2024 ᠣᠨ ᠤ ᠨᠢᠭᠡᠳᠦᠭᠡᠷ ᠤᠯᠠᠷᠢᠯ ᠳᠤ ᠬᠢᠩᠭᠠᠨ ᠠᠶᠢᠮᠠᠭ ᠤᠨ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ  ᠦᠢᠯᠡᠳᠭᠦᠨ ᠤ ᠪᠥᠬᠦ ᠥᠷᠲᠡᠭ 9.3% ᠨᠡᠮᠡᠭᠳᠡᠪᠡ
ᠨᠡᠶᠢᠲᠡᠯᠡᠭᠰᠡᠨ ᠴᠠᠭ᠄
2024/5/16
     2024 ᠣᠨ ᠤ ᠨᠢᠭᠡᠳᠦᠭᠡᠷ ᠤᠯᠠᠷᠢᠯ ᠳᠤ᠂ ᠬᠢᠩᠭᠠᠨ ᠠᠶᠢᠮᠠᠭ ᠤᠨ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠰᠠᠶᠢᠨ ᠡᠬᠢᠯᠡᠯᠲᠡ ᠲᠠᠢ ᠪᠤᠯᠵᠤ᠂ ᠲᠣᠭᠲᠠᠭᠤᠨ ᠤ ᠳᠤᠮᠳᠠ ᠤᠷᠤᠭᠰᠢᠯᠠᠬᠤ᠂ ᠲᠣᠭᠲᠠᠭᠤᠨ ᠤ ᠳᠤᠮᠳᠠ ᠰᠠᠶᠢᠵᠢᠷᠠᠬᠤ ᠬᠠᠨᠳᠤᠰᠢ ᠲᠠᠢ ᠪᠤᠯᠵᠤ᠂ ᠪᠦᠬᠦ ᠠᠶᠢᠮᠠᠭ ᠤᠨ ᠲᠠᠷᠢᠶᠠᠯᠠᠩ ᠤᠢ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠶᠢᠨ ᠦᠢᠯᠡᠳᠬᠦᠨ ᠤ ᠶᠡᠷᠦᠩᠬᠡᠢ ᠦᠷᠳᠡᠭ ᠨᠡᠶᠢᠳᠡ 33.44 ᠳ᠋ᠦᠩᠰᠢᠭᠤᠷ ᠲᠥᠭᠦᠷᠢᠭ ᠲᠤ ᠬᠦᠷᠴᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠡᠯ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 9.3% ᠨᠡᠮᠡᠭᠳᠡᠵᠡᠢ᠃ ᠡᠭᠦᠨ ᠤ ᠳᠣᠲᠣᠷ᠎ᠠ᠄ ᠲᠠᠷᠢᠶᠠᠯᠠᠩ ᠤᠨ ᠦᠢᠯᠡᠳᠬᠦᠨ ᠤ ᠦᠷᠳᠡᠭ ᠢ 0.75 ᠳ᠋ᠦᠩᠰᠢᠭᠤᠷ ᠲᠥᠭᠦᠷᠢᠭ ᠢᠶᠠᠷ ᠪᠡᠶᠡᠯᠡᠭᠦᠯᠵᠦ᠂ ᠤᠢ ᠰᠢᠭᠤᠶ ᠶᠢᠨ ᠦᠢᠯᠡᠰ ᠤᠨ ᠦᠢᠯᠡᠳᠬᠦᠨ ᠤ ᠦᠷᠳᠡᠭ ᠢ 4.14 ᠳ᠋ᠦᠩᠰᠢᠭᠤᠷ ᠲᠥᠭᠦᠷᠢᠭ ᠢᠶᠠᠷ ᠪᠡᠶᠡᠯᠡᠭᠦᠯᠵᠦ᠂ ᠮᠠᠯ ᠠᠵᠤ ᠠᠬᠤᠶ ᠶᠢᠨ ᠦᠢᠯᠡᠳᠬᠦᠨ ᠤ ᠦᠷᠳᠡᠭ ᠢ27.30 ᠳ᠋ᠦᠩᠰᠢᠭᠤᠷ ᠲᠥᠭᠦᠷᠢᠭ ᠢᠶᠠᠷ ᠪᠡᠶᠡᠯᠡᠭᠦᠯᠵᠦ᠂ ᠵᠢᠭᠠᠰᠤᠨ ᠠᠵᠤ ᠠᠬᠤᠶ ᠶᠢᠨ ᠦᠢᠯᠡᠳᠬᠦᠨ ᠤ ᠦᠷᠳᠡᠭ ᠢ 0.10ᠳ᠋ᠦᠩᠰᠢᠭᠤᠷ ᠲᠥᠭᠦᠷᠢᠭ ᠢᠶᠠᠷ ᠪᠡᠶᠡᠯᠡᠭᠦᠯᠵᠦ᠂ 9.7% ᠪᠠᠷ ᠨᠡᠮᠡᠭᠳᠡᠭᠦᠯᠦᠨ᠎ᠡ︔ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠲᠤᠰᠬᠠᠶ ᠮᠡᠷᠭᠡᠵᠢᠯ ᠵᠢᠴᠢ ᠲᠤᠰᠠᠯᠠᠬᠤ ᠴᠢᠨᠠᠷᠲᠠᠶ ᠠᠵᠢᠯᠯᠠᠭᠠᠨ ᠤ ᠦᠢᠯᠡᠰ ᠤᠨ ᠦᠢᠯᠡᠳᠭᠦᠨ ᠤ ᠥᠷᠲᠡᠭ 1.15 ᠳ᠋ᠦᠩᠰᠢᠭᠤᠷ ᠲᠥᠭᠦᠷᠢᠭ ᠲᠤ ᠬᠥᠷᠪᠡ᠃  
 
ᠢᠷᠡᠯᠲᠡ᠄ ᠠᠶᠢᠮᠠᠭ ᠤᠨ ᠲᠤᠭ᠎ᠠ ᠪᠦᠷᠢᠳᠭᠡᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号