ᠰᠦᠬᠡ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/5/22
     5 ᠳ᠋ᠤᠭᠠᠷ ᠰᠠᠷ᠎ᠠ ᠶᠢᠨ 16 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠩᠭᠠᠨ ᠤᠰᠤᠨ ᠴᠥᠭᠦᠷᠥᠮ ᠂ ᠭᠦ᠋ ᠵᠢᠢ ᠤᠰᠤᠨ ᠴᠥᠭᠦᠷᠥᠮ ᠳᠤ ᠬᠦᠷᠴᠦ ᠦᠶᠡᠷ ᠢ ᠰᠡᠷᠭᠡᠶᠢᠯᠡᠬᠦ ᠪᠡᠯᠡᠳᠬᠡᠯ᠂ ᠤᠰᠤᠨ ᠴᠥᠭᠦᠷᠥᠮ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠬᠤ ᠶᠢᠨ ᠬᠠᠮᠲᠤ ᠭᠤᠤᠯ ᠴᠠᠭᠳᠠᠬᠤ ᠪᠠᠶᠢᠴᠠᠭᠠᠯᠲᠠ ᠥᠷᠨᠢᠭᠦᠯᠪᠡ᠃    ᠰᠦᠬᠡ ᠬᠡᠯᠡᠭᠰᠡᠨ ᠨᠢ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠨᠢᠮᠪᠠᠶ ᠨᠠᠶᠢᠳᠠᠪᠤᠷᠢᠵᠢᠭᠤᠯᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠡᠷᠲᠡ ᠠᠴᠠ ᠨᠠᠷᠢᠨ ᠠᠳᠬᠤᠵᠤ᠂ ᠤᠷᠢᠳᠴᠢᠯᠠᠨ ᠭᠦᠢᠴᠡᠳ ᠬᠢᠵᠦ᠂ ᠡᠳ᠋ ᠪᠣᠳᠠᠰ ᠢ ᠨᠥᠭᠡᠴᠡᠯᠡᠬᠦ ᠪᠠ ᠠᠵᠢᠯᠲᠠᠨ ᠢ ᠲᠣᠬᠢᠷᠠᠭᠤᠯᠬᠤ ᠵᠡᠷᠭᠡ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠶ ᠃ ᠤᠰᠤᠨ ᠴᠥᠭᠦᠷᠥᠮ ᠤᠨ ᠪᠥᠲᠥᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠤᠰᠤᠨ ᠴᠥᠭᠦᠷᠥᠮ ᠤᠨ ᠵᠢᠷᠤᠮᠵᠢᠭᠰᠠᠨ ᠨᠠᠷᠢᠯᠢᠭ ᠬᠠᠮᠢᠶᠠᠷᠤᠯᠲᠠ᠂ ᠤᠰᠤᠨ ᠴᠥᠭᠦᠷᠥᠮ ᠤᠨ ᠬᠤᠷᠠᠭᠰᠠᠨ ᠢ ᠠᠷᠢᠯᠭᠠᠬᠤ ᠵᠡᠷᠭᠡ ᠡᠯ᠎ᠡ  ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠪᠦᠲᠦᠮᠵᠢᠲᠡᠶ ᠤᠰᠤ ᠬᠠᠳᠠᠭᠠᠯᠠᠬᠤ᠂ ᠰᠢᠨᠵᠢᠯᠡᠬᠦ ᠤᠬᠠᠭᠠᠨᠴᠢ ᠪᠠᠷ ᠤᠰᠤ ᠳᠣᠭᠢᠷᠠᠭᠤᠯᠬᠤ᠂ ᠨᠠᠷᠢᠯᠢᠭ ᠣᠨᠣᠴᠠᠲᠠᠶ ᠪᠠᠷ ᠤᠰᠤ ᠬᠡᠷᠡᠭᠯᠡᠬᠦ ᠶᠢ ᠪᠡᠶᠡᠯᠡᠭᠦᠯᠵᠦ᠂ ᠤᠰᠤᠨ ᠴᠥᠭᠦᠷᠥᠮ ᠤᠨ ᠶᠡᠷᠦᠩᠬᠡᠶᠢᠯᠡᠭᠰᠡᠨ ᠦᠷ᠎ᠡ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠬᠤ ᠬᠡᠷᠡᠭᠲᠡᠶ᠃ ᠬᠠᠷᠢᠶ᠎ᠠ ᠣᠷᠣᠨ ᠨᠢ ᠬᠠᠮᠢᠶᠠᠷᠬᠤ᠂ ᠱᠠᠲᠤ ᠬᠤᠪᠢᠶᠠᠨ ᠬᠠᠷᠢᠭᠤᠴᠠᠬᠤ ᠵᠠᠷᠴᠢᠮ ᠶᠣᠰᠣᠭᠠᠷ᠂ ᠭᠤᠤᠯ ᠴᠠᠭᠳᠠᠬᠤ ᠪᠠᠶᠢᠴᠠᠭᠠᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠭᠤᠤᠯ ᠮᠥᠷᠡᠨ ᠤ ᠳᠠᠷᠤᠭ᠎ᠠ ᠶᠢᠨ ᠲᠦᠷᠢᠮ ᠤᠨ ︽ᠨᠡᠷ᠎ᠡ ᠨᠢᠳᠡᠷ ᠲᠠᠢ︾ ︽ᠴᠢᠳᠠᠪᠤᠷᠢ ᠲᠠᠢ ᠪᠥᠭᠡᠳ ᠪᠦᠲᠦᠮᠵᠢᠲᠡᠶ︾ ᠶᠢ ᠢᠳᠡᠪᠬᠢᠲᠡᠶ ᠠᠬᠢᠭᠤᠯᠵᠤ᠂ ᠤᠰᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠶ ᠭᠡᠪᠡ᠃     
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号