ᠰᠦᠬᠡ ᠤᠯᠠᠭᠠᠨᠬᠤᠲᠠ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/5/15
          5 ᠰᠠᠷ᠎ᠠ ᠶᠢᠨ 8 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠤᠯᠠᠭᠠᠨᠬᠤᠲᠠ ᠶᠢᠨ ︽ᠬᠤᠶᠠᠷ ᠵᠠᠮ ᠬᠤᠶᠠᠷ ᠬᠥᠭᠦᠷᠭᠡ︾ ᠶᠢᠨ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ᠂ ᠤᠯᠠᠭᠠᠨᠬᠤᠲᠠ ᠪᠣᠯᠣᠳ ᠲᠡᠮᠦᠷ ᠤᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ᠂ ᠤᠯᠠᠭᠠᠨᠬᠤᠲᠠ ᠨᠢᠭᠡᠳᠦᠭᠡᠷ ᠳᠤᠮᠳᠠᠳᠤ ᠰᠤᠷᠭᠠᠭᠤᠯᠢ᠂ ᠤᠯᠠᠭᠠᠨᠬᠤᠲᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ᠂ ᠶᠡᠷᠦᠩᠬᠡᠶᠢᠯᠡᠭᠰᠡᠨ ᠨᠠᠰᠤᠵᠢᠯ ᠤᠨ ᠠᠰᠠᠷᠠᠮᠵᠢ ᠶᠢᠨ  ᠦᠢᠯᠡᠴᠢᠯᠡᠭᠡᠨ ᠤ ᠲᠥᠪ ᠲᠤ ᠬᠦᠷᠴᠦ᠂ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ᠂ ᠠᠶᠤᠯᠭᠦᠶ  ᠦᠢᠯᠡᠳᠪᠦᠷᠢᠯᠡᠯ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠪᠡᠯᠡᠳᠬᠡᠯ ᠰᠢᠯᠭᠠᠯᠲᠠ᠂ ᠨᠠᠰᠤᠵᠢᠯ ᠤᠨ ᠠᠰᠠᠷᠠᠮᠵᠢ ᠶᠢᠨ  ᠦᠢᠯᠡᠴᠢᠯᠡᠭᠡ ᠵᠡᠷᠭᠡ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃     ᠰᠦᠬᠡ᠂ ᠣᠳᠣᠬᠠᠨ ᠤ ᠪᠠᠷᠢᠯᠭ᠎ᠠ ᠶᠢᠨ ᠠᠵᠢᠯ ᠳᠤ ᠠᠰᠢᠭᠲᠠᠢ ᠠᠵᠠ ᠲᠣᠬᠢᠶᠠᠯ ᠢ ᠠᠮᠵᠢᠵᠤ᠂ ᠪᠠᠷᠢᠯᠭ᠎ᠠ ᠶᠢᠨ ᠠᠮᠤᠷ ᠲᠦᠪᠰᠢᠨ ᠪᠣᠯᠤᠨ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ ᠭᠡᠵᠦ ᠬᠡᠯᠡᠪᠡ᠃ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠮᠢᠨᠴᠦᠭᠦᠷᠡᠬᠦ ᠦᠵᠡᠯ ᠰᠠᠨᠠᠭ᠎ᠠ ᠪᠣᠯᠤᠨ ᠠᠵᠠ ᠵᠠᠪᠰᠢᠶᠠᠨ ᠢ ᠡᠷᠢᠬᠦ ᠪᠤᠳᠤᠯ ᠢ ᠡᠷᠡᠰ ᠲᠡᠪᠴᠢᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠡᠮ ᠰᠣᠭᠤᠭ ᠢ ᠪᠠᠶᠢᠴᠠᠭᠠᠬᠤ ᠶᠢ ᠴᠢᠨᠠᠭᠰᠢᠳᠠ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠶᠢ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠬᠢ ᠡᠭᠦᠰᠦᠯ ᠠᠴᠠ ᠨᠢ ᠬᠤᠷᠢᠭᠯᠠᠬᠤ ᠬᠡᠷᠡᠭᠲᠡᠢ᠃ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠪᠣᠯᠤᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ ᠪᠣᠳᠠᠲᠠᠢ ᠠᠳᠬᠤᠵᠤ᠂ ᠢᠳᠡᠭᠡᠨ ᠤ ᠠᠮᠤᠷ ᠲᠦᠪᠰᠢᠨ ᠤ ︽ᠲᠦᠷᠪᠡᠨ ᠬᠠᠮᠤᠭ ᠤᠨ ᠴᠢᠩᠭ᠎ᠠ︾ ᠶᠢᠨ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠦᠬᠦ ᠲᠠᠯ᠎ᠠ ᠪᠠᠷ ᠪᠠᠬᠢᠵᠢᠭᠦᠯᠬᠦ ᠬᠡᠷᠡᠭᠲᠡᠢ᠃ ᠰᠢᠯᠭᠠᠯᠲᠠ ᠳᠤ ᠪᠡᠯᠡᠳᠬᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠯᠭᠠᠯᠲᠠ ᠳᠤ ᠪᠡᠯᠡᠳᠬᠡᠬᠦ ᠠᠬᠢᠴᠠ ᠶᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠤᠨ᠂ ᠦᠢᠯᠡᠴᠢᠯᠡᠭᠡᠨ ᠤ ᠪᠠᠲᠤᠯᠠᠭ᠎ᠠ ᠶᠢ ᠪᠥᠬᠦ ᠲᠠᠯ᠎ᠠ ᠪᠠᠷ ᠰᠠᠶᠢᠲᠤᠷ ᠬᠢᠵᠦ᠂ ᠰᠢᠯᠭᠠᠭᠤᠯᠤᠭᠰᠠᠳ ᠲᠤ ᠰᠠᠶᠢᠨ ᠰᠠᠶᠢᠬᠠᠨ ᠰᠤᠷᠤᠯᠴᠠᠯᠭ᠎ᠠ ᠶᠢᠨ ᠰᠢᠯᠭᠠᠯᠲᠠ ᠳᠤ ᠪᠡᠯᠡᠳᠬᠡᠬᠦ ᠣᠷᠴᠢᠨ ᠨᠥᠬᠦᠴᠡᠯ ᠢ ᠪᠣᠶ ᠪᠣᠯᠭᠠᠵᠤ ᠥᠭᠬᠦ ᠬᠡᠷᠡᠭᠲᠡᠶ᠃ ᠨᠠᠰᠤᠲᠠᠶᠢᠴᠤᠳ ᠤᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠩᠭᠠᠨ ᠠᠶᠢᠮᠠᠭ ᠤᠨ ᠨᠠᠰᠤᠵᠢᠯ ᠤᠨ ᠠᠰᠠᠷᠠᠮᠵᠢ ᠶᠢᠨ  ᠦᠢᠯᠡᠰ ᠪᠠ ᠨᠠᠰᠤᠵᠢᠯ ᠤᠨ ᠠᠰᠠᠷᠠᠮᠵᠢ ᠶᠢᠨ ᠠᠵᠤ  ᠦᠢᠯᠡᠰ ᠤᠨ ᠬᠠᠮᠵᠢᠯᠴᠠᠨ ᠬᠥᠭᠵᠢᠬᠦ ᠶᠢ ᠲᠦᠷᠭᠡᠳᠬᠡᠨ ᠠᠬᠢᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠢᠷᠢ ᠲᠦᠪᠰᠢᠨ ᠢ ᠨᠠᠷᠢᠯᠢᠬᠵᠢᠭᠤᠯᠤᠨ ᠳᠡᠭᠡᠭᠰᠢᠯᠡᠭᠦᠯᠵᠦ᠂ ᠨᠠᠰᠤᠲᠠᠶᠢᠴᠤᠳ ᠲᠤ ᠨᠠᠩ ᠳᠣᠲᠣᠨᠣ᠂ ᠨᠠᠩ ᠲᠥᠬᠦᠮ᠂ ᠨᠠᠩ ᠥᠨᠳᠥᠷ ᠶᠠᠰᠤ ᠴᠢᠨᠠᠷ ᠲᠠᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠬᠠᠩᠭᠠᠬᠤ ᠪᠠᠷ ᠴᠢᠷᠮᠠᠶᠢᠬᠤ ᠬᠡᠷᠡᠭᠲᠡᠶ ᠭᠡᠪᠡ᠃     ᠠᠶᠢᠮᠠᠭ ᠤᠨ ᠤᠳᠤᠷᠢᠳᠤᠯᠭ᠎ᠠ ᠶᠠᠩ ᠵᠢᠢ ᠫᠧᠩ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃  
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号