ᠨᠢᠭᠡᠳᠦᠭᠡᠷ ᠤᠯᠠᠷᠢᠯ ᠳᠤ ᠬᠢᠩᠭᠠᠨ ᠠᠶᠢᠮᠠᠭ ᠤᠨ ᠬᠡᠷᠡᠭᠯᠡᠭᠡᠨ ᠤ  ᠵᠦᠢᠯ ᠤᠨ  ᠦᠢᠯᠡᠳᠬᠦ ᠦᠢᠯᠡᠰ ᠨᠡᠯᠢᠶᠡᠳ ᠲᠦᠷᠭᠡᠨ ᠨᠡᠮᠡᠭᠳᠡᠪᠡ
ᠨᠡᠶᠢᠲᠡᠯᠡᠭᠰᠡᠨ ᠴᠠᠭ᠄
2024/5/16
     ᠠᠵᠤ  ᠦᠢᠯᠡᠳᠪᠦᠷᠢ ᠶᠢᠨ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ ᠰᠢᠷᠢᠰ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠦᠷᠭᠡᠪᠴᠢᠯᠡᠨ ᠨᠠᠶᠢᠳᠠᠪᠤᠷᠢᠵᠢᠭᠤᠯᠬᠤ ᠶᠢ ᠳᠠᠭᠠᠯᠳᠤᠨ᠂ ᠨᠢᠭᠡᠳᠦᠭᠡᠷ ᠤᠯᠠᠷᠢᠯ ᠳᠤ᠂ ᠪᠥᠬᠦ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠬᠡᠷᠡᠭᠯᠡᠭᠡᠨ ᠤ ᠵᠦᠢᠯ  ᠤᠨ  ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 11.0% ᠨᠡᠮᠡᠭᠳᠡᠵᠦ᠂ ᠪᠥᠬᠦ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠠᠵᠤ  ᠦᠢᠯᠡᠳᠪᠦᠷᠢ ᠶᠢᠨ ᠨᠡᠮᠡᠭᠳᠡᠯ ᠥᠷᠲᠡᠭ ᠤᠨ 4.8 ᠵᠠᠭᠤᠨ ᠤ ᠨᠢᠭᠡᠴᠢ ᠨᠡᠮᠡᠭᠳᠡᠬᠦ ᠶᠢ ᠳᠠᠶᠢᠴᠢᠯᠠᠵᠤ᠂ ᠪᠥᠬᠦ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠠᠵᠤ  ᠦᠢᠯᠡᠳᠪᠦᠷᠢ ᠶᠢᠨ ᠨᠡᠮᠡᠭᠳᠡᠯ ᠥᠷᠲᠡᠭ ᠲᠤ ᠡᠵᠡᠯᠡᠬᠦ ᠬᠤᠪᠢ ᠶᠢᠨ ᠵᠢᠩ ᠨᠢ 47.4% ᠬᠦᠷᠴᠡᠶ᠃ ᠡᠭᠦᠨ ᠳᠤ᠂ ᠬᠤᠪᠢ ᠨᠡᠮᠡᠷᠢ ᠪᠠᠷ ᠬᠠᠮᠤᠭ ᠤᠨ ᠲᠣᠪᠤᠶᠢᠮ᠎ᠠ ᠨᠠᠪᠴᠢᠨ ᠲᠠᠮᠠᠬᠢᠨ ᠤ ᠪᠦᠲᠦᠭᠡᠭᠳᠡᠬᠦᠨ ᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 10.2% ᠨᠡᠮᠡᠭᠳᠡᠵᠦ᠂ ᠪᠥᠬᠦ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠠᠵᠤ  ᠦᠢᠯᠡᠳᠪᠦᠷᠢ ᠶᠢᠨ ᠨᠡᠮᠡᠭᠳᠡᠯ ᠥᠷᠲᠡᠭ ᠤᠨ 4.0 ᠵᠠᠭᠤᠨ ᠤ ᠨᠢᠭᠡᠴᠢ ᠨᠡᠮᠡᠭᠳᠡᠬᠦ ᠶᠢ ᠳᠠᠶᠢᠴᠢᠯᠠᠪᠠ︔ ᠢᠳᠡᠭᠡᠨ ᠤ ᠦᠢᠯᠡᠰ ᠤᠨ ᠦᠢᠯᠡᠰ᠂ ᠴᠠᠭᠠᠰᠤ ᠬᠢᠬᠦ ᠪᠠ ᠴᠠᠭᠠᠰᠤᠨ  ᠦᠢᠯᠡᠳᠭᠦᠨ ᠤ ᠦᠢᠯᠡᠰ᠂ ᠠᠷᠢᠬᠢ ᠤᠮᠳᠠᠭᠠᠨ ᠪᠠ ᠨᠠᠷᠢᠯᠢᠭ ᠴᠠᠶ   ᠦᠢᠯᠡᠳᠬᠦ ᠦᠢᠯᠡᠰ ᠤᠨ ᠦᠢᠯᠡᠰ ᠠᠳᠠᠯᠢ ᠬᠤᠭᠤᠴᠠᠭᠠᠨ ᠤ ᠬᠢ ᠠᠴᠠ ᠲᠣᠰ ᠲᠣᠰ 71.1%᠂ 34.3%᠂ 8.7% ᠪᠠᠷ ᠨᠡᠮᠡᠭᠳᠡᠪᠡ᠃  
 
ᠢᠷᠡᠯᠲᠡ᠄ ᠠᠶᠢᠮᠠᠭ ᠤᠨ ᠲᠤᠭ᠎ᠠ ᠪᠦᠷᠢᠳᠭᠡᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号