ᠬᠢᠩᠭᠠᠨ ᠠᠶᠢᠮᠠᠭ ᠤᠨ ᠠᠵᠤ ᠠᠬᠤᠶ ᠶᠢᠨ ᠠᠵᠢᠯᠯᠠᠭᠠᠨ ᠤ ᠠᠩᠬᠠᠨ ᠤ ᠤᠯᠠᠷᠢᠯ ᠤᠨ ︽ᠡᠭᠦᠳᠡ ᠪᠠᠨ ᠨᠡᠭᠡᠭᠡᠵᠦ ᠲᠣᠭᠲᠠᠭᠤᠨ‌‍ᠢᠶ᠋ᠠᠷ ᠬᠥᠭᠵᠢᠭᠦᠯᠬᠦ︾ ᠶᠢ ᠪᠠᠶᠡᠯᠡᠭᠦᠯᠪᠡ
ᠨᠡᠶᠢᠲᠡᠯᠡᠭᠰᠡᠨ ᠴᠠᠭ᠄
2024/5/16
     ᠡᠨᠡ ᠵᠢᠯ ᠠᠴᠠ ᠨᠠᠰᠢ᠂ ᠬᠢᠩᠭᠠᠨ ᠠᠶᠢᠮᠠᠭ ᠤᠨ ᠬᠢᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ  ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠡᠷᠡᠰ  ᠲᠤᠭᠤᠰᠢᠯᠠᠭᠤᠯᠵᠦ᠂ ︽ᠭᠤᠷᠪᠠ ᠶᠢ ᠲᠣᠭᠲᠠᠪᠤᠷᠢᠵᠢᠭᠤᠯᠵᠤ ᠲᠠᠪᠤ ᠶᠢ ᠠᠬᠢᠭᠤᠯᠬᠤ︾ ᠠᠵᠢᠯ ᠤᠨ ᠰᠡᠳᠬᠢᠮᠵᠢ ᠶᠣᠰᠣᠭᠠᠷ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠪᠥᠬᠦ ᠠᠶᠢᠮᠠᠭ ᠤᠨ ᠠᠵᠤ ᠠᠬᠤᠶ ᠶᠢᠨ ᠠᠵᠢᠯᠯᠠᠭᠠᠨ ᠤ ᠦᠷᠭᠦᠯᠵᠢᠯᠡᠭᠰᠡᠨ ᠳᠠᠷᠤᠯᠲᠠ ᠳᠣᠤᠷ᠎ᠠ ᠠᠩᠬᠠᠨ ᠤ ᠤᠯᠠᠷᠢᠯ ᠤᠨ ︽ᠡᠭᠦᠳᠡ ᠪᠠᠨ ᠨᠡᠭᠡᠭᠡᠵᠦ ᠲᠣᠭᠲᠠᠭᠤᠨ ᠢᠶᠠᠷ ᠬᠥᠭᠵᠢᠭᠦᠯᠬᠦ︾ ᠶᠢ ᠶᠡᠷᠦᠩᠬᠡᠶ ᠳᠡᠭᠡᠨ ᠪᠡᠶᠡᠯᠡᠭᠦᠯᠵᠡᠶ᠃     ᠠᠶᠢᠮᠠᠭ ᠬᠤᠲᠠ ᠶᠢᠨ  ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠢᠭᠡᠳᠦᠯᠲᠡᠶ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ ᠨᠢᠭᠡᠳᠦᠭᠡᠷ ᠤᠯᠠᠷᠢᠯ ᠳᠤ᠂ ᠪᠥᠬᠦ ᠠᠶᠢᠮᠠᠭ ᠣᠷᠣᠨ ᠤ ᠦᠢᠯᠡᠳᠪᠦᠷᠢᠯᠡᠯ  ᠤᠨ ᠶᠡᠷᠦᠩᠬᠡᠶ ᠥᠷᠲᠡᠭ 135.94 ᠳ᠋ᠦᠩᠰᠢᠭᠤᠷ ᠲᠥᠭᠦᠷᠢᠭ ᠲᠤ ᠬᠦᠷᠴᠦ᠂ ᠥᠯᠥ ᠬᠤᠪᠢᠰᠬᠤ ᠦᠨ᠎ᠡ ᠪᠠᠷ ᠪᠤᠳᠤᠪᠠᠯ ᠂ ᠠᠳᠠᠯᠢ ᠬᠤᠭᠤᠴᠠᠭᠠᠨ ᠤ ᠬᠢ ᠠᠴᠠ 4.8% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ 1.1 ᠵᠠᠭᠤᠨ ᠤ ᠴᠡᠭ ᠠᠴᠠ ᠳᠣᠤᠷ᠎ᠠ ᠪᠠᠶᠢᠵᠤ᠂ ᠠᠶᠢᠮᠠᠭ ᠬᠤᠲᠠ ᠶᠢᠨ 8 ᠳ᠋ᠤᠭᠠᠷ ᠲᠤ ᠣᠷᠣᠪᠠ᠃ ᠭᠤᠷᠪᠠᠨ ᠠᠵᠤ  ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ  ᠦᠢᠯᠡᠰ ᠤᠨ ᠨᠡᠮᠡᠭᠳᠡᠯ ᠥᠷᠲᠡᠭ 18.56 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.5% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ 2.3 ᠵᠠᠭᠤᠨ ᠤ ᠨᠢᠭᠡᠴᠢ ᠠᠴᠠ ᠥᠨᠳᠥᠷ ᠪᠠᠶᠢᠵᠤ᠂ ᠠᠶᠢᠮᠠᠭ ᠬᠤᠲᠠ ᠳᠤ 2 ᠳ᠋ᠤᠭᠠᠷ ᠲᠤ ᠣᠷᠣᠵᠤ᠂ ᠭᠠᠵᠠᠷ ᠣᠷᠣᠨ ᠤ ᠦᠢᠯᠡᠳᠪᠦᠷᠢᠯᠡᠯ  ᠤᠨ ᠪᠥᠬᠦ ᠥᠷᠲᠡᠭ ᠤᠨ ᠨᠡᠮᠡᠭᠳᠡᠯ ᠢ 1.3 ᠵᠠᠭᠤᠨ ᠤ ᠨᠢᠭᠡᠴᠢ ᠪᠠᠷ ᠳᠠᠶᠢᠴᠢᠯᠠᠪᠠ︔ ᠬᠤᠶᠠᠳᠤᠭᠠᠷ ᠠᠵᠤ  ᠦᠢᠯᠡᠰ ᠤᠨ ᠨᠡᠮᠡᠭᠳᠡᠯ ᠥᠷᠲᠡᠭ 54.16 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.3% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ 3.8 ᠵᠠᠭᠤᠨ ᠤ ᠴᠡᠭ ᠠᠴᠠ ᠳᠣᠤᠷ᠎ᠠ ᠪᠠᠶᠢᠵᠤ᠂ ᠠᠶᠢᠮᠠᠭ ᠬᠤᠲᠠ ᠶᠢᠨ ᠶᠢᠰᠦᠳᠦᠭᠡᠷ ᠲᠤ ᠣᠷᠣᠵᠤ᠂ ᠭᠠᠵᠠᠷ ᠣᠷᠣᠨ ᠤ ᠦᠢᠯᠡᠳᠪᠦᠷᠢᠯᠡᠯ  ᠤᠨ ᠪᠥᠬᠦ ᠥᠷᠲᠡᠭ ᠤᠨ ᠨᠡᠮᠡᠭᠳᠡᠯ ᠢ 1.6 ᠵᠠᠭᠤᠨ ᠤ ᠴᠡᠭ ᠢᠶᠠᠷ ᠳᠠᠶᠢᠴᠢᠯᠠᠪᠠ ︔ ᠭᠤᠷᠪᠠᠳᠤᠭᠠᠷ ᠠᠵᠤ  ᠦᠢᠯᠡᠰ ᠤᠨ ᠨᠡᠮᠡᠭᠳᠡᠯ ᠥᠷᠲᠡᠭ 63.22 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.8% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ 0.3 ᠵᠠᠭᠤᠨ ᠤ ᠴᠡᠭ ᠠᠴᠠ ᠳᠣᠤᠷ᠎ᠠ ᠪᠠᠶᠢᠵᠤ᠂ ᠠᠶᠢᠮᠠᠭ ᠬᠤᠲᠠ ᠶᠢᠨ ᠳᠣᠯᠣᠳᠤᠭᠠᠷ ᠲᠤ ᠣᠷᠣᠵᠤ᠂ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠤᠨ ᠨᠡᠮᠡᠭᠳᠡᠯ ᠢ 1.9 ᠵᠠᠭᠤᠨ ᠤ ᠴᠡᠭ ᠢᠶᠠᠷ ᠳᠠᠶᠢᠴᠢᠯᠠᠪᠠ᠃ 
 
ᠢᠷᠡᠯᠲᠡ᠄ ᠠᠶᠢᠮᠠᠭ ᠤᠨ ᠲᠤᠭ᠎ᠠ ᠪᠦᠷᠢᠳᠭᠡᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号