ᠬᠢᠩᠭᠠᠨ ᠠᠶᠢᠮᠠᠭ ᠤᠨ ᠨᠠᠮ ‍ᠤᠨ‌ᠬᠤᠷᠢᠶ᠎ᠠ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠳ ᠤᠨ ᠬᠤᠷᠠᠯ  ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/15
    5 ᠳ᠋ᠤᠭᠠᠷ ᠰᠠᠷ᠎ᠠ ᠶᠢᠨ 10 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠳ ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ  ᠤᠨ ᠴᠢᠬᠤᠯᠠ  ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠠᠶᠢᠮᠠᠭ ᠤᠨ ᠨᠢᠭᠡᠳᠦᠭᠡᠷ ᠤᠯᠠᠷᠢᠯ ᠤᠨ ᠠᠵᠤ ᠠᠬᠤᠶ ᠶᠢᠨ ᠠᠵᠢᠯᠯᠠᠭᠠᠨ᠂ ᠠᠶᠤᠯᠭᠦᠶ  ᠦᠢᠯᠡᠳᠪᠦᠷᠢᠯᠡᠯ ᠤᠨ ᠠᠵᠢᠯ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠢ ᠬᠢᠨᠠᠨ ᠶᠠᠷᠢᠯᠴᠠᠵᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ  ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠦ ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠵᠤ᠂ ᠲᠠᠷᠢᠶᠠᠯᠠᠩ ᠤᠨ  ᠦᠢᠯᠡᠳᠪᠦᠷᠢᠯᠡᠯ ᠂ ᠠᠵᠤ  ᠦᠢᠯᠡᠳᠪᠦᠷᠢ ᠶᠢᠨ ᠠᠵᠤ ᠠᠬᠤᠶ᠂ ᠵᠢᠭᠤᠯᠴᠢᠯᠠᠯ ᠤᠨ  ᠦᠢᠯᠡᠰ ᠤᠨ ᠬᠥᠭᠵᠢᠯᠲᠡ᠂ ᠴᠢᠬᠤᠯᠠ ᠶᠡᠭᠡ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠬᠡᠷᠡᠭᠯᠡᠭᠡ ᠶᠢᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ᠂ ᠠᠷᠠᠳ ᠤᠨ ᠠᠮᠢᠳᠤᠷᠠᠯ ᠢ ᠪᠠᠲᠤᠯᠠᠬᠤ ᠪᠠ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠵᠡᠷᠭᠡ ᠭᠤᠤᠯᠳᠠᠯᠭ᠎ᠠ ᠲᠠᠢ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠰᠢᠨ᠎ᠡ ᠴᠢᠨᠠᠷ ᠤᠨ  ᠦᠢᠯᠡᠳᠪᠦᠷᠢᠯᠡᠯ ᠤᠨ ᠬᠦᠴᠦᠨ ᠪᠠ ᠢᠷᠡᠭᠡᠳᠦᠶ ᠶᠢᠨ ᠠᠵᠤ  ᠦᠢᠯᠡᠰ ᠤᠨ ᠬᠥᠭᠵᠢᠯᠲᠡ ᠶᠢᠨ ᠴᠢᠭᠯᠡᠯ ᠢ ᠬᠢᠨᠠᠮᠠᠭᠠᠶ ᠰᠤᠳᠤᠯᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠢᠶᠠᠷ  ᠠᠬᠢᠭᠤᠯᠬᠤ ᠬᠡᠷᠡᠭᠲᠡᠢ ᠭᠡᠪᠡ ᠃    ᠬᠤᠷᠠᠯ ᠠᠴᠠ  ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ  ᠤᠨ ︽5 · 1︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ ᠬᠥᠳᠡᠯᠮᠦᠷᠢᠴᠢᠨ ᠲᠦᠮᠡᠨ ᠢ ᠲᠣᠬᠤᠨᠢᠭᠤᠯᠬᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠬᠥᠳᠡᠯᠮᠦᠷᠢᠴᠢᠨ ᠲᠦᠮᠡᠨ ᠤ ᠭᠠᠪᠢᠶ᠎ᠠ ᠪᠠᠶᠢᠭᠤᠯᠤᠨ ᠦᠢᠯᠡᠰ ᠪᠤᠰᠬᠠᠬᠤ᠂ ᠤᠷ᠎ᠠ ᠴᠢᠳᠠᠪᠤᠷᠢ ᠪᠠᠨ ᠳᠡᠭᠡᠭᠰᠢᠯᠡᠭᠦᠯᠬᠦ᠂ ᠰᠢᠨ᠎ᠡ ᠶᠢ ᠡᠭᠦᠳᠦᠨ ᠪᠦᠲᠦᠭᠡᠬᠦ ᠲᠠᠪᠴᠠᠩ ᠢ ᠢᠳᠡᠪᠬᠢᠲᠡᠢ ᠥᠷᠭᠡᠳᠬᠡᠵᠦ᠂ ᠠᠷᠪᠢᠯᠠᠨ ᠭᠠᠮᠨᠠᠵᠤ ᠪᠣᠳᠠᠲᠤ ᠬᠡᠷᠡᠭᠴᠡᠭᠡ ᠲᠠᠢ ᠪᠠᠶᠢᠬᠤ ᠵᠠᠷᠴᠢᠮ ᠶᠣᠰᠣᠭᠠᠷ᠂ ᠠᠶᠢᠮᠠᠭ ᠤᠨ ᠠᠵᠢᠯᠴᠢᠨ ᠤ ᠰᠣᠶᠣᠯ ᠤᠨ ᠣᠷᠳᠣᠨ ᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠬᠦ ᠬᠡᠷᠡᠭᠲᠡᠢ᠃ᠶᠡᠷᠦᠩᠬᠡᠢ ᠱᠦᠵᠢ  ᠰᠢ ᠶᠢᠨ ᠫᠢᠩ ᠤᠨ ︽5 · 4︾ ᠤ ᠵᠠᠯᠠᠭᠤᠴᠤᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ ᠰᠢᠨ᠎ᠡ ᠴᠠᠭ ᠦᠶ᠎ᠡ ᠶᠢᠨ ᠵᠠᠯᠠᠭᠤᠴᠤᠳ ᠲᠤ ᠲᠠᠯᠪᠢᠭᠰᠠᠨ ᠴᠢᠬᠤᠯᠠ ᠬᠦᠰᠡᠯ ᠨᠠᠶᠢᠳᠠᠯᠭ᠎ᠠ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠠᠵᠢᠯ ᠤᠨ ᠭᠤᠣᠯ ᠰᠡᠳᠦᠪ ᠪᠣᠯᠤᠨ ᠴᠢᠭᠯᠡᠯ ᠢ ᠪᠠᠲᠤ ᠡᠵᠡᠮᠳᠡᠵᠦ᠂ ᠥᠷᠭᠡᠨ ᠤᠯᠠᠨ ᠵᠠᠯᠠᠭᠤᠴᠤᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠨᠡᠶᠢᠭᠡᠮ ᠤᠨ ᠦᠢᠯᠡᠴᠢᠯᠡᠭᠡ᠂ ᠠᠵᠤ ᠦᠢᠯᠡᠰ ᠤᠨ ᠬᠥᠭᠵᠢᠯᠲᠡ ᠵᠡᠷᠭᠡ ᠬᠦᠷᠢᠶᠡᠨ ᠳᠤ ᠭᠠᠪᠢᠶ᠎ᠠ ᠵᠢᠳᠬᠦᠯ ᠪᠠᠶᠢᠭᠤᠯᠬᠤ ᠶᠢ ᠵᠣᠷᠢᠭᠵᠢᠭᠤᠯᠬᠤ ᠬᠡᠷᠡᠭᠲᠡᠢ ᠭᠡᠪᠠ     ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ  ᠤᠨ ᠭᠤᠸᠠᠩᠳᠦ᠋ᠩ ᠤᠨ ᠮᠧᠢ ᠵᠧᠦ ᠬᠤᠲᠠ ᠶᠢᠨ ᠮᠧᠢ ᠳ᠋ᠡ ᠦᠨᠳᠦᠷ ᠬᠤᠷᠳᠤᠴᠠᠳᠤ ᠵᠠᠰᠠᠮᠠᠯ ᠵᠠᠮ ᠤᠨ ᠴᠠ ᠶᠠᠩ ᠵᠠᠮ ᠤᠨ ᠬᠡᠰᠡᠭ ᠤᠨ ᠨᠤᠷᠠᠵᠤ ᠶᠡᠭᠦᠷᠡᠭᠰᠡᠨ ᠭᠠᠵᠠᠷ ᠤᠨ ᠭᠠᠮᠰᠢᠭ ᠤᠨ ᠲᠤᠬᠠᠢ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠪᠣᠯᠤᠨ ᠭᠠᠮᠰᠢᠭ ᠠᠮᠠᠷᠬᠠᠨ ᠡᠭᠦᠰᠳᠡᠭ ᠣᠷᠣᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ ᠲᠠᠯ᠎ᠠ ᠪᠠᠷ ᠭᠦᠨᠵᠡᠭᠡᠢ ᠪᠠᠶᠢᠴᠠᠭᠠᠨ ᠴᠡᠭᠴᠡᠯᠡᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠷᠢᠨ ᠨᠠᠶᠢᠳᠠᠪᠤᠷᠢᠵᠢᠭᠤᠯᠤᠨ᠂ ᠠᠮᠤᠷ ᠲᠦᠪᠰᠢᠨ ᠢᠶᠠᠷ ᠬᠥᠭᠵᠢᠭᠦᠯᠬᠦ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ  ᠭᠡᠪᠡ᠃    ᠬᠤᠷᠠᠯ ᠠᠴᠠ  ᠱᠠᠭᠠᠷᠳᠠᠭᠰᠠᠨ ᠨᠢ᠂ ᠬᠠᠤᠯᠢ ᠪᠠᠷ ᠠᠶᠢᠮᠠᠭ ᠢ ᠵᠠᠰᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠠᠤᠯᠢᠵᠢᠯ ᠤᠨ ᠬᠢᠩᠭᠠᠨ᠂ ᠬᠠᠤᠯᠢᠵᠢᠯ ᠤᠨ ᠵᠠᠰᠠᠭ ᠤᠨ ᠣᠷᠳᠣᠨ ᠪᠣᠯᠤᠨ ᠬᠠᠤᠯᠢᠵᠢᠯ ᠤᠨ ᠨᠡᠶᠢᠭᠡᠮ ᠢ ᠨᠢᠭᠡ ᠴᠤᠬᠴᠠᠵᠢᠭᠤᠯᠬᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠵᠢᠷᠤᠮᠵᠢᠯ ᠲᠠᠢ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ᠂ ᠲᠥᠪ ᠭᠤᠣᠯᠴᠢ ᠪᠠᠷ ᠬᠠᠤᠯᠢ ᠪᠠᠷᠢᠬᠤ ᠶᠢ ᠲᠠᠰᠤᠷᠠᠯᠳᠡ ᠦᠭᠡᠢ ᠭᠦᠨᠵᠡᠭᠡᠶᠢᠷᠡᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠠᠤᠯᠢᠵᠢᠯ ᠤᠨ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠪᠠ᠃    ᠬᠤᠷᠠᠯ ᠠᠴᠠ  ᠴᠢᠬᠤᠯᠠᠴᠢᠯᠠᠭᠰᠠᠨ ᠨᠢ᠂ ᠪᠦᠬᠦ ᠨᠡᠶᠢᠭᠡᠮ ᠤᠨ ᠡᠬᠢ ᠪᠠᠶᠠᠯᠢᠭ ᠢ ᠪᠦᠬᠦ ᠲᠠᠯ᠎ᠠ ᠪᠠᠷ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠶᠢ ᠠᠬᠢᠭᠤᠯᠵᠤ᠂ ᠠᠷᠪᠢᠯᠠᠨ ᠭᠠᠮᠨᠠᠬᠤ ᠪᠣᠯ ᠳᠠᠷᠤᠢ ᠨᠡᠮᠡᠭᠳᠡᠯ ᠮᠥᠨ ᠭᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ︽ᠡᠨᠧᠷᠭᠢ᠂ ᠤᠰᠤ᠂ ᠠᠮᠤ ᠪᠤᠳᠠᠭ᠎ᠠ᠂ ᠭᠠᠵᠠᠷ ᠰᠢᠷᠣᠢ᠂ ᠠᠭᠤᠷᠬᠠᠢ᠂ ᠮᠠᠲ᠋ᠧᠷᠢᠶᠠᠯ︾ ᠵᠡᠷᠭᠡ ᠭᠤᠣᠯᠳᠠᠯᠭ᠎ᠠ ᠲᠠᠢ  ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠤᠬᠠᠭᠤᠯᠵᠤ ᠬᠦᠳᠦᠯᠦᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠨᠡᠩ ᠤᠯᠠᠨ ᠰᠢᠪᠲᠤᠯᠤᠯᠲᠠ ᠶᠢᠨ ᠴᠢᠨᠠᠷᠲᠠᠢ ᠦᠷ᠎ᠡ ᠪᠦᠲᠦᠭᠡᠯ ᠤᠯᠬᠤ ᠪᠠᠷ ᠴᠢᠷᠮᠠᠶᠢᠬᠤ ᠬᠡᠷᠡᠭᠲᠡᠢ ᠭᠡᠪᠠ᠃    ᠬᠤᠷᠠᠯ ᠠᠴᠠ ᠱᠠᠭᠠᠷᠳᠠᠭᠰᠠᠨ ᠨᠢ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠨᠠᠮ ᠤᠨ ᠤᠨᠤᠯ ᠤᠨ ᠰᠢᠨ᠎ᠡ ᠶᠢ ᠡᠭᠦᠳᠬᠦ ᠪᠠᠶᠢᠩᠭᠤ ᠶᠢᠨ ᠤᠷᠳᠤ ᠬᠤᠭᠤᠴᠠᠭᠠᠨ ᠤ ᠪᠦᠲᠦᠮᠵᠢᠲᠡᠢ ᠰᠤᠷᠤᠯᠴᠠᠬᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠯᠭ᠎ᠠ ᠪᠠᠷ ᠺᠠᠳ᠋ᠷ ᠢ ᠠᠬᠢᠭᠤᠯᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠬᠡᠷᠡᠭᠲᠡᠢ᠃ ᠨᠠᠮ ᠤᠨ ᠠᠴᠢ ᠶᠢ ᠰᠠᠶᠢᠨ ᠣᠶᠢᠯᠠᠭᠠᠵᠤ ᠨᠠᠮ ᠤᠨ ᠦᠭᠡ ᠶᠢ ᠰᠣᠨᠣᠰᠴᠤ ᠨᠠᠮ ᠢᠶᠠᠨ ᠲᠠᠭᠠᠵᠦ ᠤᠯᠠᠨ ᠲᠦᠮᠡᠨ ᠤ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠤᠯᠠᠨ ᠲᠦᠮᠡᠨ ᠤ ᠠᠵᠢᠯ ᠤᠨ ᠠᠷᠭ᠎ᠠ ᠬᠡᠯᠪᠡᠷᠢ ᠶᠢ ᠴᠢᠨᠠᠭᠰᠢᠳᠠ ᠰᠢᠯᠢᠳᠡᠭᠵᠢᠭᠦᠯᠬᠦ ᠬᠡᠷᠡᠭᠲᠡᠢ᠃     
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号