| 2024 ᠣᠨ ᠤ ᠨᠢᠭᠡᠳᠦᠭᠡᠷ ᠤᠯᠠᠷᠢᠯ ᠳᠤ᠂ ᠪᠥᠬᠦ ᠠᠶᠢᠮᠠᠭ ᠤᠨ ᠭᠤᠷᠪᠠᠳᠤᠭᠠᠷ ᠠᠵᠤ ᠦᠢᠯᠡᠰ ᠤᠨ ᠨᠡᠮᠡᠭᠳᠡᠯ | ᠥᠷᠲᠡᠭ 63.22 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.8% ᠪᠠᠷ | ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ 0.3 ᠵᠠᠭᠤᠨ ᠤ ᠨᠢᠭᠡᠴᠢ ᠠᠴᠠ ᠳᠣᠤᠷ᠎ᠠ ᠪᠠᠶᠢᠵᠤ᠂ | ᠠᠶᠢᠮᠠᠭ ᠬᠤᠲᠠ ᠶᠢᠨ ᠳᠣᠯᠣᠳᠤᠭᠠᠷ ᠲᠤ ᠣᠷᠣᠪᠠ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠤᠨ | ᠪᠥᠬᠦ ᠠᠶᠢᠮᠠᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠲᠤ ᠡᠵᠡᠯᠡᠬᠦ ᠬᠤᠪᠢ ᠶᠢᠨ ᠵᠢᠩ ᠨᠢ | 46.5% ᠬᠦᠷᠴᠦ᠂ ᠠᠵᠤ ᠠᠬᠤᠶ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 38. | 8% ᠪᠠᠶᠢᠵᠤ᠂ ᠠᠵᠤ ᠠᠬᠤᠶ ᠶᠢᠨ ᠨᠡᠮᠡᠭᠳᠡᠯ ᠢ 1.9 ᠵᠠᠭᠤᠨ ᠤ ᠨᠢᠭᠡᠴᠢ ᠳᠠᠶᠢᠴᠢᠯᠠᠪᠠ᠃ | ᠭᠤᠷᠪᠠᠳᠤᠭᠠᠷ ᠠᠵᠤ ᠦᠢᠯᠡᠰ ᠤᠨ ᠳᠣᠲᠣᠷ᠎ᠠ᠂ ᠣᠯᠠᠩᠬᠢ ᠠᠵᠢᠯ ᠲᠥᠷᠥᠯ ᠳᠤ ᠴᠥᠮ ᠲᠣᠭᠲᠠᠭᠤᠨ ᠢᠶᠠᠷ | ᠳᠡᠭᠡᠭᠰᠢᠯᠡᠬᠦ ᠪᠠᠶᠢᠳᠠᠯ ᠢᠯᠡᠷᠡᠪᠡ᠂ ᠡᠭᠦᠨ ᠳᠤ᠄ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ | ᠠᠳᠠᠯᠢ ᠬᠤᠭᠤᠴᠠᠭᠠᠨ ᠤ ᠬᠢ ᠠᠴᠠ 3.0% ᠨᠡᠮᠡᠭᠳᠡᠵᠦ᠂ ᠠᠵᠤ ᠠᠬᠤᠶ ᠶᠢᠨ ᠨᠡᠮᠡᠭᠳᠡᠯ ᠢ 0.2 ᠵᠠᠭᠤᠨ ᠤ ᠨᠢᠭᠡᠴᠢ | ᠳᠠᠶᠢᠴᠢᠯᠠᠪᠠ︔ ᠵᠠᠮ ᠲᠡᠭᠡᠭᠡᠪᠦᠷᠢ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 9.9% ᠪᠠᠷ ᠨᠡᠮᠡᠭᠳᠡᠵᠦ᠂ | ᠠᠵᠤ ᠠᠬᠤᠶ ᠶᠢᠨ ᠨᠡᠮᠡᠭᠳᠡᠯ ᠢ 0.3 ᠵᠠᠭᠤᠨ ᠤ ᠨᠢᠭᠡᠴᠢ ᠳᠠᠶᠢᠴᠢᠯᠠᠪᠠ︔ ᠬᠤᠨᠤᠭ ᠪᠠᠭᠤᠳᠠᠯ ᠪᠠ ᠢᠳᠡᠭᠡᠨ | ᠤᠮᠳᠠᠭᠠᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 2.0% ᠨᠡᠮᠡᠭᠳᠡᠵᠦ᠂ ᠠᠵᠤ ᠠᠬᠤᠶ ᠶᠢᠨ ᠨᠡᠮᠡᠭᠳᠡᠯ ᠢ 0. | 1 ᠵᠠᠭᠤᠨ ᠤ ᠨᠢᠭᠡᠴᠢ ᠳᠠᠶᠢᠴᠢᠯᠠᠪᠠ︔ ᠮᠥᠩᠭᠦᠨ ᠭᠦᠢᠯᠭᠡᠭᠡᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 2. | 6% ᠨᠡᠮᠡᠭᠳᠡᠵᠦ᠂ ᠠᠵᠤ ᠠᠬᠤᠢ ᠶᠢᠨ ᠨᠡᠮᠡᠭᠳᠡᠯ ᠢ 0.1 ᠵᠠᠭᠤᠨ ᠤ ᠨᠢᠭᠡᠴᠢ ᠲᠠᠶᠢᠴᠢᠯᠠᠪᠠ︔ ᠪᠤᠰᠤᠳ | ᠦᠢᠯᠡᠴᠢᠯᠡᠭᠡᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 5.1% ᠪᠠᠷ ᠨᠡᠮᠡᠭᠳᠡᠵᠦ᠂ ᠠᠵᠤ ᠠᠬᠤᠶ ᠶᠢᠨ | ᠨᠡᠮᠡᠭᠳᠡᠯ ᠢ 1.4 ᠵᠠᠭᠤᠨ ᠤ ᠨᠢᠭᠡᠴᠢ ᠳᠠᠶᠢᠴᠢᠯᠠᠪᠠ᠃ ᠭᠠᠭᠴᠠ ᠬᠦ ᠬᠡᠷ ᠪᠠᠶᠢᠰᠢᠩ ᠭᠠᠵᠠᠷ ᠰᠢᠷᠣᠶ ᠶᠢᠨ | ᠬᠥᠷᠥᠩᠭᠡ ᠶᠢᠨ ᠦᠢᠯᠡᠰ ᠲᠤ ᠰᠥᠭᠡᠷᠭᠦ ᠨᠡᠮᠡᠭᠳᠡᠯ ᠭᠠᠷᠴᠤ᠂ ᠠᠳᠠᠯᠢ ᠬᠤᠭᠤᠴᠠᠭᠠᠨ ᠤ ᠬᠢ ᠠᠴᠠ 3.3% ᠪᠠᠷ | ᠪᠠᠭᠠᠰᠴᠤ᠂ ᠠᠵᠤ ᠠᠬᠤᠶ ᠶᠢᠨ ᠪᠠᠭᠤᠷᠠᠯᠲᠠ ᠶᠢ 0.2 ᠵᠠᠭᠤᠨ ᠤ ᠨᠢᠭᠡᠴᠢ ᠳᠠᠶᠢᠴᠢᠯᠠᠪᠠ᠃ | | | |