ᠵᠠᠩ ᠰᠢᠶᠤᠤ ᠪᠢᠩ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ ᠳᠤᠯᠠᠭᠠᠨ ᠢᠨᠵᠧᠨᠧᠷᠢᠩ ᠢ ᠳᠥᠯᠭᠢᠨ ᠠᠬᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/5/15
        5 ᠳ᠋ᠤᠭᠠᠷ ᠰᠠᠷ᠎ᠠ ᠶᠢᠨ 6 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠰᠢᠶᠤᠤ ᠪᠢᠩ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠬᠤᠲᠠ ᠶᠢᠨ ᠳᠤᠯᠠᠭᠠᠨ  ᠢᠨᠵᠧᠨᠧᠷᠢᠩ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠡᠭᠦᠷᠭᠡ ᠶᠢ ᠰᠤᠳᠤᠯᠤᠨ ᠪᠠᠶᠢᠷᠢᠯᠠᠭᠤᠯᠪᠠ᠃    ᠵᠠᠩ ᠰᠢᠶᠤᠤ ᠪᠢᠩ ᠬᠡᠯᠡᠬᠦ ᠳᠡᠭᠡᠨ᠂ ᠳᠤᠯᠠᠭᠠᠨ ᠢᠨᠵᠧᠨᠧᠷᠢᠩ ᠪᠣᠯ ᠲᠦᠭ ᠲᠦᠮᠡᠨ ᠠᠶᠢᠯ ᠡᠷᠦᠬᠡ ᠶᠢᠨ ᠠᠮᠤᠷ ᠲᠠᠶᠢᠪᠤᠩ ᠠᠵᠤ ᠲᠦᠷᠦᠭᠦ ᠳᠤ ᠬᠤᠯᠪᠣᠭᠳᠠᠬᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠃ ᠪᠥᠬᠦ ᠠᠶᠢᠮᠠᠭ ᠤᠨ ᠡᠯ᠎ᠡ ᠱᠠᠲᠤᠨ ᠤ ᠬᠢᠨ ᠠᠵᠠ ᠲᠣᠬᠢᠶᠠᠯ ᠢ ᠵᠠᠪᠳᠤᠨ ᠠᠳᠬᠤᠵᠤ᠂ ᠡᠭᠦᠷᠭᠡᠯᠡᠨ ᠠᠵᠢᠯᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ︽ᠡᠪᠦᠯ ᠤᠨ ᠡᠪᠡᠳᠴᠢᠨ ᠢ ᠡᠪᠦᠯ ᠪᠠᠶᠢᠴᠠᠭᠠᠯᠲᠠ ᠬᠢᠬᠦ︾ ᠠᠵᠢᠯ ᠤᠨ ᠳᠤᠮᠳᠠᠬᠢ ︽ᠡᠬᠢ ᠰᠤᠷᠪᠤᠯᠵᠢ᠂ ᠰᠦᠯᠵᠢᠶ᠎ᠡ᠂ ᠥᠷᠲᠡᠭᠡ᠂ ᠦᠵᠦᠭᠦᠷ︾ ᠢ ᠵᠢᠭᠰᠠᠭᠠᠨ ᠪᠠᠶᠢᠴᠠᠭᠠᠵᠤ ᠭᠠᠷᠭᠠᠭᠰᠠᠨ ᠠᠰᠠᠭᠤᠳᠠᠯ ᠳᠤ ᠴᠢᠭᠯᠡᠭᠦᠯᠦᠨ᠂ ︽ᠡᠪᠦᠯ ᠤᠨ ᠡᠪᠡᠳᠴᠢᠨ ᠢ ᠵᠣᠨ  ᠵᠠᠰᠠᠯᠲᠠ ᠬᠢᠬᠦ︾ ᠶᠢ ᠬᠦᠴᠦᠲᠡᠶ ᠪᠥᠭᠡᠳ ᠡᠮᠬᠢ ᠵᠢᠷᠤᠮ ᠲᠠᠢ ᠥᠷᠨᠢᠭᠦᠯᠵᠦ᠂ ᠳᠤᠲᠠᠭᠤᠳᠠᠯ ᠢᠶᠠᠨ ᠨᠥᠬᠦᠪᠥᠷᠢᠯᠡᠵᠦ᠂ ᠪᠠᠭᠤᠷᠠᠶ ᠲᠠᠯ᠎ᠠ ᠪᠠᠨ ᠪᠠᠭᠤᠷᠠᠭᠤᠯᠤᠨ᠂ ᠢᠯᠴᠢ ᠬᠠᠩᠭᠠᠬᠤ ᠪᠠᠲᠤᠯᠠᠭ᠎ᠠ ᠶᠢᠨ ᠴᠢᠳᠠᠪᠤᠷᠢ ᠪᠠ ᠳᠤᠯᠠᠭᠠᠯᠠᠭ᠎ᠠ ᠶᠢᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠣᠯᠠᠨ ᠲᠦᠮᠡᠨ ᠤ ᠪᠡᠶ᠎ᠡ ᠰᠡᠳᠬᠢᠯ ᠢ ᠨᠠᠩ ᠳᠤᠯᠠᠭᠠᠴᠠᠭᠤᠯᠬᠤ ᠪᠠᠷ ᠴᠢᠷᠮᠠᠶᠢᠬᠤ ᠬᠡᠷᠡᠭᠲᠡᠶ᠃ ᠤᠯᠠᠨ ᠠᠷᠭ᠎ᠠ ᠵᠠᠮ ᠢᠶᠠᠷ ᠪᠡᠯᠡ ᠮᠥᠩᠭᠦ ᠴᠤᠭᠯᠠᠭᠤᠯᠵᠤ᠂ ᠵᠠᠰᠠᠭ ᠤᠨ ᠣᠷᠳᠣᠨ᠂ ᠠᠵᠤ ᠠᠬᠤᠶᠢᠯᠠᠯ ᠬᠠᠮᠲᠤᠪᠠᠷ ᠬᠦᠴᠦᠯᠡᠬᠦ ᠶᠢ ᠪᠠᠷᠢᠮᠲᠠᠯᠠᠵᠤ᠂ ᠢᠳᠡᠪᠬᠢᠲᠡᠢ ᠪᠠᠷ ᠥᠭᠡᠳᠡᠯᠡᠨ ᠳᠠᠪᠰᠢᠵᠤ᠂ ᠤᠯᠠᠨ ᠬᠦᠷᠢᠶᠡᠨ ᠳᠤ ᠲᠦᠷᠦᠯ ᠵᠦᠢᠯ ᠢ ᠲᠥᠯᠥᠪᠵᠢᠭᠦᠯᠵᠦ᠂ ᠪᠡᠯᠡ ᠮᠥᠩᠭᠦᠨ ᠤ ᠳᠤᠲᠠᠭᠤᠳᠠᠯ ᠢ ᠪᠦᠬᠦ ᠬᠦᠴᠦᠨ ᠢᠶᠠᠷ ᠢᠶᠠᠨ ᠨᠥᠬᠦᠪᠥᠷᠢᠯᠡᠵᠦ᠂ ᠢᠨᠵᠧᠨᠧᠷᠢᠩ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠲᠦᠷᠭᠡᠨ ᠠᠵᠢᠯᠯᠠᠬᠤ ᠶᠢ ᠴᠢᠩᠭ᠎ᠠ ᠠᠳᠬᠤᠵᠤ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠲᠣᠬᠢᠷᠠᠭᠤᠯᠵᠤ᠂ ᠠᠬᠢᠴᠠ ᠶᠢᠨ ᠪᠣᠭᠤᠮᠲᠠ᠂ ᠶᠠᠰᠤ ᠴᠢᠨᠠᠷ ᠤᠨ ᠪᠣᠭᠤᠮᠲᠠ᠂ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠵᠤ᠂ ᠪᠦᠬᠦ ᠬᠦᠴᠦᠨ ᠢᠶᠠᠷ ᠢᠶᠠᠨ ᠴᠠᠭ ᠢ ᠠᠮᠵᠢᠨ ᠤᠷᠤᠭᠰᠢᠯᠠᠵᠤ᠂ ᠠᠬᠢᠴᠠ ᠶᠢ ᠤᠷᠤᠭᠰᠢ ᠠᠬᠢᠭᠤᠯᠵᠤ᠂ ᠪᠦᠳᠦᠭᠡᠨ ᠪᠠᠶᠢᠭᠤᠯᠤᠯᠲᠠ ᠶᠢᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃ ᠠᠵᠢᠯ ᠤᠨ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠵᠦ᠂ ᠲᠦᠷᠦᠯ ᠵᠦᠢᠯ ᠢ ᠳᠠᠭᠠᠭᠠᠴᠢᠯᠠᠨ ᠬᠤᠯᠪᠣᠭᠠᠯᠠᠬᠤ᠂ ᠤᠯᠠᠨ ᠲᠦᠮᠡᠨ ᠤ ᠦᠨᠡᠯᠡᠯᠲᠡ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠵᠡᠷᠭᠡ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠬᠠᠨᠤᠮᠵᠢ ᠶᠢᠨ ᠬᠡᠮᠵᠢᠶ᠎ᠡ ᠶᠢ ᠪᠦᠲᠦᠮᠵᠢᠲᠡᠢ ᠨᠡᠮᠡᠭᠳᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠠᠶᠢᠮᠠᠭ ᠤᠨ ᠤᠳᠤᠷᠢᠳᠤᠯᠭ᠎ᠠ ᠶᠠᠩ ᠵᠢᠢ ᠫᠧᠩ᠂ ᠴᠢᠨ ᠬᠤᠸᠠ ᠵᠧᠨ᠂ ᠰᠦᠨ ᠰᠢᠩ ᠢᠦᠢ᠂ ᠴᠧᠨ ᠬᠤᠩ ᠪᠥᠸᠧ᠂ ᠰᠦᠨ  ᠱᠦ ᠲᠤᠤ᠂ ᠵᠠᠩ ᠱᠤᠸᠠᠩ ᠴᠧᠩ ᠵᠢᠴᠢ ᠡᠯ᠎ᠡ ᠬᠤᠰᠢᠭᠤ ᠰᠢᠶᠠᠨ ᠬᠤᠳᠠ ᠪᠣᠯᠤᠨ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ  
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号