2024 ᠣᠨ ᠤ ᠬᠢᠩᠭᠠᠨ ᠠᠶᠢᠮᠠᠭ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2024/5/15
     ᠡᠨᠡ ᠵᠢᠯ ᠤᠨ 5 ᠰᠠᠷ᠎ᠠ ᠶᠢᠨ 12 ᠤᠨ ᠡᠳᠦᠷ ᠪᠣᠯ ᠮᠠᠨ ᠤ ᠤᠯᠤᠰ ᠤᠨ 16 ᠳ᠋ᠤᠭᠠᠷ ᠪᠦᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠪᠣᠯᠤᠨ᠎ᠠ᠂ ︽ᠬᠥᠮᠦᠨ ᠪᠣᠯᠭᠠᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠣᠯᠭᠠᠨ ᠪᠠᠴᠢᠮ ᠪᠠᠶᠢᠳᠠᠯ ᠢ ᠠᠷᠭᠠᠴᠠᠨ᠎ᠠ-- ᠦᠨᠳᠦᠰᠦᠨ ᠱᠠᠲᠤᠨ ᠤ ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠶ᠎ᠡ︾ ᠭᠡᠰᠡᠨ ᠭᠤᠣᠯ ᠰᠡᠳᠦᠪ ᠲᠠᠢ᠃ ᠲᠤᠰ ᠡᠳᠦᠷ ᠲᠤ᠂ 2024 ᠣᠨ ᠤ ᠬᠢᠩᠭᠠᠨ ᠠᠶᠢᠮᠠᠭ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠤᠯᠠᠭᠠᠨᠬᠤᠲᠠ ᠶᠢᠨ ︽5 · 1︾ ᠠᠭᠤᠳᠠᠮ ᠲᠠᠯᠠᠪᠠᠢ ᠳᠤ ᠡᠬᠢᠯᠡᠪᠡ᠃    ᠡᠬᠢᠯᠡᠯᠲᠡ ᠶᠢᠨ ᠶᠣᠰᠣᠯᠠᠯ ᠳᠡᠭᠡᠷ᠎ᠡ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠴᠠ ᠭᠠᠵᠠᠷ ᠬᠥᠳᠡᠯᠦᠯᠲᠡ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠩᠭᠢ᠂ ᠠᠶᠤᠯᠲᠠᠶ ᠬᠢᠮᠢ ᠶᠢᠨ ᠪᠣᠳᠠᠰ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠩᠭᠢ᠂ ᠨᠡᠭᠦᠷᠡᠰᠦᠨ ᠤ ᠪᠤᠰᠤ ᠠᠭᠤᠷᠬᠠᠶ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠩᠭᠢ᠂ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠩᠭᠢ ᠵᠡᠷᠭᠡ ᠡᠩᠨᠡᠭᠡ ᠳᠤ ᠲᠤᠭ ᠣᠯᠭᠤᠵᠠᠶ᠃ ᠠᠵᠢᠯᠯᠠᠭ᠎ᠠ ᠨᠢ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠤᠨ ᠭᠤᠣᠯ ᠰᠡᠳᠦᠪ ᠤᠨ ᠲᠣᠭᠤᠷᠢᠨ ᠳᠤ ᠤᠬᠠᠭᠤᠯᠤᠨ ᠲᠠᠶᠢᠯᠪᠤᠷᠢᠯᠠᠬᠤ᠂ ᠵᠢᠷᠤᠭ ᠤᠨ ᠰᠠᠮᠪᠠᠷ᠎ᠠ ᠶᠢ ᠳᠡᠯᠭᠡᠨ ᠦᠵᠡᠭᠦᠯᠬᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠵᠢᠷᠤᠭᠲᠤ ᠳᠡᠪᠲᠡᠷ ᠢ ᠲᠠᠷᠬᠠᠭᠠᠬᠤ᠂ ᠠᠪᠤᠷᠠᠨ ᠲᠤᠰᠠᠯᠠᠬᠤ ᠲᠤᠨᠤᠭ ᠲᠥᠬᠦᠭᠡᠷᠦᠮᠵᠢ ᠶᠢ ᠳᠡᠯᠭᠡᠨ ᠦᠵᠡᠭᠦᠯᠬᠦ ᠪᠠ ᠬᠡᠷᠡᠭᠯᠡᠬᠦ ᠦᠵᠡᠭᠦᠯᠦᠯᠭᠡ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠮᠡᠳᠡᠯᠭᠡ ᠶᠢ ᠲᠦᠭᠡᠮᠡᠯᠵᠢᠭᠦᠯᠵᠦ᠂ ᠤᠯᠠᠨ ᠲᠦᠮᠡᠨ ᠤ ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠬᠤ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ ᠪᠦᠬᠦ ᠨᠡᠶᠢᠭᠡᠮ ᠢᠶᠠᠷ ᠢᠶᠠᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠭᠤᠷ ᠠᠮᠢᠰᠬᠤᠯ ᠢ ᠶᠡᠬᠡᠪᠡᠷ ᠪᠤᠢ ᠪᠣᠯᠭᠠᠪᠠ᠃    ᠤᠢᠢᠷ᠎ᠠ ᠶᠢᠨ ᠵᠢᠯ ᠠᠴᠠ᠂ ᠬᠢᠩᠭᠠᠨ ᠠᠶᠢᠮᠠᠭ ᠤᠨ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠨᠢᠭᠲᠠ ᠬᠠᠮᠵᠢᠯᠴᠠᠵᠤ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠪᠠᠶᠢᠴᠠᠭᠠᠨ ᠵᠠᠰᠠᠬᠤ ᠶᠢ ᠴᠢᠩᠭ᠎ᠠ ᠠᠳᠬᠤᠵᠤ᠂ ᠡᠩ ᠤᠨ ᠦᠶ᠎ᠡ ᠳᠤ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠵᠦ᠂ ᠴᠠᠭ ᠲᠤᠬᠠᠢ ᠳᠤᠨᠢ ᠵᠥᠪᠳᠡᠯᠴᠡᠨ ᠰᠤᠳᠤᠯᠤᠨ ᠮᠠᠭᠠᠳᠯᠠᠵᠤ᠂ ᠳᠠᠶᠢᠨ ᠤ ᠦᠶ᠎ᠡ ᠳᠤ ᠢᠳᠡᠪᠬᠢᠲᠡᠢ ᠠᠷᠭᠠᠴᠠᠵᠤ᠂ ᠪᠦᠬᠦ ᠬᠦᠴᠦᠨ ᠢᠶᠠᠷ ᠢᠶᠠᠨ ᠠᠪᠤᠷᠠᠨ ᠲᠤᠰᠠᠯᠠᠵᠤ᠂ ᠭᠠᠮᠰᠢᠭ ᠤᠨ ᠬᠤᠬᠢᠷᠠᠯ ᠪᠣᠯᠤᠨ ᠨᠥᠯᠥᠭᠡ ᠶᠢ ᠬᠠᠮᠤᠭ ᠤᠨ ᠶᠡᠭᠡ  ᠬᠡᠮᠵᠢᠶ᠎ᠡ ᠪᠠᠷ ᠪᠠᠭᠠᠰᠬᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠭᠰᠠᠨ ᠪᠠᠶᠢᠨ᠎ᠠ᠃ ᠡᠨᠡ ᠵᠢᠯ ᠤᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠳᠤ᠂ ᠬᠢᠩᠭᠠᠨ ᠠᠶᠢᠮᠠᠭ ᠤᠨ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ᠂ ᠦᠵᠡᠰᠬᠦᠯᠡᠩ᠂ ᠭᠡᠮ ᠰᠣᠭᠤᠭ ᠢ ᠪᠠᠶᠢᠴᠠᠭᠠᠬᠤ ᠵᠡᠷᠭᠡ ᠡᠯᠪᠡᠭ ᠪᠠᠶᠠᠯᠢᠭ ᠤᠯᠠᠨ ᠶᠠᠩᠵᠤ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠭᠡᠮ ᠤᠨ ᠤᠯᠠᠨ ᠨᠡᠶᠢᠲᠡ ᠶᠢᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠮᠰᠠᠷ ᠪᠣᠯᠤᠨ ᠥᠪᠡᠷ ᠢ ᠪᠠᠨ ᠠᠪᠤᠷᠠᠵᠤ ᠬᠠᠷᠢᠯᠴᠠᠨ ᠠᠪᠤᠷᠠᠬᠤ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠬᠦ ᠪᠣᠯᠤᠨ᠎ᠠ᠃     
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号