ᠵᠠᠩ ᠰᠢᠶᠤᠤ ᠪᠢᠩ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠳᠤ ᠪᠠᠶᠢᠴᠠᠭᠠᠨ ᠰᠤᠳᠤᠯᠤᠯᠲᠠ ᠬᠢᠵᠦ  ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/5/27
    5 ᠳ᠋ᠤᠭᠠᠷ ᠰᠠᠷ᠎ᠠ ᠶᠢᠨ 18 ᠤ ᠡᠳᠦᠷ ᠠᠴᠠ 19 ᠤ ᠡᠳᠦᠷ ᠪᠣᠯᠲᠠᠯ᠎ᠠ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠰᠢᠶᠤᠤ ᠪᠢᠩ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠤᠯᠠᠭᠠᠨᠬᠤᠲᠠ ᠶᠢᠨ ᠬᠡᠰᠡᠭ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ᠂ ᠠᠵᠤ ᠠᠬᠤᠶᠢᠯᠠᠯ ᠪᠠ ᠣᠯᠠᠨ ᠲᠦᠮᠡᠨ ᠤ ᠬᠡᠷ ᠲᠤ ᠬᠦᠷᠴᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠬᠡᠯᠪᠡᠷᠢ ᠶᠢᠨ ᠦᠵᠡᠯ ᠢ ᠴᠡᠭᠴᠡᠯᠡᠨ ᠵᠠᠰᠠᠵᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠣᠶᠢᠯᠠᠭᠠᠪᠠ᠃    ᠵᠠᠩ ᠰᠢᠶᠤᠤ ᠪᠢᠩ  ᠬᠡᠯᠡᠬᠦ ᠳᠡᠭᠡᠨ᠂ ᠡᠨᠡ ᠭᠤᠷᠪᠠᠨ  ᠵᠦᠢᠯ ᠤᠨ ᠠᠵᠢᠯ ᠪᠣᠯ ᠬᠠᠷᠢᠯᠴᠠᠨ ᠬᠤᠯᠪᠣᠯᠳᠤᠵᠤ᠂ ᠬᠠᠷᠢᠯᠴᠠᠨ ᠨᠥᠯᠥᠭᠡᠯᠡᠵᠦ ᠪᠠᠶᠢᠳᠠᠭ᠂ ᠴᠥᠮ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠢ ᠳᠥᠯᠭᠢᠨ ᠠᠬᠢᠭᠤᠯᠬᠤ ᠶᠢᠨ ᠴᠢᠬᠤᠯᠠ ᠠᠭᠤᠯᠭ᠎ᠠ ᠮᠥᠨ᠃ ᠡᠨᠡ ᠭᠤᠷᠪᠠᠨ ᠵᠦᠢᠯ ᠤᠨ ᠠᠵᠢᠯ ᠢ ᠤᠶᠠᠯᠳᠤᠭᠤᠯᠵᠤ ᠪᠠᠶᠢᠭᠠᠳ ᠨᠢᠭᠡᠳᠦᠯᠲᠡᠶ ᠲᠥᠯᠥᠪᠯᠡᠨ ᠠᠬᠢᠭᠤᠯᠵᠤ᠂ ᠴᠡᠭᠴᠡᠯᠡᠨ ᠵᠠᠰᠠᠵᠤ ᠴᠡᠭᠴᠡᠯᠡᠨ ᠵᠠᠰᠠᠬᠤ ᠠᠰᠠᠭᠤᠳᠠᠯ ᠢ ᠢᠮᠠᠭᠲᠠ  ᠲᠤᠭᠤᠰᠢᠯᠠᠭᠤᠯᠵᠦ ᠂ ᠪᠦᠬᠦ ᠲᠠᠯ᠎ᠠ ᠪᠠᠷ ᠲᠤᠭᠤᠰᠢᠯᠠᠭᠤᠯᠵᠦ ᠂ ᠨᠠᠮ ᠤᠨ ᠭᠡᠰᠢᠭᠦᠨ ᠺᠠᠳ᠋ᠷᠴᠤᠳ ᠤᠨ ᠵᠣᠷᠢᠯᠲᠠ ᠶᠢᠨ ᠤᠬᠠᠮᠰᠠᠷ ᠪᠣᠯᠤᠨ ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠦᠷ᠎ᠡ ᠪᠦᠲᠦᠮᠵᠢ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤ ᠶᠢ ᠵᠠᠰᠠᠬᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠵᠡᠷᠭᠡ ᠠᠵᠢᠯ ᠳᠤ ᠢᠯᠡᠷᠡᠭᠦᠯᠵᠦ᠂ 1+1+1>3 ᠶᠢᠨ ᠳᠠᠬᠢᠨ ᠢᠶᠠᠷ ᠨᠡᠮᠡᠭᠳᠡᠭᠦᠯᠬᠦ ᠦᠢᠯᠡᠳᠦᠯ ᠢ ᠪᠠᠳᠠᠷᠠᠭᠤᠯᠵᠤ᠂ ᠤᠯᠠᠨ ᠲᠦᠮᠡᠨ ᠳᠤ ᠦᠨᠡᠨ ᠪᠣᠳᠠᠲᠠᠢ ᠬᠤᠪᠢᠷᠠᠯᠲᠠ ᠶᠢ ᠮᠡᠳᠡᠷᠡᠭᠦᠯᠦᠨ᠎ᠡ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠴᠢᠨᠠᠷ ᠰᠠᠶᠢᠲᠠᠢ ᠥᠷᠨᠢᠭᠦᠯᠵᠦ᠂ ᠪᠦᠬᠦᠨ ᠢ ᠪᠦᠷᠬᠦᠬᠦᠯᠦᠨ ᠰᠤᠷᠤᠯᠴᠠᠯᠭ᠎ᠠ ᠪᠣᠯᠪᠠᠰᠤᠷᠠᠯ ᠢ ᠥᠷᠨᠢᠭᠦᠯᠵᠦ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠰᠠᠨᠠᠭᠠᠨ ᠳᠠᠭᠠᠨ ᠠᠪᠬᠤ ᠦᠭᠡᠢ᠂ ᠣᠶᠢᠯᠠᠭᠠᠬᠤ ᠦᠭᠡᠢ᠂ ᠡᠵᠡᠮᠰᠢᠬᠦ ᠦᠭᠡᠢ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠨᠠᠮ ᠤᠨ ᠭᠡᠰᠢᠭᠦᠨ ᠺᠠᠳ᠋ᠷᠴᠤᠳ ᠢ ᠦᠨᠡᠨᠬᠦ ᠰᠡᠷᠡᠮᠵᠢᠯᠡᠭᠦᠯᠵᠦ᠂ ᠬᠤᠷᠢᠭ᠎ᠠ ᠱᠤᠭᠤᠮ ᠢ ᠲᠣᠳᠣᠷᠬᠠᠶᠢᠯᠠᠵᠤ᠂ ᠪᠢᠰᠢᠷᠡᠨ ᠵᠢᠷᠦᠬᠡᠰᠢᠶᠡᠬᠦ ᠰᠡᠳᠬᠢᠯᠭᠡ ᠲᠠᠢ ᠪᠣᠯᠭᠠᠬᠤ ᠬᠡᠷᠡᠭᠲᠡᠢ᠃ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠠᠨ ᠲᠦᠮᠡᠨ ᠳᠤ ᠦᠢᠯᠡᠴᠢᠯᠡᠬᠦ ︽ᠬᠦᠴᠦᠯᠡᠬᠦ ᠴᠡᠭ︾ ᠢ ᠣᠨᠣᠪᠴᠢᠲᠠᠢ ᠣᠯᠵᠤ᠂ ᠡᠷᠬᠡ ᠬᠠᠷᠢᠭᠤᠴᠠᠯᠭ᠎ᠠ ᠶᠢᠨ ᠵᠠᠭᠠᠭ ᠬᠢᠵᠠᠭᠠᠷ ᠪᠣᠯᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶ᠎ᠡ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠬᠥᠩᠭᠡᠷᠡᠭᠦᠯᠬᠦ ᠶᠣᠰᠣᠲᠠᠢ ᠶᠢ ᠨᠢ ᠬᠥᠩᠭᠡᠷᠡᠭᠦᠯᠵᠦ᠂ ᠨᠡᠶᠢᠯᠡᠭᠦᠯᠬᠦ ᠶᠣᠰᠣᠲᠠᠢ ᠶᠢ ᠨᠢ ᠨᠡᠶᠢᠯᠡᠭᠦᠯᠵᠦ᠂ ᠰᠢᠯᠢᠳᠡᠭᠵᠢᠭᠦᠯᠬᠦ ᠶᠣᠰᠣᠲᠠᠢ ᠶᠢ ᠨᠢ ᠦᠷᠭᠦᠯᠵᠢᠯᠡᠨ ᠰᠢᠯᠢᠳᠡᠭᠵᠢᠭᠦᠯᠵᠦ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨᠬᠦ ᠬᠥᠩᠭᠡᠷᠡᠭᠦᠯᠵᠦ᠂ ᠬᠦᠰᠡᠭᠰᠡᠨ ᠪᠦᠬᠦᠨ ᠢ ᠵᠠᠪᠠᠯ ᠭᠦᠢᠴᠡᠳᠬᠡᠬᠦ ᠮᠥᠷᠲᠡᠭᠡᠨ ᠤᠴᠢᠷ ᠶᠠᠪᠤᠳᠠᠯ ᠪᠦᠬᠦᠨ ᠢ ᠬᠠᠷᠰᠢᠯᠠᠬᠤ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ ᠤᠨ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠰᠦᠪᠡᠭᠴᠢ ᠶᠢ ᠰᠢᠢᠳᠪᠦᠷᠢᠯᠡᠬᠦ ᠪᠠ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠤᠨᠢᠨ ᠳᠡᠭᠡᠷ᠎ᠡ ᠨᠢ ᠪᠤᠰᠤᠳᠴᠢ ᠪᠠᠷ ᠠᠬᠢᠭᠤᠯᠵᠤ᠂ ᠬᠡᠷᠡᠭ ᠰᠢᠢᠳᠪᠦᠷᠢᠯᠡᠬᠦ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠬᠥᠮᠦᠵᠢᠭᠦᠯᠦᠨ ᠰᠠᠬᠢᠯᠭ᠎ᠠ ᠪᠠᠲᠤ ᠶᠣᠰᠣ ᠲᠦᠷᠢᠮ ᠤᠨ ᠤᠬᠠᠮᠰᠠᠷ ᠢ ᠪᠠᠲᠤ ᠪᠤᠢ ᠪᠣᠯᠭᠠᠵᠤ᠂ ᠤᠯᠠᠨ ᠲᠦᠮᠡᠨ ᠳᠤ ᠢᠳᠡᠪᠬᠢᠲᠡᠢ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠬᠦ ᠬᠡᠷᠡᠭᠲᠡᠢ᠃    ᠲᠡᠷᠡ ᠪᠠᠰᠠ ᠬᠤᠶᠠᠷ ᠭᠠᠵᠠᠷ ᠤᠨ ᠪᠠᠯᠭᠠᠰᠤ ᠲᠣᠰᠬᠤᠨ ᠤ ᠺᠠᠳ᠋ᠷᠴᠤᠳ ︽ᠮᠢᠩᠭᠠᠨ ᠲᠦᠮᠡ ᠶᠢᠨ ᠢᠨᠵᠧᠨᠧᠷᠢᠩ︾ ᠢᠶᠠᠷ ᠬᠦᠳᠦᠯᠦᠨ ᠳᠠᠭᠠᠭᠤᠯᠵᠤ᠂ ᠤᠯᠠᠨ ᠲᠦᠮᠡᠨ ᠤ ᠬᠦᠷᠢᠶᠡᠨ ᠤ ᠠᠵᠤ ᠠᠬᠤᠢ᠂ ᠲᠦᠬᠦᠭᠡᠷᠦᠮᠵᠢᠲᠦ ᠲᠠᠷᠢᠶᠠᠯᠠᠩ᠂ ᠬᠥᠳᠡᠭᠡ ᠲᠣᠰᠬᠤᠨ ᠤ ᠵᠤᠭᠠᠴᠠᠯ᠂ ᠤᠢ ᠵᠢᠮᠢᠰ ᠤᠨ ᠠᠵᠤ ᠦᠢᠯᠡᠰ ᠵᠡᠷᠭᠡ ᠶᠢ ᠬᠥᠭᠵᠢᠭᠦᠯᠬᠦ ᠶᠢ ᠳᠡᠮᠵᠢᠵᠦ᠂ ︽ᠬᠤᠳᠠ ᠶᠢᠨ ᠲᠡᠭᠦᠷᠭᠡ ᠶᠢᠨ ᠬᠡᠯᠪᠡᠷᠢ︾ ᠶᠢᠨ ᠠᠵᠤ ᠠᠬᠤᠢ ᠶᠢᠨ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠢ ᠭᠡᠵᠦ ᠱᠠᠭᠠᠷᠳᠠᠪᠠ᠃ ᠠᠵᠤ ᠠᠬᠤᠶᠢᠯᠠᠯ ᠢ ᠳᠡᠭᠡᠳᠦ ᠦᠵᠦᠭᠦᠷᠴᠢᠯᠡᠭᠰᠡᠨ᠂ ᠤᠶᠤᠨᠴᠢᠯᠠᠭᠰᠠᠨ᠂ ᠪᠣᠬᠢᠷᠲᠤᠯ ᠦᠭᠡᠢ ᠬᠥᠭᠵᠢᠯᠲᠡ ᠶᠢᠨ ᠴᠢᠭᠯᠡᠯ ᠢ ᠬᠠᠷᠠᠭᠠᠯᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠦᠨ ᠪᠤᠵᠠᠭᠠᠶᠢᠷᠠᠭᠤᠯᠵᠤ᠂ ︽ᠲᠤᠰᠬᠠᠢ ᠨᠠᠷᠢᠯᠢᠭ ᠣᠨᠴᠠ ᠰᠢᠨ᠎ᠡ︾ ᠠᠵᠤ ᠠᠬᠤᠶᠢᠯᠠᠯ ᠪᠣᠯᠬᠤ ᠪᠠᠷ ᠴᠢᠷᠮᠠᠶᠢᠬᠤ ᠬᠡᠷᠡᠭᠲᠡᠢ ᠭᠡᠵᠦ ᠱᠠᠭᠠᠷᠳᠠᠪᠠ᠃      
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号