ᠬᠢᠩᠭᠠᠨ ᠠᠶᠢᠮᠠᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ  ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/27
     5 ᠳ᠋ᠤᠭᠠᠷ ᠰᠠᠷ᠎ᠠ ᠶᠢᠨ 20 ᠤ ᠡᠳᠦᠷ᠂ ᠬᠢᠩᠭᠠᠨ ᠠᠶᠢᠮᠠᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ  ᠤᠨ ᠬᠤᠷᠠᠯ  ᠬᠤᠷᠠᠯᠳᠤᠵᠦᠦ ᠂ ᠪᠥᠬᠦ ᠠᠶᠢᠮᠠᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠠᠶᠢᠮᠠᠭ ᠤᠨ ᠵᠠᠬᠢᠷᠭ᠎ᠠ ᠶᠢᠨ ᠳᠡᠳ᠋ ᠠᠶᠢᠮᠠᠭ ᠤᠨ ᠳᠠᠷᠤᠭ᠎ᠠ ᠯᠢᠶᠠᠩ ᠶᠠᠨ ᠵᠢᠶᠦ᠋ᠨ ᠬᠤᠷᠠᠯ ᠢ ᠡᠷᠭᠢᠯᠡᠪᠡ᠃    ᠬᠤᠷᠠᠯ ᠠᠴᠠ ᠴᠢᠩᠭᠠᠳᠬᠠᠭᠰᠠᠨ ᠨᠢ ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠭᠤᠶᠢᠪᠢᠰᠢ ᠦᠭᠡᠢ ᠰᠠᠶᠢᠲᠤᠷ ᠠᠳᠬᠤᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠦᠨᠡᠨᠬᠦ ᠪᠣᠳᠠᠲᠠᠢ ᠠᠳᠬᠤᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠠᠵᠢᠯ ᠤᠨ ᠠᠷᠭ᠎ᠠ ᠬᠡᠮᠵᠢᠶ᠎ᠡ ᠶᠢ ᠲᠥᠷᠥᠯ ᠬᠤᠪᠢᠶᠠᠨ ᠨᠠᠷᠢᠯᠢᠬᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠬᠠᠷᠠᠯᠲᠠ ᠪᠠ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠬᠦᠴᠦᠨ ᠢᠶᠠᠨ ᠡᠮᠬᠢᠯᠡᠨ ᠨᠡᠶᠢᠯᠡᠭᠦᠯᠵᠦ ᠦᠷᠭᠦᠯᠵᠢᠯᠡᠨ ᠪᠡᠷᠬᠡ ᠰᠡᠳᠦᠪ ᠢ ᠰᠢᠢᠳᠪᠦᠷᠢᠯᠡᠬᠦ ᠬᠡᠷᠡᠭᠲᠡᠶ᠃ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠵᠢᠴᠢ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠠᠰᠠᠭᠤᠳᠠᠯ ᠤᠨ ︽ᠡᠷᠬᠢᠨ ᠬᠠᠷᠠᠬᠤ︾ ᠠᠵᠢᠯ ᠢ ᠰᠠᠶᠢᠲᠤᠷ ᠥᠷᠨᠢᠭᠦᠯᠵᠦ᠂ ᠴᠡᠭᠴᠡᠯᠡᠨ ᠰᠠᠶᠢᠵᠢᠷᠠᠭᠤᠯᠤᠭᠰᠠᠨ ᠠᠬᠢᠴᠠ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠳ᠋ᠦᠩ ᠢ ᠳᠠᠬᠢᠨ ᠬᠢᠨᠠᠨ ᠪᠠᠶᠢᠴᠠᠭᠠᠵᠤ᠂ ᠦᠨᠡᠨᠬᠦ ᠪᠠᠶᠢᠴᠠᠭᠠᠵᠤ ᠦᠨᠡᠨᠬᠦ ᠰᠠᠶᠢᠵᠢᠷᠠᠭᠤᠯᠬᠤ᠂ ᠡᠴᠦᠰ ᠲᠤᠨᠢ ᠲᠤᠯᠲᠠᠯ᠎ᠠ ᠥᠭᠡᠷᠡᠴᠢᠯᠡᠬᠦ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠶᠢᠮᠠᠭ ᠤᠨ ᠱᠠᠲᠤᠨ ᠤ ᠤᠳᠤᠷᠢᠳᠤᠯᠭ᠎ᠠ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠡᠯ᠎ᠡ ᠬᠤᠰᠢᠭᠤ ᠰᠢᠶᠠᠨ ᠬᠤᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠡᠯ᠎ᠡ  ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠴᠠᠭ ᠲᠤᠬᠠᠶ ᠳᠤᠨᠢ ᠴᠢᠨᠠᠷ ᠴᠢᠨᠰᠠᠭ᠎ᠠ ᠶᠢ ᠪᠠᠲᠤᠯᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ  ᠭᠡᠪᠡ᠃    ᠬᠤᠷᠠᠯ ᠨᠢ ᠬᠠᠷᠠᠭᠠᠨ ᠳᠠᠪᠲᠠᠮᠵᠢ ᠶᠢᠨ ᠬᠡᠯᠪᠡᠷᠢ ᠪᠠᠷ ᠡᠯ᠎ᠡ ᠬᠤᠰᠢᠭᠤ ᠰᠢᠶᠠᠨ ᠬᠤᠲᠠ ᠳᠤ ᠶᠠᠪᠤᠭᠳᠠᠪᠠ᠃     
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号