ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 5 ᠤ ᠴᠠᠭᠢᠯᠭᠠᠨ ᠮᠡᠳᠡᠭᠡ ᠠᠷᠪᠠᠨ ᠳᠥᠷᠪᠡᠳᠦᠭᠡᠷ | ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ | 5 ᠤ ᠦᠳᠡ ᠶᠢᠨ ᠡᠮᠦᠨ᠎ᠡ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ 3000 | ᠰᠢᠬᠠᠮ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠠᠷᠠᠳ | ᠲᠦᠮᠡᠨ ᠤ ᠬᠦᠨᠳᠦ ᠨᠠᠶᠢᠳᠠᠯᠭ᠎ᠠ ᠶᠢ ᠡᠭᠦᠷᠭᠡᠯᠡᠨ ᠦᠪᠡᠳᠡᠭᠰᠢ ᠬᠤᠷᠠᠯ ᠳᠤ ᠣᠷᠣᠯᠴᠠᠵᠤ᠂ ᠦᠨᠳᠦᠰᠦᠨ ᠬᠠᠤᠯᠢ ᠪᠠ | ᠬᠠᠤᠯᠢ ᠴᠠᠭᠠᠵᠠ ᠠᠴᠠ ᠣᠯᠭᠤᠭᠰᠠᠨ ᠲᠠᠷᠬᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ᠃ | ᠠᠷᠠᠳ ᠤᠨ ᠶᠡᠭᠡ ᠬᠤᠷᠠᠯ ᠤᠨ ᠲᠠᠩᠬᠢᠮ ᠤᠨ ᠶᠡᠭᠡ ᠶᠣᠰᠣᠯᠠᠯ ᠤᠨ ᠲᠠᠩᠬᠢᠮ ᠳᠤ ᠲᠥᠪ ᠬᠢᠴᠢᠶᠡᠩᠭᠦᠢ ᠪᠥᠭᠡᠳ | ᠭᠦᠷ ᠬᠥᠭᠵᠢᠶᠡᠨᠲᠡᠢ ᠠᠭᠤᠷ ᠠᠮᠢᠰᠬᠤᠯ ᠢᠶᠠᠷ ᠪᠢᠯᠬᠠᠵᠤ᠂ ᠲᠡᠷᠢᠭᠦᠯᠡᠭᠴᠢᠳ ᠤᠨ ᠲᠠᠶᠢᠰᠠᠨ ᠤ ᠬᠥᠰᠢᠭᠡ ᠶᠢᠨ ᠭᠤᠣᠯ | ᠳᠤᠮᠳᠠ ᠡᠯᠭᠦᠭᠰᠡᠨ ᠤᠯᠤᠰ ᠤᠨ ᠰᠦᠯᠳᠡ ᠬᠤᠷᠴᠠ ᠤᠯᠠᠭᠠᠨ ᠲᠤᠭ ᠯᠤᠭ᠎ᠠ ᠥᠩᠭᠡ ᠢᠯᠭᠠᠷᠠᠨ ᠭᠡᠷᠡᠯ ᠰᠠᠴᠤᠷᠠᠨ | ᠬᠠᠷᠠᠭᠳᠠᠨ᠎ᠠ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ | ᠲᠡᠷᠢᠭᠦᠯᠡᠭᠴᠢ ᠵᠤᠤ ᠯᠧ ᠵᠢᠢ ᠶᠡᠭᠡ ᠬᠤᠷᠠᠯ ᠢ ᠡᠷᠭᠢᠯᠡᠪᠡ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ | ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠯᠢ ᠬᠤᠩ ᠵᠦᠩ᠂ ᠸᠠᠩ ᠳ᠋ᠦᠩ ᠮᠢᠩ᠂ ᠰᠢᠶᠣᠣ | ᠵᠢᠶᠧ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠶᠢᠨ᠂ ᠼᠠᠢ ᠳ᠋ᠠ ᠹᠧᠩ᠂ ᠾᠧ ᠸᠧᠢ᠂ ᠦ᠋ ᠸᠧᠢ | ᠬᠤᠸᠠ᠂ ᠲᠢᠶᠧ ᠨᠢᠩ᠂ ᠫᠧᠩ ᠴᠢᠩ ᠬᠤᠸᠠ᠂ ᠵᠠᠩ ᠴᠢᠩ ᠸᠧᠢ᠂ ᠯᠣᠪᠰᠠᠩᠵᠠᠯᠰᠠᠨ᠂ ᠰᠢᠤᠸᠠᠶᠢᠺᠧᠯᠠᠶᠢᠲ᠋ᠢ • | ᠵᠠᠺᠧᠯ᠂ ᠯᠢᠦ ᠴᠢ ᠲᠡᠷᠢᠭᠦᠯᠡᠭᠴᠢᠳ ᠤᠨ ᠲᠠᠶᠢᠰᠠᠨ ᠤ ᠭᠦᠢᠴᠡᠳᠭᠡᠭᠴᠢ ᠲᠡᠷᠢᠭᠦᠯᠡᠭᠴᠢ ᠶᠢᠨ ᠰᠠᠭᠤᠳᠠᠯ ᠳᠤ ᠰᠠᠭᠠᠲᠠᠪᠠ | ᠃ | ᠰᠢ ᠶᠢᠨ ᠫᠢᠩ᠂ ᠯᠢ ᠴᠢᠶᠠᠩ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ | ᠵᠧᠩ ᠪᠣᠯᠣᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠦᠷᠢᠯᠳᠦᠭᠦᠨ ᠲᠡᠷᠢᠭᠦᠯᠡᠭᠴᠢᠳ ᠤᠨ | ᠲᠠᠶᠢᠰᠠᠨ ᠳᠤ ᠰᠠᠭᠠᠲᠠᠵᠠᠢ᠃ | 3 ᠰᠠᠷ᠎ᠠ ᠶᠢᠨ 5 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠪᠡᠭᠡᠵᠢᠩ ᠳᠠᠬᠢ ᠠᠷᠠᠳ ᠤᠨ ᠶᠡᠭᠡ ᠬᠤᠷᠠᠯ ᠤᠨ | ᠲᠠᠩᠬᠢᠮ ᠳᠤ ᠡᠬᠢᠯᠡᠪᠡ᠃ ᠨᠠᠮ ᠪᠠ ᠲᠦᠷᠦ ᠶᠢᠨ ᠤᠳᠤᠷᠢᠳᠤᠯᠭ᠎ᠠ ᠰᠢ ᠶᠢᠨ ᠫᠢᠩ᠂ ᠯᠢ ᠴᠢᠶᠠᠩ᠂ ᠸᠠᠩ ᠬᠤ᠋ ᠨᠢᠩ᠂ | ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠠᠷ ᠬᠤᠷᠠᠯ ᠳᠤ ᠣᠷᠣᠯᠴᠠᠵᠠᠢ᠃ | | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠤᠶᠠᠳᠤᠭᠠᠷ ᠬᠤᠷᠠᠯ ᠳᠤ 2956 ᠬᠥᠮᠥᠨ ᠣᠷᠤᠯᠴᠠᠬᠤ ᠶᠣᠰᠣᠲᠠᠢ᠃ 5 ᠤ ᠦᠳᠡ ᠶᠢᠨ ᠡᠮᠦᠨᠡᠬᠢ | ᠬᠤᠷᠠᠯ ᠳᠤ 2872 ᠬᠥᠮᠥᠨ ᠣᠷᠣᠯᠴᠠᠵᠤ᠂ 84 ᠬᠥᠮᠥᠨ ᠣᠷᠣᠯᠴᠠᠬᠰᠠᠨ ᠦᠭᠡᠢ᠂ ᠣᠷᠣᠯᠴᠠᠬᠰᠠᠨ ᠬᠥᠮᠥᠨ ᠤ | ᠲᠤᠭ᠎ᠠ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠨ᠎ᠡ᠃ | ᠦᠳᠡ ᠶᠢᠨ ᠡᠮᠦᠨᠡᠬᠢ 9 ᠴᠠᠭ ᠲᠤ᠂ ᠵᠣᠣ ᠯᠧ ᠵᠢᠢ᠄ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠤᠶᠠᠳᠤᠭᠠᠷ ᠬᠤᠷᠠᠯ ᠡᠬᠢᠯᠡᠯ᠎ᠡ ᠭᠡᠵᠦ ᠨᠡᠶᠢᠲᠡᠯᠡᠪᠡ᠃ ᠪᠦᠭᠦᠳᠡᠭᠡᠷ ᠢᠶᠠᠨ ᠪᠣᠰᠴᠤ ᠵᠣᠭᠰᠣᠨ᠂ ᠤᠯᠤᠰ ᠤᠨ ᠰᠦᠯᠳᠡ | ᠳᠠᠭᠤᠤ ᠶᠢ ᠬᠠᠩᠭᠢᠨᠠᠲᠠᠯ᠎ᠠ ᠳᠠᠭᠤᠯᠠᠪᠠ᠃ | 3 ᠰᠠᠷ᠎ᠠ ᠶᠢᠨ 5 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠪᠡᠭᠡᠵᠢᠩ ᠳᠠᠬᠢ ᠠᠷᠠᠳ ᠤᠨ ᠶᠡᠭᠡ ᠬᠤᠷᠠᠯ ᠤᠨ | ᠲᠠᠩᠬᠢᠮ ᠳᠤ ᠡᠬᠢᠯᠡᠪᠡ᠃ ᠵᠤᠤ ᠯᠧ ᠵᠢᠢ ᠡᠭᠢᠯᠡᠯᠳᠡ ᠶᠢᠨ ᠬᠤᠷᠠᠯ ᠢ ᠡᠷᠭᠢᠯᠡᠵᠡᠢ᠃ | | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ᠬᠤᠷᠠᠯ ᠤᠨ ᠵᠥᠪᠯᠡᠬᠦ ᠵᠦᠢᠯ ᠢ ᠦᠨᠳᠦᠰᠦᠯᠡᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ | ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠶᠡᠭᠡ ᠬᠤᠷᠠᠯ ᠳᠤ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠬᠢᠪᠡ᠃ ᠢᠯᠡᠳᠬᠡᠯ ᠨᠢ ᠭᠤᠷᠪᠠᠨ ᠬᠡᠰᠡᠭ ᠢᠶᠠᠷ ᠪᠦᠷᠢᠯᠳᠦᠵᠡᠢ᠄ ᠨᠢᠭᠡ᠂ 2023 ᠣᠨ ᠤ | ᠠᠵᠢᠯ ᠤᠨ ᠡᠷᠭᠢᠴᠡᠭᠦᠯᠦᠯ ; ᠬᠤᠶᠠᠷ᠂ 2024 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ | ᠱᠠᠭᠠᠷᠳᠠᠯᠭ᠎ᠠ ᠪᠠ ᠲᠥᠷᠥ ᠶᠢᠨ ᠪᠣᠳᠣᠯᠭ᠎ᠠ ᠶᠢᠨ ᠬᠠᠨᠳᠤᠰᠢ ; ᠭᠤᠷᠪᠠ᠂ 2024 ᠣᠨ ᠤ ᠵᠠᠰᠠᠭ ᠤᠨ ᠣᠷᠳᠣᠨ ᠤ | ᠠᠵᠢᠯ ᠤᠨ ᠡᠭᠦᠷᠭᠡ᠃ | 3 ᠰᠠᠷ᠎ᠠ ᠶᠢᠨ 5 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠪᠡᠭᠡᠵᠢᠩ ᠳᠠᠬᠢ ᠠᠷᠠᠳ ᠤᠨ ᠶᠡᠭᠡ ᠬᠤᠷᠠᠯ ᠤᠨ | ᠲᠠᠩᠬᠢᠮ ᠳᠤ ᠡᠬᠢᠯᠡᠪᠡ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠬᠢᠪᠡ᠃ | | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠣᠣ ᠳ᠋ᠠ ᠸᠧᠢ ᠰᠡᠭᠦᠳᠡᠷᠯᠡᠪᠡ | ᠯᠢ ᠴᠢᠶᠠᠩ ᠢᠯᠡᠳᠬᠡᠯ ᠳᠡᠭᠡᠨ᠂ ᠥᠩᠭᠡᠷᠡᠭᠰᠡᠨ ᠨᠢᠭᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠭᠰᠠᠨ ᠡᠭᠢᠯᠡᠯᠲᠡ ᠶᠢᠨ ᠵᠢᠯ ᠮᠥᠨ᠂ ᠲᠤᠰ ᠬᠤᠭᠤᠴᠠᠭᠠᠨ ᠤ | ᠵᠠᠰᠠᠭ ᠤᠨ ᠣᠷᠳᠣᠨ ᠤ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠠᠩᠬᠠᠨ ᠤ ᠵᠢᠯ ᠮᠥᠨ | ᠃ ᠲᠦᠢᠯ ᠤᠨ ᠨᠠᠷᠢᠨ ᠪᠤᠳᠤᠯᠢᠶᠠᠨᠲᠠᠢ ᠳᠡᠯᠡᠬᠡᠢ ᠶᠢᠨ ᠣᠷᠴᠢᠨ ᠪᠣᠯᠣᠨ ᠪᠡᠷᠬᠡ ᠬᠠᠲᠠᠭᠤᠵᠢᠯᠲᠠᠢ ᠨᠦᠰᠡᠷ ᠬᠦᠨᠳᠦ | ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠶᠢᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠣᠯ | ᠪᠤᠯᠭᠠᠬᠰᠠᠨ ᠨᠠᠮ ᠤᠨ ᠲᠥᠪ ᠬᠤᠷᠢᠶ᠎ᠠ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ | ᠪᠦᠯᠬᠦᠮᠳᠡᠭᠦᠯᠦᠨ ᠳᠠᠭᠠᠭᠤᠯᠵᠤ᠂ ᠭᠠᠳᠠᠭᠠᠳᠤ ᠣᠷᠴᠢᠨ ᠤ ᠳᠠᠷᠤᠯᠲᠠ ᠶᠢ ᠳᠠᠭᠠᠭᠠᠵᠤ᠂ ᠳᠣᠲᠣᠭᠠᠳᠤ ᠶᠢᠨ ᠬᠦᠴᠢᠷ | ᠪᠡᠷᠬᠡᠰᠢᠶᠡᠯ ᠢ ᠢᠯᠠᠨ ᠳᠠᠪᠠᠵᠤ᠂ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠵᠤ᠂ ᠰᠢᠨ᠎ᠡ ᠲᠢᠲᠢᠮᠯᠢᠭ | ᠸᠢᠷᠦ᠋ᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠲᠣᠭᠲᠠᠭᠤᠨ ᠢᠶᠠᠷ ᠱᠠᠲᠤ ᠰᠢᠯᠵᠢᠭᠦᠯᠬᠦ ᠶᠢ | ᠪᠡᠶᠡᠯᠡᠭᠦᠯᠵᠦ᠂ ᠴᠢᠬᠤᠯᠠ ᠶᠡᠭᠡ ᠰᠢᠢᠳᠪᠦᠷᠢᠲᠦ ᠴᠢᠨᠠᠷᠲᠠᠢ ᠢᠯᠠᠯᠲᠠ ᠶᠢ ᠣᠯᠵᠤ᠂ ᠪᠦᠭᠦ ᠵᠢᠯ ᠤᠨ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠴᠢᠨᠠᠷ | ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ | ᠪᠠᠲᠤᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ | ᠯᠠᠪᠳᠠᠭᠤᠨ ᠪᠠᠲᠤᠲᠠᠢ ᠠᠯᠬᠤᠮ ᠢ ᠠᠯᠬᠤᠪᠠ ᠭᠡᠵᠦ ᠵᠢᠭᠠᠵᠤ ᠭᠠᠷᠭᠠᠵᠠᠢ᠃ | ᠯᠢ ᠴᠢᠶᠠᠩ ᠢᠯᠡᠳᠬᠡᠯ ᠳᠡᠭᠡᠨ᠂ ᠨᠢᠭᠡ ᠵᠢᠯ ᠤᠨ ᠲᠤᠷᠰᠢ᠂ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ | ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠣᠰᠣᠭᠠᠷ ᠭᠤᠣᠯᠳᠠᠭᠤ ᠳᠣᠣᠷᠠᠬᠢ ᠠᠵᠢᠯ ᠤᠳ ᠢ ᠬᠢᠵᠡᠢ᠄ ᠨᠢᠭᠡ ᠳᠤ᠂ ᠬᠤᠷᠸ᠎ᠠ ᠡᠵᠡᠮᠰᠢᠯ | ᠲᠣᠬᠢᠷᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠠᠵᠤ ᠠᠬᠤᠢ ᠶᠢᠨ ᠡᠷᠭᠢᠯᠲᠡ ᠶᠢᠨ ᠦᠷᠭᠦᠯᠵᠢᠯᠡᠨ | ᠰᠠᠶᠢᠵᠢᠷᠠᠬᠤ ᠶᠢ ᠠᠭᠢᠭᠤᠯᠪᠠ︔ ᠬᠤᠶᠠᠷ ᠲᠤ᠂ ᠰᠢᠨ᠎ᠡ ᠶᠢ ᠡᠭᠦᠳᠬᠦ ᠳᠤ ᠲᠦᠰᠢᠭᠯᠡᠨ ᠠᠵᠤ ᠦᠢᠯᠡᠰ ᠤᠨ ᠲᠡᠰ | ᠳᠡᠪᠰᠢᠬᠦ ᠶᠢ ᠬᠥᠲᠥᠯᠥᠨ ᠳᠠᠭᠠᠭᠤᠯᠵᠤ᠂ ᠬᠤᠳᠠ ᠬᠥᠳᠡᠭᠡ ᠣᠷᠣᠨ ᠪᠦᠰᠡ ᠶᠢᠨ ᠬᠥᠭᠵᠢᠯᠲᠡ ᠶᠢᠨ ᠰᠢᠨ᠎ᠡ | ᠬᠥᠳᠡᠯᠭᠡᠬᠦ ᠬᠦᠴᠦᠨ ᠢ ᠨᠡᠮᠡᠭᠳᠡᠭᠦᠯᠪᠡ︔ ᠭᠤᠷᠪᠠ ᠳᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠨᠡᠭᠡᠭᠡᠯᠲᠡ ᠶᠢ | ᠥᠷᠭᠡᠳᠬᠡᠵᠦ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠪᠠ︔ ᠳᠥᠷᠪᠡ ᠳᠤ᠂ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ ᠶᠢ ᠴᠢᠩᠭᠠᠳᠬᠠᠵᠤ᠂ ᠬᠥᠭᠵᠢᠯᠲᠡ ᠶᠢᠨ ᠭᠡᠯᠪᠡᠷᠢ ᠶᠢᠨ | ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠭᠡᠪᠡ︔ ᠲᠠᠪᠤ ᠳᠤ᠂ ᠠᠷᠠᠳ ᠤᠨ | ᠠᠮᠢᠳᠤᠷᠠᠯ ᠤᠨ ᠪᠠᠲᠤᠯᠠᠭ᠎ᠠ ᠶᠢ ᠬᠦᠴᠦᠯᠡᠨ ᠰᠠᠶᠢᠲᠤᠷ ᠠᠳᠬᠤᠵᠤ᠂ ᠨᠡᠶᠢᠭᠡᠮ ᠤᠨ ᠠᠵᠢᠯ ᠦᠢᠯᠡᠰ ᠤᠨ | ᠬᠥᠭᠵᠢᠯᠲᠡ ᠶᠢ ᠠᠭᠢᠭᠤᠯᠪᠠ︔ ᠵᠢᠷᠭᠤᠭ᠎ᠠ ᠳᠤ᠂ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠭᠦ ᠲᠠᠯ᠎ᠠ ᠪᠠᠷ | ᠴᠢᠩᠭᠠᠳᠬᠠᠵᠤ᠂ ᠵᠠᠰᠠᠯᠲᠠ ᠶᠢᠨ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠪᠡ ᠭᠡᠵᠦ ᠵᠢᠭᠠᠵᠤ ᠭᠠᠷᠭᠠᠵᠠᠢ᠃ | ᠯᠢ ᠴᠢᠶᠠᠩ ᠢᠯᠡᠳᠬᠡᠯ ᠳᠡᠭᠡᠨ᠂ ᠠᠮᠵᠢᠯᠲᠠ ᠪᠠᠨ ᠨᠤᠲᠠᠯᠠᠬᠤ ᠶᠢᠨ ᠬᠠᠮᠲᠤ ᠪᠢᠳᠡ ᠪᠠᠰᠠ ᠲᠤᠯᠭᠠᠷᠠᠵᠤ ᠪᠠᠶᠢᠭ᠎ᠠ | ᠬᠦᠴᠢᠷᠳᠡᠯ ᠪᠠ ᠥᠷᠢᠰᠦᠯᠳᠦᠭᠡᠨ ᠢ ᠰᠡᠷᠭᠡᠭ ᠢᠶᠠᠷ ᠣᠯᠵᠤ ᠬᠠᠷᠠᠪᠠ᠃ ᠪᠢᠳᠠ ᠯᠠᠪᠲᠠᠢ ᠠᠰᠠᠭᠤᠳᠠᠯ ᠪᠠ | ᠥᠷᠢᠰᠦᠯᠳᠦᠭᠡᠨ ᠳᠤ ᠰᠢᠭᠤᠳ ᠬᠠᠨᠳᠤᠵᠤ᠂ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠵᠢᠯ ᠢᠶᠠᠨ ᠰᠠᠶᠢᠲᠤᠷ ᠬᠢᠵᠦ | ᠂ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ ᠭᠡᠵᠦ ᠵᠢᠭᠠᠵᠤ ᠭᠠᠷᠭᠠᠪᠠ᠃ | ᠯᠢ ᠴᠢᠶᠠᠩ ᠢᠯᠡᠳᠬᠡᠯ ᠳᠡᠭᠡᠨ᠂ ᠡᠨᠡ ᠵᠢᠯ ᠪᠣᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ | ᠪᠠᠶᠢᠭᠤᠯᠤᠭᠳᠠᠭᠰᠠᠨ 75 ᠵᠢᠯ ᠤᠨ ᠣᠶ ᠮᠥᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠡᠨᠡ ᠵᠢᠯ ᠤᠨ | ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ | ᠶᠡᠷᠦᠩᠬᠡᠢ ᠦᠷᠲᠡᠭ ᠢ 5% ᠣᠷᠴᠢᠮ ᠢᠶᠠᠷ ᠨᠡᠮᠡᠭᠳᠡᠭᠦᠯᠦᠨ᠎ᠡ᠂ ᠬᠤᠳᠠ ᠪᠠᠯᠭᠠᠰᠤᠨ ᠪ᠊ 1200 ᠲᠦᠮᠡ ᠠᠴᠠ | ᠳᠡᠭᠡᠭᠰᠢ ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠤᠳᠠ ᠪᠠᠯᠭᠠᠰᠤᠨ ᠤ ᠪᠠᠶᠢᠴᠠᠭᠠᠭᠰᠠᠨ ᠠᠵᠢᠯ | ᠠᠯᠳᠠᠯᠲᠠ ᠶᠢᠨ ᠨᠤᠷᠮ᠎ᠠ ᠶᠢ 5.5 % ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ | ᠬᠠᠩᠰᠢ ᠶᠢᠨ ᠥᠰᠦᠯᠲᠡ ᠶᠢ 3% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠪᠠ | ᠠᠵᠤ ᠠᠬᠤᠢ ᠶᠢᠨ ᠨᠡᠮᠡᠭᠳᠡᠯ ᠢ ᠠᠳᠠᠯᠢ ᠠᠯᠬᠤᠮ ᠳᠤ ᠪᠠᠶᠢᠯᠭᠠᠨ᠎ᠠ︔ ᠤᠯᠠᠨ ᠤᠯᠤᠰ ᠤᠨ ᠣᠷᠣᠯᠭ᠎ᠠ ᠵᠠᠷᠤᠯᠭ᠎ᠠ ᠶᠢ | ᠦᠨᠳᠦᠰᠦᠨ ᠳᠡᠭᠡᠨ ᠲᠡᠩᠴᠡᠭᠦᠷᠢᠲᠡᠢ ᠪᠠᠶᠢᠯᠭᠠᠨ᠎ᠠ︔ ᠠᠮᠤ ᠪᠤᠳᠠᠭᠠᠨ ᠤ ᠤᠨᠠᠯᠲᠠ 1.3 ᠲᠦᠮᠡᠨ ᠳ᠋ᠦᠩᠰᠢᠭᠤᠷ | ᠵᠢᠩ ᠠᠴᠠ ᠳᠡᠭᠡᠭᠰᠢ ᠪᠠᠶᠢᠬᠤ ᠶᠢ ᠪᠠᠳᠤᠯᠠᠨ᠎ᠠ︔ ᠨᠢᠭᠡᠴᠢ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ | ᠶᠡᠷᠦᠩᠬᠡᠢ ᠦᠷᠲᠡᠭ ᠤᠨ ᠡᠨᠧᠷᠭᠢ ᠶᠢᠨ ᠬᠤᠷᠣᠭᠳᠠᠭᠤᠯᠤᠯ ᠢ 2.5% ᠣᠷᠴᠢᠮ ᠪᠠᠭᠤᠷᠠᠭᠤᠯᠵᠤ᠂ ᠠᠮᠢ ᠠᠬᠤᠢ | ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠤᠨ᠎ᠠ ᠭᠡᠵᠦ ᠵᠢᠭᠠᠵᠤ ᠭᠠᠷᠭᠠᠵᠠᠢ᠃ | ᠯᠢ ᠴᠢᠶᠠᠩ ᠢᠯᠡᠳᠬᠡᠯ ᠳᠡᠭᠡᠨ᠂ ᠪᠢᠳᠡ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠪᠠᠷᠢᠮᠲᠠᠯᠠᠵᠤ᠂ | ᠳᠠᠪᠰᠢᠯᠳᠠ ᠪᠠᠷ ᠲᠣᠭᠲᠠᠭᠤᠨ ᠢ ᠠᠬᠢᠭᠤᠯᠵᠤ᠂ ᠤᠷᠢᠳ ᠢᠶᠠᠷ ᠰᠢᠨ᠎ᠡ ᠶᠢ ᠪᠠᠶᠢᠭᠤᠯᠤᠨ ᠳᠠᠷᠠᠭ᠎ᠠ ᠨᠢ ᠬᠠᠭᠤᠴᠢᠨ ᠢ | ᠡᠪᠳᠡᠬᠦ ᠬᠡᠷᠡᠭᠲᠡᠢ᠃ ᠡᠨᠡ ᠵᠢᠯ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠡᠷᠬᠡᠪᠰᠢ ᠰᠢ ᠶᠢᠨ | ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠬᠦᠴᠦ ᠪᠠᠨ ᠲᠥᠪᠯᠡᠷᠡᠭᠦᠯᠦᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠨᠡᠩ ᠶᠡᠭᠡ ᠡᠷᠴᠢ ᠵᠣᠷᠢᠭ ᠪᠣᠯᠣᠨ ᠡᠷᠴᠢᠮ ᠢᠶᠠᠷ | ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠵᠦ᠂ ᠦᠷ᠎ᠡ ᠪᠦᠲᠦᠮᠵᠢᠲᠡᠢ ᠵᠠᠬ᠎ᠠ ᠳᠡᠯᠭᠡᠭᠦᠷ ᠪᠣᠯᠣᠨ ᠦᠷ᠎ᠡ | ᠪᠦᠲᠦᠮᠵᠢᠲᠡᠢ ᠵᠠᠰᠠᠭ ᠤᠨ ᠣᠷᠳᠣᠨ ᠤ ᠨᠡᠩ ᠰᠠᠶᠢᠨ ᠤᠶᠠᠯᠳᠤᠯ ᠢ ᠠᠬᠢᠭᠤᠯᠵᠤ᠂ ᠨᠡᠶᠢᠭᠡᠮ ᠤᠨ ᠠᠮᠢᠵᠢᠷᠠᠯ ᠤᠨ | ᠬᠦᠴᠦᠨ ᠢ ᠦᠷᠭᠦᠯᠵᠢᠯᠡᠨ ᠬᠥᠭᠵᠢᠭᠡᠬᠦ ᠪᠠ ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠶᠢᠨ ᠨᠡᠩ ᠶᠡᠭᠡ ᠰᠢᠨ᠎ᠡ | ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠯᠢ ᠴᠢᠶᠠᠩ ᠢᠯᠡᠳᠬᠡᠯ ᠳᠡᠭᠡᠨ᠂ ᠨᠠᠮ ᠤᠨ ᠲᠥᠪ ᠬᠤᠷᠢᠶ᠎ᠠ ᠡᠨᠡ ᠵᠢᠯ ᠤᠨ ᠠᠵᠢᠯ ᠳᠤ ᠪᠦᠭᠦ ᠲᠠᠯ᠎ᠠ ᠶᠢᠨ | ᠪᠠᠶᠢᠷᠢᠯᠠᠭᠤᠯᠤᠯᠲᠠ ᠬᠢᠵᠡᠢ᠂ ᠪᠢᠳᠡ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠣᠯ ᠵᠥᠷᠢᠴᠡᠯ ᠢ | ᠴᠢᠩᠭ᠎ᠠ ᠠᠳᠬᠤᠵᠤ᠂ ᠪᠣᠭᠤᠮᠢ ᠬᠦᠯᠢᠶᠡᠰᠦᠯᠡᠯ ᠢ ᠬᠦᠴᠦᠯᠡᠨ ᠰᠢᠪᠲᠤᠯᠵᠤ᠂ ᠡᠯ᠎ᠡ ᠵᠦᠢᠯ ᠤᠨ ᠠᠵᠢᠯ ᠢᠶᠠᠨ | ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠄ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ | ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ | ᠭᠦᠭᠵᠢᠭᠦᠯᠦᠨ᠎ᠡ︔ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢᠯᠠᠬᠤ ᠲᠤᠯᠭᠠᠭᠤᠷᠢᠯᠠᠯ ᠢ | ᠴᠢᠩᠭᠠᠳᠬᠠᠨ᠎ᠠ︔ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠬᠦᠴᠦᠯᠡᠨ ᠥᠷᠭᠡᠳᠬᠡᠵᠦ᠂ ᠠᠵᠤ ᠠᠬᠤᠢ ᠶᠢᠨ | ᠰᠠᠶᠢᠨ ᠰᠠᠶᠢᠬᠠᠨ ᠣᠷᠴᠢᠯ ᠢ ᠪᠡᠶᠡᠯᠡᠭᠦᠯᠬᠦ ᠶᠢ ᠠᠭᠢᠭᠤᠯᠤᠨ᠎ᠠ︔ ᠥᠭᠡᠷᠡᠴᠢᠯᠡᠯᠲᠡ ᠶᠢ ᠭᠤᠶᠢᠪᠢᠰᠢ ᠦᠭᠡᠢ | ᠭᠦᠨᠵᠡᠭᠡᠶᠢᠷᠡᠭᠦᠯᠵᠦ᠂ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠴᠢᠩᠭᠠᠷᠠᠭᠤᠯᠤᠨ᠎ᠠ︔ ᠥᠨᠳᠥᠷ | ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠬᠠᠷᠢᠯᠴᠠᠨ ᠠᠰᠢᠭᠲᠠᠢ ᠪᠠᠶᠢᠵᠤ ᠬᠠᠮᠲᠤ ᠪᠠᠷ ᠠᠰᠢᠭ | ᠭᠦᠷᠳᠡᠭᠦ ᠶᠢ ᠠᠭᠢᠭᠤᠯᠤᠨ᠎ᠠ︔ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠢ | ᠲᠥᠯᠥᠪᠵᠢᠭᠦᠯᠵᠦ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ | ᠠᠷᠢᠯᠭᠠᠨ᠎ᠠ︔ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠴᠥᠬᠦᠷᠡᠰᠢ ᠦᠭᠡᠢ | ᠰᠠᠶᠢᠲᠤᠷ ᠠᠳᠬᠤᠵᠤ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ | ᠪᠠᠲᠤᠲᠠᠢ ᠠᠭᠢᠭᠤᠯᠤᠨ᠎ᠠ︔ ᠬᠤᠲᠠ ᠬᠥᠳᠡᠭᠡ ᠶᠢᠨ ᠠᠭᠤᠰᠤᠯᠴᠠᠯ ᠪᠠ ᠣᠷᠣᠨ ᠪᠦᠰᠡ ᠶᠢᠨ ᠵᠣᠬᠢᠴᠠᠩᠭᠤᠢ | ᠬᠥᠭᠵᠢᠯᠲᠡ ᠶᠢ ᠠᠬᠢᠭᠤᠯᠵᠤ᠂ ᠠᠵᠤ ᠠᠬᠤᠢ ᠶᠢᠨ ᠪᠠᠶᠢᠷᠢᠰᠢᠯ ᠢ ᠶᠡᠭᠡ ᠪᠠᠷ ᠰᠢᠯᠢᠳᠡᠭᠵᠢᠭᠦᠯᠦᠨ᠎ᠡ︔ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠪᠣᠬᠢᠷᠳᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ | ᠬᠥᠭᠵᠢᠯᠲᠡ ᠶᠢ ᠠᠭᠢᠭᠤᠯᠤᠨ᠎ᠠ︔ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠨᠡᠶᠢᠭᠡᠮ ᠤᠨ | ᠵᠠᠰᠠᠯᠲᠠ ᠶᠢ ᠴᠢᠩᠭᠠᠳᠬᠠᠨ ᠰᠢᠨ᠎ᠡ ᠶᠢ ᠡᠭᠦᠳᠦᠨ᠎ᠡ ᠭᠡᠵᠦ ᠳᠤᠷᠠᠳᠪᠠ᠃ | ᠢᠯᠡᠳᠬᠡᠯ ᠳᠤ᠂ ᠯᠢ ᠴᠢᠶᠠᠩ ᠪᠠᠰᠠ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ᠂ | ᠦᠨᠳᠦᠰᠦᠲᠡᠨ᠂ ᠱᠠᠰᠢᠨ ᠰᠤᠷᠲᠠᠬᠤᠨ ᠪᠠ ᠬᠠᠷᠢᠶᠠᠲᠤ ᠨᠠᠷ ᠤᠨ ᠠᠵᠢᠯ᠂ ᠤᠯᠤᠰ ᠤᠨ ᠪᠠᠲᠤᠯᠠᠨ ᠬᠠᠮᠠᠭᠠᠯᠠᠯᠲᠠ | ᠪᠣᠯᠣᠨ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ᠂ ᠰᠢᠶᠠᠩᠭᠠᠩ᠂ ᠣᠣᠮᠧᠨ ᠤ ᠬᠥᠭᠵᠢᠯᠲᠡ ᠪᠣᠯᠣᠨ ᠲᠠᠶᠢᠸᠠᠨ | ᠬᠤᠭᠤᠯᠠᠢ ᠶᠢᠨ ᠬᠤᠶᠠᠷ ᠭᠦᠪᠡᠭᠡ ᠶᠢᠨ ᠬᠠᠷᠢᠯᠴᠠᠭ᠎ᠠ ᠵᠢᠴᠢ ᠮᠠᠨ ᠤ ᠤᠯᠤᠰ ᠤᠨ ᠭᠠᠳᠠᠭᠠᠳᠤ ᠬᠠᠷᠢᠯᠴᠠᠭᠠᠨ ᠤ | ᠲᠦᠷᠦ ᠶᠢᠨ ᠪᠣᠳᠣᠯᠭ᠎ᠠ ᠵᠡᠷᠭᠡ ᠶᠢᠨ ᠲᠤᠬᠠᠢ ᠲᠣᠳᠣᠷᠬᠠᠶᠢᠯᠠᠨ ᠥᠭᠦᠯᠡᠵᠡᠢ᠃ | ᠬᠤᠷᠠᠯ ᠤᠨ ᠵᠥᠪᠯᠡᠬᠦ ᠵᠦᠢᠯᠡᠰ ᠢ ᠦᠨᠳᠦᠰᠦᠯᠡᠨ᠂ ᠶᠡᠭᠡ ᠬᠤᠷᠠᠯ ᠠᠴᠠ ᠲᠥᠷᠥ ᠶᠢᠨ ᠶᠠᠪᠤᠳᠠᠯ ᠤᠨ | ᠬᠤᠷᠢᠶ᠎ᠠ ᠶᠢᠨ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ | ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2024 ᠣᠨ ᠤ ᠤᠯᠤᠰ ᠠᠷᠠᠳ ᠤᠨ ᠠᠵᠤ ᠠᠬᠤᠢ ᠪᠠ | ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠤᠨ ᠲᠤᠬᠠᠢ ᠮᠡᠳᠡᠭᠦᠯᠦᠯᠲᠡ ᠵᠢᠴᠢ 2024 ᠣᠨ ᠤ | ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ 2023 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠢ ᠭᠦᠢᠴᠡᠳᠬᠡᠭᠰᠡᠨ | ᠪᠠᠶᠢᠳᠠᠯ ᠬᠢᠭᠡᠳ 2024 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠤᠨ ᠲᠥᠰᠥᠯ ᠤᠨ ᠲᠤᠬᠠᠢ | ᠮᠡᠳᠡᠭᠦᠯᠦᠯᠲᠡ ᠵᠢᠴᠢ 2024 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠤᠨ ᠲᠥᠰᠥᠯ ᠢ ᠬᠢᠨᠠᠨ | ᠪᠠᠶᠢᠴᠠᠭᠠᠪᠠ᠃ | ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠨᠠᠶᠢᠳᠠᠯᠭ᠎ᠠ ᠪᠠᠷ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ ᠯᠢ ᠬᠤᠩ ᠵᠥᠩ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠣᠬᠢᠶᠠᠨ | ᠪᠠᠶᠢᠭᠤᠯᠬᠤ ᠬᠠᠤᠯᠢ ᠳᠤ ᠵᠠᠰᠠᠪᠤᠷᠢ ᠣᠷᠣᠭᠤᠯᠬᠤ ᠲᠥᠰᠥᠯ ᠤᠨ ᠲᠤᠬᠠᠢ ᠲᠣᠳᠣᠷᠬᠠᠶᠢᠯᠠᠯᠲᠠ ᠬᠢᠪᠡ᠃ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠠᠤᠯᠢ ᠳᠤ ᠵᠠᠰᠠᠪᠤᠷᠢ ᠣᠷᠣᠭᠤᠯᠬᠤ | ᠲᠥᠰᠥᠯ ᠤᠨ ᠲᠤᠬᠠᠢ ᠲᠣᠳᠣᠷᠬᠠᠶᠢᠯᠠᠯᠲᠠ ᠳᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ | ᠬᠠᠤᠯᠢ ᠪᠣᠯ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠳᠦᠷᠢᠮ ᠪᠠ ᠠᠵᠢᠯ ᠤᠨ ᠳᠦᠷᠢᠮ ᠤᠨ | ᠲᠤᠬᠠᠢ ᠦᠨᠳᠦᠰᠦᠨ ᠬᠠᠤᠯᠢ ᠮᠥᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠦᠨᠳᠦᠰᠦᠨ ᠬᠠᠤᠯᠢ ᠪᠠ ᠬᠠᠤᠯᠢ | ᠴᠠᠭᠠᠵᠠ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠲᠤᠯᠠᠬᠤ ᠳᠤ ᠴᠢᠬᠤᠯᠠ ᠦᠢᠯᠡᠳᠦᠯ | ᠪᠠᠳᠠᠷᠠᠭᠤᠯᠵᠤ ᠪᠠᠶᠢᠳᠠᠭ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ | ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠨᠠᠮ ᠪᠣᠯᠣᠨ ᠲᠥᠷᠥ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠠᠬᠢᠴᠠ ᠶᠢ ᠶᠡᠭᠡ ᠪᠠᠷ ᠠᠬᠢᠭᠤᠯᠵᠤ᠂ ᠨᠠᠮ ᠪᠣᠯᠣᠨ ᠲᠥᠷᠥ ᠶᠢᠨ ᠪᠠᠶᠢᠭᠤᠯᠤᠮᠵᠢ ᠶᠢᠨ ᠡᠭᠦᠷᠭᠡ | ᠲᠤᠰᠢᠶᠠᠯ ᠰᠢᠰᠲ᠋ᠧᠮᠲᠦ ᠴᠢᠨᠠᠷᠲᠠᠢ᠂ ᠪᠦᠬᠦᠯᠢ ᠴᠣᠭᠴᠠ ᠶᠢᠨ ᠴᠢᠨᠠᠷᠲᠠᠢ ᠳᠠᠭᠢᠨ ᠴᠣᠭᠴᠠᠯᠠᠯᠲᠠ ᠶᠢ ᠪᠡᠶᠡᠯᠡᠭᠦᠯᠵᠦ᠂ | ᠰᠢᠰᠲ᠋ᠧᠮ ᠪᠦᠷᠢᠨ ᠲᠡᠭᠦᠯᠳᠡᠷ᠂ ᠰᠢᠨᠵᠢᠯᠡᠬᠦ ᠤᠬᠠᠭᠠᠨᠴᠢ ᠵᠢᠷᠤᠮᠵᠢᠯ ᠲᠠᠢ᠂ ᠠᠵᠢᠯᠯᠠᠭᠠᠨ ᠥᠨᠳᠥᠷ ᠪᠦᠲᠦᠮᠵᠢᠲᠡᠶ ᠨᠠᠮ | ᠪᠣᠯᠣᠨ ᠲᠥᠷᠥ ᠶᠢᠨ ᠪᠠᠶᠢᠭᠤᠯᠤᠮᠵᠢ ᠶᠢᠨ ᠡᠭᠦᠷᠭᠡ ᠲᠤᠰᠢᠶᠠᠯ ᠤᠨ ᠰᠢᠰᠲ᠋ᠧᠮ ᠢ ᠪᠠᠶᠢᠭᠤᠯᠵᠤ ᠲᠠᠰᠤᠷᠠᠯᠲᠠ ᠦᠭᠡᠢ | ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠪᠠ᠃ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠳᠤ | ᠵᠣᠬᠢᠴᠠᠭᠤᠯᠬᠤ ᠶᠢᠨ ᠲᠥᠯᠥᠭᠡ᠂ ᠦᠢᠯᠡᠳᠦᠯᠭᠡ ᠶᠢᠨ ᠲᠤᠷᠰᠢᠯᠭ᠎ᠠ ᠪᠠᠨ ᠨᠠᠷᠢᠨ ᠬᠢᠨᠠᠮᠠᠭᠠᠢ ᠳ᠋ᠦᠩᠨᠡᠭᠰᠡᠨ ᠰᠠᠭᠤᠷᠢᠨ | ᠳᠡᠭᠡᠷ᠎ᠡ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠠᠤᠯᠢ ᠳᠤ ᠵᠠᠰᠠᠪᠤᠷᠢ ᠣᠷᠣᠭᠤᠯᠵᠤ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠬᠤ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠬᠤ ᠵᠡᠷᠭᠡ ᠴᠢᠬᠤᠯᠠ ᠠᠭᠤᠯᠭ᠎ᠠ ᠶᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ | ᠬᠠᠤᠯᠢ ᠳᠤ ᠪᠢᠴᠢᠵᠦ ᠣᠷᠣᠭᠤᠯᠤᠨ᠂ ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠵᠣᠷᠢᠭ ᠰᠠᠨᠠᠭ᠎ᠠ ᠪᠣᠯᠣᠨ ᠦᠷ᠎ᠡ ᠪᠦᠲᠦᠭᠡᠯ ᠢ ᠬᠠᠤᠯᠢ ᠴᠠᠭᠠᠵᠠ ᠶᠢᠨ ᠲᠣᠭᠲᠠᠭᠠᠯ ᠢᠶᠠᠷ | ᠳᠠᠮᠵᠢᠭᠤᠯᠤᠨ ᠢᠯᠡᠷᠡᠭᠦᠯᠬᠦ ᠴᠢᠬᠤᠯᠠᠲᠠᠢ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ | ᠬᠠᠤᠯᠢ ᠳᠤ ᠵᠠᠰᠠᠪᠤᠷᠢ ᠣᠷᠣᠭᠤᠯᠬᠤ ᠪᠣᠯ ᠰᠢᠨ᠎ᠡ ᠴᠠᠭ ᠦᠶ᠎ᠡ ᠶᠢᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ | ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ᠂ ᠵᠠᠰᠠᠭ ᠤᠨ ᠣᠷᠳᠣᠨ ᠤ ᠲᠤᠰ ᠪᠡᠶ᠎ᠡ ᠶᠢᠨ | ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠬᠤ᠂ ᠪᠦᠭᠦ ᠰᠡᠳᠬᠢᠯ ᠪᠦᠭᠦ | ᠵᠣᠷᠢᠭ ᠢᠶᠠᠷ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠪᠠᠷᠢᠮᠲᠠᠯᠠᠬᠤ ᠳᠦᠷᠢᠮ ᠤᠨ ᠪᠠᠲᠤᠯᠠᠭ᠎ᠠ | ᠮᠥᠨ᠂ ᠰᠢᠨ᠎ᠡ ᠴᠠᠭ ᠦᠶ᠎ᠡ ᠳᠤ ᠦᠨᠳᠦᠰᠦᠨ ᠬᠠᠤᠯᠢ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠬᠡᠷᠡᠭᠵᠢᠭᠦᠯᠬᠦ᠂ | ᠬᠠᠤᠯᠢᠵᠢᠯ ᠤᠨ ᠵᠠᠰᠠᠭ ᠤᠨ ᠣᠷᠳᠣᠨ ᠢ ᠪᠦᠭᠦ ᠲᠠᠯ᠎ᠠ ᠪᠠᠷ ᠪᠠᠶᠢᠭᠤᠯᠬᠤ ᠶᠢᠨ ᠴᠢᠬᠤᠯᠠ ᠲᠠᠯ᠎ᠠ ᠮᠥᠨ᠂ ᠨᠠᠮ ᠪᠣᠯᠣᠨ | ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠤᠯᠤᠰ ᠤᠨ ᠵᠠᠰᠠᠯᠲᠠ ᠶᠢᠨ ᠰᠢᠰᠲ᠋ᠧᠮ | ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠬᠦᠴᠦᠲᠡᠢ ᠠᠷᠭ᠎ᠠ ᠬᠡᠮᠵᠢᠶ᠎ᠡ ᠮᠥᠨ᠃ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠠᠤᠯᠢ ᠳᠤ ᠵᠠᠰᠠᠪᠤᠷᠢ ᠣᠷᠣᠭᠤᠯᠬᠤ ᠲᠥᠰᠥᠯ | ᠨᠡᠶᠢᠳᠡ 20 ᠵᠦᠢᠯ ᠪᠤᠢ᠂ ᠭᠤᠣᠯ ᠵᠠᠰᠠᠪᠤᠷᠢ ᠣᠷᠣᠭᠤᠯᠬᠤ ᠠᠭᠤᠯᠭ᠎ᠠ ᠳᠤ᠄ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠰᠢᠨᠵᠢ ᠴᠢᠨᠠᠷ ᠪᠠᠶᠢᠷᠢ ᠰᠠᠭᠤᠷᠢ ᠶᠢᠨ ᠲᠤᠬᠠᠢ ᠲᠣᠭᠲᠠᠭᠠᠯ ᠢ ᠨᠡᠮᠡᠵᠦ᠂ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠠᠵᠢᠯ ᠤᠨ ᠵᠢᠯᠤᠭᠤᠳᠬᠤ ᠦᠵᠡᠯ ᠰᠠᠨᠠᠭ᠎ᠠ ᠶᠢ ᠲᠣᠳᠣᠷᠬᠠᠶᠢᠯᠠᠨ᠂ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠡᠷᠬᠡ ᠲᠤᠰᠢᠶᠠᠯ ᠤᠨ ᠲᠤᠬᠠᠢ ᠥᠭᠦᠯᠡᠯᠲᠡ ᠶᠢ ᠲᠡᠭᠦᠯᠳᠡᠷᠵᠢᠭᠦᠯᠵᠦ᠂ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠪᠦᠷᠢᠯᠳᠦᠭᠦᠨ ᠤ ᠬᠤᠯᠪᠣᠭᠳᠠᠯ ᠪᠦᠬᠦᠢ ᠲᠣᠭᠲᠠᠭᠠᠯ ᠢ ᠲᠡᠭᠦᠯᠳᠡᠷᠵᠢᠭᠦᠯᠦᠨ᠂ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠵᠢᠴᠢ ᠲᠡᠭᠦᠨ ᠤ ᠡᠷᠬᠡ ᠲᠤᠰᠢᠶᠠᠯ ᠤᠨ ᠲᠤᠬᠠᠢ ᠬᠤᠯᠪᠣᠭᠳᠠᠯ ᠪᠦᠬᠦᠢ | ᠲᠣᠭᠲᠠᠭᠠᠯ ᠢ ᠲᠡᠭᠦᠯᠳᠡᠷᠵᠢᠭᠦᠯᠵᠦ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠷᠠᠯ ᠤᠨ ᠳᠦᠷᠢᠮ ᠢ | ᠲᠡᠭᠦᠯᠳᠡᠷᠵᠢᠭᠦᠯᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠪᠦᠭᠦ | ᠲᠠᠯ᠎ᠠ ᠪᠠᠷ ᠵᠥᠪ ᠭᠦᠢᠴᠡᠳᠬᠡᠬᠦ ᠳᠦᠷᠢᠮ ᠤᠨ ᠠᠷᠭ᠎ᠠ ᠬᠡᠮᠵᠢᠶ᠎ᠡ ᠶᠢ ᠨᠡᠮᠡᠭᠳᠡᠭᠦᠯᠬᠦ ᠶᠢ ᠪᠠᠭᠲᠠᠭᠠᠨ᠎ᠠ ᠭᠡᠵᠦ ᠵᠢᠭᠠᠵᠤ | ᠭᠠᠷᠭᠠᠪᠠ᠃ | ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠭᠰᠠᠳ ᠲᠤ ᠪᠠᠰᠠ᠄ ᠮᠠ ᠰᠢᠩ ᠷᠦᠢ᠂ ᠸᠠᠩ ᠢ᠂ ᠶᠢᠨ ᠯᠢ᠂ | ᠱᠢ ᠲᠠᠢ ᠹᠧᠩ᠂ ᠯᠢᠦ ᠭᠦᠸᠧ ᠵᠦᠩ᠂ ᠯᠢ ᠭᠠᠨ ᠵᠢᠶᠧ᠂ ᠯᠢ ᠱᠤ᠋ ᠯᠧᠢ᠂ ᠾᠧ ᠸᠧᠢ ᠳ᠋ᠦᠩ᠂ ᠾᠧ ᠯᠢ ᠹᠧᠩ᠂ | ᠵᠠᠩ ᠶᠢᠦ ᠰᠢᠶᠠ᠂ ᠵᠠᠩ ᠭᠦᠸᠧ ᠴᠢᠩ᠂ ᠴᠧᠨ ᠸᠧᠨ ᠴᠢᠩ᠂ ᠴᠧᠨ ᠵᠢᠢ ᠨᠢᠩ᠂ ᠴᠧᠨ ᠮᠢᠨ ᠡᠯ᠂ ᠶᠤᠸᠠᠨ ᠵᠢᠶᠠ | ᠵᠢᠶᠦ᠋ᠨ᠂ ᠬᠤᠸᠠᠩ ᠺᠦᠨ ᠮᠢᠩ᠂ ᠯᠢᠦ ᠶᠢᠨ ᠭᠦᠸᠧ᠂ ᠸᠠᠩ ᠰᠢᠶᠣᠣ ᠬᠤᠩ᠂ ᠦ᠋ ᠵᠧᠩ ᠯᠦᠩ᠂ ᠱᠧᠨ ᠢ ᠴᠢᠨ | ᠂ ᠵᠠᠩ ᠵᠢᠶᠦ᠋ᠨ᠂ ᠶᠢᠩ ᠶᠦᠩ᠂ ᠬᠤ᠋ ᠴᠦᠨ ᠬᠤᠸᠠ᠂ ᠱᠧᠨ ᠶᠤᠸᠠᠢ ᠶᠤᠸᠠᠢ᠂ ᠸᠠᠩ ᠶᠦᠩ᠂ ᠵᠧᠦ ᠴᠢᠶᠠᠩ᠂ | ᠫᠠᠪᠠᠯᠠ • ᠭᠧᠯᠢᠭᠨᠡᠮᠵᠢᠯ᠂ ᠾᠧ ᠾᠧᠦ ᠬᠤᠸᠠ᠂ ᠯᠢᠶᠠᠩ ᠵᠧᠨ ᠶᠢᠩ᠂ ᠪᠠᠭᠠᠲᠤᠷ᠂ ᠰᠦ᠋ ᠬᠤᠶ᠂ ᠱᠤᠤ ᠬᠤᠩ᠂ | ᠭᠤᠤ ᠶᠦᠨ ᠯᠦᠩ᠂ ᠴᠧᠨ ᠦ᠋᠂ ᠮᠦ ᠬᠤᠩ᠂ ᠰᠢᠶᠠᠨ ᠬᠤᠶ᠂ ᠸᠠᠩ ᠳ᠋ᠦᠩ ᠹᠧᠩ᠂ ᠵᠢᠶᠠᠩ ᠰᠢᠨ ᡁᠢ᠂ ᠵᠢᠶᠠᠩ | ᠽᠦᠸᠧ ᠵᠢᠶᠦ᠋ᠨ᠂ ᠾᠧ ᠪᠦᠦ ᠰᠢᠶᠠᠩ᠂ ᠸᠠᠩ ᠭᠤᠸᠠᠩ ᠴᠢᠶᠠᠨ᠂ ᠴᠢᠨ ᠪᠦᠸᠧ ᠶᠦᠩ᠂ ᠵᠦ ᠶᠦᠩ ᠰᠢᠨ᠂ ᠶᠠᠩ | ᠵᠧᠨ ᠵᠢᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠯᠢᠦ ᠵᠧᠨ ᠯᠢ᠂ ᠵᠠᠩ ᠱᠧᠩ ᠮᠢᠨ ᠨᠠᠷ | ᠪᠤᠢ᠃ | ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠯᠢ ᠵᠢᠶᠠ ᠴᠤᠤ᠂ | ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠾᠧ ᠢ ᠴᠧᠩ ᠬᠤᠷᠠᠯ ᠳᠤ | ᠰᠤᠯᠠ ᠣᠷᠣᠯᠴᠠᠬᠰᠠᠨ ᠪᠥᠭᠡᠳ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ᠃ | ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ | ᠬᠤᠶᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠶᠡᠭᠡ ᠬᠤᠷᠠᠯ ᠳᠤ | ᠰᠤᠯᠠ ᠣᠷᠣᠯᠴᠠᠵᠠᠢ᠃ | ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠴᠢᠯᠦᠭᠡᠯᠡᠬᠦ | ᠴᠡᠷᠢᠭ ᠤᠨ ᠬᠤᠯᠪᠣᠭᠳᠠᠯ ᠪᠦᠬᠦᠢ ᠨᠢᠭᠡᠴᠢ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ᠂ ᠡᠯ᠎ᠡ ᠠᠷᠠᠳ ᠤᠨ | ᠪᠦᠯᠭᠦᠮ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠶᠡᠭᠡ ᠬᠤᠷᠠᠯ ᠳᠤ ᠰᠤᠯᠠ ᠣᠷᠣᠯᠴᠠᠬᠰᠠᠨ ᠪᠤᠶᠤ ᠶᠡᠭᠡ | ᠬᠤᠷᠠᠯ ᠢ ᠰᠤᠯᠠ ᠰᠣᠨᠣᠰᠴᠠᠢ᠃ | ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠶᠢᠨ ᠡᠯᠴᠢᠨ ᠰᠠᠶᠢᠳ ᠶᠡᠭᠡ ᠬᠤᠷᠠᠯ ᠢ ᠰᠤᠯᠠ ᠰᠣᠨᠣᠰᠪᠠ᠃ |