠦᠶ᠎ᠡ ᠶᠢᠨ ᠮᠠᠯ ᠠᠵᠤ ᠠᠬᠤᠶ ᠶᠢᠨ ᠲᠤᠷᠰᠢᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠪᠠᠷ | ᠬᠥᠲᠥᠯᠦᠨ ᠳᠠᠭᠠᠭᠤᠯᠵᠤ᠂ 30 ᠲᠥᠷᠥᠯ ᠵᠦᠢᠯ ᠢ ᠬᠡᠷᠡᠭᠵᠢᠭᠦᠯᠦᠨ᠂ 30 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠤᠯᠲᠠ ᠶᠢ ᠪᠡᠶᠡᠯᠡᠭᠦᠯᠵᠦ᠂ ᠬᠢᠶᠠᠭ ᠬᠥᠮᠦᠨ ᠤ ᠬᠦᠴᠦ ᠪᠠᠷ ᠳᠠᠷᠢᠬᠤ ᠲᠠᠯᠠᠪᠠᠶ ᠶᠢ 27.7 ᠲᠦᠮᠡᠨ ᠮᠥ ᠳᠤ | ᠬᠦᠷᠦᠭᠦᠯᠵᠦ᠂ ᠪᠥᠬᠦ ᠣᠷᠣᠨ ᠤ ᠲᠡᠷᠢᠭᠦᠨ ᠳᠤ ᠣᠷᠣᠭᠤᠯᠤᠨ᠂ ᠰᠠᠭᠠᠯᠢ ᠶᠢᠨ ᠦᠨᠢᠶ᠎ᠡ ᠶᠢᠨ ᠲᠤᠭ᠎ᠠ 24.2 ᠲᠦᠮᠡᠨ | ᠲᠣᠯᠣᠭᠠᠶ ᠪᠠᠶᠢᠵᠤ᠂ 30% ᠪᠠᠷ ᠨᠡᠮᠡᠭᠳᠡᠨ᠂ ᠠᠯᠠᠰᠢᠨ ᠦᠬᠡᠷ ᠤᠨ ᠲᠤᠭ᠎ᠠ ᠬᠡᠮᠵᠢᠶ᠎ᠡ 190 ᠲᠦᠮᠡᠨ ᠲᠣᠯᠣᠭᠠᠶ | ᠬᠦᠷᠴᠦ᠂ 16% ᠪᠠᠷ ᠨᠡᠮᠡᠭᠳᠡᠨ᠂ ᠮᠠᠯᠵᠢᠯ ᠤᠨ ᠣᠨ ᠤ ᠮᠠᠯ ᠤᠨ ᠲᠤᠭ᠎ᠠ ᠲᠣᠯᠣᠭᠠᠶ 1290 ᠲᠦᠮᠡᠨ ᠲᠣᠯᠣᠭᠠᠶ | ᠪᠠᠶᠢᠵᠤ᠂ ︽ᠵᠠᠯᠭᠠᠭ᠎ᠠ ᠪᠠᠷ ᠲᠣᠭᠲᠠᠭᠤᠨ︾ ᠪᠠᠶᠢᠬᠤ ᠶᠢ ᠪᠡᠶᠡᠯᠡᠭᠦᠯᠪᠡ᠃ ᠳᠤᠮᠳᠠ ᠲᠠᠷᠢᠶᠠᠴᠢᠨ ᠬᠢᠩᠭᠠᠨ᠂ ᠳ᠋ᠦ᠋ | ᠮᠧᠢ ᠮᠠᠯ ᠠᠵᠤ ᠠᠬᠤᠢ ᠨᠢ ᠤᠯᠤᠰ ᠤᠨ ᠳᠡᠰ ᠤᠨ ᠭᠤᠣᠯ ᠡᠭᠦᠯᠳᠡᠷ ᠪᠦᠵᠢᠭᠤᠯᠬᠤ ᠲᠠᠯᠠᠪᠠᠢ ᠪᠠᠷ ᠵᠥᠪᠱᠢᠶᠡᠷᠡᠭ | ᠳᠡᠵᠡᠢ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠵᠦ ᠬᠤᠪᠢᠷᠠᠭᠤᠯᠬᠤ ᠨᠣᠷᠮ᠎ᠠ ᠶᠢ | 50% ᠳᠤ ᠬᠦᠷᠦᠭᠦᠯᠦᠨ᠎ᠡ᠃ ︽ᠷᠠᠱᠢᠶᠠᠨ ᠤ ᠷᠠᠱᠢᠶᠠᠨ ᠤᠰᠤ︾ ᠭᠠᠵᠠᠷ ᠵᠦᠢ ᠶᠢᠨ ᠲᠡᠮᠳᠡᠭᠲᠦ ᠪᠦᠲᠦᠭᠡᠭᠳᠡᠬᠦᠨ ᠢ | ᠬᠠᠮᠠᠭᠠᠯᠠᠬᠤ ᠭᠤᠶᠤᠴᠢᠯᠠᠯ ᠢ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠠᠴᠠ | ᠬᠦᠯᠢᠶᠡᠨ ᠠᠪᠴᠤ ᠱᠢᠢᠳᠪᠦᠷᠢᠯᠡᠨ᠂ ︽ᠢᠷᠭᠠᠢ ᠷᠠᠱᠢᠶᠠᠨ︾ 20 ᠳ᠋ᠤᠭᠠᠷ ᠬᠤᠭᠤᠴᠠᠭᠠᠨ ᠤ ᠳᠡᠯᠡᠬᠡᠢ ᠶᠢᠨ | ᠤᠤᠭᠤᠬᠤ ᠤᠰᠤᠨ ᠤ ᠶᠡᠭᠡ ᠬᠤᠷᠠᠯ ᠳᠡᠭᠡᠷ᠎ᠡ ︽ᠬᠠᠮᠤᠭ ᠰᠠᠢᠨ ᠮᠡᠷᠭᠡᠵᠢᠯ ᠤᠨ ᠱᠢᠨ᠎ᠡ ᠡᠭᠦᠳᠦᠯᠲᠡ︾ ︽ᠬᠠᠮᠤᠭ | ᠰᠠᠢᠨ ᠨᠡᠷᠡᠲᠦ ᠲᠡᠮᠳᠡᠭ ᠤᠨ ᠦᠷᠭᠦᠯᠵᠢᠯᠡᠯ︾ ︽ᠬᠠᠮᠤᠭ ᠰᠠᠢᠨ ᠪᠣᠭᠤᠳᠠᠯ ᠪᠠᠭᠯᠠᠭ᠎ᠠ ᠪᠠ ᠱᠣᠱᠢᠭ᠎ᠠ ᠵᠢᠷᠤᠭ | ᠲᠥᠯᠥᠪᠯᠡᠭᠡ︾ ᠶᠢᠨ ᠨᠡᠷ᠎ᠡ ᠳᠤᠷᠠᠳᠤᠭᠳᠠᠪᠠ᠃ ︽ᠬᠢᠩᠭᠠᠨ ᠠᠶᠢᠮᠠᠭ ᠤᠨ ᠲᠤᠲᠤᠷᠭ᠎ᠠ︾ ᠨᠢ ︽ᠳᠤᠮᠳᠠᠳᠤ | ᠤᠯᠤᠰ ᠤᠨ ᠲᠥᠯᠥᠭᠡᠯᠡᠬᠦ ᠴᠢᠨᠠᠷᠲᠠᠶ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠠᠷᠠᠲᠤ ᠲᠡᠮᠳᠡᠭ︾ | ᠢᠶᠠᠷ ᠰᠣᠩᠭᠤᠭᠳᠠᠵᠤ᠂ ︽ᠬᠢᠩᠭᠠᠨ ᠠᠶᠢᠮᠠᠭ ᠤᠨ ᠦᠬᠡᠷ ᠤᠨ ᠮᠢᠬ᠎ᠠ︾ 2023 ᠣᠨ ᠤ ᠨᠠᠷᠠᠲᠤ ᠲᠡᠮᠳᠡᠭᠲᠦ | ᠲᠠᠷᠢᠶᠠᠯᠠᠩ ᠤᠨ ᠱᠧᠨ ᠨᠦᠩ ᠱᠠᠩᠨᠠᠯ᠂ ︽ᠲᠦᠴᠢᠦᠸᠠᠨ ᠤ ᠬᠠᠲᠠᠭᠠᠭᠰᠠᠨ ᠳ᠋ᠧᠦᠹᠦ᠋︾ ᠵᠡᠷᠭᠡ ᠭᠤᠷᠪᠠᠨ ᠵᠦᠶ᠋ᠯ ᠤᠨ | ᠨᠤᠲᠤᠭ ᠤᠨ ᠣᠨᠴᠠ ᠭᠠᠷᠤᠯᠲᠠ ᠨᠢ ᠭᠠᠵᠠᠷ ᠵᠦᠶ ᠶᠢᠨ ᠪᠡᠯᠭᠡ ᠲᠡᠮᠳᠡᠭ ᠤᠨ ᠭᠡᠷᠡᠴᠢᠯᠡᠯ ᠤᠨ ᠲᠠᠸᠠᠷ ᠤᠨ ᠲᠡᠮᠳᠡᠭ ᠢ | ᠠᠮᠵᠢᠯᠲᠠ ᠲᠠᠢ ᠪᠠᠷ ᠳᠠᠩᠰᠠᠯᠠᠭᠤᠯᠪᠠ᠃ ᠠᠵᠤ ᠦᠢᠯᠡᠳᠪᠦᠷᠢ ᠶᠢᠨ ᠬᠡᠯᠪᠡᠷᠢ ᠶᠢ ᠬᠤᠪᠢᠷᠠᠭᠤᠯᠬᠤ ᠶᠢ ᠯᠠᠪᠳᠠᠭᠤᠨ ᠢᠶᠠᠷ | ᠠᠬᠢᠭᠤᠯᠪᠠ᠃ ᠴᠠᠭᠠᠨ ᠢᠳᠡᠭᠡ ᠦᠢᠯᠡᠳᠬᠦ᠂ ᠴᠡᠪᠡᠷ ᠡᠨᠧᠷᠭᠢ᠂ ᠲᠡᠮᠦᠷᠯᠢᠭ ᠬᠠᠶᠢᠯᠤᠭᠤᠯᠬᠤ ᠲᠣᠨᠣᠭᠯᠠᠯ᠂ ᠰᠢᠨ᠎ᠡ | ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ | ᠡᠳ᠋ᠰᠢᠭᠦᠯᠬᠦ ︽ᠲᠠᠪᠤᠨ ᠶᠡᠭᠡ ᠠᠵᠤ ᠦᠢᠯᠡᠰ ᠤᠨ ᠪᠥᠭᠡᠮᠨᠡᠷᠡᠯ︾ ᠤᠨ ᠦᠢᠯᠡᠳᠬᠦᠨ ᠤ ᠥᠷᠲᠡᠭ 300 ᠳ᠋ᠦᠩᠰᠢᠭᠤᠷ | ᠲᠥᠭᠦᠷᠢᠭ ᠢ ᠳᠠᠪᠠᠵᠤ᠂ 14.4% ᠪᠠᠷ ᠨᠡᠮᠡᠭᠳᠡᠪᠡ᠃ ᠤᠯᠠᠭᠠᠨᠬᠤᠲᠠ ᠪᠣᠯᠣᠳ ᠲᠡᠮᠦᠷ ᠤᠨ ᠺᠣᠮᠫᠠᠨᠢ ᠶᠢᠨ ᠥᠨᠳᠥᠷ | ᠵᠤᠤᠬ᠎ᠠ ᠪᠠ ᠰᠢᠲᠠᠭᠠᠨ ᠪᠠᠷᠢᠯᠳᠤᠭᠤᠯᠬᠤ ᠮᠠᠰᠢᠨ ᠤ ᠥᠭᠡᠷᠡᠴᠢᠯᠡᠯᠲᠡ᠂ ᠬᠢᠩᠭᠠᠨ ᠢᠯᠴᠢ ᠴᠠᠬᠢᠯᠭᠠᠨ ᠤ ᠡᠨᠧᠷᠭᠢ | ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ | ᠣᠷᠣᠭᠤᠯᠵᠤ᠂ ᠮᠧᠩ ᠨᠢᠦ ᠰᠦ ᠶᠢᠨ ᠦᠢᠯᠡᠰ ᠤᠯᠤᠰ ᠤᠨ ᠲᠠᠰ ᠤᠨ ᠪᠣᠬᠢᠷᠲᠤᠯ ᠥᠬᠡᠶ ᠦᠢᠯᠡᠳᠪᠦᠷᠢ ᠪᠠᠷ | ᠦᠨᠡᠯᠡᠭᠳᠡᠵᠦ᠂ ᠤᠯᠤᠰ ᠤᠨ ᠳᠣᠲᠣᠭᠠᠳᠤ ᠳᠤ ᠲᠡᠭᠡᠭᠡᠪᠦᠷᠢ ᠶᠢᠨ ᠲᠠᠩ ᠴᠣᠭᠴᠠ ᠶᠢᠨ ᠬᠠᠮᠤᠭ ᠤᠨ ᠶᠡᠭᠡ ᠬᠠᠭᠤᠷᠠᠶ | ᠳᠡᠭᠡᠷᠡᠬᠢ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠭᠠᠵᠠᠷ - ᠵᠥᠩ ᠭᠤᠸᠠᠩ ᠾᠧ 300 ᠲᠦᠮᠡᠨ | ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠤᠨ ᠪᠥᠬᠦ ᠪᠠᠭᠲᠠᠭᠠᠮᠵᠢ ᠪᠠᠷ ᠢᠶᠠᠨ ᠲᠣᠤᠷ ᠲᠤ | ᠨᠡᠶᠢᠯᠡᠭᠦᠯᠦᠨ ᠴᠠᠬᠢᠯᠭᠠᠨ ᠭᠠᠷᠭᠠᠵᠤ᠂ ᠪᠥᠬᠦ ᠠᠶᠢᠮᠠᠭ ᠤᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ 632 | ᠲᠦᠮᠡᠨ ᠺᠢᠯᠣᠸᠠᠲ᠂ ᠴᠠᠬᠢᠯᠭᠠᠨ ᠬᠦᠴᠦᠨ ᠤ ᠶᠡᠷᠦᠩᠬᠡᠶ ᠮᠠᠰᠢᠨ ᠴᠣᠭᠴᠠᠯᠠᠪᠤᠷᠢ ᠶᠢᠨ 68.7% ᠶᠢ ᠡᠵᠡᠯᠡᠵᠦ᠂ ︽ | ᠬᠤᠶᠠᠷ ᠢ ᠳᠠᠪᠠᠭᠤᠯᠬᠤ︾ ᠬᠠᠷᠠᠯᠲᠠ ᠶᠢ ᠤᠷᠢᠳ ᠢᠶᠠᠷ ᠪᠡᠶᠡᠯᠡᠭᠦᠯᠪᠡ᠃ ᠳ᠋ᠠ ᠸᠠᠨ ᠲᠣᠭᠤᠷᠢᠭ ᠲᠤ ᠬᠦᠷᠴᠦ | ᠬᠠᠮᠲᠤᠷᠠᠯᠴᠠᠭ᠎ᠠ ᠬᠢᠵᠦ ᠵᠣᠯᠭᠠᠭᠤᠯᠬᠤ ᠬᠤᠷᠠᠯ ᠵᠡᠷᠭᠡ 14 ᠲᠠᠯᠠᠪᠠᠢ ᠠᠷᠠᠯᠵᠢᠶᠠᠴᠢᠨ ᠤᠷᠢᠬᠤ ᠲᠠᠨᠢᠯᠴᠠᠭᠤᠯᠬᠤ | ᠠᠵᠢᠯᠯᠠᠭ᠎ᠠ ᠶᠢ ᠡᠷᠬᠢᠯᠡᠵᠦ᠂ ᠠᠷᠠᠯᠵᠢᠶᠠᠴᠢᠨ ᠤᠷᠢᠬᠤ ᠲᠦᠷᠦᠯ ᠵᠦᠢᠯ ᠤᠨ ᠪᠡᠯᠡ ᠮᠥᠩᠭᠦ ᠶᠢ 165 ᠳ᠋ᠦᠩᠰᠢᠭᠤᠷ | ᠲᠥᠭᠦᠷᠢᠭ ᠪᠣᠳᠠᠲᠠᠶᠢᠵᠢᠭᠤᠯᠵᠤ᠂ 26.3% ᠪᠠᠷ ᠨᠡᠮᠡᠭᠳᠡᠪᠡ᠃ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃ ᠪᠥᠬᠦ ᠠᠶᠢᠮᠠᠭ ᠤᠨ ᠬᠠᠳᠠᠭᠠᠯᠠᠮᠵᠢ ᠵᠢᠭᠡᠯᠡᠯᠭᠡ ᠶᠢᠨ | ᠦᠯᠡᠳᠡᠪᠦᠷᠢ ᠨᠢ ᠲᠣᠰ ᠲᠣᠰ 11.3%᠂ 23.7% ᠪᠠᠷ ᠨᠡᠮᠡᠭᠳᠡᠪᠡ᠃ ᠬᠡᠷᠡᠭᠯᠡᠭᠡ ᠶᠢ ᠠᠬᠢᠭᠤᠯᠬᠤ | ᠠᠵᠢᠯᠯᠠᠭ᠎ᠠ ᠶᠢ 900 ᠭᠠᠷᠤᠶ ᠲᠠᠯᠠᠪᠤᠷ ᠥᠷᠨᠢᠭᠦᠯᠵᠦ᠂ ᠬᠢᠩᠭᠠᠨ ᠠᠶᠢᠮᠠᠭ ᠨᠢ ᠤᠯᠤᠰ ᠤᠨ ᠲᠠᠰ ᠤᠨ ︽ᠨᠢᠭᠡ | ᠮᠦᠴᠡᠲᠤ︾ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ ᠲᠤᠷᠰᠢᠯᠲᠠ ᠶᠢᠨ ᠬᠤᠲᠠ ᠪᠠᠷ | ᠦᠨᠡᠯᠡᠭᠳᠡᠪᠡ᠃ ᠳᠤᠮᠳᠠᠳᠤ ᠮᠣᠩᠭᠤᠯ ᠤᠨ ᠷᠠᠰᠢᠶᠠᠨ ᠤ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ | ᠳᠡᠯᠭᠡᠭᠦᠷ ᠤᠨ ᠠᠷᠠᠯᠵᠢᠶᠠᠨ ᠤ ᠲᠣᠭᠤᠷᠢᠭ ᠥᠪᠡᠷᠲᠡᠭᠡᠨ ᠵᠠᠰᠠᠬᠤ ᠣᠷᠣᠨ ᠤ ᠴᠣᠬᠤᠯᠠᠪᠤᠷᠢ ᠶᠢ ᠣᠯᠵᠤ᠂ ᠭᠠᠳᠠᠭᠠᠳᠤ | ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠢ ᠲᠤᠭ᠎ᠠ ᠳᠠᠬᠢᠨ ᠢᠶᠠᠷ | ᠨᠡᠮᠡᠭᠳᠡᠪᠡ᠃ ᠳᠤᠮᠳᠠᠳᠤ ᠤᠯᠤᠰ ᠤᠨ ᠠᠩᠬᠠᠳᠠᠭᠴᠢ ᠪᠦᠬᠦ ᠣᠷᠣᠨ ᠪᠦᠰᠡ ᠶᠢᠨ ︽ᠵᠤᠰᠠᠯᠠᠩ ᠤᠨ ᠵᠤᠭᠠᠴᠠᠯ ᠤᠨ | ᠵᠣᠷᠢᠭᠰᠠᠨ ᠭᠠᠵᠠᠷ︾ ᠢᠶᠠᠷ ᠦᠨᠡᠯᠡᠭᠳᠡᠵᠦ᠂ ᠷᠠᠰᠢᠶᠠᠨ ᠤ ᠤᠯᠤᠰ ᠤᠨ ᠲᠠᠰ ᠤᠨ ᠵᠤᠭᠠᠴᠠᠯ ᠤᠨ ᠠᠮᠠᠷᠠᠯᠲᠠ ᠶᠢᠨ | ᠣᠷᠣᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠵᠦ᠂ ︽ᠰᠠᠬᠢᠨ ᠪᠠᠷᠠᠯᠠᠵᠤ ᠬᠠᠷᠢᠯᠴᠠᠨ ᠪᠣᠳᠣᠯᠬᠢᠯᠠᠭᠰᠠᠨ ᠮᠣᠳᠣ︾ | ᠳᠤᠮᠳᠠᠳᠤ ᠤᠯᠤᠰ ᠤᠨ ᠺᠢᠨᠣ᠋ ᠶᠢᠨ ᠱᠠᠩᠨᠠᠯ ᠬᠦᠷᠲᠡᠵᠦ᠂ ᠲᠠᠯ᠎ᠠ ᠨᠤᠲᠤᠭ ᠤᠨ ᠬᠤᠨᠤᠭᠯᠠᠬᠤ᠂ ᠣᠢ ᠰᠢᠭᠤᠶ ᠶᠢᠨ | ᠴᠠᠰᠤᠲᠤ ᠲᠠᠯ᠎ᠠ ᠵᠡᠷᠭᠡ 22 ᠵᠤᠭᠠᠴᠠᠯ ᠤᠨ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ | ᠳᠤᠮᠳᠠᠳᠤ ᠤᠯᠤᠰ ︵ᠷᠠᠰᠢᠶᠠᠨ︶ ᠤᠨ ᠵᠤᠭᠠᠴᠠᠯ ᠤᠨ ᠶᠡᠭᠡ ᠬᠤᠷᠠᠯ᠂ ᠳᠥᠷᠪᠡᠳᠦᠭᠡᠷ ᠬᠤᠭᠤᠴᠠᠭᠠᠨ ᠤ ᠷᠠᠰᠢᠶᠠᠨ ᠤ | ᠰᠤᠷᠭᠠᠭᠤᠯᠢ ᠶᠢᠨ ᠨᠠᠶᠢᠵᠠ ᠶᠢᠨ ᠠᠵᠤ ᠠᠬᠤᠢ ᠶᠢᠨ ᠶᠠᠷᠢᠶᠠᠨ ᠤ ᠲᠠᠪᠴᠠᠩ ᠵᠡᠷᠭᠡ ︽ᠭᠤᠷᠪᠠᠨ ᠪᠠᠶᠠᠷ ᠨᠢᠭᠡ | ᠶᠠᠷᠢᠶᠠᠨ ᠤ ᠲᠠᠪᠴᠠᠩ︾ ᠵᠠᠯᠭᠠᠭ᠎ᠠ ᠪᠠᠷ ᠠᠮᠵᠢᠯᠲᠠ ᠣᠯᠵᠤ᠂ ᠪᠦᠬᠦ ᠵᠢᠯ ᠳᠤ ᠤᠯᠤᠰ ᠤᠨ ᠳᠣᠲᠣᠭᠠᠳᠤ ᠶᠢᠨ | ᠵᠤᠭᠠᠴᠠᠭᠰᠠᠳ ᠢ 2266 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠵᠤᠭᠠᠴᠠᠯ ᠤᠨ ᠣᠷᠣᠯᠭ᠎ᠠ 200 | ᠳ᠋ᠦᠩᠰᠢᠭᠤᠷ ᠲᠥᠭᠦᠷᠢᠭ ᠢ ᠳᠠᠪᠠᠪᠠ᠃ | ᠬᠤᠶᠠᠷ ᠲᠤ᠂ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ ᠠᠮᠢ ᠠᠬᠤᠢ ᠶᠢ ᠠᠳᠬᠤᠵᠤ᠂ | ᠪᠣᠬᠢᠷᠲᠤᠯ ᠦᠭᠡᠢ ᠪᠣᠯᠭᠠᠬᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠠᠯ᠎ᠠ ᠪᠠᠷ ᠰᠢᠨ᠎ᠡ ᠦᠷ᠎ᠡ ᠪᠦᠲᠦᠮᠵᠢ | ᠤᠯᠪᠠ᠃ ᠭᠤᠣᠯᠳᠠᠯᠭ᠎ᠠ ᠲᠠᠢ ᠢᠨᠵᠧᠨᠧᠷᠢᠩ ᠢ ᠯᠠᠪᠳᠠᠭᠤᠨ ᠢᠶᠠᠷ ᠠᠬᠢᠭᠤᠯᠪᠠ᠃ ᠠᠭᠤᠯᠠ ᠤᠰᠤ ᠤᠢ ᠮᠣᠳᠣ ᠭᠠᠵᠠᠷ | ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ ᠶᠢ ᠬᠡᠷᠡᠭᠵᠢᠭᠦᠯᠵᠦ᠂ 25 | ᠲᠦᠮᠡᠨ ᠮᠦ ᠣᠶᠢᠵᠢᠭᠤᠯᠬᠤ᠂ 177 ᠲᠦᠮᠡᠨ ᠮᠦ ᠡᠪᠡᠰᠦ ᠲᠠᠷᠢᠬᠤ ᠶᠢ ᠰᠠᠶᠢᠵᠢᠷᠠᠭᠤᠯᠬᠤ᠂ 22 ᠲᠦᠮᠡᠨ ᠮᠦ | ᠴᠦᠯᠯᠡᠷᠭᠡᠭᠵᠢᠯ ᠢ ᠵᠠᠰᠠᠬᠤ᠂ 31.4 ᠲᠦᠮᠡᠨ ᠮᠦ ᠲᠣᠰᠣᠯᠢᠭ ᠲᠠᠷᠢᠮᠠᠯ ᠪᠠ ᠠᠵᠤ ᠠᠬᠤᠢ ᠶᠢᠨ ᠤᠢ ᠶᠢᠨ ᠪᠦᠲᠦᠭᠡᠨ | ᠪᠠᠶᠢᠭᠤᠯᠤᠯᠲᠠ᠂ 87 ᠲᠦᠮᠡᠨ ᠮᠦ ᠬᠥᠷᠥᠰᠥ ᠰᠢᠷᠣᠢ ᠶᠢᠨ ᠢᠳᠡᠭᠳᠡᠯ ᠢ ᠵᠠᠰᠠᠬᠤ ᠲᠠᠯᠠᠪᠠᠢ ᠶᠢ ᠪᠦᠬᠦ ᠲᠠᠯ᠎ᠠ ᠪᠠᠷ | ᠡᠬᠢᠯᠡᠭᠦᠯᠪᠡ᠃ ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠳᠠᠶᠢᠯᠠᠯᠳᠤᠭᠠᠨ ᠢ ᠪᠦᠬᠦ ᠲᠠᠯ᠎ᠠ ᠪᠠᠷ ᠡᠬᠢᠯᠡᠭᠦᠯᠪᠡ᠃ | ᠣᠷᠴᠢᠨ ᠲᠣᠭᠤᠷᠢᠨ ᠢ ᠬᠠᠮᠠᠭᠠᠯᠠᠬᠤ ᠠᠵᠢᠯ ᠮᠡᠳᠡᠭᠳᠡᠮ᠎ᠡ ᠠᠮᠵᠢᠯᠲᠠ ᠣᠯᠵᠤ᠃ ᠪᠣᠬᠢᠷᠲᠤᠯ ᠢ ᠰᠡᠷᠭᠡᠶᠢᠯᠡᠨ ᠵᠠᠰᠠᠬᠤ | ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠲᠥᠪ ᠤᠨ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠵᠦ᠂ ᠠᠭᠠᠷ ᠤᠨ ᠶᠠᠰᠤ ᠴᠢᠨᠠᠷ ᠨᠢ ᠦᠷᠭᠦᠯᠵᠢᠯᠡᠨ ᠰᠢᠯᠢᠳᠡᠭ ᠰᠠᠶᠢᠨ | ᠪᠠᠶᠢᠬᠤ ᠶᠢ ᠪᠠᠲᠤᠯᠠᠵᠤ᠂ 10 ᠭᠠᠵᠠᠷ ᠳᠡᠭᠡᠷᠡᠬᠢ ᠤᠰᠤᠨ ᠤ ᠤᠯᠤᠰ ᠤᠨ ᠡᠵᠡᠮᠳᠡᠯ ᠤᠨ ᠬᠢᠨᠠᠨ ᠰᠢᠯᠭᠠᠯᠲᠠ ᠶᠢᠨ | ᠣᠭᠲᠣᠯᠤᠭᠠᠰᠤ ᠶᠢᠨ ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠨᠤᠷᠮ᠎ᠠ 100% ᠳᠤ ᠬᠦᠷᠴᠦ᠂ | ᠪᠣᠬᠢᠷᠲᠤᠭᠰᠠᠨ ᠲᠠᠷᠢᠶᠠᠨ ᠭᠠᠵᠠᠷ ᠤᠨ ᠠᠮᠤᠷ ᠲᠦᠪᠰᠢᠨ ᠤ ᠠᠰᠢᠭᠯᠠᠯᠲᠠ ᠶᠢᠨ ᠨᠤᠷᠮ᠎ᠠ 100% ᠳᠤ ᠬᠦᠷᠪᠡ᠃ | ᠠᠮᠢ ᠠᠬᠤᠢ ᠶᠢᠨ ᠥᠷᠲᠡᠭ ᠲᠠᠰᠤᠷᠠᠯᠲᠠ ᠦᠭᠡᠢ ᠢᠯᠡᠷᠡᠵᠡᠢ᠃ ᠭᠠᠵᠠᠷ ᠰᠢᠷᠣᠶ ᠶᠢᠨ ᠭᠦᠶ᠋ᠴᠡᠳᠬᠡᠯ ᠲᠤᠭ᠎ᠠ ᠶᠢᠨ | ᠠᠷᠠᠯᠵᠢᠶ᠎ᠠ᠂ ᠨᠡᠭᠦᠷᠡᠰᠦᠲᠥ᠋ᠷᠥᠭᠴᠢ ᠶᠢᠨ ᠬᠤᠷᠠᠮᠳᠤᠯ ᠤᠨ ᠠᠷᠠᠯᠵᠢᠶᠠᠨ ᠤ ᠬᠤᠶᠠᠷ ᠤᠳᠠᠭ᠎ᠠ ᠶᠢᠨ ︽ᠰᠠᠶᠢᠨ ᠮᠠᠶᠢᠮᠠᠶ︾ | ᠪᠥᠬᠦ ᠣᠷᠣᠨ ᠤ ᠡᠮᠦᠨ᠎ᠡ ᠡᠩᠨᠡᠭᠡᠨ ᠳᠤ ᠶᠠᠪᠤᠵᠤ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠤᠭᠳᠠᠭᠤᠯᠬᠤ ᠠᠷᠠᠯᠵᠢᠶ᠎ᠠ ᠶᠢ 1.29 ᠲᠦᠮᠡᠨ ᠮᠥ ᠬᠡᠷᠡᠭᠵᠢᠭᠦᠯᠵᠦ᠂ | ᠬᠥᠮᠥᠷᠭᠡ ᠳᠤ ᠣᠷᠣᠭᠤᠯᠤᠭᠰᠠᠨ ᠤᠰᠤᠨ ᠲᠠᠷᠢᠶᠠᠨ ᠤ ᠬᠡᠪᠴᠢᠶ᠎ᠡ ᠶᠢᠨ ᠭᠦᠶ᠋ᠴᠡᠳᠬᠡᠯ ᠲᠤᠭ᠎ᠠ ᠶᠢ 5.2 ᠲᠦᠮᠡᠨ | ᠮᠥ ᠳᠤ ᠮᠡᠳᠡᠭᠦᠯᠦᠨ ᠳᠠᠩᠰᠠᠯᠠᠭᠤᠯᠵᠤ᠂ ᠵᠠᠯᠠᠶᠢᠳ ᠬᠤᠰᠢᠭᠤᠨ ᠤ ᠰᠢᠨ ᠮᠢᠨ ᠲᠣᠰᠬᠤᠨ ᠤ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ︽ᠪᠦᠬᠦᠯᠢ ᠲᠣᠰᠬᠤᠨ ᠢᠶᠠᠷ ᠢᠶᠠᠨ | ᠬᠠᠭᠤᠴᠢᠨ ᠢ ᠨᠤᠷᠠᠭᠠᠵᠤ ᠰᠢᠨ᠎ᠡ ᠶᠢ ᠪᠠᠶᠢᠭᠤᠯᠬᠤ︾ ᠶᠢ ᠬᠤᠯᠪᠣᠵᠤ ᠪᠥᠬᠦ ᠣᠷᠣᠨ ᠤ ᠵᠢᠱᠢᠶ᠎ᠡ ᠦᠵᠡᠭᠦᠯᠬᠦ ᠲᠥᠷᠥᠯ | ᠵᠦᠶ᠋ᠯ ᠪᠣᠯᠭᠠᠪᠠ︔ ᠣᠶ ᠰᠢᠭᠤᠶ ᠡᠪᠡᠰᠦ ᠪᠡᠯᠴᠢᠭᠡᠷ ᠤᠨ ᠨᠡᠭᠦᠷᠡᠰᠦᠲᠥ᠋ᠷᠥᠭᠴᠢ ᠶᠢᠨ ᠬᠤᠷᠠᠮᠠᠯ ᠤᠨ ᠲᠤᠷᠰᠢᠯᠲᠠ ᠶᠢᠨ | ᠴᠡᠭ ᠤᠨ 74.3 ᠲᠦᠮᠡᠨ ᠮᠥ ᠶᠢ ᠡᠬᠢᠯᠡᠭᠦᠯᠵᠦ᠂ CCER ᠣᠶ ᠰᠢᠭᠤᠶ᠂ VCS ᠲᠠᠯ᠎ᠠ ᠨᠤᠲᠤᠭ᠂ VCS | ᠲᠠᠷᠢᠶᠠᠨ ᠭᠠᠵᠠᠷ ᠤᠨ 3 ᠵᠦᠶ᠋ᠯ ᠤᠨ ᠪᠥᠬᠦ ᠣᠷᠣᠨ ᠤ ᠠᠩᠬᠠᠳᠠᠭᠴᠢ ᠲᠠᠩ ᠨᠡᠭᠦᠷᠡᠰᠦᠲᠥ᠋ᠷᠥᠭᠴᠢ ᠶᠢᠨ ᠬᠤᠷᠠᠮᠠᠯ ᠤᠨ | ᠠᠷᠠᠯᠵᠢᠶ᠎ᠠ ᠶᠢ ᠪᠡᠶᠡᠯᠡᠭᠦᠯᠪᠡ᠃ | ᠭᠤᠷᠪᠠ ᠳᠤ᠂ ᠭᠤᠣᠯᠳᠠᠯᠭ᠎ᠠ ᠶᠢ ᠠᠳᠬᠤᠨ ᠥᠭᠡᠷᠡᠴᠢᠯᠡᠯᠲᠡ ᠶᠢ ᠠᠳᠬᠤᠵᠤ᠂ ᠣᠷᠴᠢᠨ ᠲᠣᠭᠤᠷᠢᠨ ᠢ | ᠰᠢᠯᠢᠳᠡᠭᠵᠢᠭᠦᠯᠬᠦ᠂ ᠠᠮᠢᠵᠢᠷᠠᠯ ᠤᠨ ᠬᠦᠴᠦᠨ ᠢ ᠬᠥᠭᠵᠢᠭᠡᠬᠦ ᠲᠠᠯ᠎ᠠ ᠪᠠᠷ ᠰᠢᠨ᠎ᠡ ᠦᠷ᠎ᠡ ᠪᠦᠲᠦᠮᠵᠢ ᠤᠯᠪᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠦᠷᠭᠦᠯᠵᠢᠯᠡᠨ ᠰᠢᠯᠢᠳᠡᠭᠵᠢᠪᠡ᠃ ︽ᠬᠤᠶᠠᠷ ᠰᠢᠯᠢᠳᠡᠭ︾ ᠲᠤᠰᠬᠠᠶ | ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠶᠢᠮᠠᠭ ᠤᠨ ᠲᠣᠰ ᠱᠠᠲᠤᠨ ᠤ ᠵᠠᠰᠠᠭ ᠤᠨ ᠣᠷᠳᠣᠨ ᠤ ᠰᠠᠯᠠᠭ᠎ᠠ | ᠮᠥᠴᠢᠷ ᠤᠨ ᠳᠣᠲᠣᠭᠠᠳᠤ ᠭᠠᠳᠠᠭᠠᠳᠤ ᠶᠢᠨ 1086᠂ ᠮᠠᠲ᠋ᠧᠷᠢᠶᠠᠯ ᠢ 1008 ᠬᠤᠪᠢ ᠴᠣᠮᠬᠠᠳᠬᠠᠵᠤ᠂ 898 | ᠭᠤᠭᠴᠤᠭ᠎ᠠ ᠶᠢ ᠴᠣᠮᠬᠠᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶ᠎ᠡ ᠪᠠᠷ | ᠭᠦᠢᠴᠡᠳᠭᠡᠬᠦ ᠨᠣᠷᠮ᠎ᠠ 99.8% ᠳᠤ ᠬᠦᠷᠴᠦ᠂ ᠣᠷᠣᠨ ᠪᠦᠰᠡ ᠠᠯᠤᠰᠯᠠᠨ ᠨᠡᠶᠢᠳᠡᠮ ᠭᠦᠢᠴᠡᠳᠭᠡᠬᠦ | ᠬᠠᠮᠲᠤᠷᠠᠯᠴᠠᠭᠠᠨ ᠤ ᠬᠦᠷᠢᠶ᠎ᠡ ᠬᠡᠪᠴᠢᠶ᠎ᠡ ᠶᠢ 8 ᠮᠤᠵᠢ ᠶᠢᠨ 97 ᠰᠢᠶᠠᠨ ᠳᠤ ᠬᠦᠷᠲᠡᠯ᠎ᠡ ᠥᠷᠭᠡᠳᠬᠡᠪᠡ᠃ ᠪᠦᠬᠦ | ᠬᠦᠴᠦᠨ ᠢᠶᠠᠷ ᠢᠶᠠᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠨᠠᠮ ᠵᠠᠰᠠᠭ ᠤᠨ | ᠪᠠᠶᠢᠭᠤᠯᠭ᠎ᠠ ᠶᠢᠨ 3.4 ᠲᠦᠮᠡᠨ ᠺᠠᠳ᠋ᠷ ᠢ ᠵᠣᠬᠢᠶᠠᠨ ᠪᠠᠶᠢᠭᠤᠯᠤᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ | ᠬᠠᠨᠳᠤᠯᠭ᠎ᠠ ᠲᠠᠢ ᠪᠠᠷ ᠦᠢᠯᠡᠴᠢᠯᠡᠭᠦᠯᠵᠦ᠂ ᠪᠦᠬᠦ ᠠᠶᠢᠮᠠᠭ ᠤᠨ ᠡᠵᠡᠩᠨᠡᠯᠲᠡ ᠶᠢᠨ ᠭᠤᠣᠯ ᠴᠣᠭᠴᠠ 16 ᠲᠦᠮᠡᠨ | ᠡᠷᠦᠬᠡ ᠳᠤ ᠬᠦᠷᠴᠦ᠂ 10.5% ᠪᠠᠷ ᠨᠡᠮᠡᠭᠳᠡᠪᠡ᠃ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ ᠠᠬᠢᠭᠤᠯᠪᠠ᠃ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ︽ᠭᠤᠷᠪᠠᠨ | ᠡᠷᠬᠡ ᠶᠢ ᠰᠠᠯᠭᠠᠬᠤ︾ ᠥᠭᠡᠷᠡᠴᠢᠯᠡᠯᠲᠡ ᠶᠢ ᠯᠠᠪᠳᠠᠭᠤᠨ ᠪᠣᠯᠭᠤᠮᠵᠢᠲᠠᠶ ᠠᠬᠢᠭᠤᠯᠵᠤ᠂ ᠤᠯᠠᠭᠠᠨᠬᠤᠲᠠ ᠪᠥᠬᠦ | ᠣᠷᠣᠨ ᠤ ᠠᠩᠬᠠᠳᠠᠭᠴᠢ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠪᠥᠲᠥᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠤᠲᠠ ᠳᠤ ᠣᠷᠣᠭᠤᠯᠬᠤ ᠶᠢ ᠪᠡᠶᠡᠯᠡᠭᠦᠯᠵᠦ᠂ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤ ᠪᠥᠬᠦ ᠤᠯᠤᠰ ᠤᠨ ᠬᠥᠳᠡᠭᠡ ᠲᠣᠰᠬᠤᠨ ᠤ ᠥᠮᠴᠢᠯᠡᠬᠦ ᠡᠷᠬᠡ ᠶᠢᠨ ᠡᠷᠭᠢᠯᠲᠡ ᠶᠢᠨ | ᠠᠷᠠᠯᠵᠢᠶᠠᠨ ᠤ ᠵᠢᠷᠤᠮᠵᠢᠭᠤᠯᠬᠤ ᠲᠤᠷᠰᠢᠯᠲᠠ ᠶᠢᠨ ᠴᠡᠭ ᠢ ᠵᠥᠪᠰᠢᠶᠡᠷᠡᠭᠳᠡᠵᠦ᠂ ᠲᠦᠴᠢᠦᠸᠠᠨ ᠰᠢᠶᠠᠨ ᠢ ᠤᠯᠤᠰ ᠤᠨ | ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢᠨ | ᠲᠤᠷᠰᠢᠯᠲᠠ ᠶᠢᠨ ᠴᠡᠭ ᠢᠶᠠᠷ ᠲᠣᠭᠲᠠᠭᠠᠪᠠ᠃ ᠰᠢᠨ᠎ᠡ ᠨᠢᠭᠡ ᠡᠭᠡᠯᠵᠢ ᠶᠢᠨ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ | ᠠᠶᠢᠮᠠᠭ ᠤᠨ ᠬᠠᠷᠢᠶ᠎ᠠ ᠤᠯᠤᠰ ᠤᠨ ᠥᠮᠴᠢᠯᠡᠯᠲᠦ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠵᠡᠩᠨᠡᠯᠲᠡ ᠶᠢᠨ | ᠶᠡᠷᠦᠩᠬᠡᠶ ᠣᠷᠣᠯᠭ᠎ᠠ 22.6% ᠨᠡᠮᠡᠭᠳᠡᠪᠡ᠃ ᠪᠦᠬᠦ ᠣᠷᠣᠨ ᠳᠤ ᠵᠠᠬᠢᠳᠠᠯ ᠰᠤᠷᠪᠤᠯᠵᠢᠯᠠᠯ ᠤᠨ ᠣᠷᠣᠯᠠᠨ | ᠭᠦᠢᠴᠡᠳᠬᠡᠬᠦ ᠳᠦᠷᠢᠮ ᠢ ᠤᠷᠢᠳᠠᠪᠠᠷ ᠬᠡᠷᠡᠭᠵᠢᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠴᠢᠳᠠᠪᠤᠷᠢ ᠲᠣᠭᠲᠠᠭᠤᠨ ᠢᠶᠠᠷ ᠳᠡᠭᠡᠭᠰᠢᠯᠡᠪᠡ᠃ ᠪᠥᠬᠦ ᠠᠶᠢᠮᠠᠭ ᠤᠨ ᠰᠢᠨᠵᠢᠯᠡᠬᠦ ᠤᠬᠠᠭᠠᠨ ᠤ ᠰᠤᠳᠤᠯᠭᠠᠨ ᠪᠠ | ᠲᠤᠷᠰᠢᠯᠲᠠ ᠶᠢᠨ ᠬᠥᠭᠵᠢᠯᠲᠡ ︵R ᠮᠡᠷᠭᠡᠵᠢᠯ︶ | ᠲᠦᠷᠪᠡ ᠳᠤ᠂ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠵᠦ ᠪᠦᠳᠦᠭᠡᠨ ᠪᠠᠶᠢᠭᠤᠯᠤᠯᠲᠠ ᠶᠢ ᠠᠳᠬᠤᠬᠤ ᠶᠢ | ᠴᠢᠩᠭᠠᠳᠬᠠᠵᠤ᠂ ᠬᠤᠳᠠ ᠪᠠᠯᠭᠠᠰᠤᠵᠢᠯᠳᠠ᠂ ᠣᠳᠣᠬᠢᠴᠢᠯᠠᠯᠳᠠ ᠶᠢᠨ ᠲᠠᠯ᠎ᠠ ᠪᠠᠷ ᠰᠢᠨ᠎ᠡ ᠦᠷ᠎ᠡ ᠪᠦᠲᠦᠮᠵᠢ ᠤᠯᠪᠠ᠃ | ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠠᠯᠬᠤᠴᠠ ᠲᠦᠷᠭᠡᠳᠪᠡ᠃ ᠪᠥᠬᠦ ᠠᠶᠢᠮᠠᠭ ᠤᠨ ᠭᠠᠵᠠᠷ | ᠰᠢᠷᠣᠶ ᠶᠢᠨ ᠬᠤᠳᠠᠯᠳᠤᠭᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ᠂ ᠶᠡᠭᠡ ᠤᠯᠠᠭᠠᠨᠬᠤᠲᠠ ᠣᠷᠣᠨ ᠤ ᠬᠡᠷ | ᠪᠠᠶᠢᠰᠢᠩ ᠭᠠᠵᠠᠷ ᠬᠥᠷᠥᠩᠭᠡ ᠶᠢᠨ ᠠᠷᠠᠯᠵᠢᠶᠠᠨ ᠤ ᠶᠡᠭᠡ ᠬᠤᠷᠠᠯ ᠢ ᠠᠮᠵᠢᠯᠲᠠ ᠲᠠᠢ ᠡᠷᠭᠢᠯᠡᠵᠦ᠂ ᠪᠥᠬᠦ ᠠᠶᠢᠮᠠᠭ ᠤᠨ | ᠬᠡᠷ ᠪᠠᠶᠢᠰᠢᠩ ᠭᠠᠵᠠᠷ ᠬᠥᠷᠥᠩᠭᠡ ᠶᠢᠨ ᠪᠠᠯᠠ ᠣᠷᠣᠭᠤᠯᠤᠯᠲᠠ᠂ ᠪᠣᠷᠣᠯᠠᠭᠤᠯᠭ᠎ᠠ ᠶᠢᠨ ᠲᠠᠯᠠᠪᠠᠶ ︽ᠬᠤᠤᠰ ᠨᠡᠮᠡᠭᠳᠡᠯ︾ | ᠢ ᠪᠡᠶᠡᠯᠡᠭᠦᠯᠪᠡ᠃ 148 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠠᠶᠢᠵᠢᠷᠠᠭᠤᠯᠵᠤ᠂ 95 | ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠦᠨ᠂ 6 | ᠬᠠᠷᠮᠠᠨ ᠴᠡᠴᠡᠷᠯᠢᠭ ᠢ ᠰᠢᠨ᠎ᠡ ᠪᠠᠷ ᠪᠠᠶᠢᠭᠤᠯᠵᠤ᠂ 158 ᠺᠢᠯᠣᠮᠧᠳ᠋ᠷ ᠬᠠᠭᠤᠴᠢᠨ ᠬᠤᠭᠤᠯᠠᠶ ᠲᠣᠤᠷ ᠢ ᠰᠢᠨᠡᠳᠬᠡᠨ | ᠥᠭᠡᠷᠡᠴᠢᠯᠡᠵᠦ᠂ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ 54.1% ᠳᠤ | ᠬᠥᠷᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠪᠠ᠃ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ 35 ᠪᠠᠶᠢᠭᠤᠯᠵᠤ᠂ ᠳᠡᠭᠡᠳᠦ | ᠱᠠᠲᠤᠨ ᠠᠴᠠ 11.7 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠵᠣᠯᠭᠠᠭᠤᠯᠵᠤ᠂ 201 ᠲᠦᠷᠦᠯ ᠵᠦᠢᠯ ᠢ | ᠬᠡᠷᠡᠭᠵᠢᠭᠦᠯᠪᠡ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠵᠢᠷᠭᠤᠭᠠᠨ ︽ᠳᠠᠬᠢᠨ ᠢᠶᠠᠷ ᠨᠡᠮᠡᠭᠳᠡᠭᠦᠯᠬᠦ | ᠲᠥᠯᠥᠪᠯᠡᠭᠡ︾ ᠶᠢ ᠢᠳᠡᠪᠬᠢᠲᠡᠶ ᠨᠠᠶᠢᠳᠠᠪᠤᠷᠢᠵᠢᠭᠤᠯᠵᠤ᠂ 116 ᠲᠥᠷᠥᠯ ᠵᠦᠢᠯ ᠢ ᠨᠠᠶᠢᠳᠠᠪᠤᠷᠢᠵᠢᠭᠤᠯᠵᠤ᠂ ᠪᠥᠬᠦ | ᠣᠷᠣᠨ ᠤ ᠴᠣᠷ ᠤᠨ ᠭᠠᠭᠴᠠ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠣᠨᠳᠣᠤ ᠭᠠᠵᠠᠷ ᠲᠤ ᠨᠡᠭᠦᠯᠭᠡᠨ | ᠶᠠᠳᠠᠭᠤ ᠶᠢ ᠲᠡᠳᠬᠦᠬᠦ ᠲᠠᠷᠠᠭᠠᠴᠢ ᠶᠢᠨ ᠲᠡᠳᠬᠦᠨ ᠳᠡᠮᠵᠢᠬᠦ ᠠᠵᠢᠯ ᠤᠨ ᠦᠷ᠎ᠡ ᠪᠦᠲᠦᠮᠵᠢ ᠢᠯᠡᠷᠬᠡᠶ ᠭᠠᠵᠠᠷ ᠣᠷᠣᠨ︾ | ᠢᠶᠠᠷ ᠦᠨᠡᠯᠡᠭᠳᠡᠵᠦ᠂ ᠢᠯᠠᠯᠲᠠ ᠪᠠᠯᠭᠠᠰᠤ ᠵᠡᠷᠭᠡ 4 ᠰᠢᠶᠠᠩ ᠪᠠᠯᠭᠠᠰᠤ ᠨᠢ ︽ᠪᠥᠬᠦ ᠤᠯᠤᠰ ᠤᠨ ᠠᠩᠬᠠᠳᠠᠭᠴᠢ | ᠪᠦᠯᠦᠭ ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠪᠠᠯᠭᠠᠰᠤ︾ ᠪᠠᠷ ᠲᠣᠭᠲᠠᠭᠠᠭᠳᠠᠪᠠ᠃ ᠰᠠᠭᠤᠷᠢ | ᠲᠥᠬᠦᠭᠡᠷᠦᠮᠵᠢ ᠲᠠᠰᠤᠷᠠᠯᠲᠠ ᠦᠭᠡᠢ ᠲᠡᠭᠦᠯᠳᠡᠷᠵᠢᠪᠡ᠃ G5511 ᠰᠤᠭᠤᠳᠤ ᠠᠴᠠ ᠦᠬᠠᠢ ᠬᠦᠷᠬᠦ ᠲᠦᠷᠭᠡᠨ ᠤ | ᠵᠠᠰᠠᠮᠠᠯ ᠵᠠᠮ᠂ S308 ᠢᠷᠪᠢᠰ ᠠᠴᠠ ᠴᠠᠶᠢᠵᠠ ᠪᠠᠷ ᠬᠦᠷᠬᠦ ᠬᠡᠰᠡᠭ᠂ S204 ᠬᠤᠱᠤᠩ ᠠᠴᠠ ᠪᠠᠶᠢᠴᠠᠭᠠᠬᠤ | ᠬᠡᠰᠡᠭ ᠢ ᠪᠠᠷᠢᠯᠭ᠎ᠠ ᠳᠠᠭᠤᠰᠬᠠᠨ ᠲᠡᠷᠭᠡ ᠨᠡᠪᠲᠡᠷᠡᠭᠦᠯᠵᠦ᠂ ᠮᠠᠯᠵᠢᠬᠤ ᠲᠠᠷᠢᠶᠠᠯᠠᠬᠤ ᠤᠷᠤᠨ ᠤ ᠵᠠᠰᠠᠮᠠᠯ ᠵᠠᠮ ᠢ 490 | ᠺᠢᠯᠤᠮᠧᠳ᠋ᠷ ᠰᠢᠨ᠎ᠡ ᠪᠠᠷ ᠵᠠᠰᠠᠨ ᠳᠡᠪᠢᠰᠴᠦ᠂ ᠦᠨᠳᠡᠭᠡᠨ ᠤᠰᠤᠨ ᠠᠰᠢᠭᠯᠠᠯᠲᠠ ᠶᠢᠨ ᠬᠦᠢᠰᠦ ᠶᠢᠨ ᠲᠤᠤᠷᠠᠬᠢ | ᠬᠠᠭᠠᠯᠲᠠ ᠪᠠᠷ ᠤᠰᠤ ᠬᠠᠳᠠᠭᠠᠯᠠᠬᠤ᠂ ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠤᠰᠤ | ᠳᠠᠮᠵᠢᠭᠤᠯᠬᠤ ᠢᠨᠵᠧᠨᠧᠷᠢᠩ ᠤᠨ ᠨᠦᠬᠡᠨ ᠵᠠᠮ ᠢ ᠪᠦᠬᠦ ᠲᠠᠯ᠎ᠠ ᠪᠠᠷ ᠨᠡᠪᠲᠡᠷᠡᠭᠦᠯᠵᠦ᠂ 500 ᠺᠢᠯᠤᠸᠤᠯᠲ ᠤᠨ | ᠰᠠᠶᠢᠨᠵᠤᠤ ᠪᠣᠭᠤᠮᠲᠠ ᠨᠡᠪᠲᠡᠷᠡᠭᠦᠯᠬᠦ ᠢᠨᠵᠧᠨᠧᠷᠢᠩ ᠤᠨ ᠪᠠᠷᠢᠯᠭ᠎ᠠ ᠶᠢ ᠠᠰᠢᠭᠯᠠᠯᠲᠠ ᠳᠤ ᠣᠷᠣᠭᠤᠯᠪᠠ᠃ | ᠲᠠᠪᠤ ᠳᠤ᠂ ᠬᠠᠮᠲᠤ ᠪᠠᠷ ᠪᠠᠶᠠᠵᠢᠬᠤ ᠪᠠᠷ ᠲᠣᠭᠲᠠᠭᠠᠵᠤ ᠠᠷᠠᠳ ᠤᠨ ᠠᠮᠢᠳᠤᠷᠠᠯ ᠢ ᠠᠳᠬᠤᠵᠤ᠂ ᠳᠤᠲᠠᠭᠤᠳᠠᠯ ᠢ | ᠨᠥᠬᠦᠪᠥᠷᠢᠯᠡᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠲᠠᠯ᠎ᠠ ᠪᠠᠷ ᠰᠢᠨ᠎ᠡ ᠦᠷ᠎ᠡ ᠪᠦᠲᠦᠮᠵᠢ ᠤᠯᠪᠠ᠃ | ᠠᠵᠢᠯ ᠣᠯᠭᠤᠯᠲᠠ ᠶᠢᠨ ᠪᠠᠢᠳᠠᠯ ᠲᠣᠭᠲᠠᠭᠤᠨ ᠢᠶᠠᠷ ᠰᠠᠢᠵᠢᠷᠠᠵᠤ ᠪᠠᠢᠨ᠎ᠠ᠃ ᠬᠤᠲᠠ ᠪᠠᠯᠭᠠᠰᠤᠨ ᠳᠤ 7000 | ᠬᠥᠮᠦᠨ ᠳᠤ ᠰᠢᠨ᠎ᠡ ᠪᠠᠷ ᠠᠵᠢᠯ ᠣᠯᠭᠤᠬᠤ᠂ 8.9 ᠲᠦᠮᠡᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠬᠤ | ᠬᠠᠷᠠᠯᠲᠠ ᠶᠢ ᠳᠠᠪᠠᠭᠤᠯᠤᠨ ᠪᠡᠶᠡᠯᠡᠭᠦᠯᠵᠦ᠂ ᠬᠦᠷᠢᠶ᠎ᠡ ᠬᠠᠰᠢᠶᠠᠨ ᠤ ᠠᠵᠤ ᠠᠬᠤᠶ ᠶᠢ ᠭᠦᠨᠵᠡᠭᠡᠶᠢᠷᠡᠭᠦᠯᠦᠨ | ᠥᠷᠭᠡᠳᠬᠡᠬᠦ᠂ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ᠂ ᠠᠰᠢᠭ ᠲᠤᠰᠠ ᠶᠢ ᠬᠤᠯᠪᠣᠬᠤ ᠵᠡᠷᠭᠡ | ᠠᠷᠭ᠎ᠠ ᠵᠠᠮ ᠢᠶᠠᠷ ᠣᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠨᠢ ᠴᠥᠮ ᠪᠥᠬᠦ ᠣᠷᠣᠨ ᠤ ᠲᠡᠷᠢᠭᠦᠨ ᠳᠤ ᠣᠷᠣᠪᠠ᠃ | ᠨᠡᠶᠢᠭᠡᠮ ᠤᠨ ᠪᠠᠲᠤᠯᠠᠭᠠᠨ ᠤ ᠡᠷᠴᠢᠮ ᠲᠠᠰᠤᠷᠠᠯᠲᠠ ᠦᠭᠡᠢ ᠴᠢᠩᠭᠠᠷᠠᠪᠠ᠃ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠳᠤ ᠣᠷᠣᠯᠴᠠᠭᠰᠠᠨ ᠨᠣᠷᠮ᠎ᠠ 98.3% ᠳᠤ ᠬᠦᠷᠴᠦ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠬᠦᠷᠲᠡᠭᠰᠡᠳ 15 ᠲᠦᠮᠡ ᠶᠢ ᠳᠠᠪᠠᠵᠤ᠂ ᠪᠠᠶᠢᠩᠭᠤ ᠰᠠᠭᠤᠭ᠎ᠠ ᠬᠥᠮᠦᠨ ᠠᠮᠠ ᠶᠢᠨ | ᠦᠨᠳᠦᠰᠦᠨ ᠨᠠᠰᠤᠵᠢᠯ ᠤᠨ ᠳᠠᠭᠠᠳᠬᠠᠯ ᠤᠨ ᠪᠦᠷᠬᠦᠴᠡ ᠶᠢᠨ ᠨᠣᠷᠮ᠎ᠠ 94.9% ᠳᠤ ᠬᠦᠷᠴᠦ᠂ ᠠᠵᠢᠯ | ᠠᠯᠳᠠᠯᠲᠠ ᠶᠢᠨ ᠳᠠᠭᠠᠳᠬᠠᠯ ᠪᠠ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠭᠰᠠᠨ ᠬᠥᠮᠦᠨ ᠤ | ᠲᠤᠭ᠎ᠠ ᠴᠥᠮ ᠣᠨ ᠤ ᠬᠠᠷᠠᠯᠲᠠ ᠪᠠᠨ ᠳᠠᠪᠠᠭᠤᠯᠤᠨ ᠪᠡᠶᠡᠯᠡᠭᠦᠯᠪᠡ᠃ ᠣᠯᠠᠨ ᠨᠡᠶᠢᠲᠡ ᠶᠢᠨ ᠦᠢᠯᠡᠴᠢᠯᠡᠭᠡᠨ ᠤ ᠳᠡᠰ | ᠳᠡᠪᠰᠢᠵᠦ ᠬᠡᠪᠴᠢᠶ᠎ᠡ ᠶᠢ ᠥᠷᠭᠡᠳᠬᠡᠵᠦ᠃ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠬᠦ ᠨᠣᠷᠮ᠎ᠠ ᠶᠢ | 100% ᠳᠤ ᠬᠦᠷᠦᠭᠦᠯᠵᠦ᠂ ᠠᠶᠢᠮᠠᠭ ᠤᠨ ᠰᠢᠭᠤᠳ ᠬᠠᠷᠢᠶ᠎ᠠ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ | ᠬᠤᠯᠪᠣᠭᠠᠲᠤ ᠴᠣᠭᠴᠠ ᠪᠠ ᠵᠢᠷᠭᠤᠭᠠᠨ ᠬᠤᠰᠢᠭᠤ ᠰᠢᠶᠠᠨ ᠬᠤᠲᠠ ᠶᠢᠨ ᠨᠢᠭᠲᠠ ᠬᠡᠯᠪᠡᠷᠢ ᠶᠢᠨ ᠰᠢᠶᠠᠨ ᠤ | ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ︽ᠨᠠᠰᠤᠲᠠᠶᠢᠴᠤᠳ ᠪᠠ ᠨᠢᠯᠬᠠᠰ︾ ᠤᠨ | ᠦᠢᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠤᠯᠤᠰ ᠤᠨ ᠬᠡᠷ ᠪᠦᠯᠢ ᠶᠢᠨ ᠪᠠ ᠨᠡᠶᠢᠭᠡᠮ | ᠲᠣᠭᠤᠷᠢᠭ ᠤᠨ ᠦᠨᠳᠦᠰᠦᠨ ᠨᠠᠰᠤᠵᠢᠯ ᠤᠨ ᠦᠢᠯᠡᠴᠢᠯᠡᠭᠡ ᠶᠢ ᠳᠡᠭᠡᠭᠰᠢᠯᠡᠭᠦᠯᠬᠦ ᠠᠵᠢᠯᠯᠠᠭᠠᠨ ᠤ ᠲᠥᠷᠥᠯ ᠵᠦᠢᠯ ᠤᠨ | ᠲᠤᠷᠰᠢᠯᠲᠠ ᠶᠢᠨ ᠴᠡᠭ ᠢᠶᠠᠷ ᠵᠥᠪᠰᠢᠶᠡᠷᠡᠭᠳᠡᠪᠡ᠃ ᠦᠨᠳᠦᠰᠦᠲᠡᠨ ᠤ ᠪᠦᠯᠬᠦᠮᠳᠡᠯ ᠳᠡᠪᠰᠢᠯᠲᠡ ᠦᠷᠭᠦᠯᠵᠢᠯᠡᠨ | ᠤᠷᠤᠭᠰᠢ ᠠᠬᠢᠵᠤ ᠪᠠᠶᠢᠨ᠎ᠠ᠃ ︽ᠪᠥᠬᠦ ᠤᠯᠤᠰ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠠᠶᠢᠮᠠᠭ︾ ᠢ ᠡᠭᠦᠳᠦᠨ ᠪᠠᠶᠢᠭᠤᠯᠬᠤ ᠶᠢ ᠪᠥᠬᠦ ᠲᠠᠯ᠎ᠠ ᠪᠠᠷ ᠡᠬᠢᠯᠡᠭᠦᠯᠵᠦ᠂ | ᠨᠠᠮ ᠤᠨ ᠬᠤᠷᠢᠶᠠᠨ ᠤ ᠱᠦᠵᠢ ᠦᠨᠳᠦᠰᠦᠲᠡᠨ ᠤ ᠠᠵᠢᠯ ᠤᠨ ᠶᠠᠷᠢᠯᠴᠠᠭᠠᠨ ᠤ ᠲᠦᠷᠢᠮ ᠢ ᠤᠯᠤᠰ ᠤᠨ | ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ᠨᠡᠶᠢᠲᠡᠯᠢᠭ ᠲᠤᠷᠰᠢᠯᠭ᠎ᠠ ᠪᠠᠷ ᠪᠥᠬᠦ ᠤᠯᠤᠰ ᠤᠨ ᠬᠡᠪᠴᠢᠶᠡᠨ ᠳᠤ | ᠳᠡᠯᠭᠡᠷᠡᠭᠦᠯᠵᠦ᠂ ᠪᠥᠬᠦ ᠠᠶᠢᠮᠠᠭ ᠢᠶᠠᠷ ᠢᠶᠠᠨ ᠡᠯ᠎ᠡ ᠲᠥᠷᠥᠯ ᠤᠨ ᠭᠤᠤᠯ ᠰᠡᠳᠦᠪᠲᠦ ᠠᠵᠢᠯᠯᠠᠭ᠎ᠠ ᠶᠢ 1 ᠲᠦᠮᠡ | ᠭᠠᠷᠤᠶ ᠤᠳᠠᠭ᠎ᠠ ᠥᠷᠨᠢᠭᠦᠯᠵᠦ᠂ 100 ᠲᠦᠮᠡ ᠭᠠᠷᠤᠶ ᠬᠥᠮᠦᠨ ᠤᠳᠠᠭ᠎ᠠ ᠶᠢ ᠬᠠᠮᠤᠷᠪᠠ᠃ | ᠵᠢᠷᠭᠤᠭ᠎ᠠ ᠳᠤ᠂ ᠲᠣᠭᠲᠠᠭᠤᠨ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ ᠠᠮᠤᠷ ᠲᠦᠪᠰᠢᠨ ᠢ ᠠᠳᠬᠤᠵᠤ᠂ | ᠲᠣᠭᠲᠠᠭᠤᠨ ᠢ ᠪᠠᠲᠤᠯᠠᠬᠤ᠂ ᠬᠥᠭᠵᠢᠯᠲᠡ ᠶᠢ ᠠᠬᠢᠭᠤᠯᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠤᠯᠪᠠ᠃ | ᠠᠶᠤᠯᠭᠦᠢ ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠨ᠎ᠠ᠃ ᠪᠥᠬᠦ ᠬᠦᠷᠢᠶᠡᠨ ᠤ ᠠᠶᠤᠯᠭᠦᠢ | ᠦᠶ᠋ᠯᠡᠳᠪᠦᠷᠢᠯᠡᠯ ᠤᠨ ᠶᠡᠭᠡ ᠵᠢᠭᠰᠠᠭᠠᠨ ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ ᠶᠢ ᠥᠷᠨᠢᠭᠦᠯᠵᠦ᠂ ᠬᠦᠨᠳᠦ ᠶᠡᠭᠡ | ᠠᠳᠡᠯ ᠤᠨ ᠳᠠᠯᠳᠠ ᠬᠡᠮ ᠢ 179 ᠠᠷᠢᠯᠭᠠᠵᠤ᠂ ᠦᠶ᠋ᠯᠡᠳᠪᠦᠷᠢᠯᠡᠯ ᠤᠨ ᠠᠶᠤᠯᠭᠦᠶ ᠶᠢᠨ ᠠᠳᠡᠯ ᠪᠠ ᠠᠳᠡᠭᠰᠡᠨ | ᠬᠥᠮᠦᠨ ᠤ ᠲᠤᠭ᠎ᠠ ᠶᠢ ᠲᠣᠰ ᠲᠣᠰ 30.4% ᠪᠠ 20.8 % ᠪᠠᠷ ᠪᠠᠭᠤᠷᠠᠭᠤᠯᠵᠤ᠂ ᠳᠥᠷᠪᠡᠨ ᠵᠢᠯ ᠳᠠᠷᠠᠭᠠᠯᠠᠨ | ︽ᠬᠤᠶᠠᠷ ᠢ ᠪᠠᠭᠤᠷᠠᠭᠤᠯᠬᠤ︾ ᠶᠢ ᠪᠡᠶᠡᠯᠡᠭᠦᠯᠪᠡ᠃ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠢ | ᠰᠡᠷᠭᠡᠶᠢᠯᠡᠵᠡᠢ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠯᠠᠪᠳᠠᠭᠤᠨ ᠪᠥᠭᠡᠳ ᠡᠮᠬᠢ | ᠵᠢᠷᠤᠮ ᠲᠠᠢ ᠠᠷᠢᠯᠭᠠᠵᠤ᠂ ︽ᠨᠢᠭᠡ ᠪᠠᠩᠬᠢ ᠨᠢᠭᠡ ᠠᠷᠭ᠎ᠠ ᠪᠣᠳᠣᠯᠭ᠎ᠠ︾ ᠪᠠᠷ ᠣᠷᠣᠨ ᠨᠤᠲᠤᠭ ᠤᠨ ᠬᠠᠤᠯᠢ ᠶᠢᠨ | ᠡᠷᠬᠡᠲᠡᠨ ᠤ ᠪᠠᠩᠬᠢ ᠶᠢᠨ ᠪᠠᠶᠢᠭᠤᠯᠤᠮᠵᠢ ᠶᠢᠨ ᠡᠷᠡᠭᠦᠯ ᠪᠤᠰᠤ ᠡᠳ᠋ ᠬᠥᠷᠥᠩᠭᠡ ᠶᠢ ᠢᠯᠭᠠᠷᠠᠭᠤᠯᠤᠨ ᠬᠤᠷᠢᠶᠠᠵᠤ | ᠰᠢᠢᠳᠪᠦᠷᠢᠯᠡᠬᠦ ᠶᠢ ᠳᠥᠯᠭᠢᠨ ᠠᠬᠢᠭᠤᠯᠵᠤ᠂ ︽ᠠᠰᠠᠷ ᠢ ᠪᠠᠲᠤᠯᠠᠵᠤ ᠲᠤᠰᠢᠶᠠᠬᠤ ᠶᠢ ᠪᠠᠲᠤᠯᠠᠬᠤ︾ ᠶᠢ 1322 | ᠢᠵᠢ ᠲᠤᠰᠢᠶᠠᠵᠤ᠂ ᠣᠨ ᠤ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ ᠠᠮᠤᠷ ᠠᠮᠤᠭᠤᠯᠠᠩ ᠬᠢᠩᠭᠠᠨ ᠤ | ᠪᠠᠶᠢᠭᠤᠯᠤᠯᠲᠠ ᠦᠷᠭᠦᠯᠵᠢᠯᠡᠨ ᠴᠢᠩᠭᠠᠷᠠᠪᠠ᠃ ᠴᠢᠬᠤᠯᠠ ᠴᠠᠭ ᠬᠤᠭᠤᠴᠠᠭᠠᠨ ᠤ ᠵᠠᠬᠢᠳᠠᠯ ᠰᠤᠷᠪᠤᠯᠵᠢᠯᠠᠭ᠎ᠠ ᠶᠢᠨ | ᠲᠣᠭᠲᠠᠭᠤᠨ ᠢ ᠬᠠᠮᠠᠭᠠᠯᠠᠬᠤ ︽ᠭᠤᠷᠪᠠ ᠶᠢ ᠦᠯᠦ ᠭᠠᠷᠭᠠᠬᠤ︾ ᠪᠠ ᠠᠮᠤᠷ ᠢ ᠬᠠᠮᠠᠭᠠᠯᠠᠵᠤ ᠲᠣᠭᠲᠠᠭᠤᠨ ᠢ | ᠬᠠᠮᠠᠭᠠᠯᠠᠬᠤ ︽ᠲᠠᠪᠤ ᠶᠢ ᠴᠢᠩᠭ᠎ᠠ ᠰᠡᠷᠭᠡᠶᠢᠯᠡᠵᠦ᠂ ᠭᠤᠷᠪᠠ ᠶᠢ ᠦᠨᠡᠨ ᠬᠦ ᠪᠠᠲᠤᠯᠠᠬᠤ︾ ᠬᠠᠷᠠᠯᠲᠠ ᠡᠭᠦᠷᠭᠡ ᠶᠢ | ᠲᠡᠭᠦᠰ ᠠᠮᠵᠢᠯᠲᠠ ᠲᠠᠢ ᠪᠡᠶᠡᠯᠡᠭᠦᠯᠵᠦ᠂ ᠮᠠᠨ ᠤ ᠠᠶᠢᠮᠠᠭ ᠪᠥᠬᠦ ᠤᠯᠤᠰ ᠤᠨ ᠬᠤᠲᠠ ᠶᠢᠨ ᠬᠡᠪᠴᠢᠶᠡᠨ ᠳᠠᠬᠢ | ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ︽ᠬᠢᠷᠢ ᠲᠡᠩᠴᠡᠭᠰᠡᠨ ᠬᠤᠲᠠ︾ ᠪᠠᠷ | ᠦᠨᠡᠯᠡᠭᠳᠡᠪᠡ᠃ | ᠠᠮᠵᠢᠯᠲᠠ ᠪᠠᠨ ᠨᠤᠲᠠᠯᠠᠬᠤ ᠶᠢᠨ ᠬᠠᠮᠲᠤ᠂ ᠮᠠᠨ ᠤ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ | ᠲᠤᠯᠭᠠᠷᠠᠵᠤ ᠪᠠᠶᠢᠭ᠎ᠠ ᠮᠠᠰᠢ ᠣᠯᠠᠨ ᠭᠦᠨ ᠳᠠᠪᠬᠤᠷᠭ᠎ᠠ ᠶᠢᠨ ᠵᠥᠷᠢᠴᠡᠯ ᠪᠠ ᠠᠰᠠᠭᠤᠳᠠᠯ ᠢ ᠮᠥᠨ ᠯᠡ ᠰᠠᠶᠢᠲᠤᠷ | ᠰᠢᠢᠳᠪᠦᠷᠢᠯᠡᠭᠡᠳᠦᠢ ᠪᠠᠶᠢᠬᠤ ᠶᠢ ᠪᠢᠳᠡ ᠪᠠᠰᠠ ᠰᠡᠷᠭᠡᠭ ᠢᠶᠠᠷ ᠲᠠᠨᠢᠵᠤ ᠤᠯᠬᠤ ᠬᠡᠷᠡᠭᠲᠡᠶ᠃ ᠨᠢᠭᠡ ᠳᠤ᠂ ᠠᠵᠤ | ᠦᠢᠯᠡᠰ ᠤᠨ ᠪᠦᠲᠦᠴᠡ ᠰᠢᠯᠢᠳᠡᠭ ᠪᠤᠰᠤ᠂ ᠶᠡᠷᠦᠩᠬᠡᠢ ᠬᠡᠮᠵᠢᠶ᠎ᠡ ᠬᠦᠷᠦᠯᠴᠡᠬᠦ ᠦᠭᠡᠢ ᠪᠠᠶᠢᠨ᠎ᠠ᠃ ᠲᠠᠷᠢᠶᠠᠯᠠᠩ ᠮᠠᠯ | ᠠᠵᠤ ᠠᠬᠤᠶ ᠶᠢᠨ ᠡᠵᠡᠯᠡᠬᠦ ᠬᠠᠷᠢᠴᠠᠯ ᠥᠨᠳᠥᠷ ᠪᠠᠶᠢᠵᠤ᠂ ᠪᠦᠬᠦ ᠣᠷᠣᠨ ᠤ ᠴᠣᠷᠢ ᠶᠢᠨ ᠭᠠᠭᠴᠠ ᠠᠵᠤ | ᠦᠢᠯᠡᠰ ᠤᠨ ᠬᠤᠪᠢ ᠶᠢᠨ ᠵᠢᠩ ᠨᠢ 30% ᠶᠢ ᠳᠠᠪᠠᠭᠰᠠᠨ ᠠᠶᠢᠮᠠᠭ ᠬᠤᠲᠠ ᠪᠣᠯᠤᠨ᠎ᠠ᠂ ︽ᠶᠠᠪᠠ ᠬᠤᠩᠬᠤ ᠶᠢᠨ | ᠬᠡᠯᠪᠡᠷᠢ︾ ᠶᠢᠨ ᠠᠵᠤ ᠠᠬᠤᠶ ᠶᠢᠨ ᠪᠦᠲᠦᠴᠡ ᠶᠢᠨ ᠣᠨᠴᠠᠯᠢᠭ ᠨᠢ ᠢᠯᠡᠷᠬᠡᠶ᠃ ᠠᠵᠤ ᠠᠬᠤᠶ ᠶᠢᠨ ᠶᠡᠷᠦᠩᠬᠡᠶ | ᠬᠡᠮᠵᠢᠶ᠎ᠡ ᠮᠥᠨ ᠬᠦ ᠨᠡᠯᠢᠶᠡᠳ ᠪᠠᠭ᠎ᠠ᠂ ᠪᠦᠬᠦ ᠣᠷᠣᠨ ᠳᠤ ᠡᠵᠡᠯᠡᠬᠦ ᠬᠤᠪᠢ ᠶᠢᠨ ᠵᠢᠩ ᠨᠡᠯᠢᠶᠡᠳ ᠳᠣᠤᠷ᠎ᠠ ᠪᠠᠶᠢᠨ᠎ᠠ᠃ | ᠬᠤᠶᠠᠷ ᠲᠤ ᠪᠡᠯᠡ ᠣᠷᠣᠭᠤᠯᠤᠯᠲᠠ ᠶᠢᠨ ᠨᠡᠮᠡᠭᠳᠡᠯ ᠬᠦᠴᠦᠨ ᠦᠭᠡᠶ᠂ ᠬᠡᠷᠡᠭᠯᠡᠭᠡ ᠬᠦᠷᠦᠯᠴᠡᠬᠦ ᠦᠭᠡᠶ ᠪᠠᠶᠢᠨ᠎ᠠ᠃ | 2023 ᠣᠨ ᠳᠤ ᠪᠡᠯᠡ ᠣᠷᠣᠭᠤᠯᠤᠯᠲᠠ ᠳᠤ ︽ᠥᠨᠳᠥᠷ ᠡᠬᠢᠯᠡᠵᠤ ᠳᠣᠣᠷ᠎ᠠ ᠶᠠᠪᠤᠬᠤ︾ ᠬᠠᠨᠳᠤᠰᠢ ᠢᠯᠡᠷᠡᠵᠦ᠂ | ᠲᠥᠯᠥᠪᠯᠡᠭᠰᠡᠨ ᠲᠤᠮᠤ ᠲᠦᠷᠦᠯ ᠵᠦᠢᠯ ᠤᠯᠠᠨ ᠪᠢᠰᠢ᠂ ᠶᠠᠰᠤ ᠴᠢᠨᠠᠷ ᠴᠤ ᠥᠨᠳᠥᠷ ᠪᠢᠰᠢ᠂ ᠪᠦᠬᠦ ᠵᠢᠯ ᠳᠤ | ᠰᠢᠨ᠎ᠡ ᠪᠠᠷ ᠬᠥᠮᠥᠷᠭᠡ ᠳᠤ ᠣᠷᠣᠭᠤᠯᠬᠤ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 17.6% ᠪᠠᠷ ᠪᠠᠭᠤᠷᠠᠵᠤ᠂ ᠲᠦᠷᠦᠯ ᠵᠦᠢᠯ ᠤᠨ ᠳᠤᠮᠳᠠᠴᠢ ᠬᠡᠪᠴᠢᠶ᠎ᠡ 7000 | ᠲᠦᠮᠡᠨ ᠲᠥᠭᠦᠷᠢᠭ ᠲᠤ ᠬᠦᠷᠬᠦ ᠦᠭᠡᠢ᠂ ᠳᠠᠶᠢᠴᠢᠯᠠᠬᠤ ᠦᠢᠯᠡᠳᠦᠯ ᠨᠡᠯᠢᠶᠡᠳ ᠪᠠᠭᠤᠷᠠᠢ ᠪᠠᠶᠢᠨ᠎ᠠ᠃ ᠬᠡᠷᠡᠭᠯᠡᠭᠡᠨ ᠤ | ᠵᠠᠬ᠎ᠠ ᠳᠡᠯᠭᠡᠭᠦᠷ ᠤᠨ ᠪᠠᠭᠲᠠᠭᠠᠮᠵᠢ ᠨᠡᠯᠢᠶᠡᠳ᠋ ᠪᠠᠭ᠎ᠠ᠂ ᠨᠡᠮᠡᠭᠳᠡᠯ ᠤᠨ ᠬᠤᠷᠳᠤᠴᠠ ᠨᠢ ᠨᠡᠯᠢᠶᠡᠳ᠋ ᠤᠳᠠᠭᠠᠨ ᠪᠠᠶᠢᠨ᠎ᠠ᠃ | ᠭᠤᠷᠪᠠ ᠳᠤ ᠡᠬᠢ ᠪᠠᠶᠠᠯᠢᠭ ᠢ ᠠᠰᠢᠭᠯᠠᠬᠤ ᠲᠠᠯ᠎ᠠ ᠪᠠᠷ ᠪᠦᠳᠦᠭᠦᠯᠢᠭ᠂ ᠰᠢᠨ᠎ᠡ ᠶᠢ ᠡᠭᠦᠳᠬᠦ ᠲᠠᠯ᠎ᠠ ᠪᠠᠷ ᠬᠦᠷᠦᠯᠴᠡᠬᠦ | ᠦᠭᠡᠶ ᠪᠠᠶᠢᠨ᠎ᠠ᠃ ᠭᠠᠵᠠᠷ ᠰᠢᠷᠣᠶ᠂ ᠤᠰᠤ᠂ ᠠᠭᠤᠷᠬᠠᠢ ᠶᠢᠨ ᠡᠬᠢ ᠪᠠᠶᠠᠯᠢᠭ ᠵᠡᠷᠭᠡ ᠬᠦᠴᠦᠨ ᠵᠦᠢᠯ ᠤᠨ | ᠬᠡᠷᠡᠭᠯᠡᠯᠲᠡ ᠮᠥᠨ ᠬᠦ ᠳᠥᠭᠦᠮ ᠪᠦᠳᠦᠭᠦᠯᠢᠭ ᠪᠠᠶᠢᠵᠤ᠂ ᠡᠨᠧᠷᠭᠢ ᠶᠢᠨ ᠬᠤᠷᠣᠭᠳᠠᠯ ᠶᠡᠬᠡᠲᠡᠶ 67 ᠠᠵᠤ ᠠᠬᠤᠶᠢᠯᠠᠯ | ᠪᠥᠬᠦ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ 54% ᠶᠢ ᠡᠵᠡᠯᠡᠵᠦ᠂ | ᠡᠨᠧᠷᠭᠢ ᠶᠢᠨ ᠬᠤᠷᠣᠭᠳᠠᠯ ᠤᠨ ᠡᠵᠡᠯᠡᠬᠦ ᠬᠠᠷᠢᠴᠠᠯ ᠨᠢ 98% ᠳᠤ ᠬᠦᠷᠴᠡᠶ᠃ ᠰᠢᠨᠵᠢᠯᠡᠬᠦ ᠤᠬᠠᠭᠠᠨ ᠤ | ᠰᠤᠳᠤᠯᠤᠯ ᠤᠨ ᠬᠦᠴᠦᠨ ᠪᠠᠭᠤᠷᠠᠶ᠂ ᠰᠢᠨ᠎ᠡ ᠶᠢ ᠡᠭᠦᠳᠬᠦ ᠲᠠᠪᠴᠠᠩ ᠪᠣᠯᠪᠠᠰᠤᠷᠠᠩᠭᠤᠶ ᠪᠤᠰᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠴᠥᠭᠡᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠦᠷ᠎ᠡ ᠪᠦᠲᠦᠭᠡᠯ ᠢ ᠪᠣᠳᠠᠲᠠᠶᠢᠵᠢᠭᠤᠯᠤᠨ ᠬᠡᠷᠡᠭᠯᠡᠭᠰᠡᠨ ᠲᠠᠯ᠎ᠠ ᠪᠠᠷ ᠬᠦᠷᠦᠯᠴᠡᠬᠦ ᠦᠭᠡᠶ ᠪᠠᠶᠢᠨ᠎ᠠ᠃ ᠳᠥᠷᠪᠡ ᠳᠤ | ᠬᠥᠭᠵᠢᠯᠲᠡ ᠶᠢᠨ ᠣᠷᠴᠢᠨ ᠲᠣᠭᠤᠷᠢᠨ ᠨᠢ ᠰᠢᠯᠢᠳᠡᠭ ᠪᠤᠰᠤ᠂ ᠴᠢᠳᠠᠪᠤᠷᠢᠲᠠᠨ ᠬᠦᠷᠦᠯᠴᠡᠬᠦ ᠦᠭᠡᠶ ᠪᠠᠶᠢᠨ᠎ᠠ᠃ | ᠢᠲᠡᠭᠡᠮᠵᠢ ᠶᠢᠨ ᠰᠢᠰᠲ᠋ᠧᠮᠵᠢ ᠪᠦᠷᠢᠨᠰᠢᠭᠰᠡᠨ ᠦᠭᠡᠶ᠂ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ | ᠪᠣᠳᠠᠲᠠᠶᠢᠵᠢᠭᠤᠯᠤᠭᠰᠠᠨ ᠦᠭᠡᠶ ᠦᠵᠡᠭᠳᠡᠯ ᠮᠥᠨ ᠬᠦ ᠣᠷᠣᠰᠢᠵᠤ᠂ ᠦᠵᠡᠯ ᠰᠠᠨᠠᠭ᠎ᠠ ᠣᠶᠢᠯᠠᠭᠠᠭᠳᠠᠬᠤᠨ ᠢᠶᠠᠨ | ᠬᠡᠪᠰᠢᠷᠡᠭᠦᠯᠵᠦ᠂ ᠦᠨᠡᠨᠴᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠡᠭᠦᠷᠭᠡ ᠬᠦᠨᠳᠦ ᠵᠠᠮ ᠬᠤᠯᠠ | ᠪᠠᠶᠢᠭᠰᠠᠭᠠᠷ᠃ ᠴᠢᠳᠠᠪᠤᠷᠢᠲᠠᠨ ᠳᠤᠲᠠᠭᠳᠠᠵᠤ ᠪᠠᠶᠢᠭ᠎ᠠ ᠠᠰᠠᠭᠤᠳᠠᠯ ᠲᠣᠪᠤᠶᠢᠮ᠎ᠠ ᠪᠠᠶᠢᠵᠤ᠂ ᠳᠡᠭᠡᠳᠦ ᠨᠠᠷᠢᠯᠢᠭ | ᠣᠷᠦ᠋ᠢᠯᠠᠭᠰᠠᠨ ᠬᠦᠷᠢᠶᠡᠨ ᠤ ᠳᠡᠭᠡᠳᠦ ᠲᠠᠰ ᠤᠨ ᠴᠢᠳᠠᠪᠤᠷᠢᠲᠠᠨ ᠳᠤᠲᠠᠭᠳᠠᠵᠤ ᠪᠠᠶᠢᠬᠤ ᠮᠥᠷᠲᠡᠭᠡᠨ ᠪᠠᠰᠠ ᠠᠵᠤ | ᠦᠶ᠋ᠯᠡᠰ ᠤᠨ ᠬᠥᠭᠵᠢᠯᠲᠡ ᠳᠤ ᠵᠣᠬᠢᠴᠠᠬᠤ ᠮᠡᠷᠭᠡᠵᠢᠯ ᠴᠢᠳᠠᠪᠤᠷᠢ ᠶᠢᠨ ᠬᠡᠯᠪᠡᠷᠢ ᠶᠢᠨ ᠴᠢᠳᠠᠪᠤᠷᠢᠲᠠᠨ ᠴᠤ | ᠳᠤᠲᠠᠭᠳᠠᠵᠤ ᠪᠠᠶᠢᠨ᠎ᠠ᠃ ᠰᠢᠨ᠎ᠡ ᠪᠠᠶᠢᠳᠠᠯ ᠰᠢᠨ᠎ᠡ ᠡᠭᠦᠷᠭᠡ ᠶᠢᠨ ᠡᠮᠦᠨ᠎ᠡ᠂ ᠪᠢᠳᠡ ᠨᠡᠩ ᠬᠠᠨᠳᠤᠯᠭᠠᠲᠤ ᠴᠢᠨᠠᠷᠲᠠᠢ | ᠠᠷᠭ᠎ᠠ ᠬᠡᠮᠵᠢᠶ᠎ᠡ ᠠᠪᠴᠤ᠂ ᠬᠦᠴᠢᠷ ᠠᠰᠠᠭᠤᠳᠠᠯ ᠢ ᠨᠢᠭᠡᠳ ᠨᠢᠭᠡ ᠪᠠᠷ ᠰᠢᠢᠳᠪᠦᠷᠢᠯᠡᠵᠦ᠂ ᠰᠡᠳᠬᠢᠯ ᠢᠶᠠᠨ ᠨᠢᠭᠡᠳᠬᠡᠨ | ᠬᠦᠴᠦ ᠪᠠᠨ ᠬᠠᠮᠲᠤᠳᠬᠠᠵᠤ ᠪᠠᠶᠢᠭᠠᠳ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠬᠡᠷᠡᠭᠲᠡᠢ᠃ | ᠬᠤᠶᠠᠷ᠂ 2024 ᠣᠨ ᠤ ᠭᠤᠤᠯᠳᠠᠯᠭ᠎ᠠ ᠲᠠᠢ ᠠᠵᠢᠯ ᠤᠨ ᠡᠭᠦᠷᠭᠡ | 2024 ᠤᠨ ᠪᠣᠯ ᠪᠦᠬᠦ ᠠᠶᠢᠮᠠᠭ ᠤᠨ ᠠᠵᠠ ᠲᠣᠬᠢᠶᠠᠯ ᠢ ᠠᠮᠵᠢᠵᠤ᠂ ᠶᠡᠭᠡ ᠪᠠᠷ ᠬᠢᠵᠦ ᠲᠦᠷᠭᠡᠨ | ᠬᠥᠭᠵᠢᠭᠦᠯᠵᠦ᠂ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠴᠢᠬᠤᠯᠠ ᠨᠢᠭᠡ ᠵᠢᠯ ᠪᠣᠯᠤᠨ᠎ᠠ᠂ | ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠪᠠᠶᠢᠳᠠᠯ ᠢ ᠶᠡᠷᠦᠩᠬᠡᠶᠢᠯᠡᠨ ᠵᠠᠳᠠᠯᠵᠤ ᠰᠤᠳᠤᠯᠤᠨ ᠮᠠᠭᠠᠳᠯᠠᠵᠤ᠂ | ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ 10% ᠠᠴᠠ ᠳᠡᠭᠡᠭᠰᠢ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠢ 7% ᠠᠴᠠ ᠳᠡᠭᠡᠭᠰᠢ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠬᠤ ᠪᠦᠬᠦ ᠲᠤᠭ᠎ᠠ ᠶᠢ 4% ᠣᠷᠴᠢᠮ ᠢᠶᠠᠷ ᠨᠡᠮᠡᠭᠳᠡᠭᠦᠯᠵᠦ᠂ ᠡᠩ ᠤᠨ ᠣᠯᠠᠨ | ᠨᠡᠶᠢᠲᠡ ᠶᠢᠨ ᠲᠥᠰᠦᠪ ᠤᠨ ᠵᠠᠷᠤᠯᠭ᠎ᠠ ᠶᠢ 4% ᠣᠷᠴᠢᠮ ᠨᠡᠮᠡᠭᠳᠡᠭᠦᠯᠵᠦ᠂ ᠬᠤᠲᠠ ᠪᠠᠯᠭᠠᠰᠤᠨ ᠤ ᠰᠢᠨ᠎ᠡ ᠪᠠᠷ | ᠨᠡᠮᠡᠭᠳᠡᠭᠰᠡᠨ ᠠᠵᠢᠯ ᠣᠯᠭᠤᠯᠲᠠ ᠶᠢ 5000 ᠬᠥᠮᠦᠨ ᠠᠴᠠ ᠳᠡᠭᠡᠭᠰᠢ ᠨᠡᠮᠡᠭᠳᠡᠭᠦᠯᠵᠦ᠂ ᠰᠠᠭᠤᠭᠠᠯᠢ ᠠᠷᠠᠳ ᠤᠨ | ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠡᠭᠡᠨ ᠠᠳᠠᠯᠢ ᠪᠣᠯᠭᠠᠵᠤ᠂ ᠰᠠᠭᠤᠭᠠᠯᠢ | ᠠᠷᠠᠳ ᠤᠨ ᠬᠡᠷᠡᠭᠯᠡᠭᠡᠨ ᠤ ᠦᠨ᠎ᠡ ᠶᠢᠨ ᠥᠰᠥᠯᠲᠡ ᠶᠢ 3% ᠣᠷᠴᠢᠮ ᠳᠤ ᠬᠢᠵᠠᠭᠠᠷᠯᠠᠵᠤ᠂ ᠡᠨᠧᠷᠭᠢ ᠶᠢᠨ | ᠬᠤᠷᠣᠭᠳᠠᠯ ᠤᠨ ᠬᠦᠴᠦᠯᠡᠴᠡ ᠶᠢ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠡᠭᠦᠷᠭᠡ ᠶᠢᠨ ᠳᠣᠲᠣᠷ᠎ᠠ | ᠬᠢᠵᠠᠭᠠᠷᠯᠠᠨ᠎ᠠ᠃ ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠵᠦ᠂ ᠰᠢᠶᠤᠤ ᠪᠢᠩ ᠱᠦᠵᠢ ᠶᠢᠨ ᠰᠠᠶᠢᠬᠠᠨ | ᠴᠢᠬᠤᠯᠠᠴᠢᠯᠠᠭᠰᠠᠨ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠭᠤᠣᠯᠳᠠᠯᠭ᠎ᠠ ᠲᠠᠢ ᠠᠵᠢᠯ︾᠂ ︽ᠨᠢᠭᠡ | ᠭᠤᠣᠯ ᠱᠤᠭᠤᠮ︾ ᠤᠨ ᠶᠡᠷᠦᠩᠬᠡᠢ ᠪᠠᠶᠢᠷᠢᠯᠠᠭᠤᠯᠤᠯᠲᠠ ᠶᠢ ᠰᠠᠶᠢᠲᠤᠷ ᠪᠡᠶᠡᠯᠡᠭᠦᠯᠬᠦ ᠳᠤ᠂ ᠪᠢᠳᠡ ᠳᠣᠣᠷᠠᠬᠢ ᠶᠢᠰᠦᠨ | ᠲᠠᠯ᠎ᠠ ᠠᠴᠠ ᠨᠠᠶᠢᠳᠠᠪᠤᠷᠢᠵᠢᠭᠤᠯᠤᠯᠲᠠ ᠶᠢ ᠦᠨᠡᠨᠬᠦ ᠰᠠᠶᠢᠲᠤᠷ ᠠᠳᠬᠤᠬᠤ ᠬᠡᠷᠡᠭᠲᠡᠢ᠃ | ᠨᠢᠭᠡᠳᠦᠭᠡᠷ ᠲᠤ᠂ ᠲᠦᠷᠦᠯ ᠵᠦᠢᠯ ᠤᠨ ᠪᠡᠯᠡ ᠣᠷᠤᠭᠤᠯᠤᠯᠲᠠ ᠲᠠᠢ ᠨᠢᠭᠲᠠ ᠤᠶᠠᠯᠳᠤᠭᠤᠯᠤᠨ | ᠨᠠᠶᠢᠳᠠᠪᠤᠷᠢᠵᠢᠭᠤᠯᠤᠯᠲᠠ ᠶᠢ ᠠᠳᠬᠤᠨ᠎ᠠ | ︽ᠲᠣᠭᠲᠠᠭᠤᠨ ᠤ ᠳᠤᠮᠳᠠ ᠤᠷᠤᠭᠰᠢᠯᠠᠬᠤ᠂ ᠤᠷᠤᠭᠰᠢᠯᠠᠬᠤ ᠪᠠᠷ ᠲᠣᠭᠲᠠᠭᠤᠨ ᠢ ᠠᠬᠢᠭᠤᠯᠬᠤ︾ ᠶᠢ | ᠪᠠᠷᠢᠮᠲᠠᠯᠠᠵᠤ᠂ ᠪᠦᠲᠦᠮᠵᠢᠲᠡᠢ ᠪᠡᠯᠡ ᠣᠷᠣᠭᠤᠯᠤᠯᠲᠠ ᠶᠢ ᠬᠦᠴᠦᠯᠡᠨ ᠥᠷᠭᠡᠳᠬᠡᠵᠦ᠂ ︽ᠲᠣᠭᠲᠠᠭᠤᠨ︾ ᠤ | ᠰᠠᠭᠤᠷᠢ ᠶᠢ ᠪᠠᠬᠢᠵᠢᠭᠦᠯᠵᠦ᠂ ︽ᠤᠷᠤᠭᠰᠢᠯᠠᠬᠤ︾ ᠬᠥᠳᠡᠯᠭᠡᠬᠦ ᠬᠦᠴᠦᠨ ᠢ ᠬᠥᠭᠵᠢᠭᠡᠵᠦ᠂ ᠠᠵᠤ ᠠᠬᠤᠢ ᠶᠢᠨ ᠶᠠᠰᠤ | ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢᠨ ᠵᠣᠬᠢᠰᠲᠠᠢ ᠨᠡᠮᠡᠭᠳᠡᠯ ᠢ ᠪᠡᠶᠡᠯᠡᠭᠦᠯᠬᠦ ᠳᠤ ᠬᠦᠴᠦᠨ | ᠨᠡᠮᠡᠷᠢᠯᠡᠨ᠎ᠡ᠃ | ᠨᠢᠭᠡ ᠳᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠰᠠᠶᠢᠲᠤᠷ ᠠᠳᠬᠤᠨ᠎ᠠ᠃ ᠠᠵᠠ | ᠲᠣᠬᠢᠶᠠᠯ ᠢ ᠵᠠᠪᠳᠤᠨ᠂ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠬᠤ ᠳᠤ ᠲᠦᠰᠢᠭᠯᠡᠨ ᠪᠡᠯᠡ ᠣᠷᠣᠭᠤᠯᠤᠯᠲᠠ ᠶᠢᠨ | ᠨᠡᠮᠡᠭᠳᠡᠯ ᠢ ᠠᠬᠢᠭᠤᠯᠤᠨ᠎ᠠ᠃ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠰᠠᠨᠠᠯ︾ ︽ | ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠳᠤ ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠬᠡᠷᠡᠭᠵᠢᠭᠦᠯᠬᠦ ᠲᠥᠰᠦᠯ︾ ᠵᠡᠷᠭᠡ ᠠᠰᠢᠭᠲᠠᠶ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠢᠵᠢ ᠪᠥᠷᠢᠳᠦᠭᠦᠯᠬᠦ ᠲᠥᠰᠦᠯ ᠢ ᠨᠠᠷᠢᠯᠢᠬᠵᠢᠭᠤᠯᠤᠨ | ᠲᠡᠭᠦᠯᠳᠡᠷᠵᠢᠭᠦᠯᠬᠦ ᠪᠠ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠤᠯᠠᠮ ᠨᠢᠭᠡ ᠠᠯᠬᠤᠮ | ᠰᠠᠶᠢᠲᠤᠷ ᠠᠳᠬᠤᠵᠤ᠂ ᠬᠤᠶᠠᠷ ᠵᠦᠢᠯ ᠤᠨ ᠲᠥᠷᠥ ᠶᠢᠨ ᠪᠣᠳᠣᠯᠭ᠎ᠠ ᠶᠢ ᠲᠣᠳᠣᠷᠬᠠᠶ ᠳᠡᠮᠵᠢᠵᠦ ᠮᠠᠨ ᠤ ᠠᠶᠢᠮᠠᠭ ᠤᠨ | 33 ᠵᠦᠢᠯ ᠤᠨ ᠴᠢᠬᠤᠯᠠ ᠶᠡᠭᠡ ᠵᠦᠢᠯᠡᠰ ᠢ ︽ᠡᠳ᠋ᠯᠠᠪᠡᠰᠦ ᠵᠣᠬᠢᠬᠤ ᠶᠢ ᠨᠢ ᠪᠦᠬᠦᠨ ᠢ ᠡᠳ᠋ᠯᠡᠭᠦᠯᠵᠦ᠂ ᠤᠯᠤᠰ ᠤᠨ | ᠲᠠᠰ ᠤᠨ ᠣᠲᠣ ᠦᠶ᠎ᠡ ᠶᠢᠨ ᠮᠠᠯ ᠠᠵᠤ ᠠᠬᠤᠶ ᠶᠢᠨ ᠲᠤᠷᠰᠢᠯᠲᠠ ᠶᠢᠨ ᠣᠷᠣᠨ ᠪᠠ ᠪᠤᠰᠤᠳ ᠲᠦᠭᠡᠮᠡᠯ | ᠬᠠᠷᠠᠭᠠᠯᠵᠠᠯ ᠤᠨ ᠴᠢᠨᠠᠷᠲᠠᠶ ᠲᠥᠷᠥ ᠶᠢᠨ ᠪᠣᠳᠣᠯᠭ᠎ᠠ ᠳᠤ ︽ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ︾᠂ | ︽ᠰᠥᠷᠦᠨ ᠬᠡᠷᠡᠭᠵᠢᠭᠦᠯᠬᠦ︾ ᠶᠢ ᠪᠡᠶᠡᠯᠡᠭᠦᠯᠵᠦ᠂ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠶᠢ ᠬᠠᠮᠤᠭ ᠤᠨ | ᠶᠡᠭᠡ ᠪᠣᠯᠭᠠᠬᠤ ᠶᠢ ᠪᠡᠶᠡᠯᠡᠭᠦᠯᠬᠦ ᠬᠡᠷᠡᠭᠲᠡᠶ᠃ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠠᠴᠠ ᠭᠠᠷᠭᠠᠭᠰᠠᠨ | ᠲᠥᠷᠥ ᠶᠢᠨ ᠪᠣᠳᠣᠯᠭ᠎ᠠ ᠶᠢᠨ ᠳᠣᠬᠢᠶ᠎ᠠ ᠪᠠ ᠤᠯᠤᠰ ᠤᠨ ᠶᠠᠮᠤᠨ ᠵᠥᠪᠯᠡᠯ ᠤᠨ ᠢᠵᠢ ᠪᠥᠷᠢᠳᠦᠭᠦᠯᠬᠦ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠳᠤ ᠴᠢᠭᠯᠡᠭᠦᠯᠦᠨ᠂ ᠲᠥᠷᠥ ᠶᠢᠨ ᠪᠣᠳᠣᠯᠭ᠎ᠠ ᠶᠢᠨ ᠬᠠᠨᠳᠤᠰᠢ ᠶᠢ ᠴᠢᠩᠭ᠎ᠠ | ᠠᠩᠬᠠᠷᠴᠤ᠂ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ | ᠰᠤᠳᠤᠯᠤᠨ ᠨᠠᠷᠢᠯᠢᠬᠵᠢᠭᠤᠯᠵᠤ᠂ ᠲᠣᠰ ᠲᠣᠰ ᠨᠠᠶᠢᠳᠠᠪᠤᠷᠢᠵᠢᠭᠤᠯᠬᠤ ᠨᠠᠷᠢᠨ ᠲᠠᠩᠰᠠ ᠶᠢ ᠪᠣᠶ ᠪᠣᠯᠭᠠᠵᠤ᠂ | ᠲᠥᠷᠥ ᠶᠢᠨ ᠪᠣᠳᠣᠯᠭ᠎ᠠ ᠶᠢ ︽ᠴᠠᠭᠠᠰᠤᠨ ᠳᠡᠭᠡᠷ᠎ᠡ︾ ᠠᠴᠠ ᠪᠣᠳᠠᠲᠠᠶ ᠲᠥᠷᠥᠯ ᠵᠦᠢᠯ ᠳᠡᠭᠡᠷ᠎ᠡ | ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ | ᠬᠤᠶᠠᠷ ᠲᠤ᠂ ᠪᠦᠲᠦᠮᠵᠢᠲᠡᠢ ᠪᠡᠯᠡ ᠣᠷᠣᠭᠤᠯᠤᠯᠲᠠ ᠶᠢ ᠪᠦᠬᠦ ᠬᠦᠴᠦᠨ ᠢᠶᠠᠷ ᠢᠶᠠᠨ ᠥᠷᠭᠡᠳᠬᠡᠨ᠎ᠡ᠃ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠡᠷᠲᠡ ᠠᠴᠠ ᠪᠣᠳᠠᠲᠠᠢ ᠠᠳᠬᠤᠬᠤ ᠬᠡᠷᠡᠭᠲᠡᠢ᠃ 366 ᠳ᠋ᠦᠩᠰᠢᠭᠤᠷ | ᠲᠥᠭᠦᠷᠢᠭ ᠤᠨ ᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠠᠷᠠᠯᠲᠠ ᠶᠢ ᠲᠣᠭᠲᠠᠭᠠᠵᠤ᠂ | 194 ᠴᠢᠬᠤᠯᠠ ᠶᠡᠭᠡ ᠲᠥᠷᠥᠯ ᠵᠦᠢᠯ ᠢ ᠠᠶᠢᠮᠠᠭ ᠤᠨ ᠱᠠᠲᠤᠨ ᠠᠴᠠ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠨ᠂ | 20 ᠲᠥᠷᠥᠯ ᠵᠦᠢᠯ ᠢ ᠲᠤᠰᠬᠠᠶ ᠠᠩᠭᠢ ᠪᠠᠷ ᠠᠬᠢᠭᠤᠯᠵᠤ᠂ ᠡᠮᠦᠨᠡᠬᠢ ᠬᠤᠭᠤᠴᠠᠭᠠᠨ ᠤ ᠭᠠᠷᠳᠠᠮ ᠢ ︽ | ᠲᠥᠪᠯᠡᠷᠡᠭᠦᠯᠦᠨ ᠬᠢᠨᠠᠨ ᠵᠥᠪᠰᠢᠶᠡᠷᠡᠬᠦ︾ ᠠᠵᠢᠯᠯᠠᠭ᠎ᠠ ᠶᠢ ᠥᠷᠨᠢᠭᠦᠯᠦᠨ᠂ ᠴᠢᠬᠤᠯᠠ ᠶᠡᠭᠡ ᠲᠥᠷᠥᠯ ᠵᠦᠢᠯ ᠤᠨ | ᠬᠠᠪᠤᠷ ᠤᠨ ᠡᠬᠢ ᠪᠠᠷ ᠠᠵᠢᠯ ᠡᠬᠢᠯᠡᠭᠦᠯᠬᠦ ᠶᠢ ᠦᠨᠡᠨᠬᠦ ᠪᠠᠲᠤᠯᠠᠨ᠎ᠠ᠃ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢ ᠴᠢᠩᠳᠠᠯᠠᠵᠤ᠂ ᠦᠷ᠎ᠡ ᠠᠰᠢᠭ ᠢᠶᠠᠷ ᠳᠣᠤᠷ᠎ᠠ ᠪᠥᠭᠡᠳ | ᠬᠦᠴᠦᠨ ᠦᠭᠡᠶ ᠪᠡᠯᠡ ᠣᠷᠣᠭᠤᠯᠤᠯᠲᠠ ᠶᠢ ᠡᠷᠡᠰ ᠬᠤᠷᠢᠭᠯᠠᠨ᠎ᠠ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ | ᠪᠤᠵᠠᠭᠠᠶᠢᠷᠠᠭᠤᠯᠤᠨ ᠰᠢᠯᠢᠳᠡᠭᠵᠢᠭᠦᠯᠬᠦ ᠬᠡᠷᠡᠭᠲᠡᠢ᠃ 7 ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ | ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠳᠬᠠᠬᠤ ᠶᠢ ᠢᠳᠡᠪᠬᠢᠲᠡᠶ ᠰᠠᠶᠢᠲᠤᠷ | ᠬᠢᠵᠦ᠂ ᠥᠨᠳᠥᠷ ᠠᠴᠢᠶᠠᠯᠠᠪᠤᠷᠢ ᠶᠢᠨ ᠠᠵᠢᠯ ᠲᠥᠷᠥᠯ ᠤᠨ ᠠᠵᠤ ᠦᠢᠯᠡᠰ ᠤᠨ ᠰᠢᠯᠵᠢᠯᠲᠡ ᠶᠢ ᠵᠣᠯᠭᠠᠭᠤᠯᠬᠤ | ᠠᠵᠢᠯ ᠢ ᠰᠠᠶᠢᠲᠤᠷ ᠬᠢᠵᠦ᠂ ︽ᠡᠪᠦᠯ ᠬᠠᠪᠤᠷ ᠤᠨ ᠰᠢᠪᠲᠤᠯᠤᠯᠲᠠ᠂ ᠰᠠᠮᠪᠠᠷ᠎ᠠ ᠶᠢ ᠵᠠᠷᠯᠠᠨ ᠪᠠᠶᠢᠯᠳᠤᠬᠤ᠂ ᠭᠤᠤᠯ | ᠮᠠᠷᠱᠠᠯ ᠲᠠᠲᠠᠪᠤᠷᠢᠯᠠᠬᠤ᠂ ᠬᠢᠩᠭᠠᠨ ᠤ ᠬᠤᠷᠰᠢᠭᠴᠢ︾ ᠳᠥᠷᠪᠡᠨ ᠲᠤᠰᠬᠠᠶ ᠠᠵᠢᠯᠯᠠᠭ᠎ᠠ ᠶᠢ ᠥᠷᠨᠢᠭᠦᠯᠵᠦ᠂ ︽ | ᠭᠠᠳᠠᠭᠰᠢ ᠭᠠᠷᠬᠤ︾ ︽ᠤᠷᠢᠵᠤ ᠠᠪᠴᠢᠷᠠᠬᠤ︾ ᠨᠠᠷᠢᠯᠢᠭ ᠣᠨᠣᠴᠠᠲᠠᠶ ᠪᠠᠷ ᠬᠤᠳᠠᠯᠳᠤᠭᠠᠴᠢᠨ ᠤᠷᠢᠬᠤ | ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠭᠤᠤᠯ ᠠᠵᠤ ᠠᠬᠤᠶᠢᠯᠠᠯ | 2᠂ ᠳ᠋ᠦᠩᠰᠢᠭᠤᠷ ᠲᠥᠭᠦᠷᠢᠭ ᠢ ᠳᠠᠪᠠᠭᠰᠠᠨ ᠲᠥᠷᠥᠯ ᠵᠦᠢᠯ 40᠂ ᠮᠢᠩᠭᠠᠨ ᠲᠦᠮᠡᠨ ᠲᠥᠭᠦᠷᠢᠭ ᠢ ᠳᠠᠪᠠᠭᠰᠠᠨ | ᠲᠥᠷᠥᠯ ᠵᠦᠢᠯ ᠢ 200 ᠣᠷᠣᠭᠤᠯᠤᠨ ᠠᠪᠴᠢᠷᠠᠬᠤ ᠪᠠᠷ ᠴᠢᠷᠮᠠᠶᠢᠵᠤ᠂ ᠰᠢᠢᠳᠪᠦᠷᠢᠯᠡᠵᠦ ᠳᠠᠭᠤᠰᠬᠠᠬᠤ ᠨᠣᠷᠮ᠎ᠠ᠂ | ᠠᠵᠢᠯ ᠡᠬᠢᠯᠡᠭᠦᠯᠬᠦ ᠨᠣᠷᠮ᠎ᠠ᠂ ᠪᠠᠯᠠ ᠮᠥᠩᠭᠦ ᠶᠢ ᠪᠣᠳᠠᠲᠠᠶᠢᠵᠢᠭᠤᠯᠬᠤ ᠨᠣᠷᠮ᠎ᠠ ᠶᠢ ᠨᠢᠭᠡ ᠳᠠᠬᠢᠨ ᠨᠡᠮᠡᠭᠳᠡᠭᠦᠯᠬᠦ ᠪᠠᠷ | ᠴᠢᠷᠮᠠᠶᠢᠵᠤ᠂ ︽ᠰᠢᠨ᠎ᠡ ᠪᠠᠷ ᠭᠡᠷ᠎ᠡ ᠲᠣᠭᠲᠠᠭᠰᠠᠨ ᠲᠥᠷᠥᠯ ᠵᠦᠢᠯ ᠤᠨ ᠶᠡᠷᠦᠩᠬᠡᠶ ᠬᠡᠮᠵᠢᠶ᠎ᠡ᠂ ᠶᠡᠭᠡ ᠬᠦᠴᠦᠷᠬᠡᠭ ᠢ | ᠡᠯᠰᠡᠬᠦ᠂ ᠰᠢᠨ᠎ᠡ ᠪᠠᠷ ᠭᠡᠷ᠎ᠡ ᠲᠣᠭᠲᠠᠭᠰᠠᠨ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢᠨ ᠨᠣᠷᠮ᠎ᠠ︾ ᠶᠢ | ᠭᠤᠷᠪᠠᠨ ᠳᠠᠬᠢᠨ ᠢᠶᠠᠷ ᠨᠡᠮᠡᠭᠳᠡᠭᠦᠯᠬᠦ ᠶᠢ ᠪᠡᠶᠡᠯᠡᠭᠦᠯᠦᠨ᠎ᠡ᠃ | ᠬᠤᠶᠠᠳᠤᠭᠠᠷ ᠲᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠲᠠᠢ ᠨᠢᠭᠲᠠ ᠤᠶᠠᠯᠳᠤᠭᠤᠯᠤᠨ | ᠨᠠᠶᠢᠳᠠᠪᠤᠷᠢᠵᠢᠭᠤᠯᠤᠯᠳᠠ ᠶᠢ ᠠᠳᠬᠤᠨ᠎ᠠ | ︽ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ᠂ ᠪᠣᠬᠢᠷᠲᠤᠯ ᠥᠬᠡᠶ ᠬᠥᠭᠵᠢᠭᠦᠯᠬᠦ︾ ᠶᠢ ᠪᠠᠷᠢᠮᠲᠠᠯᠠᠵᠤ᠂ | ᠵᠠᠰᠠᠯᠲᠠ ᠶᠢ ᠪᠥᠬᠦ ᠬᠦᠴᠦᠨ ᠢᠶᠠᠷ ᠢᠶᠠᠨ ᠠᠳᠬᠤᠵᠤ᠂ ᠬᠠᠮᠠᠭᠠᠯᠠᠯᠲᠠ ᠶᠢ ᠴᠢᠩᠭᠠᠳᠬᠠᠨ᠂ ᠬᠤᠪᠢᠷᠠᠭᠤᠯᠬᠤ ᠶᠢ | ᠠᠬᠢᠭᠤᠯᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ | ᠴᠡᠭ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ | ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠨ᠎ᠠ᠃ | ᠨᠢᠭᠡ ᠳᠤ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ | ᠭᠡᠷᠡᠯ ᠢ ᠨᠢᠭᠡ ᠴᠣᠭᠴᠠᠵᠢᠭᠤᠯᠬᠤ ᠢᠨᠵᠧᠨᠧᠷᠢᠩ ᠢ ᠰᠠᠶᠢᠲᠤᠷ ᠠᠳᠬᠤᠨ᠎ᠠ᠃ ᠬᠤᠷᠴᠢᠨ ᠤ ᠡᠯᠡᠰᠦᠷᠬᠡᠭ ᠭᠠᠵᠠᠷ ᠢ | ᠤᠰᠠᠳᠬᠠᠬᠤ ᠳᠠᠶᠢᠨ ᠳᠤ ᠢᠯᠠᠯᠲᠠ ᠣᠯᠬᠤ ᠶᠢᠨ ᠲᠣᠭᠤᠷᠢᠨ ᠳᠤ᠂ 5.8 ᠲᠦᠮᠡᠨ ᠮᠦ ᠢᠯᠡ ᠪᠠᠶᠢᠭ᠎ᠠ ᠡᠯᠡᠰᠦᠷᠬᠡᠭ | ᠭᠠᠵᠠᠷ ᠢ ᠭᠤᠣᠯᠳᠠᠯᠭ᠎ᠠ ᠲᠠᠢ ᠵᠠᠰᠠᠵᠤ᠂ 603 ᠲᠠᠷᠢᠶᠠᠨ ᠭᠠᠵᠠᠷ ᠢ ᠪᠦᠬᠦᠨ ᠢ ᠤᠰᠠᠳᠬᠠᠬᠤ ᠶᠢ ᠦᠨᠡᠨᠬᠦ ᠪᠠᠲᠤᠯᠠᠵᠤ | ᠂ ︽ᠨᠣᠭᠤᠭᠠᠨ ᠳᠤᠮᠳᠠ ᠰᠢᠷ᠎ᠠ ᠦᠭᠡᠢ ᠪᠠᠶᠢᠬᠤ︾ ᠬᠠᠷᠠᠯᠲᠠ ᠶᠢ ᠤᠷᠢᠳᠠᠪᠠᠷ ᠪᠡᠶᠡᠯᠡᠭᠦᠯᠦᠨ᠎ᠡ᠃ ᠶᠡᠷᠦᠩᠬᠡᠶ ᠪᠡᠯᠡ | ᠣᠷᠣᠭᠤᠯᠤᠯᠲᠠ ᠶᠢ 1.4 ᠳ᠋ᠦᠩᠰᠢᠭᠤᠷ ᠲᠥᠭᠦᠷᠢᠭ ᠤᠯᠬᠤ ᠪᠠᠷ ᠢᠳᠡᠪᠬᠢᠲᠡᠶ ᠴᠢᠷᠮᠠᠶᠢᠵᠤ᠂ ᠬᠢᠩᠭᠠᠨ ᠠᠶᠢᠮᠠᠭ ᠤᠨ | ᠬᠤᠷᠴᠢᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠢ 18.15 ᠲᠦᠮᠡᠨ ᠮᠦ᠂ | ᠡᠯᠡᠰᠦᠷᠬᠡᠭᠵᠢᠭᠰᠡᠨ ᠪᠤᠰᠤ ᠭᠠᠵᠠᠷ ᠰᠢᠷᠣᠶ ᠶᠢᠨ ᠠᠮᠢ ᠠᠬᠤᠶ ᠶᠢ 3.2 ᠲᠦᠮᠡᠨ ᠮᠦ ᠶᠡᠷᠦᠩᠬᠡᠶᠢᠯᠡᠨ ᠵᠠᠰᠠᠬᠤ ᠶᠢ | ᠪᠡᠶᠡᠯᠡᠭᠦᠯᠵᠦ᠂ ᠪᠠᠭ᠎ᠠ ᠬᠡᠯᠪᠡᠷᠢ ᠶᠢᠨ ᠤᠰᠤᠨ ᠠᠰᠢᠭᠯᠠᠯᠲᠠ ᠤᠰᠤᠨ ᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ | 130 ᠪᠠᠶᠢᠭᠤᠯᠪᠠ᠃ 60 ᠲᠦᠮᠡᠨ ᠺᠢᠯᠣᠸᠠᠲ ᠤᠨ ︽ᠬᠡᠷᠡᠯ ᠴᠡᠨᠡᠭ ᠢᠶᠠᠷ ᠡᠯᠡᠰᠦ ᠶᠢ ᠵᠠᠰᠠᠬᠤ ᠲᠥᠷᠥᠯ ᠵᠦᠢᠯ︾ | ᠢ ᠲᠥᠯᠥᠪᠯᠡᠨ ᠬᠡᠷᠡᠭᠵᠢᠭᠦᠯᠵᠦ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ | ᠬᠥᠲᠥᠯᠦᠨ ᠵᠢᠯᠣᠭᠤᠳᠬᠤ ᠰᠠᠭᠤᠷᠢ ᠮᠥᠩᠭᠦ ᠶᠢ ᠪᠠᠶᠢᠭᠤᠯᠤᠨ᠂ ᠠᠵᠤ ᠠᠬᠤᠶᠢᠯᠠᠯ ᠤᠨ ᠢᠳᠡᠪᠬᠢᠵᠢᠯ ᠢ ᠬᠠᠮᠤᠭ ᠤᠨ | ᠶᠡᠭᠡ ᠬᠡᠮᠵᠢᠶ᠎ᠡ ᠪᠠᠷ ᠳᠡᠭᠡᠭᠰᠢᠯᠡᠭᠦᠯᠵᠦ᠂ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠵᠡᠷᠭᠡ ᠠᠷᠭ᠎ᠠ | ᠮᠠᠶ᠋ᠢᠭ ᠢᠶᠠᠷ ᠲᠤᠬᠠᠶ ᠶᠢᠨ ᠭᠠᠵᠠᠷ ᠤᠨ ᠣᠯᠠᠨ ᠲᠦᠮᠡᠨ ᠤ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠡᠯᠡᠰᠦᠷᠬᠡᠭ | ᠭᠠᠵᠠᠷ ᠤᠨ ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠠᠵᠤ ᠠᠬᠤᠶᠢᠯᠠᠯ ᠤᠨ ᠦᠷ᠎ᠡ ᠠᠰᠢᠭ ᠢ ᠨᠡᠮᠡᠭᠳᠡᠭᠦᠯᠬᠦ᠂ ᠣᠯᠠᠨ | ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃ | ᠬᠤᠶᠠᠷ ᠲᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠪᠠ᠃ ᠡᠯ᠎ᠡ | ᠲᠥᠷᠥᠯ ᠤᠨ ᠲᠥᠯᠥᠪᠵᠢᠭᠦᠯᠭᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠠᠮᠢ ᠠᠬᠤᠢ ᠶᠢᠨ | ᠲᠥᠯᠥᠪᠵᠢᠭᠦᠯᠭᠡ ᠶᠢᠨ ᠰᠢᠰᠲ᠋ᠧᠮᠲᠦ ᠴᠢᠨᠠᠷ ᠪᠠ ᠠᠪᠤᠴᠠᠯᠳᠤᠯ ᠤᠨ ᠴᠢᠨᠠᠷ ᠢ ᠳᠡᠭᠡᠭᠰᠢᠯᠡᠭᠦᠯᠬᠦ ᠶᠢᠨ ᠲᠣᠭᠤᠷᠢᠨ ᠳᠤ᠂ | ᠡᠯ᠎ᠡ ᠲᠥᠷᠥᠯ ᠤᠨ ᠲᠥᠯᠥᠪᠵᠢᠭᠦᠯᠭᠡ ᠶᠢ ᠵᠣᠯᠭᠠᠭᠤᠯᠬᠤ ᠪᠠ ᠵᠣᠬᠢᠴᠠᠭᠤᠯᠬᠤ ᠶᠢ ᠤᠯᠠᠮ ᠨᠢᠭᠡ ᠠᠯᠬᠤᠮ | ᠴᠢᠩᠭᠠᠳᠬᠠᠵᠤ᠂ ᠠᠷᠭ᠎ᠠ ᠪᠣᠳᠣᠯᠭ᠎ᠠ ᠪᠠᠶᠢᠷᠢᠯᠠᠭᠤᠯᠤᠯᠲᠠ ᠶᠢ ᠴᠢᠩᠭᠠᠳᠬᠠᠬᠤ ᠪᠠᠷ ᠳᠠᠮᠵᠢᠭᠤᠯᠤᠨ ᠡᠯ᠎ᠡ ᠪᠣᠭᠤᠮᠲᠠ | ᠰᠢᠪᠲᠤᠯᠬᠤ ᠳᠠᠶᠢᠯᠠᠯᠳᠤᠭᠠᠨ᠂ ᠡᠯ᠎ᠡ ᠵᠦᠢᠯ ᠤᠨ ᠴᠢᠬᠤᠯᠠ ᠶᠡᠭᠡ ᠢᠨᠵᠧᠨᠧᠷᠢᠩ᠂ ᠡᠯ᠎ᠡ ᠲᠥᠷᠥᠯ ᠤᠨ ᠠᠮᠢ | ᠠᠬᠤᠢ ᠶᠢᠨ ᠡᠯᠧᠮᠧᠨ᠋ᠲ ᠢ ᠨᠢᠭᠡ ᠴᠣᠭᠴᠠᠵᠢᠭᠤᠯᠤᠨ ᠠᠬᠢᠭᠤᠯᠵᠤ᠂ ᠨᠢᠭᠡ ᠵᠢᠷᠤᠭ ᠢ ᠪᠦᠬᠦᠨ ᠢ ᠦᠵᠡᠵᠦ᠂ ᠨᠢᠭᠡ | ᠬᠠᠷᠠᠭ᠎ᠠ ᠶᠢ ᠲᠣᠳᠣᠷᠬᠠᠢ ᠪᠣᠯᠭᠠᠵᠤ᠂ ᠤᠰᠤ ᠶᠢ ᠵᠠᠰᠠᠬᠤ ᠳᠤ ᠵᠥᠪᠬᠡᠨ ᠤᠰᠤ ᠶᠢ ᠵᠠᠰᠠᠬᠤ᠂ ᠲᠠᠷᠢᠶᠠᠨ ᠭᠠᠵᠠᠷ ᠢ | ᠬᠠᠮᠠᠭᠠᠯᠠᠬᠤ ᠳᠤ ᠳᠠᠩ ᠭᠠᠭᠴᠠ ᠲᠠᠷᠢᠶᠠᠨ ᠭᠠᠵᠠᠷ ᠢ ᠬᠠᠮᠠᠭᠠᠯᠠᠬᠤ ᠠᠴᠠ ᠵᠠᠶᠢᠯᠠᠰᠬᠢᠬᠦ ᠬᠡᠷᠡᠭᠲᠡᠢ᠃ ᠭᠤᠣᠯᠳᠠᠯᠭ᠎ᠠ ᠲᠠᠢ | ᠠᠮᠢ ᠠᠬᠤᠢ ᠶᠢᠨ ᠢᠨᠵᠧᠨᠧᠷᠢᠩ ᠢ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ︽ᠭᠤᠷᠪᠠᠨ ᠤᠮᠠᠷᠠᠲᠤ︾ | ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠢᠵᠢ ᠪᠦᠷᠢᠳᠦᠭᠦᠯᠬᠦ | ᠪᠡᠯᠡ ᠮᠥᠩᠭᠦ ᠶᠢ ᠢᠳᠡᠪᠬᠢᠯᠡᠨ ᠣᠯᠵᠤ᠂ ᠤᠯᠤᠰ ᠤᠨ ᠨᠥᠭᠡᠴᠡᠯᠡᠭᠰᠡᠨ ᠤᠢ ᠵᠡᠷᠭᠡ ᠭᠤᠣᠯᠳᠠᠯᠭ᠎ᠠ ᠲᠠᠢ ᠠᠮᠢ | ᠠᠬᠤᠶ ᠶᠢᠨ ᠢᠨᠵᠧᠨᠧᠷᠢᠩ ᠢ ᠬᠡᠷᠡᠭᠵᠢᠭᠦᠯᠵᠦ᠂ 26 ᠲᠦᠮᠡᠨ ᠮᠦ ᠮᠣᠳᠣ ᠲᠠᠷᠢᠵᠤ ᠣᠶᠢᠵᠢᠭᠤᠯᠬᠤ᠂ 130 ᠲᠦᠮᠡᠨ | ᠮᠦ ᠡᠪᠡᠰᠦ ᠲᠠᠷᠢᠵᠤ ᠰᠠᠶᠢᠵᠢᠷᠠᠭᠤᠯᠬᠤ ᠶᠢ ᠪᠡᠶᠡᠯᠡᠭᠦᠯᠵᠦ᠂ 5 ᠲᠦᠮᠡᠨ ᠮᠦ ᠭᠤᠤ ᠰᠤᠪᠠᠭ ᠤᠨ ᠪᠣᠷᠣᠭᠠᠨ ᠢ | ᠲᠥᠪᠯᠡᠷᠡᠭᠦᠯᠦᠨ ᠤᠰᠤ ᠠᠷᠪᠢᠯᠠᠬᠤ ᠰᠢᠨ᠎ᠡ ᠶᠢ ᠡᠭᠦᠳᠬᠦ 14 ᠢᠨᠵᠧᠨᠧᠷᠢᠩ ᠤᠨ ᠵᠢᠱᠢᠶ᠎ᠡ ᠦᠵᠡᠭᠦᠯᠬᠦ ᠣᠷᠣᠨ ᠢ | ᠪᠠᠶᠢᠭᠤᠯᠵᠤ᠂ ᠵᠢᠵᠢᠭ ᠰᠠᠪᠠ ᠭᠠᠵᠠᠷ ᠤᠨ ᠬᠥᠷᠥᠰᠥ ᠰᠢᠷᠣᠶ ᠶᠢᠨ ᠢᠳᠡᠭᠳᠡᠯ ᠤᠨ ᠲᠠᠯᠠᠪᠠᠢ ᠶᠢ 120 ᠲᠡᠭᠰᠢ | ᠳᠥᠷᠪᠡᠯᠵᠢᠨ ᠺᠢᠯᠣᠮᠧᠳ᠋ᠷ᠂ ᠢᠳᠡᠭᠳᠡᠭᠰᠡᠨ ᠭᠤᠤ ᠶᠢ 1254 ᠵᠤᠷᠪᠤᠰ ᠵᠠᠰᠠᠵᠤ᠂ ︽ᠬᠤᠳᠠ ᠶᠢᠨ ᠴᠢᠬᠢ ᠮᠣᠳᠣᠨ ᠤ | ᠬᠦᠷᠢᠶᠡᠯᠡᠩ︾ ᠢ 1200 ᠮᠦ ᠠᠴᠠ ᠳᠡᠭᠡᠭᠰᠢ ᠪᠦᠲᠦᠭᠡᠨ ᠪᠠᠶᠢᠭᠤᠯᠤᠨ᠎ᠠ᠃ ︽ᠭᠤᠷᠪᠠᠨ ᠶᠡᠭᠡ ᠬᠠᠮᠠᠭᠠᠯᠠᠯᠲᠠ ᠶᠢᠨ | ᠳᠠᠶᠢᠯᠠᠯᠳᠤᠭᠠᠨ︾ ᠢ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠠᠭᠠᠷ ᠤᠨ ᠶᠠᠰᠤ ᠴᠢᠨᠠᠷ ᠢ | ᠦᠷᠭᠦᠯᠵᠢᠯᠡᠨ ᠰᠠᠶᠢᠵᠢᠷᠠᠭᠤᠯᠬᠤ ᠠᠵᠢᠯᠯᠠᠭ᠎ᠠ ᠶᠢ ᠥᠷᠨᠢᠭᠦᠯᠵᠦ᠂ ᠶᠡᠭᠡ ᠤᠯᠠᠭᠠᠨᠬᠤᠲᠠ ᠶᠢᠨ ᠬᠤᠲᠠ ᠶᠢᠨ | ᠲᠣᠭᠤᠷᠢᠭ ᠤᠨ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠶᠢ ᠵᠠᠰᠠᠬᠤ ᠠᠵᠢᠯ ᠢ ᠰᠠᠶᠢᠲᠤᠷ ᠠᠳᠬᠤᠨ᠎ᠠ︔ | ᠭᠤᠣᠯ ᠮᠥᠷᠡᠨ ᠨᠠᠭᠤᠷ ᠴᠥᠭᠦᠷᠥᠮ ᠤᠨ ︽ᠳᠥᠷᠪᠡᠨ ᠰᠠᠮᠠᠭᠤᠨ ᠢ ᠠᠷᠢᠯᠭᠠᠬᠤ︾ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠰᠢᠶᠠᠨ ᠤ ᠱᠠᠲᠤᠨ ᠤ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠬᠤᠪᠢᠶᠠᠷᠢᠯᠠᠯ ᠤᠨ | ᠲᠣᠬᠢᠷᠠᠭᠤᠯᠤᠯᠲᠠ ᠶᠢ ᠪᠡᠶᠡᠯᠡᠭᠦᠯᠦᠨ᠎ᠡ︔ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢ | ᠶᠡᠬᠡᠪᠡᠷ ᠥᠷᠨᠢᠭᠦᠯᠵᠦ᠂ ᠲᠩᠷᠢ ᠨᠠᠩ ᠴᠡᠯᠮᠡᠭ᠂ ᠭᠠᠵᠠᠷ ᠨᠠᠩ ᠨᠣᠭᠤᠭᠠᠨ᠂ ᠤᠰᠤ ᠨᠠᠩ ᠲᠤᠩᠭᠠᠯᠠᠭ ᠪᠠᠶᠢᠬᠤ ᠶᠢ | ᠦᠨᠡᠨᠬᠦ ᠪᠠᠲᠤᠯᠠᠨ᠎ᠠ᠃ | ᠭᠤᠷᠪᠠ ᠳᠤ᠂ ᠠᠮᠢ ᠠᠬᠤᠢ ᠶᠢᠨ ᠬᠠᠮᠠᠭᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠳᠦᠷᠢᠮ | ᠲᠣᠭᠲᠠᠴᠠ ᠶᠢ ᠤᠯᠠᠮ ᠴᠢᠨᠠᠭᠰᠢᠳᠠ ᠨᠠᠶᠢᠳᠠᠪᠤᠷᠢᠵᠢᠭᠤᠯᠵᠤ᠃ ︽ᠲᠣᠮᠣ ᠠᠮᠢ ᠠᠬᠤᠶ︾ ᠶᠢᠨ ᠬᠢᠨᠠᠯᠲᠠ | ᠬᠠᠮᠢᠶᠠᠷᠤᠯᠲᠠ ᠳᠤ ᠰᠠᠭᠤᠷᠢᠯᠠᠨ᠂ ᠠᠮᠢ ᠠᠬᠤᠶ ᠶᠢᠨ ᠰᠠᠯᠠᠭ᠎ᠠ ᠮᠥᠴᠢᠷ ᠤᠨ ᠳᠣᠲᠣᠭᠠᠳᠤ ᠶᠢᠨ ᠪᠠᠶᠢᠭᠤᠯᠤᠮᠵᠢ ᠶᠢᠨ | ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ | ᠪᠠᠶᠢᠭᠤᠯᠤᠯ ᠲᠣᠭᠲᠠᠴᠠ ᠶᠢᠨ ᠬᠡᠯᠪᠡᠷᠢ ᠪᠠᠨ ᠬᠤᠪᠢᠷᠠᠭᠤᠯᠬᠤ ᠶᠢ ᠬᠠᠶᠢᠨ ᠰᠦᠪᠡᠭᠴᠢᠯᠡᠨ᠎ᠡ᠃ ᠭᠤᠣᠯ ᠮᠥᠷᠡᠨ ᠨᠠᠭᠤᠷ | ᠴᠥᠭᠦᠷᠥᠮ ᠤᠨ ᠳᠠᠷᠤᠭ᠎ᠠ ᠶᠢᠨ ᠳᠦᠷᠢᠮ᠂ ᠤᠢ ᠰᠢᠭᠤᠢ ᠡᠪᠡᠰᠦ ᠪᠡᠯᠴᠢᠭᠡᠷ ᠤᠨ ᠳᠠᠷᠤᠭ᠎ᠠ ᠶᠢᠨ ᠳᠦᠷᠢᠮ ᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠡᠷᠬᠢᠨ ᠲᠣᠭᠤᠷᠢᠨ ᠤ ᠠᠶᠢᠮᠠᠭ ᠬᠤᠳᠠ ᠶᠢᠨ ᠭᠤᠣᠯ ᠮᠥᠷᠡᠨ ᠨᠠᠭᠤᠷ | ᠴᠥᠭᠦᠷᠥᠮ ᠢ ᠬᠠᠮᠠᠭᠠᠯᠠᠨ ᠵᠠᠰᠠᠬᠤ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠮᠢ ᠠᠬᠤᠢ ᠶᠢᠨ ᠤᠢ | ᠰᠢᠭᠤᠢ ᠶᠢ ᠬᠠᠮᠠᠭᠠᠯᠠᠭᠴᠢ ᠶᠢ ᠰᠣᠩᠭᠤᠨ ᠤᠷᠢᠵᠤ ᠦᠷᠭᠦᠯᠵᠢᠯᠡᠨ ᠤᠷᠢᠬᠤ ᠠᠵᠢᠯ ᠢ ᠦᠷᠭᠦᠯᠵᠢᠯᠡᠨ ᠥᠷᠨᠢᠭᠦᠯᠦᠨ᠎ᠡ᠃ | ᠲᠠᠪᠴᠠᠩ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ᠃ ᠣᠶ ᠰᠢᠭᠤᠶ ᠪᠠ ᠨᠤᠲᠤᠭ | ᠪᠡᠯᠴᠢᠭᠡᠷ ᠤᠨ ᠭᠤᠤᠯᠳᠠᠯᠭ᠎ᠠ ᠲᠠᠢ ᠠᠵᠢᠯ ᠤᠨ ᠦᠵᠡᠭᠳᠡᠬᠦ᠂ ᠮᠡᠳᠡᠭᠡ ᠵᠠᠩᠭᠢᠵᠢᠭᠤᠯᠬᠤ᠂ ᠤᠶᠤᠨᠴᠢᠯᠠᠬᠤ | ᠪᠠᠶᠢᠭᠤᠯᠤᠯᠲᠠ ᠶᠢ ᠠᠬᠢᠭᠤᠯᠵᠤ᠂ ᠪᠥᠬᠦ ᠠᠶᠢᠮᠠᠭ ᠲᠤ ᠥᠪᠥᠷ ᠮᠣᠩᠭᠤᠯ ᠤᠨ ᠣᠶ ᠰᠢᠭᠤᠶ ᠨᠤᠲᠤᠭ ᠪᠡᠯᠴᠢᠭᠡᠷ ᠤᠨ | ᠠᠮᠢ ᠠᠬᠤᠶ ᠶᠢᠨ ᠰᠢᠰᠲ᠋ᠧᠮ ᠤᠨ ᠲᠣᠭᠠᠴᠢᠯᠠᠭᠰᠠᠨ ᠬᠢᠨᠠᠯᠲᠠ ᠬᠠᠮᠢᠶᠠᠷᠤᠯᠲᠠ ᠬᠢᠭᠡᠳ ᠦᠢᠯᠡᠴᠢᠯᠡᠭᠡᠨ ᠤ ᠲᠠᠪᠴᠠᠩ ᠢ | ᠬᠡᠷᠡᠭᠵᠢᠭᠦᠯᠦᠨ᠎ᠡ᠃ ᠷᠠᠰᠢᠶᠠᠨ ᠤ ᠬᠠᠯᠬ᠎ᠠ ᠭᠤᠤᠯ ᠤᠨ ᠤᠰᠤᠨ ᠤ ᠣᠷᠴᠢᠨ ᠲᠣᠭᠤᠷᠢᠨ ᠤ ᠲᠤᠤᠷᠴᠢᠯᠠᠭᠰᠠᠨ | ᠣᠶᠤᠨᠴᠢ ᠬᠢᠨᠠᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠤᠨ ᠠᠵᠢᠯᠯᠠᠭᠤᠯᠪᠠ᠃ ᠬᠠᠤᠯᠢ ᠬᠡᠷᠡᠭᠵᠢᠭᠦᠯᠦᠯᠲᠡ ᠳᠤ | ᠬᠢᠨᠠᠯᠲᠠ ᠲᠠᠯᠪᠢᠬᠤ ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ᠃ ᠠᠮᠢ ᠠᠬᠤᠶ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠥᠭᠡᠷᠡᠴᠢᠯᠡᠯᠲᠡ ᠶᠢᠨ ᠵᠠᠯᠭᠠᠮᠵᠢ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠠᠤᠯᠢ ᠬᠡᠷᠡᠭᠵᠢᠭᠦᠯᠬᠦ ᠵᠠᠭᠠᠭ | ᠬᠢᠵᠠᠭᠠᠷ ᠨᠢ ᠲᠣᠳᠣᠷᠬᠠᠶ ᠦᠭᠡᠶ᠂ ᠬᠠᠤᠯᠢ ᠬᠡᠷᠡᠭᠵᠢᠭᠦᠯᠬᠦ ᠬᠦᠴᠦᠨ ᠪᠠᠭᠤᠷᠠᠶ᠂ ᠬᠠᠤᠯᠢ ᠬᠡᠷᠡᠭᠵᠢᠭᠦᠯᠬᠦ ᠨᠢ ᠴᠢᠩᠭ᠎ᠠ | ᠵᠢᠷᠤᠮᠵᠢᠯ ᠦᠭᠡᠢ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ︽ᠨᠣᠭᠤᠭᠠᠨ ᠪᠠᠮᠪᠠᠶ︾ ᠪᠠᠶᠢᠭᠠᠯᠢ ᠶᠢᠨ | ᠬᠠᠮᠠᠭᠠᠯᠠᠯᠲᠠ ᠶᠢᠨ ᠭᠠᠵᠠᠷ ᠲᠤ ᠬᠢᠨᠠᠯᠲᠠ ᠲᠠᠯᠪᠢᠬᠤ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠣᠷᠴᠢᠨ | ᠲᠣᠭᠤᠷᠢᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠵᠡᠷᠭᠡ ᠶᠢᠨ ᠪᠠᠶᠢᠴᠠᠭᠠᠯᠲᠠ ᠶᠢ ᠥᠷᠨᠢᠭᠦᠯᠵᠦ᠂ ᠠᠶᠤᠯᠲᠠᠶ | ᠬᠠᠶᠠᠭᠳᠠᠮᠠᠯ ᠪᠣᠳᠠᠰ ᠤᠨ ᠪᠣᠬᠢᠷᠲᠤᠯ᠂ ᠱᠤᠤᠭᠢᠶᠠᠨ ᠤ ᠪᠣᠬᠢᠷᠲᠤᠯ ᠪᠠ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ | ᠲᠤᠭ᠎ᠠ ᠪᠠᠷᠢᠮᠲᠠ ᠶᠢ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | ᠳᠥᠷᠪᠡ ᠳᠤ ᠠᠮᠢ ᠠᠬᠤᠶ ᠶᠢᠨ ᠬᠤᠪᠢᠷᠠᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠠᠮᠢ ᠠᠬᠤᠢ ᠶᠢᠨ ᠠᠵᠤ | ᠦᠢᠯᠡᠰᠦᠵᠢᠯᠲᠡ ᠶᠢ ᠠᠬᠢᠭᠤᠯᠬᠤ ᠬᠡᠷᠡᠭᠲᠡᠢ᠃ ᠤᠯᠤᠰ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ | ᠬᠡᠮᠵᠢᠯᠲᠡ ᠶᠢᠨ ᠲᠥᠪ ︵ᠥᠪᠥᠷ ᠮᠣᠩᠭᠤᠯ︶ ᠤᠨ ᠬᠢᠩᠭᠠᠨ ᠠᠶᠢᠮᠠᠭ ᠤᠨ ᠬᠤᠪᠢᠶᠠᠷᠢ ᠲᠥᠪ ᠢ ᠪᠠᠶᠢᠭᠤᠯᠬᠤ ᠪᠠᠷ | ᠴᠢᠷᠮᠠᠶᠢᠵᠤ᠂ ᠣᠶ ᠰᠢᠭᠤᠶ ᠡᠪᠡᠰᠦ ᠪᠡᠯᠴᠢᠭᠡᠷ ᠤᠨ ᠡᠬᠢ ᠪᠠᠶᠠᠯᠢᠭ ᠤᠨ ᠨᠡᠭᠦᠷᠡᠰᠦᠲᠥ᠋ᠷᠥᠭᠴᠢ ᠶᠢᠨ ᠬᠥᠮᠥᠷᠭᠡ ᠶᠢᠨ | ᠴᠢᠳᠠᠮᠵᠢ ᠶᠢ ᠪᠠᠳᠠᠷᠠᠭᠤᠯᠤᠨ᠂ 88 ᠲᠦᠮᠡᠨ ᠮᠥ CCER ᠣᠶᠢᠵᠢᠭᠤᠯᠬᠤ ᠪᠠ ᠨᠡᠭᠦᠷᠡᠰᠦᠲᠥ᠋ᠷᠥᠭᠴᠢ ᠶᠢ | ᠬᠤᠷᠠᠭᠤᠯᠬᠤ ᠲᠥᠷᠥᠯ ᠵᠦᠢᠯ ᠤᠨ ᠠᠷᠠᠯᠵᠢᠶ᠎ᠠ ᠶᠢ ᠪᠡᠶᠡᠯᠡᠭᠦᠯᠵᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ | ᠰᠢᠩᠭᠡᠭᠡᠨ ᠠᠪᠬᠤ ᠠᠷᠠᠯᠵᠢᠶ᠎ᠠ ᠶᠢ ᠡᠨᠡ ᠬᠦ ︽ᠶᠡᠭᠡ ᠮᠠᠶᠢᠮᠠᠶ︾ ᠶᠢ ᠴᠢᠷᠮᠠᠶᠢᠨ ᠬᠢᠵᠦ᠂ ᠠᠵᠤ ᠠᠬᠤᠶ ᠶᠢᠨ ᠣᠶ ᠶᠢᠨ | ᠦᠷ᠎ᠡ ᠠᠰᠢᠭ ᠢ ᠨᠡᠮᠡᠭᠳᠡᠭᠦᠯᠬᠦ ᠢᠨᠵᠧᠨᠧᠷᠢᠩ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ 300 ᠲᠦᠮᠡᠨ ᠮᠥ | ᠮᠣᠳᠣᠯᠢᠭ ᠲᠣᠰᠣᠨ ᠮᠠᠲ᠋ᠧᠷᠢᠶᠠᠯ ᠤᠨ ᠰᠠᠭᠤᠷᠢᠨ ᠭᠠᠵᠠᠷ᠂ 200 ᠲᠦᠮᠡᠨ ᠮᠥ ᠠᠵᠤ ᠠᠬᠤᠶ ᠶᠢᠨ ᠣᠶ ᠰᠢᠭᠤᠶ | ᠵᠢᠴᠢ ᠣᠶ ᠶᠢᠨ ᠬᠤᠷᠮᠣᠶ ᠶᠢᠨ ᠠᠵᠤ ᠠᠬᠤᠶ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ | ᠦᠷᠭᠦᠯᠵᠢᠯᠡᠨ ᠠᠬᠢᠭᠤᠯᠵᠤ᠂ 28.7 ᠲᠦᠮᠡᠨ ᠮᠥ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠂ | ᠡᠯ᠎ᠡ ᠬᠤᠰᠢᠭᠤ ᠰᠢᠶᠠᠨ ᠬᠤᠲᠠ ᠨᠠᠭᠠᠳᠤ ᠵᠠᠬ᠎ᠠ ᠳᠠᠭᠠᠨ 1 ᠵᠦᠶ᠋ᠯ ᠤᠨ ᠣᠨᠴᠠᠯᠢᠭᠲᠤ ᠣᠶ ᠰᠢᠭᠤᠶ ᠵᠢᠮᠢᠰ ᠤᠨ ᠠᠵᠤ | ᠦᠶ᠋ᠯᠡᠰ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ︔ ᠵᠢᠩᠬᠢᠨᠢ ᠡᠮ ᠤᠨ ᠮᠠᠲ᠋ᠧᠷᠢᠶᠠᠯ ᠤᠨ ᠠᠵᠤ | ᠦᠢᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ 5 ᠲᠦᠮᠡᠨ ᠮᠥ ᠣᠶ ᠶᠢᠨ ᠬᠤᠷᠮᠣᠶ ᠶᠢᠨ ᠬᠢᠲᠠᠳ | ᠡᠪᠡᠰᠦᠨ ᠡᠮ ᠳᠠᠷᠢᠵᠤ᠂ ᠠᠮᠢ ᠠᠬᠤᠶ ᠪᠠ ᠠᠵᠤ ᠠᠬᠤᠶ ᠶᠢᠨ ᠦᠷ᠎ᠡ ᠠᠰᠢᠭ ᠤᠨ ᠬᠤᠤᠰ ᠠᠮᠵᠢᠯᠲᠠ ᠶᠢ ᠪᠥᠬᠦ | ᠬᠦᠴᠦᠨ ᠢᠶᠠᠷ ᠢᠶᠠᠨ ᠪᠡᠶᠡᠯᠡᠭᠦᠯᠦᠨ᠎ᠡ᠃ ᠦᠢᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢ ᠪᠣᠬᠢᠷᠲᠤᠯ ᠦᠭᠡᠢ | ᠪᠣᠯᠭᠠᠬᠤ ᠶᠢ ᠠᠬᠢᠭᠤᠯᠬᠤ ᠬᠡᠷᠡᠭᠲᠡᠢ᠃ ᠪᠥᠬᠦ ᠨᠡᠶᠢᠭᠡᠮ ᠤᠨ ᠡᠬᠢ ᠪᠠᠶᠠᠯᠢᠭ ᠢ ᠪᠥᠬᠦ ᠲᠠᠯ᠎ᠠ ᠪᠠᠷ ᠠᠷᠪᠢᠲᠠᠶ ᠡᠷᠴᠢᠮᠯᠢᠭ | ᠬᠡᠷᠡᠭᠯᠡᠬᠦ ᠶᠢ ᠠᠬᠢᠭᠤᠯᠵᠤ᠂ ᠰᠤᠯᠠ ᠪᠠᠶᠢᠭ᠎ᠠ ᠦᠷ᠎ᠡ ᠪᠦᠲᠦᠮᠵᠢ ᠪᠠᠷ ᠳᠣᠤᠷ᠎ᠠ ᠭᠠᠵᠠᠷ ᠰᠢᠷᠣᠶ ᠶᠢ | ᠠᠮᠢᠳᠤᠯᠢᠭᠵᠢᠭᠤᠯᠤᠨ ᠠᠰᠢᠭᠯᠠᠵᠤ᠂ ᠮᠤᠵᠢ ᠠᠯᠤᠰᠯᠠᠨ ᠠᠷᠠᠯᠵᠢᠶᠠᠯᠠᠬᠤ ᠲᠥᠷᠥᠯ ᠵᠦᠶ᠋ᠯ ᠢ 1.2 ᠲᠦᠮᠡᠨ ᠮᠥ | ᠨᠡᠮᠡᠵᠦ ᠬᠠᠰᠤᠬᠤ ᠶᠢ ᠬᠡᠷᠡᠭᠵᠢᠭᠦᠯᠵᠦ᠂ ︽ᠲᠠᠪᠤᠨ ᠶᠡᠭᠡ ᠡᠬᠢᠯᠡᠯᠲᠡ︾ ᠶᠢᠨ ᠦᠷ᠎ᠡ ᠪᠦᠲᠦᠭᠡᠯ ᠢ ᠪᠠᠬᠢᠵᠢᠭᠦᠯᠵᠦ᠂ | ᠵᠦᠪᠰᠢᠶᠡᠷᠡᠭᠰᠡᠨ ᠪᠠᠶᠢᠲᠠᠯ᠎ᠠ ᠦᠯᠦ ᠬᠠᠩᠭᠠᠭᠰᠠᠨ ᠭᠠᠵᠠᠷ ᠰᠢᠷᠣᠶ ᠶᠢ 8200 ᠮᠥ ᠰᠢᠩᠭᠡᠭᠡᠵᠦ᠂ ᠰᠢᠨ᠎ᠡ ᠪᠠᠷ | ᠨᠡᠮᠡᠭᠳᠡᠭᠰᠡᠨ ᠠᠵᠤ ᠦᠶ᠋ᠯᠡᠳᠪᠦᠷᠢ ᠶᠢᠨ ᠬᠡᠷᠡᠭᠯᠡᠬᠦ ᠭᠠᠵᠠᠷ ᠢ ᠪᠦᠬᠦᠨ ᠢ ︽ᠪᠠᠷᠢᠮᠵᠢᠶᠠᠲᠤ ᠭᠠᠵᠠᠷ︾ ᠶᠣᠰᠣᠭᠠᠷ | ᠰᠢᠯᠵᠢᠭᠦᠯᠦᠨ ᠥᠭᠪᠡ᠃ ᠡᠨᠧᠷᠭᠢ ᠠᠷᠪᠢᠯᠠᠵᠤ ᠤᠰᠤ ᠠᠷᠪᠢᠯᠠᠬᠤ᠂ ᠴᠠᠭᠠᠰᠤ ᠠᠷᠪᠢᠯᠠᠨ ᠠᠮᠤ ᠪᠤᠳᠠᠭ᠎ᠠ ᠠᠷᠪᠢᠯᠠᠬᠤ᠂ | ᠬᠤᠭ ᠨᠣᠪᠰᠢ ᠶᠢ ᠲᠥᠷᠥᠯ ᠬᠤᠪᠢᠶᠠᠬᠤ᠂ ᠪᠣᠬᠢᠷᠲᠤᠯ ᠥᠬᠡᠶ ᠪᠠᠷ ᠶᠠᠪᠤᠵᠤ ᠰᠠᠭᠤᠬᠤ ᠶᠢ ᠵᠣᠷᠢᠭᠵᠢᠭᠤᠯᠵᠤ᠂ ︽ | ᠴᠠᠬᠢᠯᠭᠠᠨ ᠢᠶᠠᠷ ᠨᠡᠭᠦᠷᠡᠰᠦ ᠶᠢ ᠣᠷᠣᠯᠠᠭᠤᠯᠬᠤ᠂ ᠴᠠᠬᠢᠯᠭᠠᠨ ᠢᠶᠠᠷ ᠲᠣᠰᠣ ᠶᠢ ᠣᠷᠣᠯᠠᠭᠤᠯᠬᠤ︾ ᠡᠨᠧᠷᠭᠢ ᠶᠢᠨ | ᠬᠡᠷᠡᠭᠯᠡᠭᠡᠨ ᠤ ᠰᠢᠨ᠎ᠡ ᠵᠠᠭᠪᠤᠷ ᠢ ᠰᠠᠨᠠᠭᠠᠴᠢᠯᠠᠨ᠂ ᠷᠠᠰᠢᠶᠠᠨ ᠤ ᠨᠡᠭᠦᠷᠡᠰᠦᠲᠥ᠋ᠷᠥᠭᠴᠢ ᠥᠬᠡᠶ ᠵᠢᠵᠢᠭ ᠪᠠᠯᠭᠠᠰᠤ᠂ ᠪᠠᠶ | ᠯᠠᠩ ᠨᠡᠭᠦᠷᠡᠰᠦᠲᠥ᠋ᠷᠥᠭᠴᠢ ᠥᠬᠡᠶ ᠣᠶ ᠶᠢᠨ ᠵᠠᠩ ᠦᠢᠯᠡ ᠶᠢᠨ ᠵᠢᠵᠢᠭ ᠪᠠᠯᠭᠠᠰᠤ ᠶᠢ ᠪᠣᠶ ᠪᠣᠯᠭᠠᠵᠤ᠂ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠤᠲᠠ᠂ ᠪᠣᠬᠢᠷᠲᠤᠯ ᠥᠬᠡᠶ ᠬᠥᠳᠡᠭᠡ ᠲᠣᠰᠬᠤᠨ ᠢ ᠴᠢᠷᠮᠠᠶᠢᠨ | ᠪᠥᠲᠥᠭᠡᠨ ᠪᠠᠶᠢᠭᠤᠯᠤᠨ᠎ᠠ᠃ | ᠭᠤᠷᠪᠠᠳᠤᠭᠠᠷ ᠲᠤ᠂ ᠠᠵᠤ ᠦᠢᠯᠡᠰ ᠤᠨ ᠬᠥᠭᠵᠢᠯᠲᠡ ᠲᠠᠢ ᠨᠢᠭᠲᠠ ᠤᠶᠠᠯᠳᠤᠭᠤᠯᠤᠨ | ᠨᠠᠶᠢᠳᠠᠪᠤᠷᠢᠵᠢᠭᠤᠯᠤᠯᠲᠠ ᠶᠢ ᠠᠳᠬᠤᠨ᠎ᠠ | ︽ᠠᠷᠭ᠎ᠠ ᠬᠡᠯᠪᠡᠷᠢ ᠪᠠᠨ ᠬᠤᠪᠢᠷᠠᠭᠤᠯᠬᠤ᠂ ᠪᠦᠲᠦᠴᠡ ᠶᠢ ᠲᠣᠬᠢᠷᠠᠭᠤᠯᠬᠤ︾ ᠶᠢ ᠪᠠᠷᠢᠮᠲᠠᠯᠠᠵᠤ᠂ ᠶᠠᠰᠤ | ᠴᠢᠨᠠᠷ ᠢ ᠳᠡᠭᠡᠭᠰᠢᠯᠡᠭᠦᠯᠬᠦ᠂ ᠦᠷ᠎ᠡ ᠠᠰᠢᠭ ᠢ ᠨᠡᠮᠡᠭᠳᠡᠭᠦᠯᠬᠦ ᠳᠡᠭᠡᠷ᠎ᠡ ᠬᠦᠴᠦ ᠲᠠᠯᠪᠢᠵᠤ᠂ ︽ᠳᠥᠷᠪᠡᠨ ᠶᠡᠭᠡ ᠠᠵᠤ | ᠦᠢᠯᠡᠰ ᠤᠨ ᠬᠡᠰᠡᠭ︾ ᠢ ᠭᠦᠨᠵᠡᠭᠡᠶ ᠬᠠᠭᠠᠯᠪᠤᠷᠢᠯᠠᠵᠤ᠂ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ | ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ᠂ ᠤᠯᠤᠰ ᠤᠨ ᠴᠢᠬᠤᠯᠠ ᠡᠨᠧᠷᠭᠢ ᠪᠠ | ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠴᠢᠨᠠᠷ ᠰᠠᠶᠢᠲᠠᠶ ᠪᠥᠲᠥᠭᠡᠨ ᠪᠠᠶᠢᠭᠤᠯᠤᠨ᠎ᠠ᠃ | ᠨᠢᠭᠡ ᠳᠤ ᠣᠲᠣ ᠦᠶ᠎ᠡ ᠶᠢᠨ ᠪᠣᠬᠢᠷᠲᠤᠯ ᠥᠬᠡᠶ ᠲᠠᠷᠢᠶᠠᠯᠠᠩ ᠮᠠᠯ ᠠᠵᠤ ᠠᠬᠤᠶ ᠶᠢ ᠦᠷᠭᠦᠯᠵᠢᠯᠡᠨ | ᠬᠦᠴᠦᠷᠬᠡᠭᠵᠢᠭᠦᠯᠦᠨ᠎ᠡ᠃ ᠤᠯᠤᠰ ᠤᠨ ᠲᠠᠰ ᠤᠨ ᠣᠲᠣ ᠦᠶ᠎ᠡ ᠶᠢᠨ ᠮᠠᠯ ᠠᠵᠤ ᠠᠬᠤᠶ ᠶᠢᠨ ᠲᠤᠷᠰᠢᠯᠲᠠ ᠶᠢᠨ | ᠣᠷᠣᠨ ᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠵᠤ᠂ ᠠᠮᠤ ᠪᠤᠳᠠᠭ᠎ᠠ ᠮᠢᠬ᠎ᠠ ᠰᠦ ᠡᠪᠡᠰᠦ ᠨᠣᠭᠤᠭ᠎ᠠ ︽ | ᠵᠢᠷᠭᠤᠭᠠᠨ ᠶᠡᠭᠡ ᠲᠠᠷᠢᠶᠠᠯᠠᠩ ᠤᠨ ᠠᠵᠤ ᠦᠶ᠋ᠯᠡᠰ︾ ᠢ ᠶᠡᠬᠡᠪᠡᠷ ᠬᠥᠭᠵᠢᠭᠦᠯᠵᠦ᠂ ᠤᠰᠤᠯᠠᠯᠲᠠ ᠶᠢᠨ ᠣᠷᠣᠨ ᠤ | ᠤᠰᠤ ᠠᠷᠪᠢᠯᠠᠵᠤ ᠠᠮᠤ ᠪᠤᠳᠠᠭ᠎ᠠ ᠶᠢ ᠨᠡᠮᠡᠭᠳᠡᠭᠦᠯᠬᠦ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠳᠡᠭᠡᠭᠰᠢᠯᠡᠭᠦᠯᠬᠦ | ᠂ ᠡᠵᠡᠩᠨᠡᠯᠲᠡ ᠶᠢᠨ ᠵᠠᠭᠪᠤᠷ ᠤᠨ ᠰᠢᠨ᠎ᠡ ᠶᠢ ᠡᠭᠦᠳᠬᠦ ᠵᠡᠷᠭᠡ ︽ᠨᠠᠢᠮᠠᠨ ᠶᠡᠭᠡ ᠲᠠᠷᠢᠶᠠᠯᠠᠩ ᠢ ᠬᠦᠴᠦᠷᠬᠡᠭᠵᠢᠭᠦᠯᠬᠦ | ᠠᠷᠭ᠎ᠠ ᠬᠡᠮᠵᠢᠶ᠎ᠡ︾ ᠶᠢ ᠭᠤᠤᠯᠳᠠᠯᠭ᠎ᠠ ᠲᠠᠢ ᠬᠡᠷᠡᠭᠵᠢᠭᠦᠯᠵᠦ᠂ ᠪᠥᠬᠦ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠪᠠ | ᠮᠠᠯᠵᠢᠬᠤ ᠲᠠᠷᠢᠶᠠᠯᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠲᠠᠷᠢᠮᠠᠯ ᠤᠨ ᠦᠢᠯᠡᠰ ᠨᠢ | ᠦᠷ᠎ᠡ ᠠᠰᠢᠭ ᠲᠠᠢ ᠪᠣᠯᠬᠤ ᠶᠢ ᠨᠡᠩ ᠲᠣᠪᠤᠶᠢᠨ ᠪᠣᠯᠭᠠᠬᠤ ᠬᠡᠷᠡᠭᠲᠡᠢ᠃ ᠤᠯᠤᠰ ᠤᠨ ᠠᠮᠤ ᠪᠤᠳᠠᠭᠠᠨ ᠤ ᠠᠮᠤᠷ | ᠲᠦᠪᠰᠢᠨ ᠢ ᠪᠠᠲᠤᠯᠠᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ 30 ᠲᠦᠮᠡᠨ ᠮᠦ ᠦᠨᠳᠡᠭᠡᠨ | ᠤᠰᠤᠯᠠᠯᠲᠠ ᠶᠢᠨ ᠣᠷᠣᠨ᠂ 40 ᠲᠦᠮᠡᠨ ᠮᠦ ᠡᠯ ᠯᠦᠩ ᠲᠤᠤ ᠤᠰᠤᠯᠠᠯᠲᠠ ᠶᠢᠨ ᠣᠷᠣᠨ ᠤ ᠲᠠᠷᠢᠶᠠᠨ ᠭᠠᠵᠠᠷ ᠤᠨ | ᠢᠵᠢ ᠪᠦᠷᠢᠳᠦᠭᠦᠯᠬᠦ ᠢᠨᠵᠧᠨᠧᠷᠢᠩ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠬᠠᠷᠬ᠎ᠠ ᠤᠰᠤᠯᠠᠯᠲᠠ ᠶᠢᠨ | ᠣᠷᠣᠨ ᠤ 3 ᠲᠦᠮᠡᠨ ᠮᠦ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠢ ᠪᠡᠶᠡᠯᠡᠭᠦᠯᠦᠨ᠎ᠡ᠃ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠢ 150 ᠲᠦᠮᠡᠨ ᠮᠦ ᠬᠡᠷᠡᠭᠵᠢᠭᠦᠯᠦᠨ᠎ᠡ᠃ 850 ᠲᠦᠮᠡᠨ ᠮᠦ ᠬᠠᠷ᠎ᠠ ᠬᠦᠷᠦᠰᠦ ᠳᠤ | ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠬᠢᠬᠦ᠂ 200 ᠲᠦᠮᠡᠨ ᠮᠦ ᠲᠠᠷᠢᠶᠠᠨ ᠭᠠᠵᠠᠷ ᠲᠤ ᠡᠭᠡᠯᠵᠢᠯᠡᠨ ᠲᠠᠷᠢᠬᠤ | ᠠᠵᠢᠯ ᠢ ᠦᠷᠨᠢᠭᠦᠯᠵᠦ᠂ 60 ᠲᠦᠮᠡᠨ ᠮᠦ ︽ᠠᠮᠤ ᠪᠤᠳᠠᠭᠠᠨ ᠤ ᠲᠠᠷᠢᠶᠠᠨ ᠭᠠᠵᠠᠷ︾ ᠢ ᠪᠦᠲᠦᠭᠡᠨ ᠪᠠᠶᠢᠭᠤᠯᠵᠤ᠂ | ᠠᠮᠤ ᠪᠤᠳᠠᠭᠠᠨ ᠤ ᠤᠨᠠᠯᠲᠠ ᠶᠢ 135 ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃ ᠬᠢᠶᠠᠭ | ᠡᠪᠡᠰᠦ᠂ ᠴᠠᠷᠭᠠᠰᠤ ᠵᠡᠷᠭᠡ ᠣᠯᠠᠨ ᠨᠠᠰᠤᠲᠤ ᠲᠡᠵᠢᠭᠡᠯ ᠡᠪᠡᠰᠦ ᠳᠠᠷᠢᠬᠤ ᠲᠠᠯᠠᠪᠠᠶ ᠶᠢ 16 ᠲᠦᠮᠡᠨ ᠮᠥ ᠰᠢᠨ᠎ᠡ ᠪᠠᠷ | ᠨᠡᠮᠡᠭᠳᠡᠭᠦᠯᠵᠦ᠂ ᠬᠥᠬᠡ ᠳᠠᠷᠤᠰᠢ ᠶᠢᠨ ᠡᠷᠳᠡᠨᠢ ᠰᠢᠰᠢ᠂ ᠨᠣᠬᠠᠶ ᠶᠢᠨ ᠬᠤᠰᠢᠭᠤ ᠵᠡᠷᠭᠡ ᠨᠢᠭᠡ ᠵᠢᠯ ᠳᠤ 168 | ᠲᠦᠮᠡᠨ ᠮᠥ ᠲᠡᠵᠢᠭᠡᠯ ᠡᠪᠡᠰᠦ ᠳᠠᠷᠢᠵᠤ᠂ ᠬᠠᠷᠭᠠᠨ᠎ᠠ ᠶᠢᠨ ᠭᠤᠤᠷᠰᠦ ᠶᠢ ᠳᠡᠭᠰᠢᠯᠡᠵᠦ ᠡᠳ᠋ᠰᠢᠭᠦᠯᠬᠦ ᠠᠵᠢᠯ ᠢ 4.5 | ᠲᠦᠮᠡᠨ ᠮᠥ ᠥᠷᠨᠢᠭᠦᠯᠵᠦ᠂ ᠵᠢᠯ ᠤᠨ ᠲᠡᠵᠢᠭᠡᠯ ᠡᠪᠡᠰᠦ ᠬᠠᠩᠭᠠᠬᠤ ᠬᠡᠮᠵᠢᠶ᠎ᠡ ᠶᠢ 1500 ᠲᠦᠮᠡᠨ ᠲᠣᠨ ᠳᠤ | ᠬᠦᠷᠦᠭᠦᠯᠦᠨ᠎ᠡ᠃ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠢᠨᠵᠧᠨᠧᠷᠢᠩ ᠢ ᠬᠡᠷᠡᠭᠵᠢᠭᠦᠯᠵᠦ᠂ ︽ | ᠲᠠᠷᠢᠶᠠᠨ ᠦᠷ᠎ᠡ ᠰᠣᠩᠭᠤᠬᠤ︾ ᠲᠠᠪᠴᠠᠩ ᠢ 8 ᠬᠦᠴᠦᠯᠡᠨ ᠪᠠᠶᠢᠭᠤᠯᠵᠤ᠂ ᠴᠢᠨᠠᠷ ᠰᠠᠶᠢᠲᠠᠶ ᠡᠷᠳᠡᠨᠢ ᠰᠢᠰᠢ᠂ | ᠤᠰᠤᠨ ᠲᠤᠲᠤᠷᠭ᠎ᠠ ᠶᠢᠨ ᠡᠭᠦᠯᠳᠡᠷ ᠢ 5 ᠪᠤᠶᠢᠵᠢᠭᠤᠯᠤᠨ᠎ᠠ᠃ ᠲᠡᠵᠢᠭᠡᠨ ᠦᠷᠡᠵᠢᠭᠦᠯᠬᠦ ᠦᠶ᠋ᠯᠡᠰ ᠨᠢ ᠬᠡᠪᠴᠢᠶ᠎ᠡ ᠶᠢ | ᠨᠠᠩ ᠳᠤᠪᠤᠶᠢᠯᠬᠠᠬᠤ ᠬᠡᠷᠡᠭᠲᠡᠶ᠃ ᠤᠯᠤᠰ ᠤᠨ ᠲᠠᠰ ᠤᠨ ᠣᠲᠣ ᠦᠶ᠎ᠡ ᠶᠢᠨ ᠮᠠᠯ ᠠᠵᠤ ᠠᠬᠤᠶ ᠶᠢᠨ | ᠲᠤᠷᠰᠢᠯᠲᠠ ᠶᠢᠨ ᠣᠷᠣᠨ ᠤ 8 ᠶᠡᠭᠡ ᠰᠢᠨ᠎ᠡ ᠶᠢ ᠡᠭᠦᠳᠬᠦ ᠲᠤᠷᠰᠢᠯᠲᠠ ᠶᠢᠨ ᠠᠵᠢᠯ ᠢ ᠡᠬᠢᠯᠡᠭᠦᠯᠵᠦ᠂ 61 | ᠲᠤᠯᠭᠠᠭᠤᠷᠢᠯᠠᠬᠤ ᠲᠥᠷᠥᠯ ᠵᠦᠢᠯ ᠢ ᠡᠬᠢᠯᠡᠨ ᠪᠠᠶᠢᠭᠤᠯᠵᠤ᠂ ᠵᠢᠯ ᠤᠨ ᠳᠣᠲᠣᠷ᠎ᠠ 25 ᠳ᠋ᠦᠩᠰᠢᠭᠤᠷ | ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ᠃ ᠠᠯᠠᠰᠢᠨ ᠦᠬᠡᠷ ᠲᠡᠵᠢᠭᠡᠨ ᠦᠷᠡᠵᠢᠭᠦᠯᠬᠦ | ᠲᠣᠮᠣ ᠬᠡᠯᠪᠡᠷᠢ ᠶᠢᠨ ᠲᠠᠯᠠᠪᠠᠶ 3᠂ ᠠᠯᠠᠰᠢᠨ ᠦᠬᠡᠷ ᠤᠨ ᠪᠠᠷᠢᠮᠵᠢᠶᠠᠵᠢᠭᠰᠠᠨ ᠪᠣᠷᠳᠣᠵᠤ ᠲᠠᠷᠭᠤᠯᠠᠭᠤᠯᠬᠤ ᠲᠠᠯᠠᠪᠠᠶ | 25 ᠪᠠᠶᠢᠭᠤᠯᠵᠤ᠂ ᠪᠥᠬᠦ ᠵᠢᠯ ᠳᠤ ᠠᠯᠠᠰᠢᠨ ᠦᠬᠡᠷ ᠤᠨ ᠲᠣᠰ ᠭᠠᠵᠠᠷ ᠤᠨ ᠨᠢᠲᠤᠯᠬᠤ ᠬᠡᠮᠵᠢᠶ᠎ᠡ ᠶᠢ 2 ᠲᠦᠮᠡ ᠶᠢ | ᠳᠠᠪᠠᠭᠤᠯᠬᠤ ᠪᠠᠷ ᠴᠢᠷᠮᠠᠶᠢᠨ᠎ᠠ᠃ 4 ᠰᠠᠭᠤᠷᠢ ᠰᠠᠭᠠᠯᠢ ᠶᠢᠨ ᠦᠨᠢᠶ᠎ᠡ ᠶᠢᠨ ᠮᠠᠯᠵᠢᠯ ᠤᠨ ᠲᠠᠯᠠᠪᠠᠶ ᠶᠢᠨ ᠪᠦᠲᠦᠭᠡᠨ | ᠪᠠᠶᠢᠭᠤᠯᠤᠯᠲᠠ ᠶᠢ ᠪᠡᠶᠡᠯᠡᠭᠦᠯᠵᠦ᠂ ᠮᠢᠩᠭᠠᠨ ᠲᠣᠯᠤᠭᠠᠢ ᠬᠤᠯᠠᠨᠳ᠋ ᠤᠨ ᠬᠡᠪᠴᠢᠶᠡᠲᠦ ᠲᠡᠵᠢᠭᠡᠨ ᠦᠷᠡᠵᠢᠭᠦᠯᠬᠦ | ᠲᠠᠯᠠᠪᠠᠶ ᠶᠢ 15 ᠪᠣᠯᠭᠠᠨ᠂ ᠰᠠᠭᠠᠯᠢ ᠶᠢᠨ ᠦᠨᠢᠶ᠎ᠡ ᠶᠢ 28 ᠲᠦᠮᠡ ᠠᠴᠠ ᠳᠡᠭᠡᠭᠰᠢ ᠳᠤ ᠬᠦᠷᠦᠭᠦᠯᠵᠦ᠂ ᠲᠦᠭᠦᠬᠡᠶ | ᠰᠦᠨ ᠤ ᠭᠠᠷᠤᠯᠲᠠ ᠶᠢ 80 ᠲᠦᠮᠡᠨ ᠲᠣᠨ ᠠᠴᠠ ᠳᠡᠭᠡᠭᠰᠢ ᠳᠤ ᠬᠦᠷᠦᠭᠦᠯᠦᠨ᠎ᠡ᠃ ᠠᠯᠠᠰᠢᠨ ᠬᠤᠨᠢᠨ ᠤ | ᠪᠠᠷᠢᠮᠵᠢᠶᠠᠵᠢᠭᠤᠯᠤᠭᠰᠠᠨ ᠠᠮᠢ ᠠᠬᠤᠶ ᠶᠢᠨ ᠮᠠᠯᠵᠢᠯ ᠤᠨ ᠲᠠᠯᠠᠪᠠᠶ ᠶᠢ 10 ᠲᠦᠷᠭᠡᠳᠬᠡᠨ ᠪᠠᠶᠢᠭᠤᠯᠵᠤ᠂ 20 | ᠲᠦᠮᠡᠨ ᠠᠯᠠᠰᠢᠨ ᠬᠤᠨᠢ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠤᠨ ᠲᠥᠷᠥᠯ ᠵᠦᠢᠯ ᠢ ᠠᠵᠢᠯ | ᠡᠬᠢᠯᠡᠭᠦᠯᠦᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠠᠯᠠᠰᠢᠨ ᠬᠤᠨᠢ ᠶᠢ ᠬᠡᠪᠴᠢᠶᠡᠵᠢᠭᠦᠯᠦᠨ ᠲᠡᠵᠢᠭᠡᠨ | ᠦᠷᠡᠵᠢᠭᠦᠯᠬᠦ ᠨᠣᠷᠮ᠎ᠠ ᠶᠢ 70% ᠳᠤ ᠬᠦᠷᠦᠭᠦᠯᠦᠨ᠎ᠡ᠃ ᠳ᠋ᠧ ᠺᠠᠩ ᠭᠠᠭ᠋ᠠᠶ ᠨᠢᠲᠤᠯᠬᠤ ᠵᠢᠴᠢ ᠮᠢᠬᠠᠨ ᠢᠳᠡᠭᠡᠨ | ᠡᠳ᠋ᠰᠢᠭᠦᠯᠬᠦ ᠲᠥᠷᠥᠯ ᠵᠦᠶ᠋ᠯ ᠤᠨ ᠭᠤᠤᠯ ᠴᠣᠭᠴᠠ ᠶᠢᠨ ᠠᠵᠢᠯ ᠳᠠᠭᠤᠰᠬᠤ᠂ ᠯᠠᠩ ᠷᠦᠨ ᠮᠢᠬᠠᠨ ᠢᠳᠡᠭᠡᠨ ᠢ | ᠨᠠᠷᠢᠯᠢᠭ ᠡᠳ᠋ᠰᠢᠭᠦᠯᠬᠦ ᠲᠥᠷᠥᠯ ᠵᠦᠶ᠋ᠯ ᠤᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠬᠤ ᠶᠢ ᠠᠬᠢᠭᠤᠯᠵᠤ᠂ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠬᠤᠪᠢᠷᠠᠭᠤᠯᠬᠤ ᠨᠣᠷᠮ᠎ᠠ ᠶᠢ 53% | ᠪᠣᠯᠲᠠᠯ᠎ᠠ ᠳᠡᠭᠡᠭᠰᠢᠯᠡᠭᠦᠯᠬᠦ ᠪᠠᠷ ᠴᠢᠷᠮᠠᠶᠢᠨ᠎ᠠ᠃ ᠲᠠᠷᠢᠶᠠᠯᠠᠩ ᠮᠠᠯ ᠠᠵᠤ ᠠᠬᠤᠶ ᠶᠢ ᠨᠡᠷᠡᠲᠦ ᠲᠡᠮᠳᠡᠭᠵᠢᠭᠦᠯᠬᠦ ᠬᠡᠷᠡᠭᠲᠡᠶ᠃ | ᠨᠠᠷᠠᠲᠤ ᠲᠡᠮᠳᠡᠭᠲᠦ ᠶᠢ ᠳᠡᠭᠡᠭᠰᠢᠯᠡᠭᠦᠯᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ︽ᠬᠢᠩᠭᠠᠨ ᠠᠶᠢᠮᠠᠭ ᠤᠨ | ᠬᠤᠨᠢᠨ ᠮᠢᠬ᠎ᠠ︾᠂ ︽ᠬᠢᠩᠭᠠᠨ ᠠᠶᠢᠮᠠᠭ ᠤᠨ ᠨᠠᠷᠢᠮᠤ ᠪᠤᠳᠠᠭ᠎ᠠ︾ ᠵᠡᠷᠭᠡ 4 ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠨᠠᠷᠠᠲᠤ ᠲᠡᠮᠳᠡᠭ ᠪᠠ 15 ᠠᠵᠤ ᠠᠬᠤᠶᠢᠯᠠᠯ ᠤᠨ ᠦᠢᠯᠡᠳᠬᠦᠨ ᠤ ᠨᠠᠷᠠᠲᠤ ᠲᠡᠮᠳᠡᠭᠲᠦ ᠶᠢ | ᠪᠤᠶᠢᠵᠢᠭᠤᠯᠤᠨ ᠳᠡᠭᠡᠭᠰᠢᠯᠡᠭᠦᠯᠵᠦ᠂ ᠪᠣᠬᠢᠷᠲᠤᠯ ᠥᠬᠡᠶ ᠣᠷᠭᠠᠨᠢᠭ ᠭᠡᠷᠡᠴᠢᠯᠡᠯ ᠤᠨ ᠠᠵᠤ ᠠᠬᠤᠶᠢᠯᠠᠯ 9 ᠪᠠᠶᠢᠵᠤ᠂ | ᠲᠡᠮᠳᠡᠭᠲᠦ ᠦᠢᠯᠡᠳᠬᠦᠨ 21 ᠨᠡᠮᠡᠭᠳᠡᠵᠦ᠂ ︽ᠬᠢᠩᠭᠠᠨ ᠠᠶᠢᠮᠠᠭ ᠲᠤ ᠢᠷᠡᠪᠡ︾᠂ ︽ᠬᠢᠩᠭᠠᠨ ᠠᠶᠢᠮᠠᠭ ᠤᠨ | ᠦᠢᠯᠡᠳᠭᠦᠨ ᠤ ᠰᠠᠨᠠᠭ᠎ᠠ ᠠᠮᠤᠷ ᠰᠣᠩᠭᠤᠯᠲᠠ︾ ᠶᠢ ᠪᠥᠬᠦ ᠤᠯᠤᠰ ᠲᠤ ᠳᠠᠭᠤᠷᠢᠰᠤᠭᠤᠯᠪᠠ᠃ | ᠬᠤᠶᠠᠷ ᠲᠤ ᠴᠡᠪᠡᠷ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢᠯᠡᠳᠪᠦᠷᠢ ᠶᠢ ᠦᠷᠭᠦᠯᠵᠢᠯᠡᠨ | ᠪᠤᠵᠠᠭᠠᠶᠢᠷᠠᠭᠤᠯᠤᠨ᠎ᠠ᠃ ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ᠃ ᠴᠠᠭᠠᠨ ᠢᠳᠡᠭᠡ ᠦᠢᠯᠡᠳᠬᠦ᠂ ᠴᠡᠪᠡᠷ ᠡᠨᠧᠷᠭᠢ᠂ ᠲᠡᠮᠦᠷᠯᠢᠭ | ᠬᠠᠶᠢᠯᠤᠭᠤᠯᠬᠤ ᠲᠣᠨᠣᠭᠯᠠᠯ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ᠂ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ︽ᠲᠠᠪᠤᠨ ᠶᠡᠭᠡ ᠠᠵᠤ ᠦᠢᠯᠡᠰ ᠤᠨ ᠪᠥᠭᠡᠮᠨᠡᠷᠡᠯ︾ ᠢ ᠴᠢᠩᠭ᠎ᠠ | ᠠᠩᠬᠠᠷᠴᠤ᠂ ︽ᠨᠢᠭᠡ ᠲᠠᠮᠠᠬᠢ᠂ ᠨᠢᠭᠡ ᠪᠣᠯᠣᠳ᠂ ᠬᠤᠶᠠᠷ ᠪᠣᠷᠲᠣᠭᠤᠷ᠂ ᠳᠦᠷᠪᠡᠨ ᠨᠡᠭᠦᠷᠡᠰᠦ︾ ᠵᠡᠷᠭᠡ | ᠭᠤᠣᠯᠳᠠᠯᠭ᠎ᠠ ᠲᠠᠢ ᠠᠵᠤ ᠠᠬᠤᠶᠢᠯᠠᠯ ᠤᠨ ᠳᠡᠰ ᠳᠡᠪᠰᠢᠬᠦ ᠥᠭᠡᠷᠡᠴᠢᠯᠡᠯᠲᠡ ᠶᠢᠨ ᠠᠯᠬᠤᠴᠠ ᠶᠢ ᠲᠦᠷᠭᠡᠳᠬᠡᠨ᠎ᠡ᠃ | ᠤᠯᠠᠭᠠᠨᠬᠤᠲᠠ ᠪᠣᠯᠣᠳ ᠲᠡᠮᠦᠷ ᠤᠨ ᠬᠤᠤᠰ ᠥᠨᠳᠥᠷ ᠬᠤᠷᠳᠤᠴᠠᠲᠤ ᠰᠢᠳᠠᠮ ᠮᠠᠲ᠋ᠧᠷᠢᠶᠠᠯ ᠤᠨ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠤᠯᠠᠭᠠᠨᠬᠤᠲᠠ ᠪᠣᠯᠣᠳ ᠲᠡᠮᠦᠷ ᠤᠨ ᠺᠣᠮᠫᠠᠨᠢ ᠶᠢ ᠪᠥᠬᠦ ᠠᠶᠢᠮᠠᠭ ᠤᠨ | ᠠᠩᠬᠠᠳᠠᠭᠴᠢ ᠦᠢᠯᠡᠳᠬᠦᠨ ᠤ ᠥᠷᠲᠡᠭ ᠨᠢ ᠵᠠᠭᠤᠨ ᠳ᠋ᠦᠩᠰᠢᠭᠤᠷ ᠲᠥᠭᠦᠷᠢᠭ ᠢ ᠳᠠᠪᠠᠭᠰᠠᠨ ᠠᠵᠤ ᠠᠬᠤᠶᠢᠯᠠᠯ | ᠪᠣᠯᠭᠠᠬᠤ ᠪᠠᠷ ᠴᠢᠷᠮᠠᠶᠢᠨ᠎ᠠ᠃ ᠡᠷᠳᠡᠨᠢ ᠰᠢᠰᠢ ᠶᠢᠨ ᠬᠢᠮᠢ ᠶᠢᠨ ᠠᠵᠤ ᠦᠶ᠋ᠯᠡᠳᠪᠦᠷᠢ ᠶᠢᠨ ᠰᠡᠳᠦᠪ ᠢ ᠡᠪᠳᠡᠨ | ᠬᠥᠭᠵᠢᠬᠦ ᠶᠢ ᠠᠬᠢᠭᠤᠯᠵᠤ᠂ ᠶᠤᠸᠠᠨ ᠯᠢ ᠬᠢᠮᠢ ᠶᠢᠨ ᠡᠷᠳᠡᠨᠢ ᠰᠢᠰᠢ ᠶᠢᠨ ᠠᠮᠢᠳᠤ ᠪᠣᠳᠠᠰ ᠤᠨ ᠰᠠᠭᠤᠷᠢ ᠰᠢᠨ᠎ᠡ | ᠮᠠᠲ᠋ᠧᠷᠢᠶᠠᠯ ᠤᠨ ᠲᠥᠷᠥᠯ ᠵᠦᠶ᠋ᠯ ᠤᠨ ᠰᠠᠭᠤᠷᠢ ᠢᠨᠵᠧᠨᠧᠷᠢᠩ ᠢ ᠪᠡᠶᠡᠯᠡᠭᠦᠯᠦᠨ᠎ᠡ᠃ ᠢᠯᠢ ᠰᠦ ᠶᠢᠨ ᠦᠢᠯᠡᠰ ᠵᠡᠷᠭᠡ | ᠠᠵᠤ ᠠᠬᠤᠶᠢᠯᠠᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠦᠢᠯᠡᠳᠪᠦᠷᠢ ᠶᠢ ᠡᠭᠦᠳᠦᠨ | ᠪᠠᠶᠢᠭᠤᠯᠬᠤ ᠶᠢ ᠳᠡᠮᠵᠢᠵᠦ᠂ ᠲᠠᠯ᠎ᠠ ᠨᠤᠲᠤᠭ ᠤᠨ ᠰᠠᠨ ᠾᠧ ᠵᠡᠷᠭᠡ ᠠᠵᠤ ᠠᠬᠤᠶᠢᠯᠠᠯ ᠤᠨ ᠲᠣᠭᠠᠴᠢᠯᠠᠭᠰᠠᠨ | ᠦᠢᠯᠡᠳᠪᠦᠷᠢ ᠶᠢᠨ ᠲᠠᠰᠤᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠰᠢᠨ᠎ᠡ ᠶᠢ ᠡᠭᠦᠳᠬᠦ ᠬᠡᠯᠪᠡᠷᠢ ᠶᠢᠨ 5 | ᠳᠤᠮᠳᠠ ᠵᠢᠵᠢᠭ ᠠᠵᠤ ᠠᠬᠤᠶᠢᠯᠠᠯ᠂ 1 ︽ᠲᠤᠰᠬᠠᠶ ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ | ᠠᠬᠤᠶᠢᠯᠠᠯ ᠢ ᠪᠤᠶᠢᠵᠢᠭᠤᠯᠵᠤ᠂ 8 ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠪᠡ᠃ | ᠰᠢᠨ᠎ᠡ ᠡᠨᠧᠷᠭᠢ ᠶᠢᠨ ᠠᠵᠤ ᠦᠢᠯᠡᠰ ᠤᠨ ᠲᠦᠷᠭᠡᠨ ᠥᠷᠭᠡᠳᠬᠦ ᠶᠢ ᠠᠬᠢᠭᠤᠯᠬᠤ ᠬᠡᠷᠡᠭᠲᠡᠢ᠃ ᠶᠡᠭᠡ ᠬᠡᠪᠴᠢᠶ᠎ᠡ ᠪᠠᠷ | ᠨᠡᠭᠡᠭᠡᠨ ᠬᠥᠭᠵᠢᠭᠦᠯᠬᠦ ᠶᠢ ᠲᠦᠷᠭᠡᠳᠬᠡᠵᠦ᠂ ᠮᠧᠩ ᠨᠧᠩ ᠲᠣᠮᠣ ᠰᠠᠭᠤᠷᠢᠨ ᠭᠠᠵᠠᠷ ᠤᠨ ᠲᠥᠷᠥᠯ ᠵᠦᠢᠯ ᠢ ᠳᠡᠭᠡᠷ᠎ᠡ | ᠬᠠᠭᠠᠰ ᠵᠢᠯ ᠳᠤ ᠠᠵᠢᠯ ᠡᠬᠢᠯᠡᠭᠦᠯᠬᠦ ᠶᠢ ᠠᠬᠢᠭᠤᠯᠵᠤ᠂ ᠤᠯᠤᠰ ᠤᠨ ᠴᠠᠬᠢᠯᠭᠠᠨ ᠬᠦᠴᠦᠨ ᠤ ᠪᠡᠯᠡ | ᠣᠷᠣᠭᠤᠯᠤᠯᠲᠠ ᠶᠢᠨ 44.5 ᠲᠦᠮᠡᠨ ᠺᠢᠯᠣᠸᠠᠲ᠂ ᠵᠢᠨᠯᠢᠶᠠᠨ ᠤ 64 ᠲᠦᠮᠡᠨ ᠺᠢᠯᠣᠸᠠᠲ ᠤᠨ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠰᠣᠯᠣᠨ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ | ᠥᠷᠲᠡᠭᠡ ᠶᠢᠨ ᠲᠥᠷᠥᠯ ᠵᠦᠢᠯ ᠢ ᠵᠢᠯ ᠤᠨ ᠳᠣᠲᠣᠷ᠎ᠠ ᠬᠢᠨᠠᠨ ᠵᠥᠪᠰᠢᠶᠡᠷᠡᠬᠦ ᠶᠢ ᠪᠡᠶᠡᠯᠡᠭᠦᠯᠬᠦ ᠪᠠᠷ ᠴᠢᠷᠮᠠᠶᠢᠵᠤ᠂ | 160 ᠲᠦᠮᠡᠨ ᠺᠢᠯᠣᠸᠠᠲ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠶᠡᠷᠦᠩᠬᠡᠶ ᠬᠡᠪᠴᠢᠶ᠎ᠡ ᠶᠢ 800 ᠲᠦᠮᠡᠨ | ᠺᠢᠯᠣᠸᠠᠲ ᠠᠴᠠ ᠳᠠᠪᠠᠭᠤᠯᠤᠨ᠎ᠠ᠃ ᠶᠢᠨ ᠹᠧᠩ 200 ᠲᠦᠮᠡᠨ ᠺᠢᠯᠣᠸᠠᠲ ᠤᠨ ᠰᠠᠯᠬᠢᠨ ᠬᠦᠴᠦᠨ ᠤ | ᠴᠠᠬᠢᠯᠭᠠᠨ ᠢᠶᠠᠷ ᠪᠣᠬᠢᠷᠲᠤᠯ ᠥᠬᠡᠶ ᠮᠧᠲ᠋ᠢᠯ ᠠᠯᠺᠣᠤᠯ᠂ ᠵᠢᠩ ᠨᠧᠩ ᠪᠠ ᠬᠤᠸᠠ ᠨᠧᠩ ᠪᠣᠬᠢᠷᠲᠤᠯ ᠥᠬᠡᠶ | ᠴᠠᠬᠢᠯᠭᠠᠨ ᠢᠶᠠᠷ ᠤᠰᠤᠲᠥ᠋ᠷᠥᠭᠴᠢ ᠦᠢᠯᠡᠳᠬᠦ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ | ᠪᠠᠶᠢᠭᠤᠯᠬᠤ ᠶᠢ ᠠᠬᠢᠭᠤᠯᠵᠤ᠂ ᠵᠥᠩ ᠭᠤᠸᠠᠩ ᠴᠥᠮ᠎ᠡ ᠶᠢᠨ 200 ᠲᠦᠮᠡᠨ ᠺᠢᠯᠣᠸᠠᠲ ᠤᠨ ᠰᠠᠯᠬᠢᠨ ᠬᠦᠴᠦᠨ ᠤ | ᠴᠠᠬᠢᠯᠭᠠᠨ ᠢᠶᠠᠷ ᠤᠰᠤᠲᠥ᠋ᠷᠥᠭᠴᠢ ᠦᠢᠯᠡᠳᠬᠦ ᠮᠧᠲ᠋ᠢᠯ ᠠᠯᠺᠣᠤᠯ ᠦᠶ᠋ᠯᠡᠳᠬᠦ ᠲᠥᠷᠥᠯ ᠵᠦᠢᠯ ᠢ ᠥᠪᠡᠷᠲᠡᠭᠡᠨ ᠵᠠᠰᠠᠬᠤ | ᠣᠷᠣᠨ ᠤ ᠵᠠᠬ᠎ᠠ ᠳᠡᠯᠭᠡᠭᠦᠷᠴᠢᠯᠡᠨ ᠰᠢᠩᠭᠡᠭᠡᠬᠦ ᠨᠠᠷᠢᠨ ᠬᠠᠭᠤᠳᠠᠰᠤ ᠳᠤ ᠣᠷᠣᠭᠤᠯᠬᠤ ᠪᠠᠷ ᠰᠦᠪᠡᠭᠴᠢᠯᠡᠵᠦ᠂ ᠥᠪᠥᠷ | ᠮᠣᠩᠭᠤᠯ ᠤᠨ ᠵᠡᠭᠦᠨ ᠬᠡᠰᠡᠭ ᠤᠨ ᠨᠣᠭᠤᠭᠠᠨ ᠤᠰᠤᠲᠥ᠋ᠷᠥᠭᠴᠢ ᠶᠢᠨ ᠦᠢᠯᠡᠳᠪᠦᠷᠢᠯᠡᠯ ᠤᠨ ᠨᠡᠶᠢᠯᠡᠯᠭᠡ ᠰᠢᠪᠲᠦᠷ᠂ | ᠨᠣᠭᠤᠭᠠᠨ ᠮᠧᠲ᠋ᠢᠯ ᠠᠯᠺᠣᠤᠯ ᠤᠨ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ 2024 | ᠣᠨ ᠤ 1 ᠰᠠᠷ᠎ᠠ ᠠᠴᠠ ᠡᠬᠢᠯᠡᠨ᠂ ᠰᠢᠨ᠎ᠡ ᠡᠨᠧᠷᠭᠢ ᠶᠢᠨ ᠠᠵᠤ ᠦᠢᠯᠡᠰ ᠤᠨ ᠠᠶᠢᠮᠠᠭ ᠤᠨ ᠱᠠᠲᠤᠨ ᠤ ᠨᠢᠭᠡᠳᠦᠯᠲᠡᠶ | ᠲᠥᠯᠥᠪᠯᠡᠬᠦ ᠴᠢᠩᠭ᠎ᠠ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠡᠯ᠎ᠡ ᠬᠤᠰᠢᠭᠤ ᠰᠢᠶᠠᠨ ᠬᠤᠲᠠ ᠪᠠ | ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠨᠢᠭᠡᠴᠢ ᠶᠢᠨ ᠰᠢᠨ᠎ᠡ ᠡᠨᠧᠷᠭᠢ ᠶᠢᠨ ᠰᠠᠨᠠᠮᠵᠢ ᠶᠢᠨ ᠲᠥᠷᠥᠯ | ᠵᠦᠢᠯ ᠢ ᠡᠷᠬᠡᠪᠰᠢ ᠤᠷᠢᠳᠠᠪᠠᠷ ᠮᠡᠳᠡᠭᠦᠯᠦᠨ ᠬᠢᠨᠠᠭᠤᠯᠵᠤ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠬᠠᠮᠢᠶ᠎ᠠ | ᠪᠥᠬᠦᠶ ᠬᠤᠷᠠᠯ ᠢ ᠵᠥᠪᠯᠡᠨ ᠲᠣᠭᠲᠠᠭᠠᠵᠤ ᠵᠥᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠭᠡᠷ᠎ᠡ ᠲᠣᠭᠲᠠᠨ ᠬᠡᠷᠡᠭᠵᠢᠭᠦᠯᠵᠦ | ᠪᠣᠯᠤᠨ᠎ᠠ᠃ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠳᠡᠰ ᠳᠡᠪᠰᠢᠬᠦ ᠶᠢ ᠠᠬᠢᠭᠤᠯᠬᠤ ᠬᠡᠷᠡᠭᠲᠡᠢ᠃ | ᠠᠶᠢᠮᠠᠭ ᠤᠨ ᠨᠡᠭᠡᠭᠡᠯᠲᠡ ᠶᠢᠨ ᠲᠣᠭᠤᠷᠢᠭ ᠤᠨ C ᠲᠠᠰ ᠠᠴᠠ ᠳᠡᠭᠡᠭᠰᠢᠬᠢ ᠬᠢᠮᠢ ᠶᠢᠨ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠦᠨᠡᠯᠡᠨ ᠲᠣᠭᠲᠠᠭᠠᠬᠤ ᠶᠢ ᠪᠡᠶᠡᠯᠡᠭᠦᠯᠵᠦ᠂ ᠲᠡᠮᠦᠷ ᠵᠠᠮ ᠤᠨ ᠲᠤᠰᠬᠠᠶ ᠱᠤᠭᠤᠮ᠂ ᠶᠢᠨ | ᠹᠧᠩ ᠴᠢᠩ ᠶᠤᠸᠠᠨ ᠪᠣᠬᠢᠷᠲᠤᠯ ᠥᠬᠡᠶ ᠴᠠᠬᠢᠯᠭᠠᠨ ᠬᠠᠩᠭᠠᠬᠤ ᠲᠥᠷᠥᠯ ᠵᠦᠢᠯ ᠢ ᠵᠢᠯ ᠤᠨ ᠳᠣᠲᠣᠷ᠎ᠠ | ᠳᠠᠭᠤᠰᠬᠠᠬᠤ ᠪᠠᠷ ᠴᠢᠷᠮᠠᠶᠢᠨ᠎ᠠ᠃ ᠤᠯᠠᠭᠠᠨᠬᠤᠲᠠ ᠶᠢᠨ ᠪᠣᠬᠢᠷᠲᠤᠯ ᠥᠬᠡᠶ ᠠᠵᠤ ᠦᠢᠯᠡᠰ ᠤᠨ ᠬᠦᠷᠢᠶᠡᠯᠡᠩ ᠤᠨ | ᠪᠣᠬᠢᠷ ᠤᠰᠤᠨ ᠤ ᠬᠤᠭᠤᠯᠠᠶ ᠶᠢᠨ ᠲᠣᠤᠷ ᠤᠨ ᠥᠭᠡᠷᠡᠴᠢᠯᠡᠯᠲᠡ᠂ ᠲᠦᠴᠢᠦᠸᠠᠨ ᠤ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠪᠠᠷᠢᠮᠵᠢᠶᠠᠲᠤ ᠦᠢᠯᠡᠳᠪᠦᠷᠢ ᠶᠢᠨ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ᠂ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠶᠡᠷᠦᠩᠬᠡᠶᠢᠯᠡᠭᠰᠡᠨ ᠬᠤᠭᠤᠯᠠᠶ ᠶᠢᠨ ᠲᠣᠤᠷ ᠤᠨ ᠢᠨᠵᠧᠨᠧᠷᠢᠩ ᠢ ᠬᠡᠷᠡᠭᠵᠢᠭᠦᠯᠵᠦ᠂ ᠲᠦᠩᠯᠢᠶᠣᠤ ᠠᠴᠠ ᠬᠢᠩᠭᠠᠨ | ᠠᠶᠢᠮᠠᠭ ᠤᠨ ᠪᠠᠶᠢᠭᠠᠯᠢ ᠶᠢᠨ ᠰᠢᠲᠠᠮᠠᠬᠠᠶ ᠬᠡᠶ ᠶᠢᠨ ᠣᠷᠳᠣ ᠳᠠᠮᠵᠢᠭᠤᠯᠬᠤ ᠬᠤᠭᠤᠯᠠᠶ ᠶᠢᠨ ᠢᠨᠵᠧᠨᠧᠷᠢᠩ ᠤᠨ | ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠬᠦᠷᠢᠶᠡᠯᠡᠩ ᠲᠣᠭᠤᠷᠢᠭ ᠤᠨ ᠳᠠᠭᠠᠭᠠᠴᠠ ᠶᠢᠨ | ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ | ᠭᠤᠷᠪᠠ ᠳᠤ᠂ ᠠᠮᠢ ᠠᠬᠤᠢ ᠶᠢᠨ ᠰᠣᠶᠣᠯ ᠵᠢᠭᠤᠯᠴᠢᠯᠠᠯ ᠤᠨ ᠦᠢᠯᠡᠰ ᠢ ᠦᠷᠭᠦᠯᠵᠢᠯᠡᠨ ᠰᠢᠯᠢᠳᠡᠭᠵᠢᠭᠦᠯᠦᠨ᠎ᠡ᠃ | ᠪᠥᠬᠦ ᠣᠷᠣᠨ ᠪᠦᠰᠡ᠂ ᠪᠥᠬᠦ ᠤᠯᠠᠷᠢᠯ᠂ ᠪᠥᠬᠦ ᠡᠵᠡᠩᠨᠡᠯᠲᠡ ᠶᠢᠨ ᠬᠡᠯᠪᠡᠷᠢ᠂ ᠪᠥᠬᠦ ᠡᠯᠧᠮᠧᠨ᠋ᠲ ᠤᠨ | ᠵᠢᠭᠤᠯᠴᠢᠯᠠᠯ ᠤᠨ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠵᠤ᠂ ᠵᠢᠭᠤᠯᠴᠢᠯᠠᠯ ᠰᠡᠯᠡᠭᠦᠴᠡᠯ ᠤᠨ ᠬᠤᠲᠠ ᠶᠢ | ᠢᠳᠡᠪᠬᠢᠲᠡᠶ ᠪᠤᠶᠢᠵᠢᠭᠤᠯᠵᠤ᠂ ᠪᠥᠬᠦ ᠤᠯᠤᠰ ᠤᠨ ᠬᠤᠪᠢᠰᠬᠠᠯᠲᠤ ᠵᠢᠭᠤᠯᠴᠢᠯᠠᠯ ᠤᠨ ᠠᠭᠤᠰᠤᠯᠴᠠᠨ ᠬᠥᠭᠵᠢᠬᠦ | ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠤᠨ᠎ᠠ᠃ ︽ᠶᠠᠰᠤ ᠴᠢᠨᠠᠷ ᠢ ᠴᠢᠩᠭᠠᠳᠬᠠᠬᠤ︾ ᠶᠢᠨ | ᠲᠣᠭᠤᠷᠢᠨ ᠳᠤ ᠰᠠᠭᠤᠷᠢ ᠪᠦᠲᠦᠭᠡᠨ ᠪᠠᠶᠢᠭᠤᠯᠤᠯᠲᠠ ᠶᠢ ᠪᠣᠳᠠᠲᠠᠶ ᠠᠳᠬᠤᠬᠤ ᠬᠡᠷᠡᠭᠲᠡᠶ᠃ 19 ᠳ᠋ᠦᠩᠰᠢᠭᠤᠷ | ᠲᠥᠭᠦᠷᠢᠭ ᠤᠨ ᠶᠡᠷᠦᠩᠬᠡᠢ ᠪᠡᠯᠡ ᠣᠷᠣᠭᠤᠯᠤᠯᠲᠠ ᠶᠢᠨ 10 ᠵᠤᠭᠠᠴᠠᠯ ᠤᠨ ᠨᠢᠳᠤᠷᠭᠠᠨ ᠲᠥᠷᠥᠯ ᠵᠦᠢᠯ ᠢ | ᠭᠤᠣᠯᠳᠠᠯᠭ᠎ᠠ ᠲᠠᠢ ᠬᠡᠷᠡᠭᠵᠢᠭᠦᠯᠵᠦ᠂ ᠶᠢᠨ ᠵᠢᠶᠠᠩ ᠭᠸᠤ ᠶᠢᠨ ᠬᠠᠯᠠᠭᠤᠨ ᠷᠠᠰᠢᠶᠠᠨ ᠤ ᠵᠤᠭᠠᠴᠠᠯ ᠤᠨ ᠠᠮᠠᠷᠠᠯᠲᠠ ᠶᠢᠨ | ᠣᠷᠣᠨ᠂ ᠤᠯᠠᠭᠠᠨᠮᠣᠳᠣ ᠵᠤᠭᠠᠴᠠᠯ ᠤᠨ ᠲᠥᠬᠦᠭᠡᠷᠦᠮᠵᠢ ᠶᠢ ᠳᠡᠭᠡᠭᠰᠢᠯᠡᠭᠦᠯᠬᠦ ᠲᠦᠷᠦᠯ ᠵᠦᠢᠯ ᠤᠨ ᠪᠠᠷᠢᠯᠭ᠎ᠠ | ᠳᠠᠭᠤᠰᠴᠤ ᠠᠰᠢᠭᠯᠠᠯᠲᠠ ᠳᠤ ᠣᠷᠣᠭᠤᠯᠬᠤ ᠶᠢ ᠪᠠᠲᠤᠯᠠᠵᠤ᠂ ᠬᠤᠸᠠ ᠷᠦᠨ ᠬᠦᠰᠡᠯᠡᠩ ᠤᠨ ᠵᠢᠵᠢᠭ ᠪᠠᠯᠭᠠᠰᠤ᠂ | ᠱᠧᠩ ᠴᠢᠤᠸᠠᠨ ᠡᠷᠡᠭᠦᠯᠵᠢᠯ ᠰᠤᠪᠢᠯᠠᠯᠲᠠ ᠶᠢᠨ ᠲᠥᠪ᠂ ᠬᠠᠩᠭᠠᠯ ᠨᠠᠭᠤᠷ ᠤᠨ ᠪᠠᠭᠤᠳᠠᠯ ᠤᠨ ᠭᠤᠣᠯ ᠴᠣᠭᠴᠠ ᠶᠢᠨ | ᠪᠠᠷᠢᠯᠭ᠎ᠠ ᠳᠠᠭᠤᠰᠴᠤ᠂ ᠮᠢ ᠵᠢᠩ ᠱᠠᠨ ᠰᠢᠶᠠᠩ ᠤᠨ ᠰᠣᠶᠣᠯ ᠵᠤᠭᠠᠴᠠᠯ ᠤᠨ ᠣᠷᠣᠨ ᠢ ᠡᠬᠢᠯᠡᠨ ᠪᠠᠶᠢᠭᠤᠯᠵᠤ᠂ | ᠤᠯᠤᠰ ᠤᠨ ᠲᠡᠰ ᠤᠨ ᠴᠠᠰᠤᠨ ᠳᠤ ᠭᠤᠯᠭᠤᠬᠤ ᠵᠤᠭᠠᠴᠠᠯ ᠤᠨ ᠠᠮᠠᠷᠠᠯᠲᠠ ᠶᠢᠨ ᠭᠠᠵᠠᠷ ᠤᠨ ᠲᠦᠷᠦᠯ ᠵᠦᠢᠯ ᠢ | ᠰᠦᠪᠡᠭᠴᠢᠯᠡᠨ ᠬᠡᠷᠡᠭᠵᠢᠭᠦᠯᠦᠨ᠎ᠡ᠃ ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ | ᠪᠠᠯᠭᠠᠰᠤ᠂ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ᠂ A ᠲᠠᠰ ᠤᠨ ᠦᠵᠡᠮᠵᠢ ᠶᠢᠨ | ᠣᠷᠣᠨ᠂ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠰᠠᠭᠤᠷᠢᠨ | ᠭᠠᠵᠠᠷ ᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠠᠳᠬᠤᠨ᠎ᠠ᠃ ︽ᠬᠥᠮᠦᠨ ᠤ ᠬᠦᠴᠦᠨ ᠢ ᠲᠥᠪᠯᠡᠷᠡᠭᠦᠯᠬᠦ︾ | ᠲᠣᠭᠤᠷᠢᠨ ᠳᠤ ᠵᠢᠭᠤᠯᠴᠢᠯᠠᠯ ᠤᠨ ᠦᠢᠯᠡᠳᠬᠦᠨ ᠢ ᠪᠠᠶᠠᠯᠢᠭᠵᠢᠭᠤᠯᠬᠤ ᠬᠡᠷᠡᠭᠲᠡᠢ᠃ ᠷᠠᠰᠢᠶᠠᠨ ᠤ ᠤᠯᠤᠰ ᠤᠨ | ᠲᠠᠰ ᠤᠨ ᠵᠤᠭᠠᠴᠠᠯ ᠤᠨ ᠠᠮᠠᠷᠠᠯᠲᠠ ᠶᠢᠨ ᠣᠷᠣᠨ ᠢᠶᠠᠷ ᠲᠦᠷᠦᠭᠦᠯᠡᠭᠴᠢ ᠪᠣᠯᠭᠠᠵᠤ᠂ ︽ᠨᠢᠭᠡ ᠣᠷᠳᠣᠨ ᠠᠷᠪᠠᠨ | ᠪᠠᠭᠤᠷᠢ︾᠂ ᠤᠯᠠᠭᠠᠨ ᠮᠣᠳᠣ ᠲᠠᠯ᠎ᠠ ᠨᠤᠲᠤᠭ᠂ ᠲᠠᠪᠤᠯᠵᠢᠨ ᠪᠠᠲᠤᠴᠠᠭᠠᠨ ᠤ ᠠᠮᠢ ᠠᠬᠤᠶ ᠶᠢᠨ ᠵᠤᠭᠠᠴᠠᠯ ᠤᠨ | ᠦᠵᠡᠮᠵᠢ ᠶᠢᠨ ᠣᠷᠣᠨ ᠵᠡᠷᠭᠡ ᠠᠴᠢᠶᠠᠯᠠᠪᠤᠷᠢ ᠳᠤ ᠲᠦᠰᠢᠭᠯᠡᠨ᠂ ᠬᠤᠪᠢᠰᠬᠠᠯ ᠤᠨ ᠵᠢᠭᠤᠯᠴᠢᠯᠠᠯ᠂ ᠲᠠᠯ᠎ᠠ | ᠨᠤᠲᠤᠭ ᠤᠨ ᠵᠢᠭᠤᠯᠴᠢᠯᠠᠯ᠂ ᠣᠶ ᠰᠢᠭᠤᠶ ᠶᠢᠨ ᠵᠢᠭᠤᠯᠴᠢᠯᠠᠯ᠂ ᠮᠥᠰᠥ ᠴᠠᠰᠤᠨ ᠤ ᠵᠢᠭᠤᠯᠴᠢᠯᠠᠯ᠂ ᠰᠤᠳᠤᠯᠤᠨ | ᠰᠤᠷᠤᠯᠴᠠᠬᠤ ᠵᠢᠭᠤᠯᠴᠢᠯᠠᠯ ᠵᠡᠷᠭᠡ 6 ᠲᠥᠷᠥᠯ ᠤᠨ ᠵᠤᠭᠠᠴᠠᠯ ᠤᠨ ᠪᠦᠲᠦᠭᠡᠭᠳᠡᠬᠦᠨ ᠢ ᠪᠥᠬᠦ ᠬᠦᠴᠦᠨ ᠢᠶᠠᠷ ᠢᠶᠠᠨ | ᠪᠣᠶ ᠪᠣᠯᠭᠠᠵᠤ᠂ ᠬᠢᠩᠭᠠᠨ ᠠᠶᠢᠮᠠᠭ ᠤᠨ ᠮᠢᠩᠭᠠᠨ ᠭᠠᠵᠠᠷ ᠤᠨ ᠵᠢᠭᠤᠯᠴᠢᠯᠠᠯ ᠤᠨ ᠲᠣᠭᠤᠷᠢᠯ ᠵᠠᠮ᠂ ︽ᠭᠤᠷᠪᠠᠨ | ᠬᠥᠨᠳᠡᠯᠡᠨ ᠨᠢᠭᠡ ᠭᠤᠤᠯ︾ ᠤᠨ ᠥᠪᠡᠰᠦᠪᠡᠨ ᠲᠡᠷᠭᠡ ᠵᠢᠯᠣᠭᠤᠳᠬᠤ ᠰᠣᠳᠣᠨ ᠵᠤᠭᠠᠴᠠᠯ ᠤᠨ ᠵᠠᠮ ᠱᠤᠭᠤᠮ ᠢ | ᠲᠦᠷᠭᠡᠳᠬᠡᠨ ᠪᠠᠶᠢᠭᠤᠯᠵᠤ᠂ ᠯᠦ ᠵᠢᠶᠤᠤ ᠸᠠᠨ ᠸᠠᠨ ᠤ ᠬᠠᠯᠠᠭᠤᠨ ᠷᠠᠰᠢᠶᠠᠨ ᠤ ᠬᠤᠸᠠᠷᠠᠨ᠂ ᠰᠢ ᠺᠸᠦ ᠲᠣᠰᠬᠤᠨ ᠤ | ᠤᠷᠠᠨ ᠵᠢᠷᠤᠭ ᠤᠨ ᠬᠤᠸᠠᠷᠠᠨ ᠵᠡᠷᠭᠡ ᠬᠡᠭᠡᠷ᠎ᠡ ᠪᠠᠭᠤᠳᠠᠯᠯᠠᠬᠤ ᠭᠠᠵᠠᠷ ᠢ 6 ᠪᠠᠶᠢᠭᠤᠯᠪᠠ᠃ ︽ᠠᠮᠢᠵᠢᠷᠠᠯ ᠤᠨ | ᠬᠦᠴᠦᠨ ᠢᠶᠠᠨ ᠨᠡᠮᠡᠭᠳᠡᠭᠦᠯᠬᠦ︾ ᠶᠢᠨ ᠲᠣᠭᠤᠷᠢᠨ ᠳᠤ ᠬᠢᠯᠢ ᠶᠢᠨ ᠵᠢᠭᠤᠯᠴᠢᠯᠠᠯ᠂ ᠬᠢᠯᠢ ᠠᠯᠤᠰᠯᠠᠭᠰᠠᠨ ᠵᠢᠭᠤᠯᠴᠢᠯᠠᠯ ᠢ | ᠬᠥᠭᠵᠢᠭᠦᠯᠬᠦ ᠬᠡᠷᠡᠭᠲᠡᠶ᠃ ᠷᠠᠰᠢᠶᠠᠨ ᠤ ᠬᠢᠯᠢ ᠶᠢᠨ ᠵᠢᠭᠤᠯᠴᠢᠯᠠᠯ ᠤᠨ ᠲᠤᠷᠰᠢᠯᠲᠠ ᠶᠢᠨ ᠣᠷᠣᠨ ᠢ ᠡᠭᠦᠳᠦᠨ | ᠪᠠᠶᠢᠭᠤᠯᠬᠤ ᠶᠢ ᠡᠬᠢᠯᠡᠭᠦᠯᠵᠦ᠂ ᠬᠠᠷᠢᠯᠴᠠᠨ ᠵᠢᠭᠤᠯᠴᠢᠯᠠᠯ ᠤᠨ ᠸᠢᠰᠠ ᠶᠢ ᠬᠡᠯᠲᠦᠷᠢᠭᠦᠯᠬᠦ ᠶᠢ ᠠᠬᠢᠭᠤᠯᠤᠨ᠂ ᠣᠯᠠᠨ | ᠤᠯᠤᠰ ᠤᠨ ᠠᠭᠠᠷ ᠤᠨ ᠲᠡᠭᠡᠭᠡᠪᠦᠷᠢ ᠶᠢᠨ ᠵᠢᠭᠤᠯᠴᠢᠯᠠᠯ ᠤᠨ ᠨᠢᠰᠬᠡᠯ ᠳᠠᠭᠠᠭᠠᠴᠢᠯᠠᠬᠤ ᠲᠤᠬᠠᠶᠢᠯᠠᠭᠰᠠᠨ ᠠᠵᠢᠯ ᠢ | ᠨᠡᠪᠲᠡᠷᠡᠭᠦᠯᠬᠦ ᠪᠠᠷ ᠴᠢᠷᠮᠠᠶᠢᠵᠤ᠂ 8 ᠰᠠᠭᠤᠳᠠᠯ ᠠᠴᠠ ᠳᠣᠷᠣᠭᠰᠢᠬᠢ ᠵᠢᠵᠢᠭ ᠬᠡᠯᠪᠡᠷᠢ ᠶᠢᠨ ᠲᠡᠷᠭᠡ ᠬᠥᠰᠬᠡ ᠶᠢᠨ | ᠨᠡᠪᠲᠡᠷᠡᠬᠦ ᠲᠤᠷᠰᠢᠯᠲᠠ ᠶᠢᠨ ᠴᠡᠭ ᠤᠨ ᠪᠣᠭᠤᠮᠲᠠ ᠶᠢ ᠭᠤᠶᠤᠴᠢᠯᠠᠵᠤ᠂ ︽ᠬᠢᠯᠢ ᠪᠠᠨ ᠬᠥᠭᠵᠢᠭᠦᠯᠵᠦ ᠵᠢᠭᠤᠯᠴᠢᠯᠠᠬᠤ︾ | ᠨᠠᠷᠠᠲᠤ ᠲᠡᠮᠳᠡᠭᠲᠦ ᠶᠢ ᠪᠣᠶ ᠪᠣᠯᠭᠠᠵᠤ᠂ ᠬᠢᠯᠢ ᠶᠢᠨ ᠵᠢᠭᠤᠯᠴᠢᠯᠠᠯ᠂ ᠬᠢᠯᠢ ᠠᠯᠤᠰᠯᠠᠭᠰᠠᠨ ᠵᠢᠭᠤᠯᠴᠢᠯᠠᠯ ᠤᠨ | ᠬᠥᠮᠦᠨ ᠤ ᠲᠤᠭ᠎ᠠ ᠶᠢ ᠲᠣᠰ ᠲᠣᠰ 5% ᠪᠠ 10% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃ ︽ᠨᠡᠷ᠎ᠡ | ᠮᠠᠨᠳᠤᠭᠰᠠᠨ︾ ᠤ ᠲᠣᠭᠤᠷᠢᠨ ᠳᠤ ᠤᠬᠠᠭᠤᠯᠭ᠎ᠠ ᠶᠢᠨ ᠪᠣᠷᠣᠯᠠᠭᠤᠯᠭ᠎ᠠ ᠶᠢ ᠰᠢᠯᠢᠳᠡᠭᠵᠢᠭᠦᠯᠬᠦ ᠬᠡᠷᠡᠭᠲᠡᠢ᠃ ︽ᠬᠢᠩᠭᠠᠨ | ᠳᠠᠪᠠᠭᠠᠨ ᠳᠠᠬᠢ ᠬᠢᠩᠭᠠᠨ ᠠᠶᠢᠮᠠᠭ︾ ᠭᠡᠬᠦ ᠣᠷᠣᠨ ᠪᠦᠰᠡ ᠶᠢᠨ ᠲᠥᠷᠥᠯ ᠲᠡᠮᠳᠡᠭᠲᠦ ᠶᠢᠨ ᠭᠤᠤᠯ ᠴᠣᠭᠴᠠ ᠶᠢᠨ | ᠳᠦᠷᠢ ᠲᠥᠷᠬᠦ ᠪᠠ ︽ᠳᠤᠮᠳᠠᠳᠤ ᠤᠯᠤᠰ ᠤᠨ ᠵᠣᠨ ᠠᠴᠠ ᠵᠠᠶᠢᠯᠠᠬᠤ ᠵᠢᠭᠤᠯᠴᠢᠯᠠᠯ ᠤᠨ ᠵᠣᠷᠢᠭᠰᠠᠨ ᠭᠠᠵᠠᠷ︾ ᠤᠨ | ᠨᠥᠯᠥᠭᠡᠯᠡᠬᠦ ᠬᠦᠴᠦᠨ ᠢ ᠰᠠᠶᠢᠲᠤᠷ ᠪᠠᠳᠠᠷᠠᠭᠤᠯᠵᠤ᠂ ︽ᠬᠢᠩᠭᠠᠨᠴᠤᠳ ᠬᠢᠩᠭᠠᠨ ᠢᠶᠠᠷ ᠵᠤᠭᠠᠴᠠᠬᠤ︾᠂ ︽ᠥᠪᠥᠷ | ᠮᠣᠩᠭᠤᠯᠴᠤᠳ ᠬᠢᠩᠭᠠᠨ ᠢᠶᠠᠷ ᠵᠤᠭᠠᠴᠠᠬᠤ︾ ᠶᠢ ᠰᠠᠶᠢᠲᠤᠷ ᠥᠷᠨᠢᠭᠦᠯᠵᠦ᠂ ᠰᠤᠷᠭᠠᠭᠤᠯᠢ ᠶᠢᠨ ᠨᠠᠶᠢᠵᠠ ᠶᠢᠨ ᠠᠵᠤ | ᠠᠬᠤᠶ ᠶᠢᠨ ᠶᠠᠷᠢᠶᠠᠨ ᠤ ᠲᠠᠪᠴᠠᠩ᠂ ᠨᠠᠭᠠᠳᠤᠮ ᠤᠨ ᠶᠡᠭᠡ ᠬᠤᠷᠠᠯ ᠵᠡᠷᠭᠡ ᠠᠵᠢᠯᠯᠠᠭ᠎ᠠ ᠶᠢ ᠦᠷᠭᠦᠯᠵᠢᠯᠡᠨ ᠰᠠᠶᠢᠲᠤᠷ | ᠡᠷᠬᠢᠯᠡᠵᠦ᠂ ᠠᠭᠠᠷ ᠤᠨ ᠠᠶᠠᠯᠠᠯ᠂ ᠲᠦᠷᠭᠡᠨ ᠲᠡᠮᠦᠷ ᠵᠠᠮ ᠤᠨ ᠵᠢᠭᠤᠯᠴᠢᠯᠠᠯ ᠤᠨ ᠭᠤᠤᠯ ᠰᠡᠳᠦᠪᠲᠦ ᠵᠣᠴᠢᠳ ᠤᠨ | ᠥᠷᠥᠭᠡ ᠶᠢ ᠪᠣᠶ ᠪᠣᠯᠭᠠᠵᠤ᠂ ᠥᠪᠥᠷ ᠮᠣᠩᠭᠤᠯ ᠾᠧᠪᠸᠢ ᠯᠢᠶᠣᠤᠨᠢᠩ ᠤᠨ ᠵᠢᠶ ᠰᠣᠶᠣᠯ ᠵᠢᠭᠤᠯᠴᠢᠯᠠᠯ ᠤᠨ | ᠬᠤᠯᠪᠣᠭ᠎ᠠ ᠵᠡᠷᠭᠡ ᠬᠠᠮᠲᠤᠷᠠᠯᠴᠠᠭᠠᠨ ᠤ ᠲᠠᠪᠴᠠᠩ ᠳᠤ ᠲᠦᠰᠢᠭᠯᠡᠨ᠂ ︽ᠠᠭᠤᠯᠠᠷᠬᠠᠭ ᠠᠶᠢᠮᠠᠭ᠂ ᠤᠰᠤᠨ ᠠᠶᠢᠮᠠᠭ᠂ | ᠬᠢᠩᠭᠠᠨ ᠠᠶᠢᠮᠠᠭ︾ ᠵᠢᠭᠤᠯᠴᠢᠯᠠᠯ ᠤᠨ ᠨᠡᠷ᠎ᠡ ᠶᠢᠨ ᠬᠠᠭᠤᠳᠠᠰᠤ ᠶᠢ ᠦᠷᠭᠦᠯᠵᠢᠯᠡᠨ ᠭᠡᠷᠡᠯᠲᠦᠭᠦᠯᠵᠦ᠂ ᠪᠥᠬᠦ ᠵᠢᠯ ᠳᠤ | ᠵᠤᠭᠠᠴᠠᠭᠰᠠᠳ ᠢ ᠭᠥᠯᠢᠶᠡᠨ ᠠᠪᠬᠤ ᠬᠥᠮᠦᠨ ᠤ ᠲᠤᠭ᠎ᠠ᠂ ᠵᠢᠭᠤᠯᠴᠢᠯᠠᠯ ᠤᠨ ᠣᠷᠣᠯᠭ᠎ᠠ ᠶᠢ ᠴᠥᠮ 15% ᠠᠴᠠ | ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃ | ᠳᠥᠷᠪᠡᠳᠦᠭᠡᠷ ᠲᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠲᠠᠢ ᠨᠢᠭᠲᠠ ᠤᠶᠠᠯᠳᠤᠭᠤᠯᠤᠨ | ᠨᠠᠶᠢᠳᠠᠪᠤᠷᠢᠵᠢᠭᠤᠯᠤᠯᠲᠠ ᠶᠢ ᠠᠳᠬᠤᠨ᠎ᠠ | ︽ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠳᠠᠪᠠᠭᠤᠯᠢᠭ ᠲᠠᠯ᠎ᠠ ᠶᠢ ᠪᠣᠶ ᠪᠣᠯᠭᠠᠬᠤ︾ ᠶᠢ ᠪᠠᠷᠢᠮᠲᠠᠯᠠᠨ᠂ | ᠥᠭᠡᠷᠡᠴᠢᠯᠡᠯᠲᠡ ᠳᠤ ᠲᠦᠰᠢᠭᠯᠡᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠰᠢᠨ᠎ᠡ ᠶᠢ ᠡᠭᠦᠳᠦᠨ ᠬᠥᠳᠡᠯᠭᠡᠬᠦ | ᠬᠦᠴᠦᠨ ᠢ ᠨᠡᠮᠡᠭᠳᠡᠭᠦᠯᠵᠦ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠤᠯᠠᠮ ᠨᠢᠭᠡ ᠠᠯᠬᠤᠮ ᠴᠢᠯᠥᠭᠡᠯᠡᠨ | ᠬᠥᠭᠵᠢᠭᠦᠯᠵᠦ᠂ ᠨᠡᠶᠢᠭᠡᠮ ᠤᠨ ᠠᠮᠢᠵᠢᠷᠠᠯ ᠤᠨ ᠬᠦᠴᠦᠨ ᠢ ᠬᠥᠭᠵᠢᠭᠡᠨ ᠨᠡᠮᠡᠭᠳᠡᠭᠦᠯᠦᠨ᠎ᠡ᠃ | ᠨᠢᠭᠡ ᠳᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠰᠠᠶᠢᠲᠤᠷ ᠠᠳᠬᠤᠨ᠎ᠠ᠃ ᠵᠠᠰᠠᠭ ᠤᠨ | ᠶᠠᠪᠤᠳᠠᠯ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ᠂ ᠬᠤᠳᠠᠯᠳᠤᠭᠠᠨ ᠤ | ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ ᠪᠠᠷ ᠵᠢᠯᠣᠭᠤᠳᠣᠯᠭ᠎ᠠ ᠪᠣᠯᠭᠠᠵᠤ᠂ ᠪᠥᠬᠦ | ᠨᠡᠶᠢᠭᠡᠮ ᠤᠨ ᠬᠥᠭᠵᠢᠯᠲᠡ ᠶᠢᠨ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠤᠯᠤᠰ ᠤᠨ | ᠲᠤᠰᠬᠠᠶ ᠣᠷᠣᠨ ᠵᠧᠤ ᠠᠶᠢᠮᠠᠭ ᠤᠨ ᠬᠤᠲᠠ ᠶᠢᠨ ᠢᠲᠡᠭᠡᠮᠵᠢ ᠶᠢᠨ ᠬᠢᠨᠠᠨ ᠬᠡᠮᠵᠢᠯᠲᠡ ᠶᠢᠨ ᠬᠥᠳᠡᠯᠦᠩᠭᠦᠶ ᠰᠢᠯᠭᠠᠨ | ᠦᠨᠡᠯᠡᠯᠲᠡ ᠳᠤ ᠲᠠᠰ ᠳᠡᠪᠰᠢᠬᠦ ᠪᠠᠷ ᠴᠢᠷᠮᠠᠶᠢᠨ᠎ᠠ᠃ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠵᠠᠰᠠᠭ ᠤᠨ ᠣᠷᠳᠣᠨ ᠤ ᠢᠲᠡᠭᠡᠮᠵᠢ ᠠᠯᠳᠠᠭᠰᠠᠨ ᠠᠰᠠᠭᠤᠳᠠᠯ ᠢ | ᠲᠤᠰᠬᠠᠶ ᠵᠠᠰᠠᠬᠤ ᠠᠵᠢᠯ ᠢ ᠥᠷᠨᠢᠭᠦᠯᠵᠦ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠢᠲᠡᠭᠡᠮᠵᠢ ᠠᠯᠳᠠᠭᠰᠠᠨ | ᠶᠠᠪᠤᠳᠠᠯ ᠢ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ᠂ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠳᠤ ᠲᠥᠷᠥ ᠶᠢᠨ ᠪᠣᠳᠣᠯᠭ᠎ᠠ ᠶᠢ ᠪᠡᠶᠡᠯᠡᠭᠦᠯᠬᠦ ᠶᠢᠨ ᠠᠷᠭ᠎ᠠ ᠦᠭᠡᠢ ᠪᠠ ᠬᠠᠷᠠᠭᠠᠯᠵᠠᠯ ᠤᠨ ᠱᠠᠩᠨᠠᠯ ᠢ ᠴᠠᠭ | ᠲᠤᠬᠠᠶ ᠳᠤᠨᠢ ᠪᠡᠶᠡᠯᠡᠭᠦᠯᠵᠦ᠂ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠪᠠᠷ | ᠠᠮᠠᠯᠠᠯᠲᠠ ᠶᠢᠨ ᠦᠢᠯᠡᠴᠢᠯᠡᠭᠡ ᠶᠢ ᠰᠠᠶᠢᠲᠤᠷ ᠠᠳᠬᠤᠨ᠎ᠠ᠃ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ | ᠪᠠᠶᠢᠭᠤᠯᠤᠯᠲᠠ ᠶᠢ ᠴᠢᠩᠬᠠᠳᠬᠠᠬᠤ ᠬᠡᠷᠡᠭᠲᠡᠢ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ | ᠭᠦᠨᠵᠡᠭᠡᠶᠢᠷᠡᠭᠦᠯᠵᠦ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠲᠥᠷᠥᠯ ᠤᠨ ᠡᠩᠨᠡᠭᠡ ᠶᠢᠨ ᠦᠨᠡᠨᠴᠢ | ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠢᠲᠡᠭᠡᠯ ᠠᠯᠳᠠᠭᠰᠠᠳ ᠢ ᠬᠤᠯᠪᠣᠭᠠᠯᠠᠨ ᠵᠠᠯᠬᠠᠭᠠᠨ | ᠴᠡᠭᠡᠷᠯᠡᠭᠦᠯᠬᠦ ᠶᠢ ᠬᠠᠤᠯᠢ ᠲᠣᠭᠲᠠᠭᠠᠯ ᠶᠣᠰᠣᠭᠠᠷ ᠥᠷᠨᠢᠭᠦᠯᠵᠦ᠂ ᠢᠲᠡᠭᠡᠮᠵᠢ ᠶᠢ ᠰᠡᠷᠭᠦᠭᠡᠵᠦ ᠮᠡᠳᠡᠭᠳᠡᠬᠦ | ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠪᠠ | ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠵᠠᠬ᠎ᠠ ᠳᠡᠯᠭᠡᠭᠦᠷᠴᠢᠯᠡᠭᠰᠡᠨ | ᠶᠡᠷᠦᠩᠬᠡᠶᠢᠯᠡᠭᠰᠡᠨ ᠢᠲᠡᠭᠡᠮᠵᠢ ᠶᠢᠨ ᠦᠨᠡᠯᠡᠬᠦ ᠲᠣᠭᠲᠠᠴᠠ ᠶᠢ ᠪᠠᠶᠢᠭᠤᠯᠬᠤ ᠶᠢ ᠬᠥᠲᠥᠯᠦᠨ ᠵᠢᠯᠣᠭᠤᠳᠴᠤ᠂ | ᠰᠠᠨᠠᠭᠠᠴᠢᠯᠠᠭ᠎ᠠ ᠠᠴᠠ ᠪᠠᠨ ᠢᠲᠡᠭᠡᠮᠵᠢ ᠶᠢᠨ ᠠᠮᠠᠯᠠᠯᠲᠠ ᠶᠢᠨ ᠲᠦᠷᠢᠮ᠂ ᠤᠯᠠᠭᠠᠨ ᠬᠠᠷ᠎ᠠ ᠲᠠᠩᠰᠠ ᠶᠢᠨ | ᠬᠠᠮᠢᠶᠠᠷᠤᠯᠲᠠ ᠶᠢᠨ ᠲᠦᠷᠢᠮ᠂ ᠢᠲᠡᠭᠡᠮᠵᠢ ᠶᠢᠨ ᠦᠨᠡᠯᠡᠯᠲᠡ ᠪᠠ ᠲᠥᠷᠥᠯ ᠬᠤᠪᠢᠶᠠᠨ ᠬᠢᠨᠠᠨ ᠬᠠᠮᠢᠶᠠᠷᠬᠤ ᠲᠦᠷᠢᠮ ᠢ | ᠪᠦᠷᠢᠨᠰᠢᠭᠦᠯᠦᠨ ᠲᠡᠭᠦᠯᠳᠡᠷᠵᠢᠭᠦᠯᠵᠦ᠂ ︽ᠦᠨᠡᠨᠴᠢ ᠢᠲᠡᠭᠡᠮᠵᠢ ᠶᠢᠨ ᠵᠢᠱᠢᠶᠡᠴᠢ︾ ᠵᠡᠷᠭᠡ ᠨᠡᠶᠢᠲᠡᠯᠢᠭ ᠬᠥᠮᠦᠰ ᠢ ᠪᠣᠶ | ᠪᠣᠯᠭᠠᠵᠤ᠂ ᠨᠡᠶᠢᠭᠡᠮ ᠳᠠᠶᠠᠭᠠᠷ ᠤᠨ ᠦᠨᠡᠨᠴᠢ ᠢᠲᠡᠭᠡᠮᠵᠢᠲᠡᠶ ᠪᠠᠶᠢᠬᠤ ᠭᠦᠨ ᠵᠤᠵᠠᠭᠠᠨ ᠠᠭᠤᠷ ᠠᠮᠢᠰᠬᠤᠯ ᠢ ᠪᠣᠶ | ᠪᠣᠯᠭᠠᠨ᠎ᠠ᠃ | ᠬᠤᠶᠠᠷ ᠲᠤ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ | ᠰᠠᠶᠢᠲᠤᠷ ᠠᠳᠬᠤᠨ᠎ᠠ᠃ ᠰᠣᠳᠤᠯᠤᠯᠲᠠ ᠶᠢᠨ ᠣᠷᠤᠬᠤᠯᠤᠯᠲᠠ ᠪᠠᠨ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠶ᠃ | ᠰᠤᠳᠤᠯᠤᠨ ᠨᠡᠭᠡᠭᠡᠬᠦ ᠵᠠᠷᠤᠳᠠᠯ ᠤᠨ ᠪᠡᠯᠡ ᠣᠷᠣᠭᠤᠯᠤᠯᠲᠠ ᠶᠢᠨ ᠬᠠᠲᠠᠭᠤ ᠨᠡᠮᠡᠭᠳᠡᠯ ᠢ ᠴᠢᠩᠭᠠᠳᠬᠠᠵᠤ᠂ ᠡᠳ᠋ ᠤᠨ | ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ ᠶᠢᠨ ᠨᠡᠮᠡᠭᠳᠡᠯ ᠤᠨ ᠬᠤᠷᠳᠤᠴᠠ ᠶᠢ 30% ᠠᠴᠠ | ᠳᠡᠭᠡᠭᠰᠢ ᠪᠠᠶᠢᠯᠭᠠᠬᠤ ᠶᠢ ᠪᠠᠲᠤᠯᠠᠵᠤ᠂ ᠪᠥᠬᠦ ᠨᠡᠶᠢᠭᠡᠮ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠶᠢ | 89% ᠠᠴᠠ ᠳᠡᠭᠡᠭᠰᠢ ᠨᠡᠮᠡᠭᠳᠡᠭᠦᠯᠦᠨ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠨᠵᠢᠯᠡᠬᠦ ᠤᠬᠠᠭᠠᠨ | ᠮᠡᠷᠭᠡᠵᠢᠯ ᠤᠨ ᠵᠢᠱᠢᠶ᠎ᠡ ᠦᠵᠡᠭᠦᠯᠬᠦ ᠢᠨᠵᠧᠨᠧᠷᠢᠩ ᠤᠨ ᠲᠥᠷᠥᠯ ᠵᠦᠢᠯ ᠢ 2 ᠢ ᠭᠤᠶᠤᠴᠢᠯᠠᠨ ᠮᠡᠳᠡᠭᠦᠯᠵᠦ᠂ | ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠪᠦᠲᠦᠭᠰᠡᠨ ᠬᠡᠮᠵᠢᠶ᠎ᠡ ᠶᠢ 20% ᠪᠠᠷ ᠨᠡᠮᠡᠭᠳᠡᠭᠦᠯᠪᠡ᠃ ᠭᠤᠣᠯᠳᠠᠯᠭ᠎ᠠ ᠲᠠᠢ | ᠬᠦᠷᠢᠶᠡᠨ ᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠲᠥᠪᠯᠡᠷᠡᠭᠦᠯᠦᠨ ᠠᠬᠢᠭᠤᠯᠬᠤ ᠬᠡᠷᠡᠭᠲᠡᠢ᠃ ᠥᠪᠡᠷᠲᠡᠭᠡᠨ | ᠵᠠᠰᠠᠬᠤ ᠣᠷᠣᠨ ᠤ ᠠᠮᠢᠳᠤ ᠪᠣᠳᠠᠰ ᠤᠨ ᠦᠷ᠎ᠡ ᠪᠤᠶᠢᠵᠢᠭᠤᠯᠬᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ | ᠪᠠᠶᠢᠭᠤᠯᠤᠨ ᠬᠦᠴᠦᠷᠬᠡᠭᠵᠢᠭᠦᠯᠵᠦ᠂ ᠠᠮᠢᠳᠤ ᠪᠣᠳᠠᠰ ᠤᠨ ᠦᠷ᠎ᠡ ᠪᠤᠶᠢᠵᠢᠭᠤᠯᠬᠤ ᠲᠡᠷᠢᠭᠦᠨ ᠤ ᠦᠷ᠎ᠡ ᠪᠦᠲᠦᠭᠡᠯ ᠤᠨ | ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ 4 ᠠᠴᠠ ᠳᠡᠭᠡᠭᠰᠢ ᠪᠠᠶᠢᠭᠤᠯᠵᠤ᠂ ᠠᠮᠢᠳᠤ ᠪᠣᠳᠠᠰ ᠤᠨ ᠦᠷ᠎ᠡ | ᠪᠤᠶᠢᠵᠢᠭᠤᠯᠬᠤ ᠰᠢᠷ᠎ᠠ ᠪᠤᠷᠴᠠᠭ ᠤᠨ ᠰᠢᠨ᠎ᠡ ᠡᠭᠦᠯᠳᠡᠷ 5 ᠲᠦᠮᠡᠨ ᠮᠦ᠂ ᠡᠷᠳᠡᠨᠢ ᠰᠢᠰᠢ ᠶᠢᠨ ᠰᠢᠨ᠎ᠡ ᠡᠭᠦᠯᠳᠡᠷ 30 | ᠲᠦᠮᠡᠨ ᠮᠦ ᠲᠠᠷᠢᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ︽ᠤᠯᠤᠰ ᠤᠨ ᠲᠠᠰ ᠤᠨ ᠰᠢᠷ᠎ᠠ | ᠪᠤᠷᠴᠠᠭ ᠤᠨ ᠠᠮᠢᠳᠤ ᠪᠣᠳᠠᠰ ᠤᠨ ᠦᠷ᠎ᠡ ᠪᠤᠶᠢᠵᠢᠭᠤᠯᠬᠤ ᠲᠣᠮᠣ ᠰᠢᠶᠠᠨ︾ ᠢ ᠮᠡᠳᠡᠭᠦᠯᠬᠦ ᠶᠢ ᠠᠬᠢᠭᠤᠯᠪᠠ᠃ ᠶᠤᠸᠠᠨ | ᠯᠦᠩ ᠫᠢᠩ ᠠᠺᠠᠳᠧᠮᠢᠴᠢ ᠲᠤᠰᠬᠠᠢ ᠮᠡᠷᠭᠡᠵᠢᠯᠲᠡᠨ ᠤ ᠠᠵᠢᠯ ᠤᠨ ᠪᠦᠯᠬᠦᠮ ᠪᠣᠯᠤᠨ ᠤᠰᠤᠨ ᠲᠤᠲᠤᠷᠭ᠎ᠠ ᠶᠢᠨ | ᠬᠦᠷᠢᠶᠡᠨ ᠤ ︽ᠬᠤᠶᠠᠷ ᠲᠥᠪ ᠨᠢᠭᠡ ᠰᠠᠭᠤᠷᠢᠨ ᠨᠢᠭᠡ ᠰᠤᠳᠤᠯᠭᠠᠨ ᠤ ᠬᠦᠷᠢᠶᠡᠯᠡᠩ︾ ᠤᠨ ᠦᠢᠯᠡᠳᠦᠯ ᠢ | ᠪᠠᠳᠠᠷᠠᠭᠤᠯᠵᠤ᠂ ᠤᠰᠤᠨ ᠲᠤᠲᠤᠷᠭ᠎ᠠ ᠶᠢᠨ ᠰᠢᠨ᠎ᠡ ᠰᠢᠰᠲ᠋ᠧᠮ᠂ ᠰᠢᠨ᠎ᠡ ᠲᠦᠷᠦᠯ ᠵᠦᠢᠯ ᠲᠠᠷᠢᠬᠤ ᠲᠠᠯᠠᠪᠠᠢ ᠶᠢ 10 | ᠲᠦᠮᠡᠨ ᠮᠦ ᠳᠡᠯᠭᠡᠷᠡᠭᠦᠯᠪᠡ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠵᠡᠭᠦᠨ | ᠬᠤᠶᠢᠲᠤ ᠶᠢᠨ ᠭᠠᠵᠠᠷ ᠵᠦᠶ ᠶᠢᠨ ᠭᠠᠵᠠᠷ ᠲᠠᠢ ᠬᠠᠮᠲᠤᠷᠠᠨ ᠬᠠᠷ᠎ᠠ ᠬᠥᠷᠥᠰᠥ ᠶᠢ ᠬᠠᠮᠠᠭᠠᠯᠠᠬᠤ᠂ ᠬᠤᠵᠢᠷᠯᠢᠭ ᠭᠠᠵᠠᠷ ᠢ | ᠰᠠᠶᠢᠵᠢᠷᠠᠭᠤᠯᠬᠤ ᠵᠡᠷᠭᠡ ᠴᠢᠬᠤᠯᠠ ᠶᠡᠭᠡ ᠮᠡᠷᠭᠡᠵᠢᠯ ᠤᠨ ᠰᠤᠳᠤᠯᠤᠨ ᠨᠡᠭᠡᠭᠡᠬᠦ ᠲᠥᠷᠥᠯ ᠵᠦᠶ᠋ᠯ ᠢ ᠬᠡᠷᠡᠭᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠳᠡᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ | ᠣᠷᠣᠨ ᠤ ᠭᠤᠣᠯ ᠲᠣᠭᠤᠷᠢᠭ ᠢ ᠰᠠᠶᠢᠲᠤᠷ ᠪᠠᠶᠢᠭᠤᠯᠤᠨ ᠠᠰᠢᠭᠯᠠᠵᠤ᠂ ᠠᠮᠢᠳᠤ ᠪᠣᠳᠠᠰ ᠤᠨ ᠮᠠᠰ ᠤᠨ ᠪᠣᠬᠢᠷᠲᠤᠯ | ᠦᠭᠡᠢ ᠠᠭᠠᠷ ᠠᠶᠠᠯᠠᠯ ᠤᠨ ᠨᠡᠭᠦᠷᠡᠰᠦᠨ ᠲᠤᠰᠤ ᠶᠢᠨ ᠵᠠᠪᠰᠠᠷ ᠤᠨ ᠲᠤᠷᠰᠢᠯᠲᠠ ᠶᠢ ᠪᠡᠶᠡᠯᠡᠭᠦᠯᠵᠦ᠂ ᠤᠯᠤᠰ ᠤᠨ | ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠢ ᠬᠦᠨᠳᠦ ᠬᠡᠯᠪᠡᠷᠢ ᠶᠢᠨ ᠰᠢᠲᠠᠮᠠᠬᠠᠢ ᠬᠡᠢ ᠶᠢᠨ | ᠬᠦᠷᠳᠦ ᠪᠠᠷ ᠴᠠᠬᠢᠯᠭᠠᠨ ᠭᠠᠷᠭᠠᠬᠤ ᠵᠢᠱᠢᠶ᠎ᠡ ᠦᠵᠡᠭᠦᠯᠬᠦ ᠴᠠᠬᠢᠯᠭᠠᠨ ᠥᠷᠲᠡᠭᠡ ᠶᠢᠨ ᠨᠠᠶᠢᠳᠠᠪᠤᠷᠢᠵᠢᠭᠤᠯᠤᠯᠲᠠ ᠶᠢ | ᠢᠳᠡᠪᠬᠢᠲᠡᠢ ᠰᠦᠪᠡᠭᠴᠢᠯᠡᠨ ᠠᠬᠢᠭᠤᠯᠤᠨ᠎ᠠ᠃ ᠴᠢᠬᠤᠯᠠ ᠲᠠᠪᠴᠠᠩ ᠤᠨ ᠠᠴᠢᠶᠠᠯᠠᠪᠤᠷᠢ ᠶᠢᠨ ᠪᠠᠶᠢᠭᠤᠯᠤᠯᠲᠠ ᠶᠢ ᠪᠥᠬᠦ | ᠲᠠᠯ᠎ᠠ ᠪᠠᠷ ᠴᠢᠩᠭᠠᠳᠬᠠᠬᠤ ᠬᠡᠷᠡᠭᠲᠡᠶ᠃ ᠪᠡᠭᠡᠵᠢᠩ ᠬᠤᠲᠠ ᠶᠢᠨ ᠬᠠᠶ ᠳ᠋ᠢᠶᠠᠨ ᠲᠣᠭᠤᠷᠢᠭ ᠲᠤ ᠰᠢᠨᠵᠢᠯᠡᠬᠦ ᠤᠬᠠᠭᠠᠨ | ᠮᠡᠷᠭᠡᠵᠢᠯ ᠤᠨ ᠲᠤᠰᠬᠠᠶ ᠮᠡᠷᠭᠡᠵᠢᠯᠲᠡᠨ ᠤ ᠬᠠᠷᠢᠯᠴᠠᠬᠤ ᠠᠵᠢᠯ ᠤᠨ ᠲᠠᠰᠤᠭ ᠪᠠᠶᠢᠭᠤᠯᠬᠤ ᠪᠠᠷ ᠴᠢᠷᠮᠠᠶᠢᠵᠤ᠂ ᠬᠠᠮ | ᠢᠳᠡᠭᠡᠨ ᠤ ᠦᠵᠡᠯᠲᠡ ᠶᠢᠨ ᠣᠨᠣᠯ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠪᠠ ᠶᠡᠭᠡ ᠬᠢᠩᠭᠠᠨ | ᠳᠠᠪᠠᠭᠠᠨ ᠤ ᠡᠮᠦᠨ᠎ᠡ ᠬᠤᠷᠮᠣᠶ ᠶᠢᠨ ᠦᠷ᠎ᠡ ᠶᠢᠨ ᠭᠧᠨ ᠤ ᠬᠥᠮᠥᠷᠭᠡ ᠶᠢ ᠰᠦᠪᠡᠭᠴᠢᠯᠡᠨ ᠪᠠᠶᠢᠭᠤᠯᠵᠤ᠂ ᠥᠪᠡᠷᠲᠡᠭᠡᠨ | ᠵᠠᠰᠠᠬᠤ ᠣᠷᠣᠨ ᠤ ᠲᠠᠰ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠢ 5 ᠠᠴᠠ ᠳᠡᠭᠡᠭᠰᠢ ᠰᠢᠨ᠎ᠡ ᠪᠠᠷ | ᠨᠡᠮᠡᠭᠳᠡᠭᠦᠯᠦᠨ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠪᠣᠯᠪᠠᠰᠤᠷᠠᠭᠤᠯᠬᠤ᠂ | ᠤᠰᠤᠲᠥ᠋ᠷᠥᠭᠴᠢ ᠦᠢᠯᠡᠳᠬᠦ ᠠᠵᠤ ᠦᠢᠯᠡᠰ ᠵᠡᠷᠭᠡ ᠡᠯ᠎ᠡ ᠲᠥᠷᠥᠯ ᠤᠨ ᠰᠢᠨ᠎ᠡ ᠶᠢ ᠡᠭᠦᠳᠬᠦ ᠬᠤᠯᠪᠣᠭᠠᠲᠤ | ᠴᠣᠭᠴᠠ ᠶᠢ 10 ᠠᠴᠠ ᠳᠡᠭᠡᠭᠰᠢ ᠪᠠᠶᠢᠭᠤᠯᠵᠤ᠂ ᠰᠢᠨ᠎ᠡ ᠶᠢ ᠡᠭᠦᠳᠬᠦ ᠠᠴᠢᠶᠠᠯᠠᠪᠤᠷᠢ ᠶᠢᠨ ᠲᠤᠭ᠎ᠠ ᠬᠡᠮᠵᠢᠶ᠎ᠡ ᠶᠠᠰᠤ | ᠴᠢᠨᠠᠷ ᠤᠨ ︽ᠬᠤᠣᠰ ᠳᠡᠭᠡᠭᠰᠢᠯᠡᠯᠲᠡ︾ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠪᠠᠶᠢᠭᠤᠯᠤᠮᠵᠢ ᠲᠣᠭᠲᠠᠴᠠ ᠶᠢᠨ | ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ︽ᠰᠤᠳᠤᠯᠤᠨ ᠨᠡᠭᠡᠭᠡᠬᠦ ᠶᠢ ᠨᠠᠶᠢᠳᠠᠬᠤ ᠪᠠ ᠵᠠᠷᠯᠠᠨ ᠮᠠᠩᠯᠠᠶᠢᠯᠠᠭᠤᠯᠬᠤ︾ | ᠬᠤᠣᠰ ᠵᠠᠮ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠡᠮᠵᠢᠯᠭᠡ ᠶᠢᠨ ᠲᠣᠭᠲᠠᠴᠠ ᠶᠢ ᠬᠡᠷᠡᠭᠵᠢᠭᠦᠯᠵᠦ᠂ ᠳᠤᠮᠳᠠᠳᠤ | ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ᠂ | ᠵᠢᠶᠠᠩᠨᠠᠨ ᠤ ᠶᠡᠭᠡ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠶᠢᠨ ᠬᠦᠷᠢᠶᠡᠯᠡᠩ ᠭᠠᠵᠠᠷ ᠯᠤᠭ᠎ᠠ ᠰᠢᠨᠵᠢᠯᠡᠬᠦ | ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ 40 ᠵᠦᠢᠯ ᠢ ᠠᠬᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠢ 50᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 160 | ᠪᠣᠯᠭᠠᠬᠤ ᠪᠠᠷ ᠴᠢᠷᠮᠠᠶᠢᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠤᠨ ᠵᠠᠷᠤᠳᠠᠯ ᠢ ︽ | ᠳᠠᠭᠠᠭᠠᠴᠢᠯᠠᠬᠤ ᠲᠦᠷᠢᠮ︾ ᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ | ᠵᠥᠭᠡᠯᠡᠨ ᠴᠢᠨᠠᠷᠲᠠᠶ ᠪᠠᠷ ᠣᠷᠣᠭᠤᠯᠤᠨ ᠠᠪᠴᠢᠷᠠᠬᠤ ᠬᠢᠭᠡᠳ ᠲᠣᠰ ᠭᠠᠵᠠᠷ ᠣᠷᠣᠨ ᠤ ᠴᠢᠳᠠᠪᠤᠷᠢᠲᠠᠨ ᠤ ︽ᠨᠢᠭᠡ | ᠪᠦᠰᠡ ᠨᠢᠭᠡ ᠪᠠᠶᠢᠬᠤ︾ ᠵᠠᠭᠪᠤᠷ ᠢ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ | 30 ᠠᠴᠠ ᠳᠡᠭᠡᠭᠰᠢ ᠣᠷᠣᠭᠤᠯᠤᠨ ᠠᠪᠴᠢᠷᠠᠵᠤ᠂ ︽ᠭᠤᠷᠪᠠᠨ ᠣᠷᠣᠨ︾ ᠤ ᠴᠢᠳᠠᠪᠤᠷᠢᠲᠠᠨ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠣᠨᠴᠠ ᠲᠣᠮᠢᠯᠠᠭᠰᠠᠳ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠣᠨᠴᠠ ᠲᠣᠮᠢᠯᠠᠭᠳᠠᠭᠰᠠᠳ ᠵᠡᠷᠭᠡ ᠶᠢ 500 ᠬᠥᠮᠦᠨ ᠠᠴᠠ ᠳᠡᠭᠡᠭᠰᠢ ᠰᠣᠩᠭᠤᠨ ᠲᠣᠮᠢᠯᠠᠵᠤ᠂ ᠲᠣᠰ | ᠭᠠᠵᠠᠷ ᠣᠷᠣᠨ ᠤ ᠲᠤᠰᠬᠠᠶ ᠮᠡᠷᠭᠡᠵᠢᠯᠲᠡᠨ ᠴᠢᠳᠠᠪᠤᠷᠢᠲᠠᠨ ᠢ ᠵᠣᠬᠢᠶᠠᠨ ᠪᠠᠶᠢᠭᠤᠯᠵᠤ ᠴᠢᠬᠤᠯᠠ ᠶᠡᠭᠡ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠵᠢᠱᠢᠶ᠎ᠡ ᠦᠵᠡᠭᠦᠯᠬᠦ ᠢᠨᠵᠧᠨᠧᠷᠢᠩ᠂ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠳᠤ ᠣᠷᠣᠯᠴᠠᠭᠤᠯᠵᠤ᠂ ᠦᠯᠡᠳᠡᠵᠦ ᠳᠡᠶᠢᠯᠬᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠴᠢᠳᠠᠪᠤᠷᠢᠲᠠᠨ ᠤ ᠡᠩᠨᠡᠭᠡ ᠶᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ | ᠭᠤᠷᠪᠠ ᠳᠤ ᠡᠯ᠎ᠡ ᠬᠦᠷᠢᠶ᠎ᠡ ᠴᠠᠷᠠᠭ᠎ᠠ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠪᠠ᠃ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠪᠠᠷ ᠭᠠᠷᠳᠠᠴᠠ ᠪᠣᠯᠭᠠᠵᠤ᠂ ᠬᠤᠳᠠᠯᠳᠤᠭ᠎ᠠ ᠡᠷᠬᠢᠯᠡᠬᠦ ᠣᠷᠴᠢᠨ | ᠨᠥᠬᠦᠴᠡᠯ ᠢ ᠪᠦᠬᠦ ᠲᠠᠯ᠎ᠠ ᠪᠠᠷ ᠰᠢᠯᠢᠳᠡᠭᠵᠢᠭᠦᠯᠬᠦ ᠬᠡᠷᠡᠭᠲᠡᠢ᠃ ᠪᠥᠬᠦ ᠤᠯᠤᠰ ᠤᠨ ᠲᠡᠷᠢᠭᠦᠨ ᠤ ᠬᠡᠪ ᠳᠠᠭᠤᠷᠢᠶᠠᠯ ᠢᠶᠠᠷ | ᠪᠠᠷᠢᠮᠵᠢᠶᠠᠯᠠᠵᠤ᠂ ᠥᠪᠡᠷᠲᠡᠭᠡᠨ ᠵᠠᠰᠠᠬᠤ ᠣᠷᠣᠨ ᠤ ︽ᠠᠷᠪᠠᠨ ᠥᠯᠥ ᠵᠥᠪᠰᠢᠶᠡᠷᠡᠬᠦ︾ ᠦᠨᠳᠦᠰᠦᠨ ᠱᠠᠭᠠᠷᠳᠠᠯᠭ᠎ᠠ | ᠪᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ 4.0 ᠥᠭᠡᠷᠡᠴᠢᠯᠡᠯᠲᠡ ᠶᠢᠨ ᠲᠥᠰᠦᠯ ᠢ | ᠴᠢᠩᠭ᠎ᠠ ᠨᠠᠶᠢᠳᠠᠪᠤᠷᠢᠵᠢᠭᠤᠯᠤᠨ᠎ᠠ᠃ ᠪᠥᠬᠦ ᠣᠷᠣᠨ ᠤ ᠬᠡᠷᠡᠭ ᠡᠷᠬᠢᠯᠡᠬᠦ ᠵᠦᠢᠯᠡᠰ ᠢ ᠢᠯᠭᠠᠭ᠎ᠠ ᠥᠬᠡᠶ ᠭᠥᠯᠢᠶᠡᠨ | ᠠᠪᠴᠤ ᠰᠢᠢᠳᠪᠦᠷᠢᠯᠡᠬᠦ᠂ ᠠᠳᠠᠯᠢ ᠪᠠᠷᠢᠮᠵᠢᠶ᠎ᠠ ᠪᠠᠷ ᠬᠦᠢᠴᠡᠳᠬᠡᠬᠦ ᠶᠢ ᠭᠦᠨᠵᠡᠭᠡᠶᠢᠷᠡᠭᠦᠯᠵᠦ᠂ ᠣᠷᠣᠯᠠᠨ ᠬᠦᠢᠴᠡᠳᠬᠡᠵᠦ | ᠬᠠᠪᠰᠤᠷᠤᠨ ᠬᠦᠢᠴᠡᠳᠬᠡᠬᠦ ᠵᠡᠷᠭᠡ ᠠᠷᠭ᠎ᠠ ᠮᠠᠶ᠋ᠢᠭ ᠢᠶᠠᠷ ᠲᠣᠮᠣ ᠤᠯᠠᠭᠠᠨᠬᠤᠲᠠ ᠣᠷᠣᠨ ᠤ ᠣᠷᠣᠨ ᠪᠦᠰᠡ ᠠᠯᠤᠰᠯᠠᠨ | ᠨᠡᠶᠢᠳᠡᠮ ᠬᠦᠢᠴᠡᠳᠬᠡᠬᠦ ᠶᠢ ᠠᠬᠢᠭᠤᠯᠤᠨ᠎ᠠ᠃ ᠬᠠᠨᠳᠤᠯᠭ᠎ᠠ ᠲᠠᠢ ᠪᠠᠷ ᠵᠠᠬ᠎ᠠ ᠳᠡᠯᠭᠡᠭᠦᠷ ᠤᠨ ᠭᠤᠤᠯ ᠴᠣᠭᠴᠠ ᠳᠤ | ᠦᠢᠯᠡᠴᠢᠯᠡᠬᠦ ᠠᠵᠢᠯ ᠢ ᠭᠦᠨᠵᠡᠭᠡᠶ ᠠᠬᠢᠭᠤᠯᠵᠤ᠂ ᠰᠦᠯᠵᠢᠶᠡᠨ ᠳᠡᠭᠡᠷᠡᠬᠢ ︽ᠥᠪᠥᠷ ᠮᠣᠩᠭᠤᠯ ᠤᠨ ᠠᠵᠤ | ᠠᠬᠤᠶᠢᠯᠠᠯ ᠢ ᠨᠡᠪᠲᠡᠷᠡᠭᠦᠯᠬᠦ︾ ᠲᠠᠪᠴᠠᠩ ᠲᠠᠢ ᠤᠶᠠᠯᠳᠤᠭᠤᠯᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ᠬᠦᠰᠡᠯ ᠱᠠᠭᠠᠷᠳᠠᠯᠭ᠎ᠠ ᠶᠢ ᠥᠨᠳᠥᠷ ᠪᠦᠲᠦᠮᠵᠢᠲᠡᠶ ᠪᠠᠷ ᠰᠢᠢᠳᠪᠦᠷᠢᠯᠡᠨ᠎ᠡ᠃ ︽12345︾ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠠᠵᠢᠯ ᠤᠨ ᠬᠠᠭᠤᠳᠠᠰᠤ ᠶᠢ ᠰᠢᠢᠳᠪᠦᠷᠢᠯᠡᠬᠦ ᠪᠠ ᠵᠠᠳᠠᠯᠤᠨ | ᠰᠤᠳᠤᠯᠵᠤ ᠮᠠᠭᠠᠳᠯᠠᠬᠤ ᠴᠢᠳᠠᠪᠤᠷᠢ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠴᠤᠤᠷᠢᠶᠠᠲᠤᠬᠤ ᠨᠣᠷᠮ᠎ᠠ ᠶᠢ | 100% ᠳᠤ ᠬᠦᠷᠦᠭᠦᠯᠵᠦ᠂ ᠰᠢᠢᠳᠪᠦᠷᠢᠯᠡᠬᠦ ᠨᠣᠷᠮ᠎ᠠ ᠪᠠ ᠬᠠᠨᠤᠮᠵᠢᠲᠠᠶ ᠨᠣᠷᠮ᠎ᠠ ᠶᠢ ᠴᠥᠮ 90% ᠠᠴᠠ | ᠳᠡᠭᠡᠭᠰᠢ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ︽ᠴᠢᠬᠤᠯᠠ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢᠨ | ᠥᠭᠡᠷᠡᠴᠢᠯᠡᠯᠲᠡ︾ ᠪᠠᠷ ᠭᠤᠣᠯᠳᠠᠯᠭ᠎ᠠ ᠪᠣᠯᠭᠠᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ | ᠡᠭᠦᠷᠭᠡ ᠶᠢ ᠰᠠᠶᠢᠲᠤᠷ ᠪᠡᠶᠡᠯᠡᠭᠦᠯᠬᠦ ᠬᠡᠷᠡᠭᠲᠡᠢ᠃ ᠪᠠᠶᠢᠭᠤᠯᠤᠮᠵᠢ ᠶᠢᠨ ᠥᠭᠡᠷᠡᠴᠢᠯᠡᠯᠲᠡ᠂ ᠤᠯᠤᠰ ᠤᠨ ᠥᠮᠴᠢᠯᠡᠯ ᠤᠨ | ᠠᠵᠤ ᠠᠬᠤᠶᠢᠯᠠᠯ ᠤᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠲᠠᠷᠢᠶᠠᠯᠠᠩ ᠤᠨ | ᠬᠠᠭᠠᠯᠪᠤᠷᠢᠯᠠᠯᠲᠠ ᠶᠢᠨ ᠥᠭᠡᠷᠡᠴᠢᠯᠡᠯᠲᠡ᠂ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ᠂ ᠣᠷᠣᠨ | ᠰᠠᠭᠤᠴᠠ ᠶᠢᠨ ᠭᠠᠵᠠᠷ ᠤᠨ ᠥᠭᠡᠷᠡᠴᠢᠯᠡᠯᠲᠡ᠂ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ᠂ ᠶᠡᠭᠡ | ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠥᠭᠡᠷᠡᠴᠢᠯᠡᠯᠲᠡ ᠵᠡᠷᠭᠡ ᠠᠵᠢᠯ ᠢ | ᠭᠦᠨᠵᠡᠭᠡᠶ ᠬᠡᠷᠡᠭᠵᠢᠭᠦᠯᠵᠦ᠂ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ︽ᠬᠤᠪᠢᠶᠠᠨ ᠥᠭᠡᠷᠡᠴᠢᠯᠡᠬᠦ︾ | ᠠᠵᠢᠯ ᠢ ᠲᠦᠷᠭᠡᠳᠬᠡᠨ᠂ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ᠂ ᠨᠡᠮᠡᠭᠳᠡᠯ ᠤᠨ ᠴᠠᠬᠢᠯᠭᠠᠨ | ᠲᠦᠭᠡᠭᠡᠬᠦ ᠲᠣᠤᠷ᠂ ᠨᠤᠲᠤᠭ ᠪᠡᠯᠴᠢᠭᠡᠷ ᠤᠨ ᠳᠠᠭᠠᠳᠬᠠᠯ᠂ ᠮᠠᠯ ᠪᠡᠯᠴᠢᠭᠡᠷ ᠤᠨ ᠲᠡᠩᠴᠡᠭᠦᠷᠢ ᠶᠢᠨ ᠵᠢᠱᠢᠶ᠎ᠡ | ᠦᠵᠡᠭᠦᠯᠬᠦ ᠰᠢᠶᠠᠨ ᠵᠡᠷᠭᠡ ᠲᠤᠷᠰᠢᠯᠲᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠣᠳᠠᠲᠠᠶ | ᠦᠷ᠎ᠡ ᠪᠦᠲᠦᠮᠵᠢ ᠶᠢ ᠥᠭᠡᠷᠡᠴᠢᠯᠡᠨ ᠭᠠᠷᠭᠠᠵᠤ᠂ ᠲᠡᠷᠢᠭᠦᠨ ᠤ ᠲᠤᠷᠰᠢᠯᠭ᠎ᠠ ᠶᠢ ᠲᠤᠷᠰᠢᠨ ᠭᠠᠷᠭᠠᠵᠤ᠂ ᠬᠢᠩᠭᠠᠨ ᠤ | ᠵᠠᠭᠪᠤᠷ ᠠᠴᠠ ᠭᠠᠷᠬᠤ ᠶᠢ ᠦᠨᠡᠨᠬᠦ ᠪᠠᠲᠤᠯᠠᠨ᠎ᠠ᠃ ︽ᠠᠯᠳᠠᠭ᠎ᠠ ᠪᠤᠷᠤᠭᠤ ᠪᠠᠨ ᠵᠠᠯᠠᠷᠠᠭᠤᠯᠬᠤ ᠪᠣᠯ ᠳᠠᠷᠤᠢ | ᠥᠭᠡᠷᠡᠴᠢᠯᠡᠯᠲᠡ ᠮᠥᠨ︾ ᠭᠡᠳᠡᠭ ᠢᠶᠠᠷ ᠣᠶᠢᠯᠠᠭᠠᠭᠳᠠᠬᠤᠨ ᠪᠣᠯᠭᠠᠵᠤ᠂ ᠡᠯ᠎ᠡ ᠲᠦᠷᠦᠯ ᠤᠨ ᠴᠡᠭᠴᠡᠯᠡᠨ | ᠰᠠᠶᠢᠵᠢᠷᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠳᠡᠭᠡᠳᠦ ᠱᠠᠲᠤᠨ ᠤ ᠲᠣᠭᠤᠷᠢᠨ ᠪᠠᠶᠢᠴᠠᠭᠠᠬᠤ᠂ ᠬᠢᠨᠠᠨ | ᠪᠤᠳᠤᠬᠤ᠂ ᠰᠢᠮᠳᠠᠭᠤᠯᠤᠨ ᠪᠠᠶᠢᠴᠠᠭᠠᠬᠤ᠂ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠪᠠ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠠᠶᠤᠯ ᠥᠬᠡᠶ ᠦᠶ᠋ᠯᠡᠳᠪᠦᠷᠢᠯᠡᠯ ᠵᠡᠷᠭᠡ | ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠤᠯᠠᠮ ᠨᠢᠭᠡ ᠠᠯᠬᠤᠮ ᠰᠠᠶᠢᠲᠤᠷ | ᠠᠳᠬᠤᠵᠤ᠂ ᠦᠨᠡᠨ ᠬᠦ ᠰᠠᠶᠢᠵᠢᠷᠠᠭᠤᠯᠵᠤ ᠪᠣᠳᠠᠲᠠᠶ ᠰᠠᠶᠢᠵᠢᠷᠠᠭᠤᠯᠬᠤ᠂ ᠨᠢᠭᠡ ᠠᠴᠠ ᠵᠦᠶ᠋ᠴᠢᠯᠡᠨ ᠨᠥᠭᠦᠭᠡ ᠶᠢ | ᠵᠦᠶ᠋ᠴᠢᠯᠡᠬᠦ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠦᠨᠡᠨ ᠬᠦ ᠪᠠᠲᠤᠯᠠᠬᠤ | ᠬᠡᠷᠡᠭᠲᠡᠶ᠃ | ᠲᠠᠪᠤᠳᠤᠭᠠᠷ ᠲᠤ᠂ ᠨᠡᠭᠡᠭᠡᠯᠲᠡ ᠬᠢᠵᠦ ᠬᠠᠮᠲᠤᠷᠠᠯᠴᠠᠬᠤ ᠲᠠᠢ ᠨᠢᠭᠲᠠ ᠤᠶᠠᠯᠳᠤᠭᠤᠯᠤᠨ | ᠨᠠᠶᠢᠳᠠᠪᠤᠷᠢᠵᠢᠭᠤᠯᠤᠯᠲᠠ ᠶᠢ ᠠᠳᠬᠤᠨ᠎ᠠ | ︽ᠳᠣᠲᠣᠭᠠᠳᠤ ᠭᠠᠳᠠᠭᠠᠳᠤ ᠶᠢ ᠬᠤᠯᠪᠣᠯᠳᠤᠭᠤᠯᠤᠨ ᠬᠤᠯᠪᠣᠵᠤ᠂ ᠡᠷᠬᠢᠨ ᠲᠣᠭᠤᠷᠢᠨ ᠢᠶᠠᠨ ᠨᠥᠯᠥᠭᠡᠯᠡᠬᠦ︾ ᠶᠢ | ᠪᠠᠷᠢᠮᠲᠠᠯᠠᠵᠤ᠂ ᠡᠬᠢ ᠪᠠᠶᠠᠯᠢᠭ ᠢ ᠲᠥᠪᠯᠡᠷᠡᠭᠦᠯᠦᠨ ᠲᠠᠷᠬᠠᠭᠠᠬᠤ᠂ ᠬᠦᠴᠦᠨ ᠵᠦᠢᠯ ᠢ ᠠᠭᠤᠰᠤᠯᠴᠠᠭᠤᠯᠤᠨ | ᠨᠡᠪᠲᠡᠷᠡᠭᠦᠯᠬᠦ ᠶᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ ᠤᠮᠠᠷᠠᠰᠢ ᠨᠡᠭᠡᠭᠡᠯᠲᠡ ᠬᠢᠬᠦ ᠴᠢᠬᠤᠯᠠ | ᠪᠠᠬᠢᠯᠡᠯᠲᠡ ᠶᠢᠨ ᠪᠥᠲᠥᠭᠡᠨ ᠪᠠᠶᠢᠭᠤᠯᠤᠯᠲᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠯᠠᠪᠳᠠᠭᠤᠨ ᠪᠠᠲᠤᠲᠠᠶ | ᠠᠬᠢᠭᠤᠯᠬᠤ ᠬᠡᠷᠡᠭᠲᠡᠢ᠃ | ᠨᠢᠭᠡ ᠳᠤ᠂ ᠥᠪᠡᠷᠲᠡᠭᠡᠨ ᠵᠠᠰᠠᠬᠤ ᠣᠷᠣᠨ ᠤ ᠴᠢᠯᠥᠭᠡᠲᠦ ᠠᠷᠠᠯᠵᠢᠶᠠᠨ ᠤ ᠲᠣᠭᠤᠷᠢᠭ ᠢ ᠡᠭᠦᠳᠦᠨ ᠪᠠᠶᠢᠭᠤᠯᠬᠤ | ᠢᠨᠵᠧᠨᠧᠷᠢᠩ ᠤᠨ ᠬᠠᠮᠵᠢᠯᠴᠠᠨ ᠬᠥᠭᠵᠢᠭᠦᠯᠬᠦ ᠡᠭᠦᠷᠭᠡ ᠶᠢ ᠰᠠᠶᠢᠲᠤᠷ ᠠᠳᠬᠤᠨ᠎ᠠ᠃ ᠪᠣᠭᠤᠮᠲᠠ ᠶᠢᠨ ᠰᠠᠭᠤᠷᠢ | ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠃ ᠷᠠᠰᠢᠶᠠᠨ ᠬᠢᠯᠢ ᠶᠢᠨ ᠪᠣᠭᠤᠮᠲᠠ ᠶᠢᠨ ᠪᠠᠶᠢᠩᠭᠤ ᠶᠢᠨ ᠨᠡᠭᠡᠭᠡᠯᠲᠡ᠂ | ᠵᠠᠬ᠎ᠠ ᠳᠡᠯᠭᠡᠭᠦᠷ ᠤᠨ ᠠᠷᠠᠯᠵᠢᠶᠠᠨ ᠤ ᠲᠣᠭᠤᠷᠢᠭ ᠤᠨ ᠪᠣᠭᠤᠮᠲᠠ ᠬᠠᠭᠠᠵᠤ ᠡᠵᠡᠩᠨᠡᠬᠦ ᠶᠢ ᠠᠬᠢᠭᠤᠯᠵᠤ᠂ | ᠪᠣᠭᠤᠮᠲᠠ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ | ᠂ ᠰᠠᠭᠤᠷᠢ ᠪᠡᠯᠡᠳᠬᠡᠮᠵᠢ ᠶᠢ ᠥᠭᠡᠷᠡᠴᠢᠯᠡᠬᠦ ᠪᠠ ᠪᠣᠭᠤᠮᠲᠠ ᠪᠠᠷ ᠥᠩᠭᠡᠷᠡᠬᠦ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ | ᠵᠦᠢᠯ ᠢ ᠡᠬᠢᠯᠡᠭᠦᠯᠵᠦ᠂ ᠬᠢᠯᠢ ᠪᠠᠷ ᠣᠷᠣᠭᠤᠯᠬᠤ ᠠᠮᠤ ᠪᠤᠳᠠᠭ᠎ᠠ᠂ ᠮᠢᠬᠠᠨ ᠤ ᠵᠦᠢᠯ᠂ ᠮᠥᠰᠥ ᠵᠡᠷᠭᠡ | ᠦᠶ᠋ᠯᠡᠳᠬᠦᠨ ᠤ ᠪᠣᠭᠤᠮᠲᠠ ᠶᠢᠨ ᠵᠢᠭᠠᠨ ᠲᠣᠭᠲᠠᠭᠠᠭᠰᠠᠨ ᠬᠢᠨᠠᠨ ᠬᠠᠮᠢᠶᠠᠷᠬᠤ ᠲᠠᠯᠠᠪᠠᠶ ᠶᠢ ᠢᠳᠡᠪᠬᠢᠲᠡᠶ ᠪᠠᠷ | ᠭᠤᠶᠤᠴᠢᠯᠠᠨ ᠪᠠᠶᠢᠭᠤᠯᠵᠤ᠂ ᠬᠢᠯᠢ ᠠᠯᠤᠰᠯᠠᠭᠰᠠᠨ ᠭᠤᠤᠯ ᠤᠨ ᠶᠡᠭᠡ ᠬᠥᠭᠦᠷᠭᠡ᠂ ᠪᠣᠭᠤᠮᠲᠠ ᠠᠴᠠ ᠬᠠᠯᠬ᠎ᠠ ᠭᠤᠤᠯ | ᠰᠢᠶᠠᠨ ᠬᠥᠷᠬᠦ 85 ᠺᠢᠯᠣᠮᠧᠳ᠋ᠷ ᠤᠨ ᠵᠢᠭᠤᠯᠴᠢᠯᠠᠯ ᠤᠨ ᠵᠠᠰᠠᠮᠠᠯ ᠵᠠᠮ ᠢ ᠮᠠᠨ ᠤ ᠤᠯᠤᠰ ᠤᠨ ᠮᠣᠩᠭᠤᠯ ᠳᠠᠬᠢ | ᠲᠤᠰᠠᠯᠠᠮᠵᠢ ᠶᠢᠨ ᠲᠥᠯᠥᠪᠯᠡᠭᠡ ᠳᠤ ᠣᠷᠣᠭᠤᠯᠬᠤ ᠪᠠᠷ ᠴᠢᠷᠮᠠᠶᠢᠨ᠎ᠠ᠃ ᠬᠢᠯᠢ ᠶᠢᠨ ᠪᠣᠭᠤᠮᠲᠠ ᠬᠢᠭᠡᠳ ᠳᠣᠲᠤᠷ᠎ᠠ | ᠭᠠᠵᠠᠷ ᠤᠨ ᠬᠤᠯᠪᠣᠭᠠᠯᠠᠨ ᠬᠥᠭᠵᠢᠬᠦ ᠶᠢ ᠳᠡᠮᠵᠢᠬᠦ ᠬᠡᠷᠡᠭᠲᠡᠢ᠃ ᠮᠣᠩᠭᠤᠯ ᠤᠯᠤᠰ ᠤᠨ ᠴᠢᠬᠤᠯᠠ ᠡᠨᠧᠷᠭᠢ | ᠠᠭᠤᠷᠬᠠᠶ ᠶᠢᠨ ᠭᠠᠷᠤᠯᠲᠠ ᠪᠠ ᠲᠠᠷᠢᠶᠠᠯᠠᠩ ᠮᠠᠯ ᠠᠵᠤ ᠠᠬᠤᠶ ᠶᠢᠨ ᠡᠬᠢ ᠪᠠᠶᠠᠯᠢᠭ ᠢ ᠭᠠᠳᠠᠭᠠᠳᠤ ᠠᠴᠠ | ᠣᠷᠣᠭᠤᠯᠬᠤ ᠶᠢ ᠢᠳᠡᠪᠬᠢᠲᠡᠶ ᠲᠡᠮᠡᠴᠡᠨ ᠣᠯᠵᠤ᠂ ︽ᠣᠷᠣᠨ ᠠᠯᠤᠰᠯᠠᠭᠰᠠᠨ ᠠᠵᠤ ᠠᠬᠤᠶ︾ ᠶᠢ ᠰᠦᠪᠡᠭᠴᠢᠯᠡᠨ | ᠬᠥᠭᠵᠢᠭᠦᠯᠵᠦ᠂ ᠲᠡᠮᠦᠷ ᠤᠨ ᠬᠦᠳᠡᠷ ᠡᠯᠡᠰᠦ ᠵᠡᠷᠭᠡ ᠦᠢᠯᠡᠳᠬᠦᠨ ᠢ ᠪᠣᠳᠠᠲᠠᠶᠢᠵᠢᠭᠤᠯᠤᠨ ᠡᠳ᠋ᠰᠢᠭᠦᠯᠬᠦ ᠪᠤᠶᠤ | ᠳᠠᠮᠵᠢᠭᠤᠯᠤᠨ ᠭᠠᠳᠠᠭᠰᠢ ᠲᠡᠭᠡᠭᠡᠪᠦᠷᠢᠯᠡᠬᠦ ᠶᠢ ᠪᠡᠶᠡᠯᠡᠭᠦᠯᠦᠨ᠂ ︽ᠵᠠᠮ ᠥᠩᠭᠡᠷᠡᠬᠦ ᠠᠵᠤ ᠠᠬᠤᠶ︾ ᠶᠢᠨ ︽ | ᠭᠠᠵᠠᠷᠳᠠᠭᠰᠠᠨ ᠠᠵᠤ ᠠᠬᠤᠶ︾ ᠳᠠᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠪᠣᠭᠤᠮᠲᠠ ᠪᠠᠷ | ᠥᠩᠭᠡᠷᠡᠬᠦ ᠶᠠᠪᠤᠴᠠ ᠶᠢ ᠰᠢᠯᠢᠳᠡᠭᠵᠢᠭᠦᠯᠬᠦ ᠬᠡᠷᠡᠭᠲᠡᠢ᠃ ᠣᠯᠠᠨ ᠤᠯᠤᠰ ᠤᠨ ᠠᠷᠠᠯᠵᠢᠶ᠎ᠠ ᠶᠢᠨ ︽ᠭᠠᠭᠴᠠ | ᠴᠣᠩᠬᠤᠪᠴᠢ︾ ᠶᠢᠨ ᠬᠡᠷᠡᠭᠯᠡᠯᠲᠡ ᠶᠢ ᠳᠡᠯᠭᠡᠷᠡᠭᠦᠯᠵᠦ᠂ ᠪᠣᠭᠤᠮᠲᠠ ᠶᠢᠨ ᠪᠠᠷᠠᠭ᠎ᠠ ᠪᠠ ᠬᠥᠮᠦᠰ ᠤᠨ ᠪᠣᠭᠤᠮᠲᠠ ᠪᠠᠷ | ᠥᠩᠭᠡᠷᠡᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠠᠮᠲᠤᠷᠠᠯᠴᠠᠭ᠎ᠠ ᠪᠠᠨ ᠤᠷᠲᠤᠳᠬᠠᠬᠤ ᠬᠠᠮᠲᠤᠷᠠᠯᠴᠠᠭ᠎ᠠ ᠪᠠᠨ | ᠲᠠᠰᠤᠷᠠᠯᠲᠠ ᠤᠢᠭᠡᠢ ᠴᠢᠩᠭᠠᠳᠬᠠᠬᠤ ᠬᠡᠷᠡᠭᠲᠡᠶ᠃ | ᠬᠤᠶᠠᠷ ᠲᠤ᠂ ᠭᠠᠳᠠᠭᠠᠳᠤ ᠨᠡᠭᠡᠭᠡᠯᠲᠡ ᠶᠢ ᠶᠡᠭᠡ ᠪᠠᠷ ᠥᠷᠨᠢᠭᠦᠯᠦᠨ᠎ᠡ᠃ ᠠᠷᠠᠯᠵᠢᠶᠠᠨ ᠤ ᠶᠠᠪᠤᠯᠴᠠᠭ᠎ᠠ ᠶᠢ | ᠴᠢᠩᠬᠠᠳᠬᠠᠬᠤ ᠬᠡᠷᠡᠭᠲᠡᠢ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠪᠠ ᠳᠤᠮᠳᠠᠳᠤ | ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ | ᠣᠷᠣᠯᠴᠠᠵᠤ᠂ ᠭᠠᠳᠠᠭᠠᠳᠤ ᠠᠵᠤ ᠠᠬᠤᠶ ᠠᠷᠠᠯᠵᠢᠶᠠᠨ ᠤ ᠵᠢᠱᠢᠶ᠎ᠡ ᠦᠵᠡᠭᠦᠯᠬᠦ ᠲᠥᠷᠥᠯ ᠵᠦᠢᠯ ᠤᠨ ᠲᠥᠷᠥ ᠶᠢᠨ | ᠪᠣᠳᠣᠯᠭ᠎ᠠ ᠶᠢᠨ ᠪᠠᠯᠠ ᠮᠥᠩᠭᠦ ᠶᠢ ᠢᠳᠡᠪᠬᠢᠲᠡᠶ ᠲᠡᠮᠡᠴᠡᠨ ᠣᠯᠵᠤ᠂ ᠾᠧ ᠱᠦᠨ ᠠᠷᠠᠯᠵᠢᠶ᠎ᠠ ᠬᠤᠳᠠᠯᠳᠤᠭ᠎ᠠ᠂ ᠺᠧ | ᠴᠢᠨ ᠸᠠᠨ ᠵᠢᠶᠠ ᠵᠡᠷᠭᠡ ᠠᠵᠤ ᠠᠬᠤᠶᠢᠯᠠᠯ ᠤᠨ ᠭᠠᠳᠠᠭᠠᠳᠤ ᠳᠤ ᠭᠠᠷᠭᠠᠬᠤ ᠬᠤᠪᠢ ᠶᠢᠨ ᠲᠤᠭ᠎ᠠ ᠪᠠᠨ | ᠥᠷᠭᠡᠳᠬᠡᠬᠦ ᠶᠢ ᠳᠡᠮᠵᠢᠵᠦ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ | ᠶᠡᠷᠦᠩᠬᠡᠶ ᠲᠤᠭ᠎ᠠ ᠶᠢ 10% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃ ᠨᠥᠬᠦᠷᠰᠡᠭ ᠰᠣᠯᠢᠯᠴᠠᠭ᠎ᠠ ᠪᠠᠨ | ᠴᠢᠩᠭᠠᠳᠬᠠᠵᠤ᠃ ᠣᠷᠣᠰ᠂ ᠢᠲ᠋ᠠᠯᠢ᠂ ᠹᠷᠠᠨᠼᠢ᠂ ᠰᠸᠢᠰ ᠵᠡᠷᠭᠡ ᠤᠯᠤᠰ ᠤᠨ ᠬᠠᠮᠢᠶ᠎ᠠ ᠪᠦᠬᠦᠢ ᠭᠠᠵᠠᠷ | ᠣᠷᠣᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠬᠦ ᠶᠢ ᠠᠬᠢᠭᠤᠯᠵᠤ᠂ ᠮᠣᠩᠭᠤᠯ ᠤᠯᠤᠰ ᠤᠨ | ᠳᠣᠷᠣᠨᠠᠲᠤ ᠠᠶᠢᠮᠠᠭ ᠯᠤᠭ᠎ᠠ ᠶᠢᠨ ᠲᠣᠭᠲᠠᠮᠠᠯ ᠬᠤᠭᠤᠴᠠᠭ᠎ᠠ ᠲᠠᠢ ᠠᠭᠤᠯᠵᠠᠯᠲᠠ ᠪᠠᠨ ᠴᠢᠩᠭᠠᠳᠬᠠᠵᠤ᠂ ᠮᠣᠩᠭᠤᠯ | ᠤᠯᠤᠰ ᠤᠨ ︽ᠠᠷᠪᠠᠨ ᠳ᠋ᠦᠩᠰᠢᠭᠤᠷ ᠰᠠᠭᠤᠷᠢ ᠮᠣᠳᠣ ᠳᠠᠷᠢᠬᠤ︾ ᠲᠥᠯᠥᠪᠯᠡᠭᠡ ᠳᠤ ᠦᠷᠭᠦᠯᠵᠢᠯᠡᠨ ᠣᠷᠣᠯᠴᠠᠵᠤ᠂ | ᠳᠤᠮᠳᠠᠳᠤ ᠮᠣᠩᠭᠤᠯ ᠤᠨ ᠣᠯᠠᠨ ᠤᠯᠤᠰ ᠤᠨ ᠪᠣᠬᠢᠷᠲᠤᠯ ᠥᠬᠡᠶ ᠣᠷᠭᠠᠨᠢᠭ ᠪᠦᠲᠦᠭᠡᠭᠳᠡᠬᠦᠨ ᠤ ᠦᠵᠡᠰᠬᠦᠯᠡᠩ ᠤᠨ | ᠴᠤᠭᠯᠠᠭᠠᠨ᠂ ᠳᠤᠮᠳᠠᠳᠤ ᠮᠣᠩᠭᠤᠯ ᠤᠨ ᠬᠠᠯᠬ᠎ᠠ ᠭᠤᠤᠯ ᠤᠨ ᠰᠠᠪᠠ ᠭᠠᠵᠠᠷ ᠤᠨ ᠣᠯᠠᠨ ᠤᠯᠤᠰ ᠤᠨ ᠶᠠᠷᠢᠶᠠᠨ ᠤ | ᠲᠠᠪᠴᠠᠩ ᠢ ᠡᠷᠭᠢᠯᠡᠵᠦ᠂ ︽7᠂ 8᠂ 9 ᠰᠠᠷ᠎ᠠ ᠶᠢᠨ ᠰᠢᠵᠢᠷ ᠠᠯᠲᠠᠨ ᠤᠯᠠᠷᠢᠯ︾ ᠪᠠ ᠰᠣᠶᠣᠯ ᠤᠷᠠᠯᠢᠭ ᠤᠨ | ᠭᠠᠷᠠᠭ ᠤᠨ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠭᠠᠳᠠᠭᠠᠳᠤ ᠪᠡᠯᠡ ᠶᠢ ᠳ᠋ᠦᠩᠰᠢᠭᠤᠷ ᠲᠥᠭᠦᠷᠢᠭ ᠠᠴᠠ | ᠳᠠᠪᠠᠭᠤᠯᠬᠤ ᠪᠠᠷ ᠴᠢᠷᠮᠠᠶᠢᠨ᠎ᠠ᠃ | ᠭᠤᠷᠪᠠ ᠳᠤ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨ ᠳᠡᠰ ᠳᠠᠪᠬᠤᠷᠭ᠎ᠠ ᠪᠠᠷ ᠴᠢᠩᠭᠠᠳᠬᠠᠨ᠎ᠠ᠃ | ᠰᠠᠨᠠᠭᠠᠴᠢᠯᠭ᠎ᠠ ᠠᠴᠠ ᠪᠠᠨ ︽ᠣᠩᠭᠤᠴᠠ ᠵᠢᠭᠡᠯᠡᠵᠦ ᠳᠠᠯᠠᠢ ᠳᠤ ᠭᠠᠷᠬᠤ︾ ᠬᠡᠷᠡᠭᠲᠡᠢ᠃ ᠲᠥᠪ ᠤᠨ ᠪᠠᠶᠢᠭᠤᠯᠭ᠎ᠠ ᠶᠢᠨ | ᠴᠡᠭ ᠲᠣᠭᠲᠠᠭᠠᠨ ᠬᠠᠪᠰᠤᠷᠤᠨ ᠲᠡᠳᠬᠦᠬᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠦᠷᠦ ᠶᠢᠨ | ᠪᠤᠳᠤᠯᠭ᠎ᠠ ᠪᠣᠯᠤᠨ ᠭᠤᠸᠠᠩᠳᠦ᠋ᠩ ᠥᠪᠥᠷ ᠮᠣᠩᠭᠤᠯ ᠤᠨ ᠬᠠᠮᠲᠤᠷᠠᠯᠴᠠᠭᠠᠨ ᠤ ᠠᠵᠠ ᠲᠣᠬᠢᠶᠠᠯ ᠢ ᠭᠦᠢᠴᠡᠳ | ᠰᠠᠶᠢᠲᠤᠷ ᠠᠰᠢᠭᠯᠠᠵᠤ᠂ ︽ᠵᠢᠷᠭᠤᠭᠠᠨ ᠪᠡᠭᠡᠵᠢᠩ ᠤᠨ ᠲᠦᠷᠦᠯ ᠲᠡᠮᠳᠡᠭ︾ ᠤᠨ ᠲᠦᠷᠦᠯ ᠵᠦᠢᠯ ᠤᠨ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠭᠤᠸᠠᠩᠳᠦ᠋ᠩ ᠮᠤᠵᠢ ᠯᠤᠭ᠎ᠠ ᠵᠣᠯᠭᠠᠭᠤᠯᠤᠭᠰᠠᠨ 32 ᠬᠠᠮᠲᠤᠷᠠᠯᠴᠠᠭᠠᠨ ᠤ | ᠵᠦᠢᠯᠡᠰ ᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠵᠤ᠂ ᠹᠦᠸᠧ ᠱᠠᠨ ᠬᠤᠳᠠ᠂ ᠵᠢᠩ ᠮᠸᠠ ᠬᠤᠳᠠ ᠶᠢᠨ | ᠬᠠᠨᠢᠲᠠᠨ ᠤ ᠬᠤᠳᠠ ᠯᠤᠭ᠎ᠠ ᠶᠢᠨ ᠬᠠᠷᠢᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠷᠢᠯᠴᠠᠨ ᠠᠰᠢᠭᠲᠠᠢ | ᠬᠠᠮᠲᠤ ᠪᠠᠷ ᠠᠰᠢᠭ ᠬᠦᠷᠳᠡᠬᠦ ᠶᠢ ᠨᠡᠩ ᠶᠡᠭᠡ ᠬᠡᠮᠵᠢᠶ᠎ᠡ ᠪᠠᠷ ᠪᠡᠶᠡᠯᠡᠭᠦᠯᠦᠨ᠎ᠡ᠃ ᠵᠡᠭᠦᠨ ᠬᠤᠶᠢᠲᠤ ᠣᠷᠣᠨ ᠢ | ᠬᠥᠭᠵᠢᠭᠦᠯᠦᠨ ᠮᠠᠨᠳᠤᠭᠤᠯᠬᠤ ᠳᠤ ᠠᠭᠤᠰᠤᠯᠴᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ | ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠴᠢᠩᠭ᠎ᠠ | ᠠᠳᠬᠤᠵᠤ᠂ ︽ᠲᠠᠪᠤᠨ ᠶᠡᠭᠡ ᠠᠮᠤᠷ ᠲᠦᠪᠰᠢᠨ︾ ᠤ ᠲᠣᠭᠤᠷᠢᠨ ᠳᠤ᠂ ᠰᠢᠩ ᠲᠦᠩ᠂ ᠰᠢᠩ ᠬᠤ᠋ ᠪᠠ ᠰᠢᠩ | ᠽᠠᠢ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠲᠣᠨᠣᠭᠯᠠᠯ ᠦᠢᠯᠡᠳᠬᠦ᠂ ᠰᠤᠷᠭᠠᠨ ᠬᠥᠮᠦᠵᠢᠯ ᠡᠮ ᠡᠮᠨᠡᠯᠭᠡ | ᠵᠡᠷᠭᠡ ᠵᠢᠷᠭᠤᠭᠠᠨ ᠶᠡᠭᠡ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠴᠠᠩᠴᠦ᠋ᠨ ᠤ ᠬᠤᠳᠠ ᠶᠢᠨ | ᠲᠣᠭᠤᠷᠢᠭ ᠲᠤ ᠭᠦᠨᠵᠡᠭᠡᠢ ᠠᠭᠤᠰᠤᠯᠴᠠᠵᠤ᠂ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ ᠪᠡᠶᠡᠯᠡᠭᠦᠯᠦᠨ᠎ᠡ᠃ | ᠵᠢᠷᠭᠤᠳᠤᠭᠠᠷ ᠲᠤ᠂ ᠬᠤᠳᠠ ᠬᠦᠳᠡᠭᠡ ᠶᠢ ᠠᠭᠤᠰᠤᠯᠴᠠᠭᠤᠯᠤᠨ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠬᠤ | ᠬᠡᠷᠡᠭᠲᠡᠢ | ︽ᠬᠠᠷᠢᠯᠴᠠᠨ ᠠᠭᠤᠰᠤᠯᠴᠠᠵᠤ᠂ ᠬᠠᠮᠵᠢᠯᠴᠠᠨ ᠬᠥᠭᠵᠢᠭᠦᠯᠬᠦ︾ ᠶᠢ ᠪᠠᠷᠢᠮᠲᠠᠯᠠᠵᠤ᠂ ᠰᠢᠨ᠎ᠡ ᠬᠡᠯᠪᠡᠷᠢ ᠶᠢᠨ | ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠣᠷᠭᠠᠨᠢᠭ ᠢᠶᠠᠷ ᠤᠶᠠᠯᠳᠤᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠡᠯ᠎ᠡ ᠲᠥᠷᠥᠯ ᠤᠨ ᠡᠯᠧᠮᠧᠨ᠋ᠲ ᠤᠨ | ᠬᠤᠤᠰ ᠴᠢᠭᠯᠡᠯ ᠢᠶᠠᠷ ᠰᠢᠯᠵᠢᠬᠦ ᠶᠢ ᠠᠬᠢᠭᠤᠯᠵᠤ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ | ᠪᠠᠶᠢᠷᠢᠰᠢᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃ | ᠨᠢᠭᠡ ᠳᠤ᠂ ᠣᠷᠣᠰᠢᠨ ᠰᠠᠭᠤᠬᠤ ᠳᠤ ᠲᠣᠬᠢᠷᠠᠮᠵᠢᠲᠠᠢ᠂ ᠤᠶᠠᠨ ᠬᠠᠳᠠᠨ ᠴᠢᠨᠠᠷ᠂ ᠣᠶᠤᠨᠴᠢ ᠬᠤᠳᠠ ᠶᠢ | ᠴᠣᠭᠴᠠᠯᠠᠨ ᠪᠠᠶᠢᠭᠤᠯᠤᠨ᠎ᠠ᠃ ᠶᠡᠭᠡ ᠤᠯᠠᠭᠠᠨᠬᠤᠳᠠ ᠪᠠᠷ ᠭᠤᠣᠯ ᠬᠤᠳᠠ ᠲᠣᠭᠤᠷᠢᠭ ᠢ ᠨᠢᠭᠡ ᠴᠤᠬᠴᠠᠵᠢᠭᠤᠯᠬᠤ | ᠪᠦᠳᠦᠭᠡᠨ ᠪᠠᠶᠢᠭᠤᠯᠤᠯᠲᠠ ᠶᠢ ᠲᠤᠪᠤᠶᠢᠮ᠎ᠠ ᠰᠠᠶᠢᠲᠤᠷ ᠠᠳᠬᠤᠬᠤ ᠬᠡᠷᠡᠭᠲᠡᠢ᠃ ᠲᠥᠬᠦᠭᠡᠷᠦᠮᠵᠢ ᠶᠢ ᠬᠠᠮᠲᠤ ᠪᠠᠷ | ᠪᠠᠶᠢᠭᠤᠯᠬᠤ᠂ ᠵᠣᠯ ᠵᠢᠷᠭᠠᠯ ᠢ ᠬᠠᠮᠲᠤ ᠪᠠᠷ ᠡᠳ᠋ᠯᠡᠬᠦ᠂ ᠠᠵᠤ ᠦᠢᠯᠡᠰ ᠢ ᠬᠠᠮᠵᠢᠯᠴᠠᠭᠤᠯᠬᠤ᠂ ᠬᠥᠬᠡ | ᠨᠣᠭᠤᠭᠠᠷᠠᠭᠤᠯᠤᠯᠲᠠ ᠶᠢ ᠬᠠᠮᠲᠤ ᠪᠠᠷ ᠬᠠᠮᠠᠭᠠᠯᠠᠬᠤ᠂ ᠬᠠᠮᠲᠤ ᠪᠠᠷ ᠵᠠᠰᠠᠬᠤ ᠵᠡᠷᠭᠡ ᠲᠠᠪᠤᠨ ᠶᠡᠭᠡ ᠠᠵᠢᠯᠯᠠᠭ᠎ᠠ ᠶᠢ | ᠯᠠᠪᠳᠠᠭᠤᠨ ᠪᠠᠲᠤᠲᠠᠶ ᠥᠷᠨᠢᠭᠦᠯᠵᠦ᠂ ︽ᠬᠤᠶᠠᠷ ᠵᠠᠮ ᠬᠤᠶᠠᠷ ᠬᠥᠭᠦᠷᠭᠡ︾ ᠵᠡᠷᠭᠡ 13 ᠲᠦᠷᠦᠯ ᠵᠦᠢᠯ ᠢ ᠡᠬᠢᠯᠡᠨ | ᠬᠡᠷᠡᠭᠵᠢᠭᠦᠯᠵᠦ᠂ 7.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠬᠠᠶᠢᠮᠢᠶᠠᠨ | ᠬᠤᠳᠠ᠂ ᠤᠶᠤᠨᠲᠤ ᠲᠡᠷᠭᠡᠨ ᠵᠣᠭᠰᠣᠭᠠᠯ ᠵᠡᠷᠭᠡ ᠲᠦᠷᠦᠯ ᠵᠦᠢᠯ ᠢ ᠲᠥᠯᠥᠪᠵᠢᠭᠦᠯᠦᠨ ᠬᠡᠷᠡᠭᠵᠢᠭᠦᠯᠵᠦ᠂ ᠲᠤᠮᠤ | ᠤᠯᠠᠭᠠᠨᠬᠤᠲᠠ ᠶᠢᠨ ᠬᠤᠳᠠ ᠶᠢᠨ ᠲᠣᠭᠤᠷᠢᠭ ᠤᠨ ᠨᠥᠯᠥᠭᠡᠯᠡᠬᠦ ᠡᠨᠧᠷᠭᠢ ᠶᠢᠨ ᠲᠡᠰ ᠪᠣᠯᠤᠨ ᠳᠠᠶᠢᠴᠢᠯᠠᠬᠤ | ᠦᠢᠯᠡᠳᠦᠯ ᠢ ᠴᠢᠨᠠᠭᠰᠢᠳᠠ ᠴᠢᠩᠭᠠᠳᠬᠠᠵᠤ᠂ ᠵᠡᠭᠦᠨ ᠬᠤᠶᠢᠲᠤ ᠣᠷᠣᠨ ᠤ ᠴᠢᠬᠤᠯᠠ ᠵᠠᠩᠭᠢᠯᠠᠭ᠎ᠠ ᠶᠢᠨ ᠬᠤᠳᠠ ᠶᠢ | ᠪᠦᠳᠦᠭᠡᠨ ᠪᠠᠶᠢᠭᠤᠯᠬᠤ ᠳᠤ ᠰᠠᠭᠤᠷᠢ ᠲᠠᠯᠪᠢᠪᠠ᠃ ᠰᠢᠶᠠᠨ ᠤ ᠬᠤᠲᠠ ᠪᠠᠷ ᠴᠢᠬᠤᠯᠠ ᠠᠴᠢᠶᠠᠯᠠᠪᠤᠷᠢ ᠪᠣᠯᠭᠠᠭᠰᠠᠨ | ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠬᠤ | ᠬᠡᠷᠡᠭᠲᠡᠶ᠃ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠤᠰᠤ ᠲᠠᠲᠠᠷᠠᠭᠤᠯᠵᠤ | ᠤᠰᠤᠲᠤᠯ ᠢ ᠰᠡᠷᠭᠡᠶᠢᠯᠡᠬᠦ᠂ ᠬᠤᠭᠤᠯᠠᠶ ᠶᠢᠨ ᠰᠢᠨᠡᠴᠢᠯᠡᠯᠲᠡ ᠵᠡᠷᠭᠡ ᠰᠠᠭᠤᠷᠢ ᠪᠡᠯᠡᠳᠬᠡᠮᠵᠢ ᠶᠢᠨ 105 ᠲᠥᠷᠥᠯ | ᠵᠦᠢᠯ ᠢ ᠪᠡᠶᠡᠯᠡᠭᠦᠯᠵᠦ᠂ 73 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ᠂ 755 ᠡᠷᠦᠬᠡ᠂ | 1729 ᠡᠨᠧᠷᠭᠢ ᠠᠷᠪᠢᠯᠠᠬᠤ ᠥᠭᠡᠷᠡᠴᠢᠯᠡᠯᠲᠡ ᠶᠢ ᠬᠡᠷᠡᠭᠵᠢᠭᠦᠯᠪᠡ︔ ︽ᠬᠤᠪᠢᠰᠬᠠᠯᠲᠤ ᠠᠳᠠᠯ ᠠᠬᠤᠶ︾ ᠶᠢᠨ | ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠪᠥᠬᠦ ᠣᠷᠣᠨ ᠤ ᠬᠡᠪᠴᠢᠶᠡᠨ ᠳᠤ ᠳᠠᠭᠤᠷᠢᠶᠠᠵᠤ | ᠪᠣᠯᠬᠤ᠂ ᠳᠡᠯᠭᠡᠷᠡᠭᠦᠯᠵᠦ ᠪᠣᠯᠬᠤ ᠠᠳᠠᠯ ᠠᠬᠤᠶ ᠶᠢᠨ ᠨᠠᠷᠠᠲᠤ ᠲᠥᠷᠥᠯ ᠲᠡᠮᠳᠡᠭᠲᠦ ᠶᠢ ᠬᠦᠴᠦᠯᠡᠨ ᠪᠣᠶ ᠪᠣᠯᠭᠠᠪᠠ᠃ | ᠬᠤᠶᠠᠷ ᠲᠤ᠂ ᠣᠷᠣᠰᠢᠨ ᠰᠠᠭᠤᠬᠤ ᠳᠤ ᠲᠣᠬᠢᠷᠠᠮᠵᠢᠲᠠᠢ᠂ ᠠᠵᠢᠯᠯᠠᠬᠤ ᠳᠤ ᠲᠣᠬᠢᠷᠠᠮᠵᠢᠲᠠᠢ᠂ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠢ ᠪᠦᠳᠦᠭᠡᠨ ᠪᠠᠶᠢᠭᠤᠯᠤᠨ᠎ᠠ᠃ ᠠᠵᠤ ᠦᠢᠯᠡᠰ ᠢᠶᠠᠷ ᠲᠣᠰᠬᠤᠨ ᠢ ᠪᠠᠶᠠᠵᠢᠭᠤᠯᠬᠤ | ᠬᠡᠷᠡᠭᠲᠡᠶ᠃ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠥᠪᠡᠷᠲᠡᠭᠡᠨ | ᠵᠠᠰᠠᠬᠤ ᠣᠷᠣᠨ ᠤ ︽ᠠᠷᠪᠠᠨ ᠰᠢᠶᠠᠨ ᠵᠠᠭᠤᠨ ᠰᠢᠶᠠᠩ ᠮᠢᠩᠭᠠᠨ ᠲᠣᠰᠬᠤᠨ︾ ᠤ ᠵᠢᠱᠢᠶ᠎ᠡ ᠦᠵᠡᠭᠦᠯᠦᠨ ᠡᠭᠦᠳᠦᠨ | ᠪᠠᠶᠢᠭᠤᠯᠬᠤ ᠢᠨᠵᠧᠨᠧᠷᠢᠩ ᠲᠠᠢ ᠤᠶᠠᠯᠳᠤᠭᠤᠯᠤᠨ ᠵᠢᠱᠢᠶ᠎ᠡ ᠦᠵᠡᠭᠦᠯᠬᠦ ᠬᠤᠰᠢᠭᠤ ᠰᠢᠶᠠᠨ 2᠂ ᠵᠢᠱᠢᠶ᠎ᠡ ᠦᠵᠡᠭᠦᠯᠬᠦ | ᠰᠤᠮᠤ ᠰᠢᠶᠠᠩ ᠪᠠᠯᠭᠠᠰᠤ 12᠂ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ 86 ᠪᠠᠶᠢᠭᠤᠯᠵᠤ᠂ ᠲᠣᠮᠣ | ᠤᠯᠠᠭᠠᠨᠬᠤᠲᠠ ᠶᠢᠨ ᠡᠷᠬᠢᠨ ᠲᠣᠭᠤᠷᠢᠨ ᠤ ᠵᠢᠱᠢᠶ᠎ᠡ ᠦᠵᠡᠭᠦᠯᠬᠦ ᠲᠣᠭᠤᠷᠢᠯ ᠱᠤᠭᠤᠮ ᠤᠨ 71 ᠲᠥᠷᠥᠯ ᠵᠦᠢᠯ ᠢ | ᠭᠤᠤᠯᠳᠠᠯᠭ᠎ᠠ ᠲᠠᠢ ᠪᠠᠶᠢᠭᠤᠯᠤᠨ᠎ᠠ᠃ ᠨᠤᠲᠤᠭ ᠤᠨ ᠣᠨᠴᠠ ᠭᠠᠷᠤᠯᠲᠠ ᠶᠢ ᠪᠤᠶᠢᠵᠢᠭᠤᠯᠬᠤ ᠢᠨᠵᠧᠨᠧᠷᠢᠩ ᠢ | ᠬᠡᠷᠡᠭᠵᠢᠭᠦᠯᠦᠨ᠂ ᠡᠵᠡᠩᠨᠡᠨ ᠪᠣᠷᠣᠯᠠᠭᠤᠯᠬᠤ ᠪᠠ ᠲᠦᠷᠦᠯ ᠲᠡᠮᠳᠡᠭ ᠤᠨ ᠪᠠᠶᠢᠭᠤᠯᠤᠯᠲᠠ ᠶᠢ ᠲᠣᠪᠤᠶᠢᠮ᠎ᠠ ᠰᠠᠶᠢᠲᠤᠷ | ᠠᠳᠬᠤᠵᠤ᠂ ᠲᠦᠭᠦᠬᠡᠶ ᠮᠠᠲ᠋ᠧᠷᠢᠶᠠᠯ ᠤᠨ ᠰᠠᠭᠤᠷᠢᠨ ᠭᠠᠵᠠᠷ ᠢ 10 ᠲᠦᠮᠡᠨ ᠮᠦ᠂ ᠦᠢᠯᠡᠳᠬᠦᠨ ᠤ ᠥᠷᠲᠡᠭ ᠢ 4 | ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠭᠦᠯᠦᠨ᠎ᠡ᠃ ᠪᠡᠯᠡᠳᠬᠡᠮᠵᠢᠲᠦ ᠲᠠᠷᠢᠶᠠᠯᠠᠩ ᠤᠨ ᠠᠵᠤ ᠦᠢᠯᠡᠰ ᠤᠨ | ᠵᠢᠱᠢᠶ᠎ᠡ ᠦᠵᠡᠭᠦᠯᠬᠦ ᠬᠦᠷᠢᠶᠡᠯᠡᠩ 5 ᠪᠠᠶᠢᠭᠤᠯᠵᠤ᠂ ᠪᠡᠯᠡᠳᠬᠡᠮᠵᠢᠲᠦ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ | ᠬᠠᠷᠢᠴᠠᠯ ᠢ 70% ᠳᠤ ᠬᠦᠷᠦᠭᠦᠯᠦᠨ᠎ᠡ᠃ ᠣᠨᠴᠠᠯᠢᠭᠲᠤ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠲᠣᠰᠬᠤᠨ ᠢ | 100 ᠰᠢᠨ᠎ᠡ ᠪᠠᠷ ᠪᠤᠶᠢᠵᠢᠭᠤᠯᠵᠤ᠂ ᠡᠷᠦᠬᠡ ᠪᠦᠷᠢ ᠶᠢᠨ ᠳᠤᠮᠳᠠᠴᠢ ᠣᠷᠣᠯᠭ᠎ᠠ ᠶᠢ 5000 ᠲᠥᠭᠦᠷᠢᠭ | ᠨᠡᠮᠡᠭᠳᠡᠭᠦᠯᠵᠦ᠂ ︽ᠨᠢᠭᠡ ᠲᠣᠰᠬᠤᠨ ᠲᠠᠪᠤᠨ ᠬᠦᠷᠢᠶᠡᠯᠡᠩ︾ ᠢ ᠪᠦᠬᠦ ᠬᠦᠴᠦᠨ ᠢᠶᠠᠷ ᠢᠶᠠᠨ ᠴᠣᠭᠴᠠᠯᠠᠨ | ᠪᠠᠶᠢᠭᠤᠯᠤᠨ᠎ᠠ᠃ ᠰᠣᠶᠣᠯᠲᠤ ᠲᠤᠰᠬᠤᠨ᠃ ︽ᠳᠤᠮᠳᠠᠳᠤ ᠶᠢᠨ ᠰᠣᠶᠣᠯ ᠢ ᠣᠯᠠᠨ ᠢᠶᠠᠷ ᠢᠶᠠᠨ ᠰᠤᠷᠤᠯᠴᠠᠬᠤ︾᠂ ︽ | ᠬᠦᠰᠡᠯ ᠵᠡᠭᠦᠳᠦ ᠪᠠᠨ ᠲᠡᠷᠭᠡᠯᠰᠢᠭᠦᠯᠬᠦ ᠬᠥᠳᠡᠭᠡ ᠲᠣᠰᠬᠤᠨ • ᠮᠠᠨ ᠤ ᠲᠠᠪᠴᠠᠩ︾᠂ ︽ᠰᠣᠶᠣᠯ ᠤᠨ | ᠲᠣᠰᠬᠤᠨ ᠤ ᠳᠠᠷᠤᠭ᠎ᠠ︾ ᠵᠡᠷᠭᠡ ᠠᠵᠢᠯᠯᠠᠭ᠎ᠠ ᠶᠢ 600 ᠲᠠᠯᠠᠪᠤᠷ ᠥᠷᠭᠡᠨ ᠢᠶᠠᠷ ᠥᠷᠨᠢᠭᠦᠯᠵᠦ᠂ ᠳᠡᠷᠭᠡᠳᠡᠬᠢ ᠰᠠᠶᠢᠨ | ᠬᠥᠮᠦᠨ ᠢ ᠵᠣᠬᠢᠶᠠᠨ ᠪᠠᠶᠢᠭᠤᠯᠤᠨ ᠰᠢᠯᠭᠠᠷᠠᠭᠤᠯᠬᠤ ᠪᠠ ᠭᠡᠷ ᠤᠨ ᠰᠤᠷᠲᠠᠯ ᠰᠠᠶᠢᠨ ᠦᠯᠢᠭᠡᠷ ᠢ ᠤᠬᠠᠭᠤᠯᠤᠨ | ᠲᠠᠶᠢᠯᠪᠤᠷᠢᠯᠠᠵᠤ᠂ ᠪᠣᠯᠪᠠᠰᠤᠨ ᠨᠤᠲᠤᠭ ᠤᠨ ᠰᠤᠷᠲᠠᠯ᠂ ᠰᠠᠶᠢᠨ ᠰᠠᠶᠢᠬᠠᠨ ᠭᠡᠷ ᠤᠨ ᠰᠤᠷᠲᠠᠯ᠂ ᠪᠣᠷᠣᠭᠵᠢᠭᠤᠨ | ᠠᠷᠠᠳ ᠤᠨ ᠰᠤᠷᠲᠠᠯ ᠢ ᠬᠦᠴᠦᠯᠡᠨ ᠪᠤᠶᠢᠵᠢᠭᠤᠯᠪᠠ᠃ ᠴᠢᠳᠠᠪᠤᠷᠢᠲᠠᠨ ᠢᠶᠠᠷ ᠲᠣᠰᠬᠤᠨ ᠢ ᠬᠥᠭᠵᠢᠭᠦᠯᠦᠨ᠎ᠡ᠃ ᠡᠯ᠎ᠡ | ᠲᠥᠷᠥᠯ ᠤᠨ ᠴᠢᠳᠠᠪᠤᠷᠢᠲᠠᠨ ᠤ ᠲᠣᠭᠲᠠᠮᠠᠯ ᠬᠤᠭᠤᠴᠠᠭ᠎ᠠ ᠲᠠᠢ ᠪᠠᠷ ᠬᠥᠳᠡᠭᠡ ᠲᠣᠰᠬᠤᠨ ᠳᠤ ᠦᠢᠯᠡᠴᠢᠯᠡᠬᠦ | ᠳᠦᠷᠢᠮ ᠢ ᠪᠦᠷᠢᠨᠰᠢᠭᠦᠯᠵᠦ᠂ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠦᠢᠯᠡᠴᠢᠯᠡᠭᠡ ᠪᠠ ᠲᠣᠰ ᠭᠠᠵᠠᠷ | ᠣᠷᠣᠨ ᠤ ᠴᠢᠳᠠᠪᠤᠷᠢᠲᠠᠨ ᠢ ᠬᠥᠮᠥᠵᠢᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠂ ᠲᠠᠷᠢᠶᠠᠯᠠᠩ ᠮᠠᠯ ᠠᠵᠤ ᠠᠬᠤᠢ ᠶᠢᠨ | ᠠᠵᠤ ᠦᠢᠯᠡᠰ ᠤᠨ ᠳᠠᠭᠠᠭᠤᠯᠤᠭᠴᠢ᠂ ᠬᠥᠲᠥᠴᠢ ᠠᠵᠤ ᠠᠬᠤᠶᠢᠯᠠᠯ ᠤᠨ ᠠᠵᠢᠯᠲᠠᠨ ᠠᠵᠢᠯᠴᠢᠨ᠂ ᠬᠥᠳᠡᠭᠡ | ᠲᠣᠰᠬᠤᠨ ᠤ ᠤᠷ᠎ᠠ ᠮᠡᠷᠭᠡᠵᠢᠯ ᠢ ᠤᠯᠠᠮᠵᠢᠯᠠᠨ ᠵᠠᠯᠭᠠᠮᠵᠢᠯᠠᠭᠴᠢ ᠶᠢ ᠬᠥᠮᠥᠵᠢᠭᠦᠯᠬᠦ ᠶᠢ ᠴᠢᠩᠭᠠᠷᠠᠭᠤᠯᠵᠤ᠂ ︽ᠬᠥᠳᠡᠭᠡ | ᠲᠣᠰᠬᠤᠨ ᠤ ᠤᠷᠠᠨ ᠳᠠᠷᠬᠠᠨ︾ ᠢ 300 ᠭᠠᠷᠤᠢ ᠮᠠᠭᠠᠳᠯᠠᠨ ᠲᠣᠭᠲᠠᠭᠠᠬᠤ ᠶᠢ ᠪᠡᠶᠡᠯᠡᠭᠦᠯᠦᠨ᠎ᠡ᠃ ᠠᠮᠢ | ᠠᠬᠤᠢ ᠪᠠᠷ ᠲᠣᠰᠬᠤᠨ ᠢ ᠭᠤᠶᠤᠬᠤ ᠬᠡᠷᠡᠭᠲᠡᠢ᠃ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠲᠣᠰᠬᠤᠨ ᠤ ᠳᠦᠷᠰᠦ | ᠪᠠᠶᠢᠳᠠᠯ ᠢ ᠰᠠᠶᠢᠵᠢᠷᠠᠭᠤᠯᠬᠤ᠂ ᠠᠮᠢᠳᠤᠷᠠᠯ ᠤᠨ ᠪᠣᠬᠢᠷ ᠤᠰᠤ ᠪᠠ ᠬᠤᠭ ᠨᠣᠪᠰᠢ ᠶᠢ ᠰᠢᠢᠳᠪᠤᠷᠢᠯᠡᠬᠦ ᠠᠵᠢᠯ ᠢ | ᠭᠦᠨᠵᠡᠭᠡᠶ ᠠᠬᠢᠭᠤᠯᠵᠤ᠂ 52 ᠬᠥᠳᠡᠭᠡ ᠲᠣᠰᠬᠤᠨ ᠢ ᠨᠣᠭᠤᠭᠠᠷᠠᠭᠤᠯᠤᠨ ᠭᠤᠶᠣᠯᠠᠵᠤ᠂ 4080 ᠡᠷᠦᠬᠡ ᠶᠢᠨ | ᠵᠣᠷᠯᠣᠩ ᠢ ᠥᠭᠡᠷᠡᠴᠢᠯᠡᠨ ᠰᠠᠶᠢᠵᠢᠷᠠᠭᠤᠯᠪᠠ᠃ ᠨᠠᠮ ᠤᠨ ᠪᠠᠶᠢᠭᠤᠯᠤᠯᠲᠠ ᠪᠠᠷ ᠲᠣᠰᠬᠤᠨ ᠢ ᠬᠦᠴᠦᠷᠬᠡᠭᠵᠢᠭᠦᠯᠬᠦ | ᠬᠡᠷᠡᠭᠲᠡᠢ᠃ ᠦᠨᠳᠦᠰᠦᠨ ᠱᠠᠲᠤᠨ ᠤ ᠲᠤᠷᠤᠢ ᠪᠠᠭᠤᠷᠠᠶ ᠰᠤᠯᠠ ᠵᠠᠳᠠᠭᠠᠶ ᠨᠠᠮ ᠤᠨ ᠵᠣᠬᠢᠶᠠᠨ ᠪᠠᠶᠢᠭᠤᠯᠤᠯᠲᠠ ᠶᠢ | ᠦᠷᠭᠦᠯᠵᠢᠯᠡᠨ ᠴᠡᠭᠴᠡᠯᠡᠵᠦ᠂ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ | ᠪᠠ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠬᠦᠴᠦᠯᠡᠨ ᠴᠢᠩᠭᠠᠳᠬᠠᠵᠤ᠂ ᠨᠠᠮ ᠤᠨ ᠪᠠᠶᠢᠭᠤᠯᠤᠯᠲᠠ ᠪᠠᠷ | ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠠᠵᠢᠯ ᠢ ᠭᠦᠨᠵᠡᠭᠡᠶ ᠬᠡᠷᠡᠭᠵᠢᠭᠦᠯᠵᠦ᠂ ᠲᠦᠴᠢᠦᠸᠠᠨ | ᠰᠢᠶᠠᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ︽ᠬᠤᠪᠢ ᠬᠤᠷᠠᠮᠳᠤᠭᠤᠯᠵᠤ ᠣᠷᠣᠯᠭ᠎ᠠ ᠪᠠᠨ | ᠨᠡᠮᠡᠭᠳᠡᠭᠦᠯᠬᠦ︾ ᠬᠥᠳᠡᠭᠡ ᠲᠣᠰᠬᠤᠨ ᠤ ᠵᠠᠰᠠᠯᠲᠠ ᠶᠢᠨ ᠲᠤᠷᠰᠢᠯᠭ᠎ᠠ ᠶᠢᠨ ᠰᠢᠨ᠎ᠡ ᠶᠢ ᠡᠭᠦᠳᠦᠨ ᠳᠡᠯᠭᠡᠷᠡᠭᠦᠯᠵᠦ᠂ | ᠬᠥᠳᠡᠭᠡ ᠲᠣᠰᠬᠤᠨ ᠤ ᠵᠠᠰᠠᠯᠲᠠ ᠶᠢᠨ ᠴᠢᠳᠠᠪᠤᠷᠢ ᠪᠠ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | ᠳᠣᠯᠣᠳᠤᠭᠠᠷ ᠲᠤ᠂ ᠠᠮᠤᠷ ᠳᠤᠭᠳᠠᠭᠤᠨ ᠪᠠᠶᠢᠳᠠᠯ ᠲᠠᠢ ᠨᠢᠭᠲᠠ ᠤᠶᠠᠯᠳᠤᠭᠤᠯᠤᠨ ᠨᠠᠶᠢᠳᠠᠪᠤᠷᠢᠵᠢᠭᠤᠯᠤᠯᠳᠠ ᠶᠢ | ᠠᠳᠬᠤᠪᠠ | ︽ᠬᠤᠷᠢᠭ᠎ᠠ ᠱᠤᠭᠤᠮ ᠤᠨ ᠰᠡᠳᠬᠢᠬᠦᠢ᠂ ᠠᠮᠤᠷ ᠲᠦᠪᠰᠢᠨ ᠢ ᠪᠠᠲᠤᠯᠠᠬᠤ︾ ᠶᠢ ᠪᠠᠷᠢᠮᠲᠠᠯᠠᠵᠤ᠂ ᠴᠢᠨᠠᠷ | ᠰᠠᠶᠢᠲᠠᠢ ᠬᠥᠭᠵᠢᠯᠲᠡ ᠪᠠᠷ ᠥᠨᠳᠥᠷ ᠬᠢᠷᠢ ᠲᠦᠪᠰᠢᠨ ᠪᠦᠬᠦᠢ ᠠᠮᠤᠷ ᠲᠦᠪᠰᠢᠨ ᠢ ᠠᠬᠢᠭᠤᠯᠵᠤ᠂ ᠥᠨᠳᠥᠷ | ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠵᠤ᠂ ᠬᠥᠭᠵᠢᠯᠲᠡ ᠪᠠ ᠠᠮᠤᠷ | ᠲᠦᠪᠰᠢᠨ ᠤ ᠬᠥᠳᠡᠯᠦᠩᠭᠦᠢ ᠲᠡᠩᠴᠡᠭᠦᠷᠢ ᠶᠢ ᠠᠬᠢᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ | ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠨ᠎ᠠ᠃ | ᠨᠢᠭᠡ ᠳᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠡᠷᠡᠰ ᠰᠠᠶᠢᠲᠤᠷ ᠠᠳᠬᠤᠨ᠎ᠠ᠃ ᠲᠣᠭᠲᠠᠴᠠ ᠪᠠᠷ | ᠬᠥᠲᠥᠯᠥᠨ ᠳᠠᠭᠠᠭᠤᠯᠬᠤ ᠶᠢ ᠴᠢᠩᠭᠠᠳᠬᠠᠬᠤ ᠬᠡᠷᠡᠭᠲᠡᠶ᠃ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ | ᠭᠦᠢᠴᠡᠳᠬᠡᠬᠦ︾ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ︽ | ᠦᠨᠳᠦᠰᠦᠨ ᠠᠴᠠ ᠨᠢ ᠵᠠᠰᠠᠵᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ︾ ᠶᠢ ᠪᠦᠬᠦ ᠲᠠᠯ᠎ᠠ ᠪᠠᠷ | ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠢ ᠲᠣᠭᠤᠷᠢᠨ ᠪᠠᠶᠢᠴᠠᠭᠠᠬᠤ᠂ ᠬᠢᠨᠠᠨ ᠰᠢᠯᠭᠠᠬᠤ᠂ ᠪᠣᠯᠵᠣᠨ ᠶᠠᠷᠢᠯᠴᠠᠬᠤ᠂ | ᠰᠡᠷᠡᠮᠵᠢᠯᠡᠭᠦᠯᠬᠦ ᠪᠠ ᠱᠠᠯᠠᠪᠳᠠᠭᠤᠯᠤᠨ ᠭᠦᠢᠴᠡᠳᠬᠡᠬᠦ ᠲᠠᠪᠤᠨ ᠵᠦᠢᠯ ᠤᠨ ᠲᠣᠭᠲᠠᠴᠠ ᠶᠢ ᠪᠦᠷᠢᠨᠰᠢᠬᠦᠯᠵᠦ᠂ | ᠠᠭᠤᠷᠬᠠᠢ᠂ ᠠᠶᠤᠯᠲᠠᠢ ᠬᠢᠮᠢ ᠶᠢᠨ ᠪᠣᠳᠠᠰ᠂ ᠵᠠᠮ ᠬᠠᠷᠢᠯᠴᠠᠭ᠎ᠠ᠂ ᠪᠠᠷᠢᠯᠭ᠎ᠠ ᠶᠢᠨ ᠠᠵᠢᠯ᠂ ᠭᠠᠯ ᠤᠨᠲᠠᠷᠠᠭᠠᠬᠤ᠂ | ᠬᠤᠳᠠ ᠪᠠᠯᠭᠠᠰᠤᠨ ᠤ ᠰᠢᠲᠠᠮᠠᠬᠠᠢ ᠬᠡᠢ ᠵᠡᠷᠭᠡ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠡᠯ᠎ᠡ | ᠲᠦᠷᠦᠯ ᠤᠨ ᠠᠳᠡᠯ ᠭᠠᠷᠬᠤ ᠶᠢ ᠪᠦᠲᠦᠮᠵᠢᠲᠡᠢ ᠰᠡᠷᠭᠡᠶᠢᠯᠡᠬᠦ ᠬᠡᠷᠡᠭᠲᠡᠢ᠃ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠬᠤ ᠬᠡᠷᠡᠭᠲᠡᠢ᠃ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶᠢᠯᠡᠭᠰᠡᠨ ᠠᠪᠤᠷᠠᠨ ᠲᠤᠰᠠᠯᠠᠬᠤ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ | ᠵᠢᠯᠣᠭᠤᠳᠬᠤ ᠲᠥᠪ ᠢ ᠵᠢᠯ ᠤᠨ ᠳᠣᠲᠣᠷ᠎ᠠ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠦᠨᠡᠨᠬᠦ | ᠪᠠᠲᠤᠯᠠᠨ᠎ᠠ᠃ ᠠᠶᠢᠮᠠᠭ ᠤᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶᠢᠯᠡᠭᠰᠡᠨ ᠠᠪᠤᠷᠠᠨ ᠲᠤᠰᠠᠯᠠᠬᠤ | ᠡᠩᠨᠡᠭᠡ ᠶᠢᠨ ᠪᠠᠶᠢᠭᠤᠯᠤᠯᠲᠠ ᠶᠢ ᠪᠡᠶᠡᠯᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠮᠵᠢ ᠪᠣᠯᠤᠨ ᠠᠪᠤᠷᠠᠨ | ᠲᠤᠰᠠᠯᠠᠬᠤ ᠲᠣᠨᠣᠭᠯᠠᠯ ᠢ ᠰᠢᠨᠡᠳᠬᠡᠨ ᠲᠡᠭᠦᠯᠳᠡᠷᠵᠢᠭᠦᠯᠦᠨ᠎ᠡ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢ ᠰᠢᠯᠢᠳᠡᠭᠵᠢᠭᠦᠯᠵᠦ᠂ ᠬᠠᠤᠯᠢ | ᠬᠡᠷᠡᠭᠵᠢᠭᠦᠯᠬᠦ ᠡᠩᠨᠡᠭᠡ ᠶᠢ ᠪᠦᠷᠢᠨ ᠭᠦᠢᠴᠡᠳ ᠴᠢᠩᠭ᠎ᠠ ᠲᠤᠬᠢᠷᠠᠭᠤᠯᠵᠤ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ | ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠦᠨ᠎ᠡ᠃ ᠭᠠᠢ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠶᠢ | ᠴᠢᠩᠭᠠᠳᠬᠠᠬᠤ ᠬᠡᠷᠡᠭᠲᠡᠢ᠃ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ᠂ ᠦᠶᠡᠷ ᠢ ᠰᠡᠷᠭᠡᠶᠢᠯᠡᠨ | ᠭᠠᠩ ᠲᠠᠢ ᠲᠡᠮᠡᠴᠡᠬᠦ ᠪᠠ ᠣᠨᠴᠠᠭᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ | ᠲᠡᠭᠦᠯᠳᠡᠷᠵᠢᠭᠦᠯᠵᠦ᠂ ᠤᠷᠢᠳᠴᠢᠯᠠᠨ ᠰᠡᠷᠡᠮᠵᠢᠯᠡᠭᠦᠯᠬᠦ ᠶᠢ ᠳᠠᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ | ᠭᠠᠮᠰᠢᠭ ᠠᠴᠠ ᠠᠪᠤᠷᠠᠬᠤ ᠡᠳ᠋ ᠪᠠᠷᠠᠭ᠎ᠠ ᠨᠥᠭᠡᠴᠡᠯᠡᠬᠦ ᠲᠥᠯᠥᠪᠯᠡᠭᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠭᠠᠯ ᠢ | ᠰᠡᠷᠭᠡᠶᠢᠯᠡᠬᠦ᠂ ᠦᠶᠡᠷ ᠢ ᠰᠡᠷᠭᠡᠶᠢᠯᠡᠬᠦ᠂ ᠠᠶᠤᠯᠲᠠᠢ ᠬᠢᠮᠢ ᠶᠢᠨ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ | ᠬᠦᠷᠢᠶᠡᠨ ᠳᠠᠬᠢ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠠᠭ ᠲᠤᠨᠢ ᠲᠣᠬᠢᠷᠠᠭᠤᠯᠤᠨ ᠥᠷᠨᠢᠭᠦᠯᠬᠦ ᠬᠡᠷᠡᠭᠲᠡᠢ᠃ | ᠪᠦᠬᠦ ᠠᠷᠠᠳ ᠤᠨ ᠠᠮᠤᠷ ᠲᠦᠪᠰᠢᠨ ᠤ ᠬᠡᠪ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠡᠬᠢᠯᠡᠭᠦᠯᠦᠨ ᠬᠡᠷᠡᠭᠵᠢᠭᠦᠯᠵᠦ | ᠂ ᠠᠮᠤᠷ ᠲᠦᠪᠰᠢᠨ ᠤ ᠬᠥᠮᠦᠵᠢᠯ ᠤᠨ ︽ᠲᠠᠪᠤ ᠶᠢ ᠣᠷᠣᠭᠤᠯᠬᠤ︾ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ | ᠪᠦᠬᠦ ᠨᠡᠶᠢᠭᠡᠮ ᠢᠶᠠᠷ ᠢᠶᠠᠨ ︽ᠠᠮᠤᠷ ᠲᠦᠪᠰᠢᠨ ᠢ ᠣᠶᠢᠯᠠᠭᠠᠬᠤ᠂ ᠠᠳᠡᠯ ᠢ ᠰᠡᠷᠭᠡᠶᠢᠯᠡᠬᠦ᠂ ᠪᠠᠴᠢᠮ ᠪᠠᠶᠢᠳᠠᠯ ᠢ | ᠠᠷᠭᠠᠴᠠᠭᠠᠵᠤ ᠴᠢᠳᠠᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ | ᠬᠤᠶᠠᠷ ᠲᠤ᠂ ᠠᠮᠤᠷ ᠠᠮᠤᠭᠤᠯᠠᠩ ᠬᠢᠩᠭᠠᠨ ᠤ ᠪᠠᠶᠢᠭᠤᠯᠤᠯᠲᠠ ᠶᠢ ᠭᠦᠨᠵᠡᠭᠡᠶ ᠠᠬᠢᠭᠤᠯᠪᠠ᠃ ᠨᠡᠶᠢᠭᠡᠮ ᠤᠨ | ᠵᠥᠷᠢᠴᠡᠯ ᠵᠢᠭᠤᠷᠠᠯᠳᠤᠭᠠᠨ ᠢ ᠢᠳᠡᠪᠬᠢᠲᠡᠢ ᠰᠡᠷᠭᠡᠶᠢᠯᠡᠨ ᠨᠠᠮᠳᠠᠭᠤᠯᠬᠤ ᠬᠡᠷᠡᠭᠲᠡᠢ᠃ ᠦᠨᠳᠦᠰᠦᠨ ᠱᠠᠲᠤᠨ ᠤ | ᠵᠠᠰᠠᠯᠲᠠ ᠶᠢᠨ ᠲᠠᠪᠴᠠᠩ ᠤᠨ ᠲᠣᠤᠷᠵᠢᠭᠤᠯᠬᠤ᠂ ᠨᠠᠷᠢᠯᠢᠬᠵᠢᠭᠤᠯᠬᠤ᠂ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢ | ᠬᠦᠴᠦᠯᠡᠨ ᠠᠬᠢᠭᠤᠯᠵᠤ᠂ ᠠᠷᠠᠳ ᠤᠨ ᠡᠶᠡᠳᠡᠭᠦᠯᠭᠡ᠂ ᠬᠠᠤᠯᠢ ᠴᠠᠭᠠᠵᠠ ᠶᠢᠨ ᠡᠶᠡᠳᠡᠭᠦᠯᠭᠡ᠂ ᠵᠠᠰᠠᠭ ᠵᠠᠬᠢᠷᠭᠠᠨ ᠤ | ᠡᠶᠡᠳᠡᠭᠦᠯᠭᠡ ᠶᠢᠨ ︽ᠭᠤᠷᠪᠠᠨ ᠡᠶᠡᠳᠡᠭᠦᠯᠭᠡ︾ ᠶᠢᠨ ᠬᠤᠯᠪᠣᠭᠠᠯᠠᠨ ᠬᠥᠳᠡᠯᠦᠯᠴᠡᠬᠦ ᠪᠠ ︽ᠳᠥᠷᠪᠡᠨ ᠭᠠᠵᠠᠷ ᠨᠢᠭᠡ | ᠲᠢᠩᠬᠢᠮ︾ ᠤᠨ ᠬᠤᠯᠪᠣᠭᠠᠯᠠᠨ ᠬᠥᠳᠡᠯᠦᠯᠴᠡᠬᠦ ᠶᠢ ᠰᠦᠪᠡᠭᠴᠢᠯᠡᠨ ᠥᠷᠨᠢᠭᠦᠯᠵᠦ᠂ ᠠᠮᠢᠨ ᠬᠡᠷᠡᠭ ᠢ ᠰᠡᠷᠭᠡᠶᠢᠯᠡᠨ | ᠡᠵᠡᠮᠳᠡᠬᠦ ᠤᠬᠠᠭᠤᠯᠭ᠎ᠠ ᠬᠥᠮᠦᠵᠢᠯ ᠬᠥᠲᠥᠯᠦᠨ ᠵᠢᠯᠣᠭᠤᠳᠬᠤ ᠶᠢ ᠲᠠᠰᠤᠷᠠᠯᠲᠠ ᠥᠬᠡᠶ ᠴᠢᠩᠭᠠᠳᠬᠠᠨ᠎ᠠ᠃ ᠵᠠᠬᠢᠳᠠᠯ | ᠰᠤᠷᠪᠤᠯᠵᠢᠯᠠᠭ᠎ᠠ ᠶᠢᠨ ᠳᠠᠭᠠᠭᠠᠴᠢᠯᠠᠨ ᠬᠤᠯᠪᠣᠭᠠᠯᠠᠭᠰᠠᠨ ᠬᠡᠷᠡᠭ ᠢ ᠳᠠᠭᠠᠭᠠᠴᠢᠯᠠᠬᠤ ᠲᠦᠷᠢᠮ ᠢ ᠨᠠᠶᠢᠳᠠᠪᠤᠷᠢᠵᠢᠭᠤᠯᠵᠤ᠂ | ︽ᠹᠧᠩ ᠴᠢᠶᠣᠤ ᠶᠢᠨ ᠲᠤᠷᠰᠢᠯᠭ᠎ᠠ︾᠂ ︽ᠫᠦ᠋ ᠵᠢᠶᠠᠩ ᠤᠨ ᠲᠤᠷᠰᠢᠯᠭ᠎ᠠ︾ ᠶᠢ ᠳᠡᠯᠭᠡᠷᠡᠭᠦᠯᠬᠦ ᠪᠠ ᠵᠠᠬᠢᠳᠠᠯ | ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠲᠦᠷᠢᠮ ᠢ ᠬᠡᠷᠡᠭᠵᠢᠭᠦᠯᠬᠦ ᠶᠢ ᠣᠷᠭᠠᠨᠢᠭ ᠢᠶᠠᠷ ᠤᠶᠠᠯᠳᠤᠭᠤᠯᠬᠤ ᠶᠢ | ᠪᠠᠷᠢᠮᠲᠠᠯᠠᠵᠤ᠂ ︽1234 N︾ ᠤ ᠲᠤᠷᠰᠢᠯᠭ᠎ᠠ ᠠᠷᠭ᠎ᠠ ᠬᠢᠳᠡᠯ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ | ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠨᠡᠶᠢᠭᠡᠮ ᠤᠨ ᠠᠮᠤᠷ | ᠲᠦᠪᠰᠢᠨ ᠤ ᠪᠠᠲᠤᠯᠠᠭ᠎ᠠ ᠶᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠶᠢ ᠪᠠᠶᠢᠩᠭᠤᠵᠢᠭᠤᠯᠤᠨ ᠠᠬᠢᠭᠤᠯᠵᠤ᠂ ︽ᠬᠤᠯᠠᠭᠠᠶᠢᠯᠠᠬᠤ ᠪᠤᠯᠢᠶᠠᠬᠤ ᠮᠡᠬᠡᠯᠡᠬᠦ︾᠂ ︽ | ᠱᠠᠯᠢᠭ ᠵᠠᠪᠬᠠᠶ᠂ ᠵᠣᠭᠤᠰ ᠨᠠᠭᠠᠳᠬᠤ᠂ ᠬᠤᠤᠷᠲᠤ ᠡᠳ᠋ ᠫᠠᠨᠽᠠᠯᠠᠬᠤ︾ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ︽ᠰᠦᠯᠵᠢᠶ᠎ᠡ ᠶᠢ ᠴᠡᠪᠡᠷᠯᠡᠬᠦ︾ ᠲᠤᠰᠬᠠᠶ ᠠᠵᠢᠯᠯᠠᠭ᠎ᠠ ᠶᠢ | ᠥᠷᠨᠢᠭᠦᠯᠵᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠣᠯᠠᠨ ᠡᠭᠦᠰᠬᠦ ᠪᠠᠶᠢᠳᠠᠯ ᠢ ᠬᠤᠷᠢᠭᠯᠠᠵᠤ᠂ | ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠨ᠎ᠠ᠃ ᠤᠯᠤᠰ ᠤᠨ ᠳᠡᠰ ᠤᠨ | ᠰᠢᠯᠭᠠᠨ ᠪᠠᠶᠢᠴᠠᠭᠠᠵᠤ ᠬᠢᠨᠠᠨ ᠲᠣᠭᠲᠠᠭᠠᠬᠤ ᠬᠤᠪᠢᠶᠠᠷᠢ ᠲᠥᠪ ︵ᠬᠠᠤᠯᠢ ᠴᠠᠭᠠᠵᠠ ᠶᠢᠨ ᠬᠦᠷᠢᠶ᠎ᠡ︶ ᠢ | ᠪᠠᠶᠢᠭᠤᠯᠬᠤ ᠪᠠᠷ ᠴᠢᠷᠮᠠᠶᠢᠨ᠎ᠠ᠃ ᠶᠡᠷᠦᠩᠬᠡᠢᠯᠡᠭᠰᠡᠨ ᠴᠢᠨᠠᠷᠲᠠᠢ ᠪᠣᠯᠪᠠᠰᠤᠷᠠᠯ ᠰᠣᠷᠢᠯᠲᠠ ᠶᠢ ᠴᠢᠩᠭᠠᠳᠭᠠᠵᠤ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠳᠠᠢᠴᠢᠯᠠᠯᠲᠠ ᠶᠢᠨ ᠪᠡᠯᠡᠳᠭᠡᠯ ᠪᠠᠲᠤᠯᠠᠭ᠎ᠠ ᠶᠢᠨ ᠴᠢᠳᠠᠪᠤᠷᠢ ᠶᠢ ᠳᠡᠭᠡᠭᠱᠢᠯᠡᠭᠦᠯᠦᠶᠡ᠃ | ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠢ ᠦᠨᠡᠨ ᠬᠦ ᠰᠠᠶᠢᠲᠤᠷ ᠠᠳᠬᠤᠬᠤ ᠬᠡᠷᠡᠭᠲᠡᠢ᠃ ︽ | ᠳᠥᠷᠪᠡᠨ ᠬᠠᠮᠤᠭ ᠤᠨ ᠴᠢᠩᠭ᠎ᠠ︾ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠪᠥᠷ | ᠮᠣᠩᠭᠤᠯ ᠤᠨ ᠵᠡᠭᠦᠨ ᠬᠡᠰᠡᠭ ᠤᠨ ᠢᠳᠡᠭᠡᠨ ᠤ ᠪᠠᠶᠢᠴᠠᠭᠠᠨ ᠰᠢᠯᠭᠠᠬᠤ ᠲᠥᠪ ᠤᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠬᠢᠨᠠᠨ ᠬᠡᠮᠵᠢᠵᠦ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠷᠠᠳ | ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠡᠷᠡᠰ ᠰᠠᠬᠢᠨ ᠬᠠᠮᠠᠭᠠᠯᠠᠬᠤ ᠬᠡᠷᠡᠭᠲᠡᠢ᠃ | ᠭᠤᠷᠪᠠ ᠳᠤ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ᠎ᠡ᠃ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠶᠤᠯ ᠲᠦᠭᠰᠢᠭᠦᠷᠢ ᠶᠢ ᠯᠠᠪᠳᠠᠭᠤᠨ ᠢᠶᠠᠷ ᠰᠢᠢᠳᠪᠦᠷᠢᠯᠡᠬᠦ ᠬᠡᠷᠡᠭᠲᠡᠢ᠃ | ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ 6 ᠳ᠋ᠤᠭᠠᠷ ᠰᠠᠷ᠎ᠠ ᠶᠢᠨ | ᠰᠡᠭᠦᠯᠴᠢ ᠪᠠᠷ 50% ᠠᠴᠠ ᠳᠡᠭᠡᠭᠰᠢᠬᠢ ᠠᠰᠠᠭᠤᠳᠠᠯ ᠲᠠᠢ ᠡᠳ᠋ ᠬᠥᠷᠥᠩᠭᠡ ᠶᠢ ᠢᠯᠭᠠᠷᠠᠭᠤᠯᠤᠨ ᠬᠤᠷᠢᠶᠠᠵᠤ | ᠰᠢᠢᠳᠪᠦᠷᠢᠯᠡᠬᠦ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ︽ᠡᠬᠡ ᠪᠠᠩᠬᠢ ᠰᠢᠩᠭᠡᠭᠡᠨ ᠠᠪᠬᠤ︾ ᠵᠡᠷᠭᠡ | ᠵᠠᠭᠪᠤᠷ ᠢ ᠬᠡᠷᠡᠭᠵᠢᠭᠦᠯᠬᠦ ᠶᠢ ᠢᠳᠡᠪᠬᠢᠲᠡᠶ ᠠᠬᠢᠭᠤᠯᠵᠤ᠂ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ | ᠪᠠᠶᠢᠭᠤᠯᠤᠮᠵᠢ ᠶᠢᠨ ᠠᠰᠠᠭᠤᠳᠠᠯ ᠲᠠᠢ ᠡᠳ᠋ ᠬᠥᠷᠥᠩᠭᠡ ᠶᠢ ᠢᠯᠭᠠᠷᠠᠭᠤᠯᠤᠨ ᠬᠤᠷᠢᠶᠠᠵᠤ ᠰᠢᠢᠳᠪᠦᠷᠢᠯᠡᠬᠦ ᠪᠣᠭᠤᠮᠲᠠ | ᠰᠢᠪᠲᠤᠯᠬᠤ ᠳᠠᠶᠢᠯᠠᠯᠳᠤᠭᠠᠨ᠂ ᠠᠶᠤᠯ ᠲᠦᠭᠰᠢᠭᠦᠷᠢ ᠶᠡᠬᠡᠲᠡᠶ ᠪᠠᠶᠢᠭᠤᠯᠤᠮᠵᠢ ᠶᠢᠨ ᠰᠥᠨᠥᠭᠡᠬᠦ ᠳᠠᠶᠢᠯᠠᠯᠳᠤᠭᠠᠨ᠂ | ᠵᠠᠬ᠎ᠠ ᠬᠢᠵᠠᠭᠠᠷ ᠤᠨ ᠪᠠᠶᠢᠭᠤᠯᠤᠮᠵᠢ ᠶᠢᠨ ᠬᠤᠷᠢᠭᠯᠠᠨ ᠴᠣᠬᠢᠬᠤ ᠳᠠᠶᠢᠯᠠᠯᠳᠤᠭᠠᠨ ᠤ ᠢᠯᠠᠯᠲᠠ ᠶᠢ ᠪᠥᠬᠦ ᠲᠠᠯ᠎ᠠ ᠪᠠᠷ | ᠣᠯᠤᠨ᠎ᠠ᠃ ᠣᠷᠣᠨ ᠨᠤᠲᠤᠭ ᠤᠨ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠬᠡᠷᠡᠭᠲᠡᠢ᠃ | ︽ᠳᠡᠭᠡᠳᠦ ᠱᠠᠲᠤᠨ ᠠᠴᠠ ᠴᠢᠷᠮᠠᠶᠢᠬᠤ᠂ ᠣᠷᠣᠯᠭ᠎ᠠ ᠶᠢ ᠨᠡᠮᠡᠭᠳᠡᠭᠦᠯᠦᠨ ᠳᠠᠯᠳᠠ ᠬᠦᠴᠦᠨ ᠢ ᠠᠭᠤᠳᠠᠯᠬᠤ᠂ | ᠠᠷᠪᠢᠴᠢ ᠭᠠᠮᠲᠠᠶ ᠠᠮᠢᠳᠤᠷᠠᠬᠤ︾ ᠭᠤᠷᠪᠠ ᠶᠢ ᠵᠡᠷᠭᠡ ᠪᠠᠷ ᠬᠢᠬᠦ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ | ᠣᠷᠣᠨ ᠠᠴᠠ ᠤᠯᠠᠭᠠᠨᠬᠤᠲᠠ ᠪᠣᠯᠤᠨ ᠷᠠᠰᠢᠶᠠᠨ ᠬᠤᠲᠠ ᠳᠤ ︽ᠨᠢᠭᠡ ᠪᠦᠯᠦᠭ ᠢ ᠣᠷᠣᠯᠠᠨ ᠦᠭᠬᠦ︾ ᠲᠥᠷᠥ ᠶᠢᠨ | ᠪᠣᠳᠣᠯᠭ᠎ᠠ ᠶᠢᠨ ᠳᠡᠮᠵᠢᠯᠭᠡ ᠦᠵᠡᠭᠦᠯᠬᠦ ᠶᠢ ᠦᠷᠭᠦᠯᠵᠢᠯᠡᠨ ᠤᠯᠬᠤ ᠪᠠᠷ ᠴᠢᠷᠮᠠᠶᠢᠵᠤ᠂ ᠰᠢᠨ᠎ᠡ ᠨᠢᠭᠡ ᠡᠭᠡᠯᠵᠢ ᠶᠢᠨ | ᠠᠭᠤᠷᠬᠠᠶ ᠡᠷᠢᠬᠦ ᠠᠵᠢᠯᠯᠠᠭ᠎ᠠ ᠵᠡᠷᠭᠡ ᠲᠥᠷᠥ ᠶᠢᠨ ᠪᠣᠳᠣᠯᠭ᠎ᠠ ᠶᠢᠨ ᠪᠠᠯᠠ ᠮᠥᠩᠭᠦ ᠴᠤᠭᠯᠠᠭᠤᠯᠵᠤ᠂ ︽ᠠᠯᠪᠠᠨ ᠤ | ᠭᠤᠷᠪᠠᠨ ᠵᠠᠷᠤᠳᠠᠯ︾ ᠪᠣᠯᠤᠨ ᠡᠩ ᠤᠨ ᠵᠠᠷᠤᠯᠭ᠎ᠠ ᠶᠢ ᠴᠢᠩᠭ᠎ᠠ ᠡᠵᠡᠮᠳᠡᠵᠦ᠂ ᠣᠷᠣᠨ ᠨᠤᠲᠤᠭ ᠤᠨ ᠥᠷᠢ | ᠥᠭᠴᠡᠭᠡ ᠶᠢᠨ ᠲᠦᠭᠰᠢᠭᠦᠷᠢ ᠶᠢ ᠦᠨᠡᠨ ᠬᠦ ᠰᠠᠶᠢᠲᠤᠷ ᠬᠠᠮᠢᠶᠠᠷᠤᠨ ᠡᠵᠡᠮᠳᠡᠵᠦ᠂ ᠰᠠᠶᠢᠲᠤᠷ ᠠᠷᠢᠯᠭᠠᠨ᠎ᠠ᠃ ᠭᠡᠷ | ᠪᠠᠶᠢᠰᠢᠩ ᠭᠠᠵᠠᠷ ᠬᠥᠷᠥᠩᠭᠡ ᠶᠢᠨ ᠠᠶᠤᠯ ᠲᠦᠭᠰᠢᠭᠦᠷᠢ ᠶᠢ ᠢᠳᠡᠪᠬᠢᠲᠡᠶ ᠪᠥᠭᠡᠳ ᠯᠠᠪᠳᠠᠭᠤᠨ ᠢᠶᠠᠷ ᠠᠷᠢᠯᠭᠠᠬᠤ | ᠬᠡᠷᠡᠭᠲᠡᠶ᠃ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠯᠲᠡ ᠶᠢᠨ 60 ᠲᠦᠷᠦᠯ ᠵᠦᠢᠯ᠂ 380 ᠲᠦᠮᠡᠨ ᠲᠡᠭᠰᠢ | ᠳᠥᠷᠪᠡᠯᠵᠢᠨ ᠮᠧᠳ᠋ᠷ ᠲᠦᠷᠦᠯ ᠵᠦᠢᠯ ᠢ ᠬᠡᠷᠡᠭᠵᠢᠭᠦᠯᠵᠦ᠂ ᠠᠰᠠᠷ ᠢ ᠲᠤᠰᠢᠶᠠᠬᠤ ᠶᠢ ᠪᠠᠲᠤᠯᠠᠬᠤ᠂ ᠲᠣᠭᠲᠠᠭᠤᠨ ᠢ | ᠪᠠᠲᠤᠯᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠯᠡᠳᠡᠭᠰᠡᠨ 452 ᠢᠵᠢ ᠠᠰᠠᠷ ᠢ | ᠠᠰᠠᠷ ᠢ ᠲᠤᠰᠢᠶᠠᠨ ᠲᠤᠰᠢᠶᠠᠬᠤ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ | ᠨᠠᠢᠮᠠᠳᠤᠭᠠᠷ ᠲᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠲᠠᠢ ᠨᠢᠭᠲᠠ ᠤᠶᠠᠯᠳᠤᠭᠤᠯᠤᠨ | ᠨᠠᠶᠢᠳᠠᠪᠤᠷᠢᠵᠢᠭᠤᠯᠤᠯᠲᠠ ᠶᠢ ᠠᠳᠬᠤᠨ᠎ᠠ | ︽ᠠᠷᠠᠳ ᠤᠨ ᠠᠮᠢᠳᠤᠷᠠᠯ ᠢ ᠰᠠᠶᠢᠵᠢᠷᠠᠭᠤᠯᠵᠤ᠂ ᠠᠷᠠᠳ ᠤᠨ ᠰᠡᠳᠬᠢᠯ ᠢ ᠨᠢᠭᠲᠠᠷᠠᠭᠤᠯᠬᠤ︾ ᠶᠢ ᠪᠠᠷᠢᠮᠲᠠᠯᠠᠵᠤ᠂ | ᠢᠮᠠᠭᠲᠠ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢᠶᠠᠷ ᠲᠡᠮᠡᠴᠡᠬᠦ | ᠬᠠᠷᠠᠯᠲᠠ ᠪᠠᠨ ᠪᠣᠯᠭᠠᠵᠤ᠂ ᠨᠡᠩ ᠤᠯᠠᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ | ᠳᠤᠯᠠᠭᠠᠴᠠᠭᠤᠯᠬᠤ ᠠᠷᠭ᠎ᠠ ᠬᠡᠮᠵᠢᠶ᠎ᠡ ᠠᠪᠴᠤ᠂ ᠤᠨᠢᠨ ᠳᠡᠭᠡᠷ᠎ᠡ ᠨᠢ ᠤᠳᠤᠷᠢᠳᠤᠮᠵᠢ ᠪᠠᠷ ᠥᠪᠡᠷᠲᠡᠭᠡᠨ ᠵᠠᠰᠠᠬᠤ | ᠣᠷᠣᠨ ᠤ ᠲᠣᠳᠣᠷᠬᠠᠶᠢᠯᠠᠭᠰᠠᠨ ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦ ᠬᠦᠴᠦᠨ ᠢᠶᠠᠷ ᠢᠶᠠᠨ | ᠰᠠᠶᠢᠲᠤᠷ ᠬᠦᠯᠢᠶᠡᠨ ᠠᠪᠴᠤ ᠰᠠᠶᠢᠲᠤᠷ ᠬᠢᠬᠦ ᠬᠡᠷᠡᠭᠲᠡᠢ᠃ | ᠨᠢᠭᠡ ᠳᠤ᠂ ᠬᠠᠶᠢᠷ᠎ᠠ ᠬᠠᠯᠠᠮᠵᠢ ᠶᠢᠨ ᠢᠨᠵᠧᠨᠧᠷᠢᠩ ᠢ ᠰᠠᠶᠢᠲᠤᠷ ᠠᠳᠬᠤᠨ᠎ᠠ᠃ ᠨᠡᠭᠦᠷᠡᠰᠦᠨ ᠤ ᠬᠠᠩᠭᠠᠯᠭ᠎ᠠ ᠶᠢ | ᠪᠠᠲᠤᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ 2024 ᠣᠨ ᠳᠤ 531.4 ᠲᠦᠮᠡᠨ ᠲᠣᠨ ᠢᠯᠴᠢ ᠴᠠᠬᠢᠯᠭᠠᠨ ᠤ | ᠬᠤᠯᠪᠣᠭᠠᠯᠠᠨ ᠦᠢᠯᠡᠳᠪᠦᠷᠢᠯᠡᠬᠦ ᠠᠵᠤ ᠠᠬᠤᠶᠢᠯᠠᠯ ᠤᠨ ᠬᠡᠷᠡᠭᠯᠡᠬᠦ ᠨᠡᠭᠦᠷᠡᠰᠦᠨ ᠤ ᠭᠡᠷ᠎ᠡ ᠶᠢ ᠭᠦᠢᠴᠡᠳᠬᠡᠬᠦ ᠶᠢ ᠴᠢᠩᠭ᠎ᠠ | ᠠᠩᠬᠠᠷᠴᠤ᠂ ᠮᠠᠯᠴᠢᠨ ᠲᠠᠷᠢᠶᠠᠴᠢᠨ ᠤ ᠡᠷᠦᠬᠡ ᠪᠦᠷᠢ ᠳᠤ 2 ᠲᠣᠨ ᠰᠡᠳᠬᠢᠯ ᠳᠤᠯᠠᠭᠠᠴᠠᠭᠤᠯᠬᠤ ᠨᠡᠭᠦᠷᠡᠰᠦ ᠶᠢ | ᠰᠠᠶᠢᠲᠤᠷ ᠪᠠᠲᠤᠯᠠᠨ᠎ᠠ᠃ ᠠᠷᠢᠭᠤᠨ ᠴᠡᠪᠡᠷ ᠢᠶᠠᠷ ᠳᠤᠯᠠᠭᠠᠯᠠᠭ᠎ᠠ ᠬᠠᠩᠭᠠᠬᠤ ᠲᠤᠷᠰᠢᠯᠲᠠ ᠶᠢᠨ ᠴᠡᠭ ᠢ ᠰᠠᠶᠢᠲᠤᠷ ᠬᠢᠬᠦ | ᠬᠡᠷᠡᠭᠲᠡᠢ᠃ ᠤᠮᠠᠷᠠᠲᠤ ᠣᠷᠣᠨ ᠤ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ ᠲᠤᠷᠰᠢᠯᠲᠠ ᠶᠢᠨ ᠬᠤᠲᠠ ᠶᠢᠨ | ᠲᠥᠷᠥᠯ ᠵᠦᠶ᠋ᠯ ᠢ ᠣᠯᠬᠤ ᠪᠠᠷ ᠢᠳᠡᠪᠬᠢᠲᠡᠶ ᠴᠢᠷᠮᠠᠶᠢᠨ᠎ᠠ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠴᠡᠪᠡᠷ ᠳᠤᠯᠠᠭᠠᠯᠠᠭ᠎ᠠ ᠶᠢᠨ ᠲᠤᠷᠰᠢᠯᠲᠠ ᠶᠢᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠲᠦᠷᠭᠡᠳᠬᠡᠨ | ᠠᠬᠢᠭᠤᠯᠵᠤ᠂ 8 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ 1.6 ᠲᠦᠮᠡᠨ ᠡᠷᠦᠬᠡ ᠳᠤ ᠲᠠᠷᠠᠬᠠᠶ | ᠬᠡᠯᠪᠡᠷᠢ ᠶᠢᠨ ᠴᠠᠬᠢᠯᠭᠠᠨ ᠢᠶᠠᠷ ᠳᠤᠯᠠᠭᠠᠯᠠᠭ᠎ᠠ ᠬᠠᠩᠭᠠᠬᠤ᠂ 8625 ︽ᠢᠯᠴᠢ ᠬᠤᠷᠠᠮᠳᠤᠭᠤᠯᠬᠤ ᠬᠡᠯᠪᠡᠷᠢ ᠶᠢᠨ | ᠴᠠᠬᠢᠯᠭᠠᠨ ᠵᠤᠤᠬ᠎ᠠ︾ ᠶᠢ ᠲᠥᠪᠯᠡᠷᠡᠭᠦᠯᠦᠨ ᠳᠤᠯᠠᠭᠠᠯᠠᠭ᠎ᠠ ᠬᠠᠩᠭᠠᠵᠤ᠂ 200 ᠲᠦᠮᠡᠨ ᠲᠡᠭᠰᠢ ᠳᠥᠷᠪᠡᠯᠵᠢᠨ ᠮᠧᠳ᠋ᠷ | ᠲᠠᠯᠠᠪᠠᠢ ᠶᠢ ᠥᠭᠡᠷᠡᠴᠢᠯᠡᠨ ᠪᠠᠶᠢᠭᠤᠯᠪᠠ᠃ ᠬᠤᠭᠤᠯᠠᠢ ᠲᠣᠣᠷ ᠤᠨ ᠲᠥᠬᠦᠭᠡᠷᠦᠮᠵᠢ ᠶᠢᠨ ︽ᠡᠪᠦᠯ ᠤᠨ ᠡᠪᠡᠳᠴᠢᠨ ᠢ | ᠵᠤᠨ ᠵᠠᠰᠠᠬᠤ︾ ᠶᠢ ᠰᠠᠶᠢᠲᠤᠷ ᠬᠢᠬᠦ ᠬᠡᠷᠡᠭᠲᠡᠢ᠃ 4.2 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ | ᠬᠤᠭᠤᠯᠠᠶ ᠶᠢᠨ ᠲᠣᠤᠷ᠂ ᠢᠯᠴᠢ ᠰᠣᠯᠢᠯᠴᠠᠬᠤ ᠥᠷᠲᠡᠭᠡ ᠵᠢᠴᠢ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ | ᠵᠡᠷᠭᠡ 10 ᠲᠥᠷᠥᠯ ᠵᠦᠢᠯ ᠢ ᠬᠡᠷᠡᠭᠵᠢᠭᠦᠯᠵᠦ᠂ 134 ᠺᠢᠯᠣᠮᠧᠳ᠋ᠷ ᠤᠨ ᠢᠯᠴᠢ ᠬᠠᠩᠭᠠᠬᠤ ᠬᠤᠭᠤᠯᠠᠶ ᠶᠢᠨ ᠲᠣᠤᠷ᠂ | 3 ᠢᠯᠴᠢ ᠰᠣᠯᠢᠯᠴᠠᠬᠤ ᠥᠷᠲᠡᠭᠡ ᠶᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ 11 ᠲᠦᠮᠡᠨ ᠲᠡᠭᠰᠢ ᠳᠥᠷᠪᠡᠯᠵᠢᠨ | ᠮᠧᠳ᠋ᠷ ᠤᠨ ᠭᠠᠳᠠᠷ ᠬᠡᠷᠡᠮ ᠤᠨ ᠳᠤᠯᠠᠭᠠᠨ ᠢ ᠬᠠᠮᠠᠭᠠᠯᠠᠬᠤ ᠥᠭᠡᠷᠡᠴᠢᠯᠡᠯᠲᠡ ᠶᠢ ᠬᠡᠷᠡᠭᠵᠢᠭᠦᠯᠪᠡ᠃ ᠮᠧᠩ ᠨᠧᠩ | ᠪᠦᠯᠦᠭᠯᠡᠯ ᠤᠨ ᠮᠠᠨ ᠤ ᠠᠶᠢᠮᠠᠭ ᠤᠨ ᠠᠷᠠᠳ ᠠᠴᠠ ᠡᠵᠡᠩᠨᠡᠭᠰᠡᠨ ᠢᠯᠴᠢ ᠬᠠᠩᠭᠠᠬᠤ ᠺᠣᠮᠫᠠᠨᠢ ᠶᠢ ᠬᠤᠳᠠᠯᠳᠤᠨ | ᠠᠪᠬᠤ ᠶᠢ ᠯᠠᠪᠳᠠᠭᠤᠨ ᠢᠶᠠᠷ ᠠᠬᠢᠭᠤᠯᠤᠨ᠎ᠠ᠃ ᠣᠶᠤᠨᠴᠢ ᠪᠠᠷ ᠢᠯᠴᠢ ᠬᠠᠩᠭᠠᠬᠤ ᠳᠤᠯᠠᠭᠠᠯᠠᠭ᠎ᠠ ᠶᠢᠨ ᠲᠤᠷᠰᠢᠯᠲᠠ ᠶᠢ | ᠰᠠᠶᠢᠲᠤᠷ ᠬᠢᠬᠦ ᠬᠡᠷᠡᠭᠲᠡᠶ᠃ 2000 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠯᠦᠩ ᠵᠦ ᠰᠢᠨ᠎ᠡ ᠬᠤᠲᠠ᠂ | ᠵᠢᠩ ᠱᠦᠶ ᠸᠠᠨ ᠴᠢᠨ ᠶᠤᠸᠠᠨ᠂ ᠢᠯᠴᠢ ᠴᠠᠬᠢᠯᠭᠠᠨ ᠤ ᠠᠯᠲᠠᠨ ᠤᠷᠤᠯᠳᠤᠭᠠᠨ ᠵᠡᠷᠭᠡ 5 ᠵᠢᠵᠢᠭ ᠲᠣᠭᠤᠷᠢᠭ ᠲᠤ | ᠲᠡᠩᠴᠡᠭᠦᠷᠢᠲᠡᠶ ᠲᠣᠬᠢᠷᠠᠭᠤᠯᠤᠨ ᠡᠵᠡᠮᠳᠡᠬᠦ ᠥᠭᠡᠷᠡᠴᠢᠯᠡᠯᠲᠡ ᠬᠢᠵᠦ᠂ 73 ᠢᠯᠴᠢ ᠰᠣᠯᠢᠯᠴᠠᠬᠤ ᠥᠷᠲᠡᠭᠡ ᠶᠢᠨ | ᠢᠯᠴᠢ ᠰᠣᠯᠢᠯᠴᠠᠬᠤ ᠲᠣᠤᠷ ᠪᠠ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠰᠢᠰᠲ᠋ᠧᠮ ᠢ ᠤᠭᠰᠠᠷᠠᠪᠠ᠃ | ᠬᠤᠶᠠᠷ ᠲᠤ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢ ᠴᠢᠩᠭᠠᠳᠬᠠᠨ᠎ᠠ᠃ ᠤᠯᠠᠨ ᠠᠷᠭ᠎ᠠ | ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠬᠡᠷᠡᠭᠲᠡᠶ᠃ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ︽ᠳᠥᠷᠪᠡᠨ ᠶᠡᠭᠡ ᠠᠵᠢᠯᠯᠠᠭ᠎ᠠ︾᠂ ︽ᠵᠢᠷᠭᠤᠭᠠᠨ ᠶᠡᠭᠡ | ᠠᠷᠭ᠎ᠠ ᠬᠡᠮᠵᠢᠶ᠎ᠡ︾ ᠶᠢ ᠭᠦᠨᠵᠡᠭᠡᠶ ᠬᠡᠷᠡᠭᠵᠢᠭᠦᠯᠵᠦ᠂ ᠪᠦᠬᠦ ᠵᠢᠯ ᠳᠤ ᠬᠤᠲᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ | ᠠᠵᠢᠯ ᠣᠯᠤᠭᠰᠠᠨ ᠪᠠ ᠳᠠᠬᠢᠨ ᠠᠵᠢᠯ ᠣᠯᠤᠭᠰᠠᠳ ᠢ 1 ᠲᠦᠮᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ | ᠴᠢᠷᠮᠠᠶᠢᠵᠤ᠂ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠪᠤᠶᠤ 4500 ᠬᠥᠮᠦᠨ ᠠᠴᠠ ᠳᠡᠭᠡᠭᠰᠢ | ᠠᠵᠢᠯ ᠣᠯᠭᠤᠬᠤ ᠶᠠᠪᠤᠳᠠᠯ ᠢ ᠨᠠᠶᠢᠳᠠᠪᠤᠷᠢᠵᠢᠭᠤᠯᠤᠨ᠂ ᠮᠠᠯᠴᠢᠨ ᠲᠠᠷᠢᠶᠠᠴᠢᠳ ᠢ 8.9 ᠲᠦᠮᠡᠨ ᠬᠥᠮᠦᠨ ᠤᠳᠠᠭ᠎ᠠ | ᠰᠢᠯᠵᠢᠭᠦᠯᠦᠨ ᠠᠵᠢᠯ ᠣᠯᠭᠤᠵᠤ᠂ ᠠᠵᠢᠯ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠢ 1 ᠲᠦᠮᠡ ᠠᠴᠠ | ᠳᠡᠭᠡᠭᠰᠢ ᠬᠥᠮᠦᠨ ᠢ ᠪᠡᠶᠡᠯᠡᠭᠦᠯᠦᠨ᠎ᠡ᠃ ᠪᠥᠬᠦ ᠬᠦᠴᠦᠨ ᠢᠶᠠᠷ ᠢᠶᠠᠨ ᠬᠤᠷᠢᠭ᠎ᠠ ᠱᠤᠭᠤᠮ ᠢ ᠪᠠᠲᠤᠯᠠᠬᠤ ᠬᠡᠷᠡᠭᠲᠡᠢ᠃ | ᠪᠠᠲᠤᠯᠠᠭ᠎ᠠ ᠶᠢᠨ ᠪᠠᠷᠢᠮᠵᠢᠶ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠪᠠ ᠪᠠᠲᠤᠯᠠᠭ᠎ᠠ ᠶᠢᠨ ᠡᠲᠡᠭᠡᠳ ᠢ ᠣᠨᠣᠪᠴᠢᠲᠠᠢ | ᠢᠯᠭᠠᠨ ᠲᠠᠨᠢᠬᠤ ᠲᠣᠭᠲᠠᠴᠠ ᠶᠢ ᠪᠦᠷᠢᠨᠰᠢᠭᠦᠯᠵᠦ᠂ 1.5 ᠲᠦᠮᠡᠨ ᠭᠤᠣᠯᠳᠠᠯᠭ᠎ᠠ ᠲᠠᠢ ᠬᠥᠮᠥᠰ ᠤᠨ ᠳᠠᠬᠢᠨ | ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠬᠦ ᠪᠠ ᠪᠠᠶᠢᠩᠭᠤᠵᠢᠭᠤᠯᠤᠨ ᠬᠠᠪᠰᠤᠷᠤᠨ ᠲᠡᠳᠬᠦᠬᠦ | ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠡᠪᠴᠢᠶᠡᠵᠢᠯ ᠤᠨ ᠴᠢᠨᠠᠷᠲᠠᠢ ᠳᠠᠬᠢᠨ ᠶᠠᠳᠠᠭᠤᠷᠠᠬᠤ ᠶᠢ ᠡᠷᠡᠰ | ᠰᠡᠷᠭᠡᠶᠢᠯᠡᠨ᠎ᠡ᠃ ᠬᠤᠲᠠ ᠪᠠᠯᠭᠠᠰᠤᠨ ᠤ ᠪᠣᠳᠠᠲᠤ ᠶᠠᠪᠤᠳᠠᠯ ᠨᠢ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ | ᠬᠠᠪᠰᠤᠷᠤᠨ ᠲᠡᠳᠬᠦᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠦᠴᠢᠷᠳᠡᠯᠲᠡᠶ ᠣᠯᠠᠨ ᠲᠦᠮᠡᠨ ᠤ | ᠦᠨᠳᠦᠰᠦᠨ ᠠᠮᠢᠳᠤᠷᠠᠯ ᠢ ᠪᠠᠲᠤ ᠰᠠᠬᠢᠨ᠎ᠠ᠃ ︽ᠪᠣᠳᠠᠰ ᠤᠨ ᠦᠢᠯᠡᠴᠢᠯᠡᠭᠡ︾ ᠶᠢᠨ ᠨᠡᠶᠢᠭᠡᠮ ᠤᠨ ᠠᠪᠤᠷᠠᠨ | ᠲᠤᠰᠠᠯᠠᠬᠤ ᠠᠷᠭ᠎ᠠ ᠮᠠᠶ᠋ᠢᠭ ᠢ ᠰᠦᠪᠡᠭᠴᠢᠯᠡᠨ ᠬᠡᠷᠡᠭᠵᠢᠭᠦᠯᠵᠦ᠂ ᠵᠡᠮᠳᠡᠭᠴᠦᠳ᠂ ᠬᠦᠨᠳᠦ ᠡᠪᠡᠳᠴᠢᠲᠡᠨ ᠵᠡᠷᠭᠡ | ᠣᠨᠴᠠᠭᠠᠢ ᠬᠥᠮᠥᠰ ᠲᠤ ᠤᠯᠠᠨ ᠡᠰᠢᠵᠢᠭᠰᠡᠨ ᠦᠢᠯᠡᠴᠢᠯᠡᠭᠡ ᠬᠠᠩᠭᠠᠨ᠎ᠠ᠃ ᠬᠤᠲᠠ ᠬᠥᠳᠡᠭᠡ ᠶᠢᠨ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠶᠢ ᠲᠤᠰ ᠲᠤᠰ 2% 10% ᠪᠠᠷ ᠨᠡᠮᠡᠭᠳᠡᠭᠦᠯᠪᠡ᠃ ᠠᠷᠭ᠎ᠠ ᠪᠦᠬᠦᠨ ᠢ | ᠰᠦᠪᠡᠭᠴᠢᠯᠡᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ︽ᠨᠠᠰᠤᠲᠠᠶᠢᠴᠤᠳ ᠪᠠ ᠨᠢᠯᠬᠠᠰ︾ ᠢ ᠨᠠᠷᠢᠨ ᠨᠢᠮᠪᠠᠶ | ᠬᠠᠶᠢᠷᠠᠯᠠᠨ ᠬᠠᠮᠠᠭᠠᠯᠠᠵᠤ᠂ ︽ᠠᠰᠠᠷᠠᠨ ᠲᠡᠵᠢᠭᠡᠬᠦ ᠬᠠᠮᠲᠤ ᠶᠢᠨ ᠴᠣᠭᠴᠠ︾ ᠶᠢᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠰᠢᠶᠠᠩ ᠪᠠᠯᠭᠠᠰᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ 12᠂ ᠲᠣᠰᠬᠤᠨ ᠤ | ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ 213᠂ ᠨᠡᠶᠢᠭᠡᠮ ᠲᠣᠭᠤᠷᠢᠭ ᠪᠠ | ᠡᠮᠴᠢᠯᠡᠭᠡᠨ ᠤ ᠪᠠᠶᠢᠭᠤᠯᠤᠮᠵᠢ ᠶᠢᠨ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠲᠤᠷᠰᠢᠯᠲᠠ 4 ᠶᠢ ᠰᠢᠨ᠎ᠡ ᠪᠠᠷ | ᠪᠠᠶᠢᠭᠤᠯᠵᠤ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠶᠢ | 70% ᠠᠴᠠ ᠳᠡᠭᠡᠭᠰᠢ ᠳᠤ ᠬᠦᠷᠦᠭᠦᠯᠵᠦ᠂ ᠮᠢᠩᠭᠠᠨ ᠬᠥᠮᠦᠨ ᠪᠦᠷᠢ ᠳᠤ ᠰᠠᠭᠠᠲᠠᠭᠤᠯᠬᠤ ᠲᠤᠭ᠎ᠠ ᠶᠢᠨ ᠲᠤᠭ᠎ᠠ ᠶᠢ | 4.2 ᠳᠤ ᠬᠦᠷᠦᠭᠦᠯᠦᠨ᠎ᠡ᠃ ᠨᠠᠰᠤᠵᠢᠯ ᠤᠨ ᠳᠠᠭᠠᠳᠬᠠᠯ ᠤᠨ ᠣᠨ ᠤ ᠬᠢ ᠶᠢ 1.5 ᠲᠦᠮᠡᠨ ᠬᠥᠮᠦᠨ ᠥᠷᠭᠡᠳᠬᠡᠵᠦ | ᠂ ᠪᠠᠶᠢᠩᠭᠤ ᠰᠠᠭᠤᠭ᠎ᠠ ᠬᠥᠮᠦᠨ ᠠᠮᠠ ᠶᠢᠨ ᠳᠠᠭᠠᠳᠬᠠᠯ ᠳᠤ ᠣᠷᠣᠯᠴᠠᠬᠤ ᠨᠣᠷᠮ᠎ᠠ ᠶᠢ 94 % ᠠᠴᠠ ᠳᠡᠭᠡᠭᠰᠢ | ᠪᠠᠶᠢᠯᠭᠠᠨ᠎ᠠ᠃ ᠣᠶᠤᠨᠴᠢ ᠡᠮ ᠡᠮᠨᠡᠯᠭᠡ ᠶᠢᠨ ᠳᠠᠭᠠᠳᠬᠠᠯ᠂ ᠠᠷᠠᠳ ᠲᠤ ᠳᠥᠭᠦᠮ ᠦᠵᠡᠭᠦᠯᠬᠦ ᠡᠮ ᠡᠮᠨᠡᠯᠭᠡ ᠶᠢᠨ | ᠳᠠᠭᠠᠳᠬᠠᠯ ᠢ ᠢᠳᠡᠪᠬᠢᠲᠡᠢ ᠪᠠᠶᠢᠭᠤᠯᠵᠤ᠂ ᠳᠠᠭᠠᠳᠬᠠᠯ ᠳᠤ ᠣᠷᠣᠯᠴᠠᠭᠰᠠᠨ ᠨᠤᠷᠮ᠎ᠠ ᠶᠢ 95% ᠠᠴᠠ ᠳᠡᠭᠡᠭᠰᠢ | ᠪᠠᠶᠢᠯᠭᠠᠨ᠎ᠠ᠃ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠣᠨᠴᠠᠯᠢᠭᠲᠤ ᠦᠢᠯᠡᠴᠢᠯᠡᠭᠡᠨ ᠤ ᠥᠷᠲᠡᠭᠡ 12 | ᠪᠠᠶᠢᠭᠤᠯᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠣᠨ ᠤ ᠲᠥᠪᠬᠢᠨᠡᠭᠦᠯᠬᠦ ᠡᠭᠦᠷᠭᠡ ᠶᠢ ᠪᠡᠶᠡᠯᠡᠭᠦᠯᠪᠡ᠃ | ᠭᠤᠷᠪᠠ ᠳᠤ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠷᠠᠳ | ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠬᠦᠴᠦᠯᠡᠨ ᠰᠠᠶᠢᠲᠤᠷ ᠡᠷᠬᠢᠯᠡᠬᠦ ᠬᠡᠷᠡᠭᠲᠡᠢ᠃ ᠬᠢᠩᠭᠠᠨ | ᠠᠶᠢᠮᠠᠭ ᠤᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠤᠨ ᠳᠠᠳᠤᠯᠭ᠎ᠠ | ᠪᠣᠯᠪᠠᠰᠤᠷᠠᠯ ᠤᠨ ᠠᠰᠠᠷ᠂ ᠠᠶᠢᠮᠠᠭ ᠤᠨ ᠬᠡᠤᠬᠡᠳ ᠤᠨ ᠴᠡᠴᠡᠷᠯᠢᠭ ᠤᠨ ᠨᠢᠭᠡᠳᠦᠭᠡᠷ ᠬᠤᠪᠢᠶᠠᠷᠢ ᠴᠡᠴᠡᠷᠯᠢᠭ ᠵᠡᠷᠭᠡ | 29 ᠰᠤᠷᠭᠠᠨ ᠬᠥᠮᠦᠵᠢᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠦᠭᠡᠮᠡᠯ ᠬᠠᠷᠠᠭᠠᠯᠵᠠᠯ ᠤᠨ ᠬᠥᠭᠵᠢᠯᠲᠡ ᠶᠢ | ᠲᠦᠷᠭᠡᠳᠬᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ | ᠠᠬᠢᠭᠤᠯᠵᠤ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠭᠤᠯᠤᠭᠳᠠᠬᠤᠨ ᠤ | ᠬᠥᠭᠵᠢᠯᠲᠡ ᠶᠢ ᠭᠦᠨᠵᠡᠭᠡᠶᠢᠷᠡᠭᠦᠯᠦᠨ᠎ᠡ᠃ ᠭᠤᠤᠯᠳᠠᠯᠭ᠎ᠠ ᠲᠠᠢ ᠪᠠᠭᠰᠢ ᠶᠢᠨ ᠳᠡᠭᠡᠳᠦ ᠰᠤᠷᠭᠠᠭᠤᠯᠢ ᠲᠡᠭᠦᠰᠦᠭᠰᠡᠳ | ᠪᠣᠯᠤᠨ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠣᠷᠣᠭᠤᠯᠵᠤ ᠢᠷᠡᠬᠦ ᠡᠷᠴᠢᠮ ᠢᠶᠠᠨ ᠨᠡᠮᠡᠭᠳᠡᠭᠦᠯᠵᠦ᠂ 200 | ᠨᠡᠷᠡᠰ ᠰᠤᠷᠭᠠᠭᠤᠯᠢ ᠶᠢᠨ ᠵᠠᠬᠢᠷᠤᠯ ᠪᠣᠯᠤᠨ ᠪᠡᠯᠡᠳᠬᠡᠯ ᠺᠠᠳ᠋ᠷ ᠢ ᠰᠣᠩᠭᠤᠨ ᠲᠣᠮᠢᠯᠠᠵᠤ ᠨᠡᠷᠡᠲᠦ ᠰᠢᠯᠢᠳᠡᠭ | ᠰᠤᠷᠭᠠᠭᠤᠯᠢ ᠳᠤ ᠣᠴᠢᠭᠤᠯᠤᠨ ᠠᠵᠢᠯ ᠤᠨ ᠪᠠᠶᠢᠷᠢ ᠳᠤᠨᠢ ᠳᠠᠭᠠᠵᠤ ᠳᠠᠳᠤᠯᠭ᠎ᠠ ᠪᠣᠯᠪᠠᠰᠤᠷᠠᠭᠤᠯᠤᠯ ᠬᠢᠯᠭᠡᠨ᠎ᠡ᠃ | ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ︽ᠬᠤᠣᠰ ᠥᠨᠳᠥᠷ︾ ᠢ ᠡᠭᠦᠳᠦᠨ ᠪᠠᠶᠢᠭᠤᠯᠬᠤ ᠪᠠ | ᠥᠪᠡᠷ ᠤᠨ ᠥᠷᠲᠡᠭ ᠢ ᠳᠡᠭᠡᠭᠰᠢᠯᠡᠭᠦᠯᠬᠦ ᠠᠵᠢᠯ ᠢ ᠲᠦᠷᠭᠡᠳᠬᠡᠨ ᠠᠬᠢᠭᠤᠯᠤᠨ᠎ᠠ᠃ ᠰᠢᠯᠢᠳᠡᠭ ᠡᠮᠴᠢᠯᠡᠭᠡᠨ ᠤ | ᠦᠢᠯᠡᠴᠢᠯᠡᠭᠡ ᠬᠠᠩᠭᠠᠬᠤ ᠪᠠᠷ ᠴᠢᠷᠮᠠᠶᠢᠬᠤ ᠬᠡᠷᠡᠭᠲᠡᠢ᠃ ᠠᠶᠢᠮᠠᠭ ᠤᠨ ᠰᠢᠭᠤᠳ ᠬᠠᠷᠢᠶ᠎ᠠ ᠡᠮᠴᠢᠯᠡᠭᠡᠨ ᠤ ᠬᠤᠯᠪᠣᠭᠠᠲᠤ | ᠴᠣᠭᠴᠠ ᠪᠠ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠴᠢᠩᠭᠠᠳᠬᠠᠵᠤ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠳᠣᠷᠣᠭᠰᠢ ᠪᠠᠭᠤᠯᠭᠠᠬᠤ ᠪᠠ | ᠲᠡᠩᠴᠡᠭᠦᠷᠢᠲᠡᠶ ᠪᠠᠶᠢᠷᠢᠰᠢᠭᠤᠯᠬᠤ ᠶᠢ ᠠᠬᠢᠭᠤᠯᠤᠨ᠎ᠠ᠃ ︽ᠢᠨᠲ᠋ᠧᠷ ᠰᠦᠯᠵᠢᠶ᠎ᠡ ᠶᠢᠨ ᠡᠮᠴᠢᠯᠡᠭᠡ ᠡᠷᠡᠭᠦᠯ ᠮᠡᠨᠳᠦ︾ | ᠶᠢ ᠢᠳᠡᠪᠬᠢᠲᠡᠢ ᠬᠥᠭᠵᠢᠭᠦᠯᠵᠦ᠂ ᠭᠤᠣᠯᠳᠠᠯᠭ᠎ᠠ ᠲᠠᠢ ᠲᠤᠰᠬᠠᠢ ᠡᠮᠨᠡᠯᠭᠡ ᠶᠢᠨ ᠪᠠᠶᠢᠭᠤᠯᠤᠯᠲᠠ᠂ ᠡᠮᠴᠢᠯᠡᠭᠡᠨ ᠤ | ᠶᠠᠰᠤ ᠴᠢᠨᠠᠷ ᠤᠨ ᠬᠠᠮᠢᠶᠠᠷᠤᠯᠲᠠ ᠪᠠ ᠡᠮᠴᠢᠯᠡᠭᠡ ᠶᠢᠨ ᠦᠢᠯᠡᠴᠢᠯᠡᠭᠡ ᠶᠢ ᠰᠠᠶᠢᠵᠢᠷᠠᠭᠤᠯᠬᠤ ᠵᠡᠷᠭᠡ ᠠᠵᠢᠯ ᠢ | ᠦᠷᠭᠦᠯᠵᠢᠯᠡᠨ ᠰᠠᠶᠢᠲᠤᠷ ᠠᠳᠬᠤᠵᠤ᠂ ᠰᠢᠶᠠᠨ ᠤ ᠬᠡᠪᠴᠢᠶᠡᠨ ᠤ ᠡᠮᠨᠡᠯᠭᠡ ᠳᠤ ᠰᠠᠭᠤᠭᠰᠠᠨ ᠬᠡᠮᠵᠢᠶ᠎ᠡ᠂ ᠦᠨᠳᠦᠰᠦᠨ | ᠱᠠᠲᠤᠨ ᠤ ᠣᠨᠣᠰᠢᠯᠠᠨ ᠡᠮᠨᠡᠬᠦ ᠬᠡᠮᠵᠢᠶ᠎ᠡ ᠶᠢ ᠲᠤᠰ ᠲᠤᠰ 3% ᠳᠡᠭᠡᠭᠰᠢᠯᠡᠭᠦᠯᠵᠦ᠂ ᠡᠮᠨᠡᠯᠭᠡ ᠳᠤ ᠰᠠᠭᠤᠭᠰᠠᠨ | ᠤᠳᠠᠭ᠎ᠠ ᠪᠦᠷᠢ ᠶᠢᠨ ᠳᠤᠮᠳᠠᠴᠢ ᠵᠠᠷᠤᠳᠠᠯ ᠢ 2% ᠪᠠᠭᠤᠷᠠᠭᠤᠯᠬᠤ ᠬᠡᠷᠡᠭᠲᠡᠢ᠃ ᠡᠯ᠎ᠡ ᠱᠠᠲᠤᠨ ᠤ ᠡᠯ᠎ᠡ ᠲᠥᠷᠥᠯ ᠤᠨ | ᠡᠮᠴᠢᠯᠡᠭᠡᠨ ᠤ ᠪᠠᠶᠢᠭᠤᠯᠤᠮᠵᠢ ᠶᠢᠨ ᠬᠠᠯᠳᠠᠪᠤᠷᠢᠲᠤ ᠡᠪᠡᠳᠴᠢᠨ ᠢ ᠬᠢᠨᠠᠨ ᠬᠡᠮᠵᠢᠬᠦ ᠴᠢᠳᠠᠮᠵᠢ ᠶᠢ ᠴᠢᠩᠭᠠᠳᠬᠠᠵᠤ᠂ | ᠪᠥᠬᠦ ᠠᠶᠢᠮᠠᠭ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠬᠦᠴᠦᠯᠡᠨ | ᠳᠡᠭᠡᠭᠰᠢᠯᠡᠭᠦᠯᠦᠨ᠎ᠡ᠃ ᠰᠣᠶᠣᠯ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠬᠤ | ᠬᠡᠷᠡᠭᠲᠡᠶ᠃ ︽ᠤᠮᠠᠷᠠᠲᠤ ᠬᠢᠯᠢ ᠶᠢᠨ ᠰᠣᠶᠣᠯ︾ ᠤᠨ ᠨᠠᠷᠠᠲᠤ ᠲᠡᠮᠳᠡᠭ • ᠬᠢᠩᠭᠠᠨ ᠠᠶᠢᠮᠠᠭ ᠢ ᠪᠠᠶᠢᠭᠤᠯᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ᠺᠢᠨᠣ᠋ ︽ᠴᠢᠨ᠋ᠸ᠎ᠠ ᠶᠢᠨ ᠲᠣᠲ᠋ᠧᠮ 2︾ ᠢ ᠰᠡᠭᠦᠳᠡᠷᠯᠡᠬᠦ ᠵᠡᠷᠭᠡ 10 ᠵᠦᠢᠯ ᠤᠨ | ᠰᠣᠶᠣᠯ ᠤᠨ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠳᠤᠮᠳᠠᠳᠤ ᠤᠯᠤᠰ ᠤᠨ ᠲᠠᠯ᠎ᠠ ᠨᠤᠲᠤᠭ ᠤᠨ ᠰᠢᠯᠦᠭ | ᠳᠠᠭᠤᠯᠠᠯ ᠤᠨ ᠬᠤᠲᠠ ᠶᠢ ᠡᠭᠦᠳᠦᠨ ᠪᠠᠶᠢᠭᠤᠯᠬᠤ ᠵᠡᠷᠭᠡ 10 ᠵᠦᠢᠯ ᠤᠨ ᠭᠤᠤᠯᠳᠠᠯᠭ᠎ᠠ ᠲᠠᠢ ᠢᠨᠵᠧᠨᠧᠷᠢᠩ ᠢ | ᠰᠠᠶᠢᠲᠤᠷ ᠬᠡᠷᠡᠭᠵᠢᠭᠦᠯᠵᠦ᠂ 10 ᠵᠦᠢᠯ ᠤᠨ ᠰᠣᠶᠣᠯ ᠤᠨ ᠰᠤᠳᠤᠯᠭᠠᠨ ᠤ ᠰᠡᠳᠦᠪ ᠢ ᠰᠠᠶᠢᠲᠤᠷ ᠠᠬᠢᠭᠤᠯᠤᠨ᠎ᠠ᠃ | ᠬᠠᠳᠬᠤᠮᠠᠯ᠂ ᠮᠤᠳᠤᠨ ᠬᠠᠯᠢᠰᠤ ᠶᠢᠨ ᠵᠢᠷᠤᠭ᠂ ᠡᠪᠡᠰᠦᠨ ᠭᠦᠷᠦᠮᠡᠯ ᠵᠡᠷᠭᠡ ᠪᠣᠳᠠᠰ ᠤᠨ ᠪᠤᠰᠤ ᠰᠣᠶᠣᠯ ᠤᠨ | ᠥᠪ ᠤᠨ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠶᠢ ᠥᠷᠨᠢᠭᠦᠯᠵᠦ᠂ ᠤᠯᠤᠰ ᠤᠨ | ᠨᠢᠭᠡᠳᠦᠭᠡᠷ ᠳᠡᠰ ᠤᠨ ᠰᠣᠶᠣᠯ ᠤᠨ ᠣᠷᠳᠣᠨ ᠢ 2 ᠪᠠᠶᠢᠭᠤᠯᠪᠠ᠃ ︽ᠤᠷᠠᠯᠢᠭ ᠤᠨ ᠬᠢᠩᠭᠠᠨ︾ ᠤ ᠲᠥᠯᠥᠪᠯᠡᠭᠡ ᠶᠢ | ᠬᠡᠷᠡᠭᠵᠢᠭᠦᠯᠵᠦ᠂ ᠤᠯᠠᠭᠠᠨᠮᠥ᠋ᠴᠢᠷ ᠢ ᠵᠣᠬᠢᠶᠠᠨ ᠪᠠᠶᠢᠭᠤᠯᠤᠨ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ 600 | ᠭᠠᠷᠤᠢ ᠲᠠᠯᠠᠪᠠᠢ ᠥᠷᠨᠢᠭᠦᠯᠪᠡ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠭᠠᠵᠠᠷ ᠤᠨ | ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠬᠢᠩᠭᠠᠨ ᠤ ᠨᠠᠷᠠᠲᠤ ᠲᠡᠮᠳᠡᠭᠲᠦ ᠶᠢᠨ | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠡᠯ᠎ᠡ ᠱᠠᠲᠤᠨ ᠤ ᠡᠯ᠎ᠡ | ᠲᠥᠷᠥᠯ ᠤᠨ ᠤᠷᠤᠯᠳᠤᠭᠠᠨ ᠢ ᠢᠳᠡᠪᠬᠢᠲᠡᠶ ᠳᠠᠭᠠᠭᠠᠨ ᠡᠷᠭᠢᠯᠡᠬᠦ ᠪᠠ ᠣᠷᠣᠯᠴᠠᠵᠤ᠂ ᠪᠡᠶ᠎ᠡ ᠶᠢᠨ ᠲᠠᠮᠢᠷ ᠤᠨ | ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ | ᠶᠢᠰᠦᠳᠦᠭᠡᠷ ᠲᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ | ᠪᠤᠢ ᠪᠣᠯᠭᠠᠬᠤ ᠡᠨᠡ ᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠠᠳᠬᠤᠨ᠎ᠠ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ | ᠶᠠᠪᠤᠳᠠᠯ ᠢ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ ᠪᠠ ᠦᠨᠳᠦᠰᠦᠲᠡᠨ ᠤ ᠭᠠᠵᠠᠷ ᠣᠷᠣᠨ ᠤ ᠡᠯ᠎ᠡ | ᠵᠦᠢᠯ ᠤᠨ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ︽ | ᠳᠤᠯᠤᠭ᠎ᠠ ᠶᠢ ᠵᠢᠱᠢᠶᠡᠴᠢ ᠪᠣᠯᠭᠠᠬᠤ︾ ᠱᠠᠭᠠᠷᠳᠠᠯᠭ᠎ᠠ ᠲᠠᠢ ᠭᠦᠢᠴᠡᠳ ᠤᠶᠠᠯᠳᠤᠭᠤᠯᠤᠨ᠂ ᠵᠢᠱᠢᠶ᠎ᠡ ᠦᠵᠡᠭᠦᠯᠦᠨ | ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠠᠬᠢᠭᠤᠯᠵᠤ᠂ ᠮᠠᠨ ᠤ ᠠᠶᠢᠮᠠᠭ ᠢᠶᠠᠨ ︽ᠰᠢᠨ᠎ᠡ ᠴᠠᠭ ᠦᠶ᠎ᠡ ᠶᠢᠨ ᠮᠠᠨ ᠤ | ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠳᠠᠭᠤᠷᠢᠶᠠᠯ ᠣᠷᠣᠨ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠵᠢᠱᠢᠶ᠎ᠡ ᠦᠵᠡᠭᠦᠯᠬᠦ ᠣᠷᠣᠨ | ᠂ ᠳᠡᠯᠡᠬᠡᠢ ᠳ᠋ᠠᠬᠢᠨ ᠳᠤ ᠳᠤᠮᠳᠠᠳᠤ ᠤᠯᠤᠰ ᠤᠨ ᠣᠨᠴᠠᠯᠢᠭ ᠪᠦᠬᠦᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ | ᠵᠥᠪ ᠵᠠᠮ ᠤᠨ ᠳᠠᠪᠠᠭᠤᠯᠢᠭ ᠴᠢᠨᠠᠷ ᠢ ᠢᠯᠡᠷᠡᠭᠦᠯᠬᠦ ᠴᠢᠬᠤᠯᠠ ᠴᠣᠩᠬᠤᠪᠴᠢ︾ ᠪᠣᠯᠭᠠᠬᠤ ᠪᠠᠷ ᠬᠦᠴᠦᠯᠡᠨ ᠴᠢᠷᠮᠠᠶᠢᠨ᠎ᠠ | ᠃ | ᠨᠢᠭᠡ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ | ᠠᠵᠢᠯ ᠢ ᠰᠠᠶᠢᠲᠤᠷ ᠠᠳᠬᠤᠬᠤ ᠬᠡᠷᠡᠭᠲᠡᠶ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠤᠯᠤᠰ ᠠᠷᠠᠳ ᠤᠨ ᠰᠤᠷᠭᠠᠨ ᠬᠥᠮᠦᠵᠢᠯ᠂ ᠺᠠᠳ᠋ᠷ ᠤᠨ ᠰᠤᠷᠭᠠᠨ | ᠬᠥᠮᠦᠵᠢᠯ᠂ ᠨᠡᠶᠢᠭᠡᠮ ᠤᠨ ᠰᠤᠷᠭᠠᠨ ᠬᠥᠮᠦᠵᠢᠯ ᠤᠨ ᠪᠦᠬᠦ ᠶᠠᠪᠤᠴᠠ ᠳᠤ ᠣᠷᠣᠭᠤᠯᠵᠤ᠂ ᠤᠯᠠᠨ ᠵᠦᠢᠯ ᠤᠨ ᠠᠷᠭ᠎ᠠ | ᠬᠡᠯᠪᠡᠷᠢ ᠪᠠᠷ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠤᠨ ︽ᠨᠠᠢᠮᠠ ᠶᠢ ᠣᠷᠣᠭᠤᠯᠬᠤ︾ ᠠᠵᠢᠯᠯᠠᠭ᠎ᠠ | ᠪᠠ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠬᠤ︾ ᠤᠯᠠᠨ ᠲᠦᠮᠡᠨ ᠤ | ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ︽ᠬᠢᠩᠭᠠᠨ ᠤ ᠰᠢᠨ᠎ᠡ ᠶᠢ ᠡᠭᠦᠳᠬᠦ︾ | ᠡᠵᠡᠩᠨᠡᠯᠲᠡ ᠶᠢᠨ ᠠᠵᠢᠯ ᠢ ᠰᠠᠶᠢᠲᠤᠷ ᠠᠳᠬᠤᠵᠤ᠂ ︽ᠠᠨᠠᠷ ᠤᠨ ᠦᠷ᠎ᠡ ᠮᠡᠳᠡᠷᠡᠵᠦ ᠬᠦᠰᠡᠯ ᠵᠡᠭᠦᠳᠦ ᠪᠠᠨ | ᠲᠡᠷᠭᠡᠯᠰᠢᠭᠦᠯᠬᠦ︾ ᠵᠡᠷᠭᠡ ᠰᠢᠷᠢᠰ ᠭᠤᠣᠯ ᠰᠡᠳᠦᠪᠲᠦ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠬᠤᠪᠢᠰᠬᠠᠯ ᠤᠨ | ᠬᠥᠮᠦᠵᠢᠯ ᠤᠨ ︽ᠠᠷᠪᠠᠨ ᠨᠢᠭᠡ︾ ᠶᠢᠨ ᠰᠢᠷᠢᠰ ᠠᠵᠢᠯᠯᠠᠭ᠎ᠠ ᠶᠢ ᠰᠢᠨ᠎ᠡ ᠶᠢ ᠡᠭᠦᠳᠦᠨ ᠥᠷᠨᠢᠭᠦᠯᠵᠦ᠂ ︽ | ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠠ ᠶᠣᠰᠣ ᠵᠦᠢ︾ ᠶᠢ ᠰᠠᠶᠢᠲᠤᠷ ᠶᠠᠷᠢᠵᠤ᠂ ︽ᠭᠤᠷᠪᠠᠨ ᠰᠠᠯᠵᠤ | ᠴᠢᠳᠠᠬᠤ ᠦᠭᠡᠢ︾᠂ ︽ᠲᠠᠪᠤᠨ ᠬᠠᠮᠲᠤ ᠶᠢᠨ ᠲᠠᠨᠢᠯᠲᠠ︾ ᠶᠢᠨ ᠦᠵᠡᠯ ᠰᠠᠨᠠᠭ᠎ᠠ ᠪᠠ ︽ᠲᠦᠷᠪᠡᠨ ᠬᠠᠮᠲᠤ ᠶᠢᠨ | ᠲᠠᠨᠢᠯᠲᠠ︾ ᠶᠢᠨ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠨᠡᠩ ᠭᠦᠨ ᠬᠠᠳᠠᠩᠰᠢᠭᠤᠯᠪᠠ᠃ ᠤᠯᠤᠰ ᠤᠨ | ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠡᠷᠡᠰ ᠭᠤᠶᠢᠪᠢᠰᠢ ᠦᠭᠡᠢ ᠬᠡᠷᠡᠭᠵᠢᠭᠦᠯᠵᠦ᠂ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ | ᠲᠦᠭᠡᠮᠡᠯᠵᠢᠭᠦᠯᠵᠦ᠂ ︽ᠳᠠᠪᠠᠭᠠᠨ ᠳᠤ ᠤᠯᠠᠭᠠᠨ︾᠂ ︽ᠬᠢᠩᠭᠠᠨ ᠨᠣᠭᠤᠭᠠᠨ︾ ᠢ ᠨᠢᠭᠡ ᠴᠤᠬᠴᠠᠵᠢᠭᠤᠯᠤᠬᠰᠠᠨ | ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠲᠠᠩᠬᠢᠮ ᠢ ᠪᠠᠶᠢᠭᠤᠯᠪᠠ᠃ | ᠬᠤᠶᠠᠷ ᠲᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠠᠵᠢᠯ ᠢ | ᠰᠠᠶᠢᠲᠤᠷ ᠠᠳᠬᠤᠬᠤ ᠬᠡᠷᠡᠭᠲᠡᠢ᠃ ᠪᠥᠬᠦ ᠤᠯᠤᠰ ᠤᠨ ᠨᠢᠭᠡᠳᠦᠭᠡᠷ ᠪᠦᠯᠦᠭ ᠤᠨ ᠵᠢᠭᠤᠯᠴᠢᠯᠠᠯ ᠢᠶᠠᠷ ︽ᠭᠤᠷᠪᠠ ᠶᠢ | ᠲᠤᠰᠢᠶᠠᠬᠤ︾ ᠲᠤᠷᠰᠢᠯᠲᠠ ᠶᠢᠨ ᠡᠭᠦᠷᠭᠡ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠤᠯᠤᠰ ᠢᠶᠠᠨ ᠬᠠᠶᠢᠷᠠᠯᠠᠬᠤ | ᠱᠤᠭᠤᠮ᠂ ᠪᠦᠯᠬᠦᠮᠳᠡᠯ ᠤᠨ ᠱᠤᠭᠤᠮ᠂ ᠲᠠᠯᠠᠷᠬᠠᠯ ᠤᠨ ᠱᠤᠭᠤᠮ᠂ ᠡᠷᠡᠯᠬᠡᠭᠯᠡᠨ ᠤᠷᠤᠭᠰᠢᠯᠠᠬᠤ ᠱᠤᠭᠤᠮ᠂ | ᠪᠣᠯᠪᠠᠰᠤᠨ ᠤ ᠱᠤᠭᠤᠮ ᠵᠡᠷᠭᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ | ᠰᠡᠳᠦᠪᠲᠦ ᠰᠣᠶᠣᠯ ᠵᠢᠭᠤᠯᠴᠢᠯᠠᠯ ᠤᠨ ᠵᠠᠮ ᠱᠤᠭᠤᠮ ᠢ ᠪᠠᠲᠤ ᠴᠣᠭᠴᠠᠯᠠᠵᠤ᠂ ᠤᠯᠠᠭᠠᠨᠬᠤᠲᠠ ᠳᠤ ᠣᠯᠭᠤᠭᠰᠠᠨ ︽ | ᠭᠤᠷᠪᠠᠨ ᠠᠴᠢ ᠬᠤᠯᠪᠣᠭᠳᠠᠯ︾ ᠤᠨ ᠵᠢᠱᠢᠶ᠎ᠡ ᠦᠵᠡᠭᠦᠯᠬᠦ ᠬᠠᠷᠢᠯᠴᠠᠬᠤ ᠴᠡᠭ ᠤᠨ ᠪᠠᠶᠢᠭᠤᠯᠤᠯᠲᠠ ᠶᠢᠨ ᠠᠵᠢᠯ ᠢ | ᠰᠢᠨ᠎ᠡ ᠶᠢ ᠡᠭᠦᠳᠦᠨ ᠰᠠᠶᠢᠲᠤᠷ ᠬᠢᠵᠦ᠂ ︽ᠠᠵᠤ ᠠᠬᠤᠢ ᠶᠢᠨ ᠬᠥᠭᠵᠢᠯᠲᠡ᠂ ᠰᠤᠷᠭᠠᠨ ᠬᠥᠮᠦᠵᠢᠯ ᠤᠨ ᠦᠢᠯᠡᠰ ᠪᠠ | ᠰᠣᠶᠣᠯ ᠤᠨ ᠦᠢᠯᠡᠰ︾ ᠭᠡᠬᠦ ᠭᠤᠷᠪᠠᠨ ᠵᠦᠢᠯ ᠤᠨ ᠲᠥᠯᠥᠪᠯᠡᠭᠡ ᠶᠢ ᠦᠷᠭᠦᠯᠵᠢᠯᠡᠨ ᠰᠠᠶᠢᠲᠤᠷ ᠠᠳᠬᠤᠵᠤ᠂ | ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ᠂ ᠪᠦᠬᠦ ᠲᠠᠯ᠎ᠠ ᠪᠠᠷ ᠰᠣᠯᠢᠯᠴᠠᠬᠤ᠂ ᠭᠦᠨᠵᠡᠭᠡᠢ | ᠠᠭᠤᠰᠤᠯᠴᠠᠬᠤ ᠶᠢ ᠠᠬᠢᠭᠤᠯᠪᠠ᠃ | ᠭᠤᠷᠪᠠ ᠳᠤ᠂ ᠬᠢᠯᠢ ᠬᠢᠵᠠᠭᠠᠷ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯ ᠢ ᠰᠠᠶᠢᠲᠤᠷ ᠠᠳᠬᠤᠨ᠎ᠠ᠃ | ︽ᠲᠡᠷᠢᠭᠦᠨ ᠲᠠᠰ ᠤᠨ ᠬᠢᠯᠢ ᠶᠢᠨ ᠰᠡᠷᠭᠡᠶᠢᠯᠡᠯᠲᠡ ᠶᠢᠨ ᠱᠤᠭᠤᠮ︾ ᠢ ᠪᠥᠲᠥᠭᠡᠨ ᠪᠠᠶᠢᠭᠤᠯᠬᠤ ᠪᠠᠷ ᠭᠠᠷᠳᠠᠴᠠ | ᠪᠣᠯᠭᠠᠵᠤ᠂ ᠭᠠᠳᠠᠭᠠᠳᠤ ᠶᠠᠪᠤᠳᠠᠯ ᠤᠨ ᠶᠠᠮᠤᠨ ᠠᠴᠠ ᠪᠥᠬᠦ ᠤᠯᠤᠰ ᠤᠨ ᠣᠶᠤᠨᠴᠢ ᠬᠢᠯᠢ ᠶᠢᠨ ᠵᠠᠭᠠᠭ ᠤᠨ ᠪᠥᠲᠥᠭᠡᠨ | ᠪᠠᠶᠢᠭᠤᠯᠤᠯᠲᠠ ᠶᠢᠨ ᠲᠤᠷᠰᠢᠯᠲᠠ ᠶᠢᠨ ᠠᠵᠠ ᠲᠣᠬᠢᠶᠠᠯ ᠢ ᠠᠰᠢᠭᠯᠠᠨ᠂ ︽ᠳᠥᠷᠪᠡᠨ ᠲᠠᠯ᠎ᠠ ᠶᠢᠨ ᠢᠨᠵᠧᠨᠧᠷᠢᠩ︾ ᠢ | ᠴᠢᠨᠠᠷ ᠰᠠᠶᠢᠲᠠᠶ ᠠᠬᠢᠭᠤᠯᠵᠤ᠂ 5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠨ᠂ ᠰᠠᠭᠤᠷᠢ ᠲᠥᠬᠦᠭᠡᠷᠦᠮᠵᠢ᠂ | ᠠᠷᠠᠳ ᠤᠨ ᠠᠮᠢᠳᠤᠷᠠᠯ ᠤᠨ ᠪᠠᠲᠤᠯᠠᠭ᠎ᠠ᠂ ᠠᠵᠤ ᠦᠢᠯᠡᠰ ᠤᠨ ᠪᠥᠲᠥᠭᠡᠨ ᠪᠠᠶᠢᠭᠤᠯᠤᠯᠲᠠ ᠵᠡᠷᠭᠡ ᠭᠤᠷᠪᠠᠨ ᠶᠡᠭᠡ | ᠲᠥᠷᠥᠯ ᠤᠨ ᠲᠥᠷᠥᠯ ᠵᠦᠢᠯ ᠢ 31 ᠪᠡᠶᠡᠯᠡᠭᠦᠯᠪᠡ᠃ ︽ᠠᠷᠡᠳ ᠠᠴᠠ ᠡᠵᠡᠩᠨᠡᠭᠰᠡᠨ ᠠᠵᠦ ᠠᠬᠤᠶᠢᠯᠡᠯ ᠢ ᠬᠢᠯᠢ | ᠬᠢᠵᠠᠭᠠᠷ ᠣᠷᠣᠨ ᠳᠤ ᠣᠷᠣᠭᠤᠯᠬᠤ︾ ᠠᠵᠢᠯᠯᠠᠭ᠎ᠠ ᠶᠢ ᠦᠷᠨᠢᠬᠦᠯᠵᠦ᠂ ᠬᠢᠯᠢ ᠬᠢᠵᠠᠭᠠᠷ ᠣᠷᠣᠨ ᠣᠶᠢᠷ᠎ᠠ ᠬᠠᠪᠢ ᠶᠢᠨ | ᠰᠢᠨ᠎ᠡ ᠲᠣᠰᠬᠤᠨ ᠤ ᠪᠦᠳᠦᠭᠡᠨ ᠪᠠᠶᠢᠭᠤᠯᠥᠯᠳᠡ ᠶᠢ ᠳᠡᠮᠵᠢᠵᠦ᠂ ᠬᠢᠯᠢ ᠬᠢᠵᠠᠭᠠᠷ ᠣᠷᠣᠨ ᠤ ᠦᠨᠳᠣᠰᠣᠨ ᠣᠯᠡᠨ | ᠨᠡᠶᠢᠳᠡ ᠶᠢᠨ ᠦᠢᠯᠡᠴᠢᠯᠡᠭᠡᠨ ᠪᠠ ᠦᠢᠯᠡᠳᠪᠦᠷᠢᠯᠡᠯ ᠠᠮᠢᠳᠣᠷᠡᠯ ᠤᠨ ᠨᠦᠬᠦᠴᠡᠯ ᠢ ᠰᠠᠶᠢᠵᠢᠷᠡᠭᠤᠯᠥᠨ᠂ ᠬᠢᠯᠢ ᠬᠢᠵᠠᠭᠠᠷ | ᠣᠷᠣᠨ ᠢ ᠬᠦᠭᠵᠢᠬᠦᠯᠥᠨ ᠠᠷᠡᠳ ᠢ ᠪᠠᠶᠠᠵᠢᠭᠤᠯᠬᠤ ᠪᠠ ᠬᠢᠯᠢ ᠬᠢᠵᠠᠭᠠᠷ ᠢ ᠬᠠᠮᠠᠭᠠᠯᠠᠵᠦ ᠬᠢᠯᠢ ᠬᠢᠵᠠᠭᠠᠷ ᠢ | ᠪᠠᠬᠢᠵᠢᠬᠦᠯᠥᠨ ᠪᠠᠬᠢᠵᠢᠬᠦᠯᠬᠦ ᠶᠢ ᠬᠠᠮᠵᠢᠯᠴᠠᠨ ᠬᠦᠭᠵᠢᠬᠦᠯᠬᠦ ᠶᠢ ᠠᠬᠢᠭᠤᠯᠥᠨ᠎ᠠ᠃ | ᠨᠥᠬᠦᠳ ᠡ᠂ ︽ᠭᠤᠷᠪᠠ ᠶᠢ ᠲᠣᠭᠲᠠᠪᠤᠷᠢᠵᠢᠭᠤᠯᠵᠤ ᠲᠠᠪᠤ ᠶᠢ ᠤᠷᠤᠭᠰᠢᠯᠠᠭᠤᠯᠬᠤ︾ ᠶᠠᠪᠤᠳᠠᠯ ᠬᠥᠮᠦᠰ ᠢ | ᠤᠷᠮᠠᠰᠢᠭᠤᠯᠤᠨ ᠵᠣᠷᠢᠭᠵᠢᠭᠤᠯᠵᠤ᠂ ᠦᠷᠭᠦᠯᠵᠢᠯᠡᠨ ᠲᠡᠮᠡᠴᠡᠬᠦ ᠴᠠᠭ ᠶᠠᠭ ᠴᠠᠭ ᠲᠠᠭᠠᠨ ᠪᠠᠶᠢᠨ᠎ᠠ᠃ ᠪᠢᠳᠡ ᠰᠢ ᠶᠢᠨ | ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ | ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠠᠶᠢᠮᠠᠭ ᠤᠨ | ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠢᠲᠡᠭᠡᠯ ᠵᠣᠷᠢᠭ ᠢᠶᠠᠨ ᠪᠠᠲᠤᠳᠬᠠᠵᠤ᠂ ᠵᠠᠮ | ᠨᠡᠭᠡᠭᠡᠨ ᠤᠷᠤᠭᠰᠢᠯᠠᠵᠤ᠂ ᠥᠨᠳᠥᠷ ᠲᠦᠪᠰᠢᠨ ᠳᠤ ᠬᠦᠷᠬᠦ ᠤᠷᠤᠭᠰᠢᠯᠠᠨ ᠲᠠᠪᠰᠢᠬᠤ ᠵᠣᠷᠢᠭ ᠰᠠᠨᠠᠭ᠎ᠠ ᠪᠠᠷ | ᠨᠠᠶᠢᠳᠠᠪᠤᠷᠢᠵᠢᠭᠤᠯᠤᠯᠲᠠ ᠶᠢ ᠠᠳᠬᠤᠵᠤ᠂ ᠰᠢᠪᠲᠤᠯᠤᠯᠲᠠ ᠶᠢ ᠠᠳᠬᠤᠵᠤ᠂ ᠦᠷ᠎ᠡ ᠪᠦᠲᠦᠭᠡᠯ ᠢ ᠠᠳᠬᠤᠵᠤ᠂ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠦᠬᠦ ᠬᠦᠴᠦᠨ ᠢᠶᠠᠷ ᠢᠶᠠᠨ | ᠪᠡᠶᠡᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠪᠣᠳᠠᠲᠤ ᠠᠵᠢᠯᠯᠠᠭ᠎ᠠ ᠪᠣᠯᠤᠨ ᠦᠷ᠎ᠡ ᠪᠦᠲᠦᠮᠵᠢ ᠪᠠᠷ ᠪᠦᠬᠦ | ᠠᠶᠢᠮᠠᠭ ᠤᠨ ᠠᠷᠠᠳ ᠲᠦᠮᠡᠨ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠪᠠ᠃ | |