1 — 3 ᠳ᠋ᠤᠭᠠᠷ ᠰᠠᠷ᠎ᠠ ᠳᠤ ᠬᠢᠩᠭᠠᠨ ᠠᠶᠢᠮᠠᠭ ᠤᠨ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 96.7% ᠪᠠᠷ ᠨᠡᠮᠡᠭᠳᠡᠪᠡ
ᠨᠡᠶᠢᠲᠡᠯᠡᠭᠰᠡᠨ ᠴᠠᠭ᠄
2024/5/16
      1-3 ᠳ᠋ᠤᠭᠠᠷ ᠰᠠᠷ᠎ᠠ ᠳᠤ᠂ ᠬᠢᠩᠭᠠᠨ ᠠᠶᠢᠮᠠᠭ ᠤᠨ ᠬᠢᠨ ︽ᠲᠤᠭ᠎ᠠ ᠬᠡᠮᠵᠢᠶ᠎ᠡ ᠶᠢ ᠥᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠭᠠᠷᠤᠯᠲᠠ ᠶᠢ ᠨᠡᠮᠡᠭᠳᠡᠭᠦᠯᠬᠦ︾ ᠠᠵᠢᠯ ᠤᠨ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠠᠮᠤ ᠪᠤᠳᠠᠭ᠎ᠠ ᠮᠢᠬ᠎ᠠ  ᠰᠦ ᠡᠪᠡᠰᠦ᠂ ᠭᠠᠵᠠᠷ ᠰᠢᠷᠣᠶ ᠤᠰᠤᠨ ᠤ ᠲᠥᠷᠥᠯ ᠤᠨ ᠮᠡᠷᠭᠡᠵᠢᠯ᠂ ᠬᠡᠯᠬᠢᠶ᠎ᠡ ᠬᠤᠪᠴᠠᠰᠤ ᠠᠭᠤᠰᠤᠯᠴᠠᠭᠤᠯᠤᠨ ᠥᠭᠡᠷᠡᠴᠢᠯᠡᠬᠦ︾ 12  ᠵᠦᠢᠯ ᠤᠨ ᠭᠤᠤᠯᠳᠠᠯᠭ᠎ᠠ ᠲᠠᠢ ᠠᠵᠢᠯ ᠲᠠᠢ ᠨᠢᠭᠲᠠ ᠤᠶᠠᠯᠳᠤᠭᠤᠯᠤᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠪᠡᠯᠡᠳᠭᠡᠮᠵᠢᠳᠤ ᠲᠠᠷᠢᠶᠠᠯᠠᠩ ᠮᠠᠯ ᠠᠵᠤ ᠠᠬᠤᠶ ᠵᠡᠷᠭᠡ ᠭᠤᠤᠯᠳᠠᠯᠭ᠎ᠠ ᠲᠠᠢ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢ ᠠᠮᠵᠢᠨ ᠠᠳᠬᠤᠵᠤ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠵᠠᠮ ᠢᠶᠠᠷ ᠲᠠᠰᠤᠷᠠᠯᠲᠠ ᠥᠬᠡᠶ ᠰᠢᠨ᠎ᠡ ᠵᠢᠳᠬᠦᠯ ᠴᠢᠷᠮᠠᠶᠢᠯᠭ᠎ᠠ ᠭᠠᠷᠭᠠᠪᠠ᠃ ᠪᠥᠬᠦ ᠠᠶᠢᠮᠠᠭ ᠤᠨ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 96.7% ᠪᠠᠷ ᠨᠡᠮᠡᠭᠳᠡᠵᠦ᠂ ᠪᠥᠬᠦ ᠠᠶᠢᠮᠠᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 11.7 ᠵᠠᠭᠤᠨ ᠤ ᠨᠢᠭᠡᠴᠢ ᠳᠠᠶᠢᠴᠢᠯᠠᠨ᠂ ᠪᠠᠯᠠ ᠣᠷᠣᠭᠤᠯᠤᠯᠲᠠ ᠶᠢᠨ ᠪᠥᠬᠦ ᠪᠠᠯᠠ ᠣᠷᠣᠭᠤᠯᠤᠯᠲᠠ ᠳᠠᠬᠢ ᠡᠵᠡᠯᠡᠬᠦ ᠬᠤᠪᠢ ᠶᠢᠨ ᠵᠢᠩ ᠢ 18.5% ᠪᠠᠷ ᠪᠡᠶᠡᠯᠡᠭᠦᠯᠪᠡ᠃ ᠡᠭᠦᠨ ᠳᠤ᠂ ᠲᠠᠷᠢᠶᠠᠯᠠᠩ ᠤᠨ ᠲᠥᠷᠥᠯ ᠵᠦᠶ᠋ᠯ ᠤᠨ ᠪᠡᠶᠡᠯᠡᠭᠦᠯᠦᠭᠰᠡᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 179.9% ᠪᠠᠷ ᠨᠡᠮᠡᠭᠳᠡᠪᠡ︔ ᠤᠢ ᠰᠢᠭᠤᠢ ᠶᠢᠨ ᠲᠦᠷᠦᠯ ᠵᠦᠢᠯ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 1375.0% ᠢᠶᠠᠷ ᠨᠡᠮᠡᠭᠳᠡᠪᠡ︔ ᠮᠠᠯ ᠠᠵᠤ ᠠᠬᠤᠢ ᠶᠢᠨ ᠲᠦᠷᠦᠯ ᠵᠦᠢᠯ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 1.4% ᠪᠠᠭᠤᠷᠠᠪᠠ᠃  
 
ᠢᠷᠡᠯᠲᠡ᠄ ᠠᠶᠢᠮᠠᠭ ᠤᠨ ᠲᠤᠭ᠎ᠠ ᠪᠦᠷᠢᠳᠭᠡᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号