| | | 1 — 2 ᠳ᠋ᠤᠭᠠᠷ ᠰᠠᠷ᠎ᠠ ᠳᠤ ᠪᠥᠬᠦ ᠠᠶᠢᠮᠠᠭ ᠤᠨ ᠲᠣᠭᠲᠠᠭᠠᠭᠰᠠᠨ ᠦᠢᠯᠡᠴᠢᠯᠡᠭᠡᠨ ᠤ ᠦᠢᠯᠡᠰ ᠤᠨ ᠠᠵᠤ | ᠠᠬᠤᠶᠢᠯᠠᠯ ᠤᠨ ᠲᠤᠰᠢᠶᠠᠬᠤ ᠶᠣᠰᠣᠲᠠᠶ ᠠᠵᠢᠯᠲᠠᠨ ᠠᠵᠢᠯᠴᠢᠨ ᠤ ᠴᠠᠯᠢᠩ ᠬᠥᠯᠥᠰᠥ 10481 ᠲᠦᠮᠡᠨ ᠲᠥᠭᠦᠷᠢᠭ | ᠬᠦᠷᠴᠦ᠂ ᠠᠳᠠᠯᠢ ᠬᠤᠭᠤᠴᠠᠭᠠᠨ ᠤ ᠬᠢ ᠠᠴᠠ 3.0% ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ | ᠶᠢᠰᠦᠳᠦᠭᠡᠷ ᠲᠤ ᠣᠷᠣᠪᠠ᠃ | ᠠᠵᠢᠯ ᠲᠥᠷᠥᠯ ᠬᠤᠪᠢᠶᠠᠵᠤ ᠦᠵᠡᠪᠡᠯ᠄ 9 ᠠᠵᠢᠯ ᠲᠥᠷᠥᠯ ᠤᠨ ᠲᠥᠷᠥᠯ ᠵᠦᠢᠯ 6 ᠨᠡᠮᠡᠭᠳᠡᠵᠦ 3 | ᠪᠠᠭᠤᠷᠠᠪᠠ᠂ ᠡᠭᠦᠨ ᠳᠤ᠄ ᠵᠠᠮ ᠲᠡᠭᠡᠭᠡᠪᠦᠷᠢ᠂ ᠬᠥᠮᠥᠷᠭᠡᠯᠡᠯᠲᠡ ᠪᠠ ᠰᠢᠤᠳᠠᠨ ᠤ ᠦᠢᠯᠡᠰ᠂ ᠮᠡᠳᠡᠭᠡ ᠵᠠᠩᠭᠢ | ᠳᠠᠮᠵᠢᠭᠤᠯᠬᠤ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ | ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠤᠰᠤᠨ ᠠᠰᠢᠭᠯᠠᠯᠲᠠ᠂ | ᠣᠷᠴᠢᠨ ᠠᠬᠤᠶ ᠪᠠ ᠣᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠦᠢᠯᠡᠰ᠂ ᠰᠠᠭᠤᠭᠠᠯᠢ | ᠠᠷᠠᠳ ᠤᠨ ᠦᠢᠯᠡᠴᠢᠯᠡᠭᠡ᠂ ᠰᠡᠯᠪᠢᠨ ᠵᠠᠰᠠᠯᠲᠠ ᠪᠠ ᠪᠤᠰᠤᠳ ᠦᠢᠯᠡᠴᠢᠯᠡᠭᠡᠨ ᠤ ᠦᠢᠯᠡᠰ᠂ ᠰᠣᠶᠣᠯ᠂ ᠪᠡᠶ᠎ᠡ ᠶᠢᠨ | ᠲᠠᠮᠢᠷ ᠪᠠ ᠵᠤᠭ᠎ᠠ ᠴᠡᠩᠭᠡᠯ ᠤᠨ ᠦᠢᠯᠡᠰ ᠵᠡᠷᠭᠡ ᠠᠵᠢᠯ ᠲᠥᠷᠥᠯ ᠤᠨ ᠠᠵᠢᠯᠲᠠᠨ ᠠᠵᠢᠯᠴᠢᠨ ᠤ ᠴᠠᠯᠢᠩ ᠬᠥᠯᠥᠰᠥ ᠶᠢ | ᠲᠣᠭᠲᠠᠭᠤᠨ ᠢᠶᠠᠷ ᠨᠡᠮᠡᠭᠳᠡᠭᠦᠯᠦᠨ᠎ᠡ᠃ | ᠭᠠᠵᠠᠷ ᠣᠷᠣᠨ ᠢᠶᠠᠷ ᠬᠤᠪᠢᠶᠠᠵᠤ ᠦᠵᠡᠪᠡᠯ᠄ ᠤᠯᠠᠭᠠᠨᠬᠤᠲᠠ ᠶᠢᠨ ᠲᠣᠭᠲᠠᠭᠠᠭᠰᠠᠨ ᠦᠢᠯᠡᠴᠢᠯᠡᠭᠡᠨ ᠤ | ᠦᠢᠯᠡᠰ ᠤᠨ ᠠᠵᠤ ᠠᠬᠤᠶᠢᠯᠠᠯ ᠤᠨ ᠲᠤᠰᠢᠶᠠᠬᠤ ᠶᠣᠰᠣᠲᠠᠶ ᠠᠵᠢᠯᠲᠠᠨ ᠠᠵᠢᠯᠴᠢᠨ ᠤ ᠴᠠᠯᠢᠩ ᠨᠢ 9049.5 | ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.5% ᠪᠠᠷ ᠨᠡᠮᠡᠭᠳᠡᠪᠡ︔ ᠷᠠᠰᠢᠶᠠᠨ ᠬᠤᠲᠠ | 728.2 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 29.4% ᠨᠡᠮᠡᠭᠳᠡᠪᠡ︔ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ 446.8 ᠲᠦᠮᠡᠨ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 3.0% ᠨᠡᠮᠡᠭᠳᠡᠪᠡ︔ ᠵᠠᠯᠠᠶᠢᠳ ᠬᠤᠰᠢᠭᠤ 107.9 ᠲᠦᠮᠡᠨ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 25.2% ᠨᠡᠮᠡᠭᠳᠡᠪᠡ︔ ᠲᠦᠴᠢᠦᠸᠠᠨ ᠰᠢᠶᠠᠨ 148.6 ᠲᠦᠮᠡᠨ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 61.9% ᠨᠡᠮᠡᠭᠳᠡᠪᠡ᠃ | | | |