ᠰᠦᠬᠡ ᠨᠠᠰᠤᠵᠢᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/5/16
    2024 ᠣᠨ ᠤ 5 ᠰᠠᠷ᠎ᠠ ᠶᠢᠨ 8 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠤᠯᠠᠭᠠᠨᠬᠤᠲᠠ ᠶᠢᠨ ᠶᠡᠷᠦᠩᠬᠡᠶᠢᠯᠡᠭᠰᠡᠨ ᠨᠠᠰᠤᠵᠢᠯ ᠤᠨ ᠠᠰᠠᠷᠠᠮᠵᠢ ᠶᠢᠨ  ᠦᠢᠯᠡᠴᠢᠯᠡᠭᠡᠨ ᠤ ᠲᠥᠪ ᠲᠤ ᠬᠦᠷᠴᠦ ᠨᠠᠰᠤᠵᠢᠯ ᠤᠨ ᠠᠰᠠᠷᠠᠮᠵᠢ ᠶᠢᠨ ᠠᠵᠢᠯ ᠢ ᠪᠠᠶᠢᠴᠠᠭᠠᠨ ᠰᠤᠳᠤᠯᠪᠠ᠃    ᠰᠦᠬᠡ ᠲᠤᠬᠠᠶ ᠶᠢᠨ ᠭᠠᠵᠠᠷ ᠲᠤᠨᠢ ᠤᠯᠠᠭᠠᠨᠬᠤᠲᠠ ᠶᠢᠨ ᠶᠡᠷᠦᠩᠬᠡᠶᠢᠯᠡᠭᠰᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠪᠥᠲᠥᠭᠡᠨ ᠪᠠᠶᠢᠭᠤᠯᠤᠯᠲᠠ ᠡᠵᠡᠩᠨᠡᠯᠲᠡ ᠶᠢᠨ ᠪᠠᠶᠢᠳᠠᠯ ᠵᠢᠴᠢ ᠤᠯᠠᠭᠠᠨᠬᠤᠲᠠ ᠶᠢᠨ ᠤᠶᠤᠨᠲᠤ ᠨᠠᠰᠤᠵᠢᠯ ᠤᠨ ᠠᠰᠠᠷᠠᠮᠵᠢ ᠶᠢᠨ ᠲᠣᠬᠢᠷᠠᠭᠤᠯᠤᠯᠲᠠ ᠶᠢᠨ ᠵᠢᠯᠣᠭᠤᠳᠬᠤ ᠲᠥᠪ ᠤᠨ ᠪᠥᠲᠥᠭᠡᠨ ᠪᠠᠶᠢᠭᠤᠯᠤᠯᠲᠠ ᠬᠡᠷᠡᠭᠯᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠤᠭᠰᠠᠨ ᠤ ᠬᠠᠮᠲᠤ᠂ ᠪᠥᠬᠦ ᠠᠶᠢᠮᠠᠭ ᠤᠨ ᠤᠶᠤᠨᠲᠤ ᠨᠠᠰᠤᠵᠢᠯ ᠤᠨ ᠠᠰᠠᠷᠠᠮᠵᠢ ᠶᠢᠨ  ᠦᠢᠯᠡᠴᠢᠯᠡᠭᠡᠨ ᠤ ᠲᠠᠪᠴᠠᠩ ᠤᠨ ᠲᠣᠬᠢᠷᠠᠭᠤᠯᠤᠯᠲᠠ ᠡᠵᠡᠩᠨᠡᠯᠲᠡ ᠵᠢᠴᠢ ︽ᠵᠢᠷᠭᠤᠭ᠎ᠠ ᠶᠢ ᠲᠤᠰᠠᠯᠠᠬᠤ + N︾  ᠦᠢᠯᠡᠴᠢᠯᠡᠭᠡ ᠶᠢ ᠥᠷᠨᠢᠭᠦᠯᠦᠭᠰᠡᠨ ᠵᠡᠷᠭᠡ ᠪᠠᠶᠢᠳᠠᠯ ᠢ ᠭᠦᠨᠵᠡᠭᠡᠶ ᠣᠶᠢᠯᠠᠭᠠᠪᠠ     ᠰᠦᠬᠡ ᠬᠢᠩᠭᠠᠨ ᠠᠶᠢᠮᠠᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠥᠷᠨᠢᠭᠦᠯᠦᠭᠰᠡᠨ ᠪᠠᠶᠢᠳᠠᠯ ᠢ ᠭᠦᠢᠴᠡᠳ ᠨᠤᠲᠠᠯᠠᠪᠠ᠃ ᠲᠡᠷᠡ ᠵᠢᠭᠠᠵᠤ ᠭᠠᠷᠭᠠᠭᠰᠠᠨ ᠨᠢ᠂ ᠨᠠᠰᠤᠲᠠᠶᠢᠴᠤᠳ ᠤᠨ ᠬᠠᠮᠲᠤᠯᠢᠭ ᠤᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠪᠣᠳᠠᠲᠠᠶ ᠠᠷᠭ᠎ᠠ ᠬᠡᠮᠵᠢᠶ᠎ᠡ ᠠᠪᠴᠤ᠂ ᠡᠳ᠋ ᠤᠨ ᠵᠠᠰᠠᠭ ᠤᠨ ᠪᠠᠲᠤᠯᠠᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠨᠠᠰᠤᠵᠢᠯ ᠤᠨ ᠠᠰᠠᠷᠠᠮᠵᠢ ᠶᠢᠨ ᠠᠵᠤ  ᠦᠢᠯᠡᠰ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠶᠢᠨ ᠬᠠᠮᠲᠤ ᠠᠵᠤ ᠠᠬᠤᠶ ᠨᠢ ᠬᠦᠴᠢᠷᠳᠡᠯᠲᠡᠶ ᠨᠠᠰᠤᠲᠠᠶᠢᠴᠤᠳ ᠢ ᠬᠠᠷᠠᠭᠠᠯᠵᠠᠨ ᠠᠰᠠᠷᠠᠬᠤ  ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠬᠡᠷᠡᠭᠲᠡᠶ᠃ ︽ᠵᠢᠷᠭᠤᠭ᠎ᠠ ᠶᠢ ᠲᠤᠰᠠᠯᠠᠬᠤ + N︾ ᠤᠨ  ᠦᠢᠯᠡᠴᠢᠯᠡᠭᠡ ᠶᠢ ᠭᠦᠨᠵᠡᠭᠡᠶ ᠳᠥᠯᠭᠢᠨ ᠠᠬᠢᠭᠤᠯᠵᠤ᠂ ᠢᠯᠠᠩᠭᠤᠶ᠎ᠠ ᠬᠤᠭᠤᠯᠠᠨ ᠳᠤ ᠲᠤᠰᠠᠯᠠᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠬᠤ ᠬᠡᠷᠡᠭᠲᠡᠶ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠠᠭᠤᠷᠢ ᠲᠥᠬᠦᠭᠡᠷᠦᠮᠵᠢ ᠵᠢᠴᠢ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ᠂ ᠲᠤᠬᠢᠷᠠᠭᠤᠯᠤᠯᠲᠠ ᠶᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨᠴᠢᠯᠠᠭᠰᠠᠨ᠂ ᠲᠤᠰᠬᠠᠶᠢᠵᠢᠭᠰᠠᠨ᠂ ᠬᠥᠮᠦᠨᠴᠢ ᠴᠢᠨᠠᠷᠲᠠᠶ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠬᠠᠩᠭᠠᠵᠤ᠂ ᠪᠦᠬᠦᠨ ᠢ ᠬᠠᠮᠤᠷᠤᠭᠰᠠᠨ᠂ ᠦᠷᠭᠦᠯᠵᠢᠯᠡᠬᠦ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠬᠡᠷᠡᠭᠲᠡᠶ  ᠭᠡᠪᠡ᠃    ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠤᠯᠠᠭᠠᠨᠬᠤᠲᠠ ᠶᠢᠨ ᠨᠠᠮ ᠤᠨ ᠬᠤᠷᠢᠶ᠎ᠠ ᠶᠢᠨ ᠱᠦᠵᠢ᠂ ᠬᠢᠩᠭᠠᠨ ᠠᠶᠢᠮᠠᠭ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯ ᠤᠨ ᠬᠤᠷᠢᠶ᠎ᠠ ᠶᠢᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠶᠠᠩ ᠵᠢᠶ  ᠫᠧᠩ ᠂ ᠠᠶᠢᠮᠠᠭ ᠤᠨ ᠵᠠᠬᠢᠷᠭ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠤᠯᠠᠭᠠᠨᠬᠤᠲᠠ ᠶᠢᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ ᠪᠠᠷ᠎ᠠ ᠪᠤᠯᠪᠠ᠃     
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号