| | ︽5 · 1︾ ᠤ ᠠᠮᠠᠷᠠᠯᠲᠠ ᠶᠢᠨ ᠬᠤᠭᠤᠴᠠᠭ᠎ᠠ ᠬᠦᠷᠴᠦ ᠢᠷᠡᠪᠡ᠂ ᠪᠠᠶᠠᠷ ᠤᠨ ᠡᠳᠦᠷ ᠤᠨ | ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠨᠠᠭᠰᠢᠳᠠ ᠴᠢᠩᠭᠠᠳᠬᠠᠬᠤ ᠶᠢᠨ ᠲᠥᠯᠥᠭᠡ᠂ 4 | ᠰᠠᠷ᠎ᠠ ᠶᠢᠨ 29 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠰᠢᠶᠤᠤ ᠪᠢᠩ | ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠶᠢᠨ ᠴᠢᠮᠡᠭᠡ ᠮᠡᠳᠡᠭᠡᠨ ᠤ ᠵᠢᠯᠣᠭᠤᠳᠬᠤ ᠶᠡᠭᠡ ᠲᠢᠩᠬᠢᠮ᠂ | ᠤᠯᠠᠭᠠᠨᠬᠤᠲᠠ ᠶᠢᠨ ᠲᠠᠮᠠᠬᠢᠨ ᠤ ᠦᠢᠯᠡᠳᠪᠦᠷᠢ᠂ ᠠᠶᠢᠮᠠᠭ ᠤᠨ ᠤᠢ ᠰᠢᠭᠤᠢ ᠨᠤᠳᠤᠭ ᠪᠡᠯᠴᠢᠭᠡᠷ ᠤᠨ ᠲᠤᠪᠴᠢᠶ᠎ᠠ | ᠶᠢᠨ ᠭᠠᠯ ᠰᠡᠷᠭᠡᠶᠢᠯᠡᠬᠦ ᠠᠵᠢᠯ ᠤᠨ ᠵᠢᠯᠣᠭᠤᠳᠬᠤ ᠲᠠᠰᠤᠭ ᠲᠤ ᠬᠦᠷᠴᠦ᠂ ᠵᠠᠮ ᠤᠨ ᠠᠮᠤᠷ ᠲᠦᠪᠰᠢᠨ᠂ | ᠦᠢᠯᠡᠳᠪᠦᠷᠢᠯᠡᠯ ᠤᠨ ᠠᠮᠤᠷ ᠲᠦᠪᠰᠢᠨ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠵᠡᠷᠭᠡ ᠠᠵᠢᠯ ᠢ | ᠪᠠᠶᠢᠴᠠᠭᠠᠨ ᠰᠤᠳᠤᠯᠵᠠᠢ᠃ | ᠵᠠᠩ ᠰᠢᠶᠤᠤ ᠪᠢᠩ ᠬᠡᠯᠡᠬᠦ ᠳᠡᠭᠡᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠴᠠᠭ ᠢᠮᠠᠭᠲᠠ | ᠰᠠᠨᠠᠭ᠎ᠠ ᠠᠮᠤᠷ ᠥᠬᠡᠶ ᠪᠠᠶᠢᠬᠤ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠷᠠᠭᠤᠯᠵᠤ᠂ ᠪᠠᠭ᠎ᠠ ᠶᠠᠪᠤᠳᠠᠯ ᠠᠴᠠ | ᠪᠣᠳᠣᠯᠬᠢᠯᠠᠨ᠂ ᠨᠠᠷᠢᠨ ᠶᠠᠪᠤᠳᠠᠯ ᠠᠴᠠ ᠭᠠᠷᠳᠠᠵᠤ᠂ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ | ᠭᠦᠨᠵᠡᠭᠡᠶᠢᠷᠡᠭᠦᠯᠦᠨ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠬᠦ ᠪᠠ ᠤᠳᠤᠷᠢᠳᠤᠯᠭ᠎ᠠ ᠳᠠᠭᠠᠭᠤᠯᠬᠤ ᠲᠦᠷᠢᠮ ᠢ | ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠶ ᠦᠢᠯᠡᠳᠪᠦᠷᠢᠯᠡᠯ ᠳᠤ ᠤᠴᠢᠷ ᠭᠠᠷᠬᠤ ᠥᠬᠡᠶ ᠪᠠᠶᠢᠬᠤ ᠶᠢ ᠦᠨᠡᠨ ᠬᠦ | ᠪᠠᠲᠤᠯᠠᠬᠤ ᠬᠡᠷᠡᠭᠲᠡᠶ᠃ ᠠᠮᠠᠷᠠᠯᠲᠠ ᠶᠢᠨ ᠬᠤᠭᠤᠴᠠᠭᠠᠨ ᠤ ᠵᠠᠮ ᠬᠠᠷᠢᠯᠴᠠᠭᠠᠨ ᠤ ᠠᠮᠤᠷ ᠲᠦᠪᠰᠢᠨ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠭᠤᠤᠯᠳᠠᠯᠭ᠎ᠠ ᠲᠠᠢ ᠵᠠᠮ ᠤᠨ ᠬᠡᠰᠡᠭ᠂ ᠭᠤᠤᠯᠳᠠᠯᠭ᠎ᠠ ᠲᠠᠢ ᠲᠡᠷᠭᠡ ᠬᠥᠰᠬᠡ᠂ | ᠵᠢᠭᠤᠯᠴᠢᠯᠠᠯ ᠤᠨ ᠵᠠᠮ ᠱᠤᠭᠤᠮ᠂ ᠵᠢᠭᠤᠯᠴᠢᠯᠠᠯ ᠤᠨ ᠦᠵᠡᠮᠵᠢ ᠶᠢᠨ ᠴᠡᠭ ᠤᠨ ᠲᠣᠭᠤᠷᠢᠨ ᠳᠤ ᠤᠷᠢᠳᠴᠢᠯᠠᠨ | ᠰᠤᠳᠤᠯᠤᠨ ᠮᠠᠭᠠᠳᠯᠠᠵᠤ ᠪᠠᠶᠢᠷᠢᠯᠠᠭᠤᠯᠤᠨ᠂ ︽ᠬᠤᠶᠠᠷ ᠢ ᠨᠡᠶᠢᠲᠡᠯᠡᠵᠦ ᠨᠢᠭᠡ ᠶᠢ ᠰᠠᠨᠠᠭᠤᠯᠬᠤ︾ ᠤᠬᠠᠭᠤᠯᠭ᠎ᠠ ᠶᠢᠨ | ᠡᠷᠴᠢᠮ ᠢᠶᠠᠨ ᠴᠢᠩᠭᠠᠷᠠᠭᠤᠯᠵᠤ᠂ ᠵᠠᠮ ᠤᠨ ᠲᠣᠭᠤᠷᠢᠨ ᠪᠠᠶᠢᠴᠠᠭᠠᠬᠤ ᠤᠳᠠᠭ᠎ᠠ ᠶᠢ ᠨᠢᠭᠤᠴᠠᠯᠠᠵᠤ᠂ ᠠᠷᠢᠬᠢ | ᠤᠤᠭᠤᠵᠤ ᠰᠣᠭᠲᠣᠭᠤ ᠪᠠᠷ ᠲᠡᠷᠭᠡ ᠵᠢᠯᠣᠭᠤᠳᠬᠤ᠂ ᠬᠡᠲᠦ ᠲᠦᠷᠭᠡᠨ ᠬᠡᠲᠦ ᠠᠴᠢᠶᠠᠯᠠᠬᠤ ᠵᠡᠷᠭᠡ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠵᠠᠮ ᠤᠨ ᠠᠮᠤᠷ ᠲᠦᠪᠰᠢᠨ | ᠰᠠᠭᠠᠳ ᠥᠬᠡᠶ ᠨᠡᠪᠲᠡᠷᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠯᠲᠡ ᠶᠢ ᠦᠷᠭᠦᠯᠵᠢᠯᠡᠨ ᠰᠠᠶᠢᠲᠤᠷ ᠠᠳᠬᠤᠵᠤ᠂ ᠭᠠᠯ ᠤᠨ ᠭᠠᠮᠰᠢᠭ ᠤᠨ | ᠲᠦᠭᠰᠢᠭᠦᠷᠢ ᠶᠢ ᠦᠨᠡᠯᠡᠨ ᠵᠢᠱᠢᠬᠦ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ ᠶᠢ ᠴᠢᠩᠭᠠᠳᠬᠠᠨ᠂ ᠭᠠᠯ ᠰᠡᠷᠭᠡᠶᠢᠯᠡᠯᠲᠡ ᠶᠢᠨ ᠣᠶᠤᠨᠴᠢᠯᠠᠭᠰᠠᠨ ᠬᠠᠮᠢᠶᠠᠷᠤᠯᠲᠠ ᠶᠢᠨ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠳᠬᠠᠵᠤ᠂ ᠡᠷᠬᠡ ᠬᠠᠷᠢᠭᠤᠴᠠᠯᠭ᠎ᠠ ᠲᠣᠳᠣᠷᠬᠠᠶ᠂ ᠣᠯᠠᠨ ᠱᠠᠲᠤ ᠬᠤᠯᠪᠣᠭᠠᠯᠠᠨ | ᠬᠥᠳᠡᠯᠦᠯᠴᠡᠭᠰᠡᠨ᠂ ᠠᠵᠢᠯᠯᠠᠭᠠᠨ ᠨᠢ ᠥᠨᠳᠥᠷ ᠪᠦᠲᠦᠮᠵᠢᠲᠡᠶ ᠲᠣᠤᠷᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ | ᠲᠣᠭᠲᠠᠴᠠ ᠶᠢ ᠪᠠᠶᠢᠭᠤᠯᠵᠤ᠂ ᠡᠯ᠎ᠡ ᠲᠥᠷᠥᠯ ᠤᠨ ᠭᠡᠨᠡᠳᠲᠡ ᠶᠢᠨ ᠭᠠᠯ ᠤᠨ ᠪᠠᠶᠢᠳᠠᠯ ᠢᠯᠠᠩᠭᠤᠶ᠎ᠠ ᠮᠣᠩᠭᠤᠯ | ᠤᠯᠤᠰ ᠤᠨ ᠬᠢᠯᠢ ᠪᠠᠷ ᠥᠩᠭᠡᠷᠡᠬᠦ ᠭᠠᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠥᠴᠦᠬᠡᠨ ᠴᠦ ᠠᠯᠳᠠᠰᠢ ᠭᠠᠷᠭᠠᠬᠤ ᠥᠬᠡᠶ ᠪᠠᠶᠢᠬᠤ ᠶᠢ ᠦᠨᠡᠨᠬᠦ ᠪᠠᠲᠤᠯᠠᠬᠤ | ᠬᠡᠷᠡᠭᠲᠡᠶ ᠭᠡᠵᠡᠢ᠃ | ᠤᠯᠠᠭᠠᠨᠬᠤᠲᠠ ᠶᠢᠨ ᠶᠠᠨᠵᠤᠤᠷ ᠲᠠᠮᠠᠬᠢ ᠶᠢᠨ ᠦᠢᠯᠡᠳᠪᠦᠷᠢ ᠳᠤ᠂ ᠪᠠᠶᠢᠴᠠᠭᠠᠯᠲᠠ ᠪᠠᠷ ᠢᠯᠡᠷᠡᠭᠦᠯᠦᠭᠰᠡᠨ | ᠦᠢᠯᠡᠳᠪᠦᠷᠢ ᠶᠢᠨ ᠲᠣᠭᠤᠷᠢᠭ ᠲᠤ ᠳᠡᠯᠪᠡᠷᠡᠯᠲᠡ ᠶᠢ ᠲᠠᠰᠤᠯᠬᠤ ᠲᠣᠨᠣᠭᠯᠠᠯ ᠤᠭᠰᠠᠷᠠᠭ᠎ᠠ ᠦᠭᠡᠢ᠂ ᠬᠠᠭᠤᠷᠠᠢ | ᠮᠠᠶ᠋ᠢᠭ ᠤᠨ ᠲᠣᠭᠤᠰᠣ ᠠᠷᠢᠯᠭᠠᠬᠤ ᠰᠢᠰᠲ᠋ᠧᠮ ᠳᠤ ᠳᠡᠯᠪᠡᠷᠡᠯᠲᠡ ᠶᠢ ᠪᠠᠭᠠᠰᠬᠠᠬᠤ ᠵᠡᠷᠭᠡ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠠᠪᠤᠭᠰᠠᠨ ᠦᠭᠡᠢ ᠠᠰᠠᠭᠤᠳᠠᠯ ᠳᠤ ᠴᠢᠭᠯᠡᠭᠦᠯᠦᠨ᠂ ᠵᠠᠩ ᠰᠢᠶᠤᠤ ᠪᠢᠩ ᠠᠵᠤ ᠠᠬᠤᠶᠢᠯᠠᠯ ᠢ | ᠴᠡᠭᠴᠡᠯᠡᠨ ᠰᠠᠶᠢᠵᠢᠷᠠᠭᠤᠯᠬᠤ ᠪᠠᠨ ᠴᠢᠩᠭᠠᠳᠬᠠᠵᠤ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ | ᠡᠷᠡᠰ ᠰᠡᠷᠭᠡᠶᠢᠯᠡᠬᠦ ᠬᠡᠷᠡᠭᠲᠡᠢ᠃ ᠲᠡᠷᠡ᠂ ᠡᠯ᠎ᠡ ᠲᠦᠷᠦᠯ ᠤᠨ ᠠᠵᠤ ᠠᠬᠤᠶᠢᠯᠠᠯ ᠭᠤᠣᠯ ᠴᠣᠭᠴᠠ ᠶᠢᠨ | ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ | ᠴᠢᠩᠭᠠᠳᠬᠠᠵᠤ᠂ ᠭᠡᠮ ᠰᠣᠭᠤᠭ ᠢ ᠴᠠᠭ ᠲᠤᠬᠠᠢ ᠳᠤᠨᠢ ᠠᠷᠢᠯᠭᠠᠵᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠠᠮᠢᠨ | ᠰᠤᠳᠠᠰᠤ ᠶᠢ ᠢᠮᠠᠭᠲᠠ ᠪᠠᠲᠤ ᠰᠠᠬᠢᠬᠤ ᠬᠡᠷᠡᠭᠲᠡᠢ᠃ ᠡᠯ᠎ᠡ ᠠᠵᠢᠯ ᠲᠦᠷᠦᠯ ᠤᠨ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠨ ᠬᠢᠨ ︽ᠭᠤᠷᠪᠠᠨ ᠡᠷᠬᠡᠪᠰᠢ︾ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠭᠤᠵᠢᠭᠤ ᠰᠤᠯᠠ ᠵᠥᠭᠡᠯᠡᠨ ᠪᠠᠶᠢᠬᠤ | ᠠᠰᠠᠭᠤᠳᠠᠯ ᠢ ᠶᠡᠭᠡ ᠬᠦᠴᠦ ᠣᠷᠣᠭᠤᠯᠤᠨ ᠴᠡᠭᠴᠡᠯᠡᠨ ᠵᠠᠰᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ | ᠡᠰᠡᠷᠭᠦᠴᠡᠵᠦ᠂ ᠠᠵᠢᠯ ᠢᠶᠠᠨ ᠴᠢᠩᠭ᠎ᠠ ᠪᠥᠭᠡᠳ ᠴᠢᠩᠭ᠎ᠠ᠂ ᠨᠠᠷᠢᠯᠢᠭ ᠪᠥᠭᠡᠳ ᠨᠠᠷᠢᠯᠢᠭ ᠰᠠᠶᠢᠲᠤᠷ ᠬᠢᠬᠦ ᠬᠡᠷᠡᠭᠲᠡᠢ | ᠭᠡᠵᠦ ᠱᠠᠭᠠᠷᠳᠠᠪᠠ ᠃ | ᠰᠦᠨ ᠰᠢᠩ ᠢᠦᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | |