ᠬᠢᠩᠭᠠᠨ ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠳ ᠤᠨ ᠬᠤᠷᠠᠯ  ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/27
    5 ᠳ᠋ᠤᠭᠠᠷ ᠰᠠᠷ᠎ᠠ ᠶᠢᠨ 17 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠳ ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ  ᠤᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠠᠶᠢᠮᠠᠭ ᠤᠨ ᠲᠤᠭ᠎ᠠ ᠪᠦᠷᠢᠳᠬᠡᠯ ᠤᠨ ᠠᠵᠢᠯ᠂ ᠭᠠᠳᠠᠭᠠᠳᠤ ᠨᠡᠭᠡᠭᠡᠯᠲᠡ ᠶᠢᠨ ᠠᠵᠢᠯ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠢ ᠬᠢᠨᠠᠨ ᠶᠠᠷᠢᠯᠴᠠᠵᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ  ᠰᠢ ᠶᠢᠨ ᠫᠢᠩ  ᠤᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠭᠤᠣᠯ ᠠᠭᠤᠯᠭ᠎ᠠ ᠪᠣᠯᠭᠠᠭᠰᠠᠨ ᠬᠢᠴᠢᠶᠡᠯ ᠤᠨ ᠵᠢᠭᠠᠬᠤ ᠮᠠᠲ᠋ᠧᠷᠢᠶᠠᠯ ᠤᠨ ᠰᠢᠰᠲ᠋ᠧᠮ ᠢ ᠬᠦᠴᠦᠯᠡᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠴᠢᠨᠠᠷ ᠰᠠᠶᠢᠲᠠᠢ ᠠᠬᠢᠭᠤᠯᠵᠤ᠂ ︽ᠨᠢᠭᠡ ᠣᠷᠳᠣᠨ ᠭᠤᠷᠪᠠᠨ ᠬᠠᠶ᠋ᠢᠭ︾ ᠵᠡᠷᠭᠡ ᠰᠤᠷᠭᠠᠨ ᠬᠥᠮᠦᠵᠢᠯ ᠤᠨ ᠠᠴᠢᠶᠠᠯᠠᠪᠤᠷᠢ ᠶᠢ ᠰᠠᠶᠢᠲᠤᠷ ᠠᠰᠢᠭᠯᠠᠵᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠢᠩᠭᠠᠨ ᠠᠶᠢᠮᠠᠭ ᠤᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠢ ᠠᠮᠵᠢᠯᠲᠠ ᠲᠠᠢ ᠡᠷᠬᠢᠯᠡᠵᠦ᠂ ᠲᠦᠷᠦᠯ ᠲᠡᠮᠳᠡᠭ ᠭᠠᠷᠭᠠᠬᠤ ᠪᠠᠷ ᠴᠢᠷᠮᠠᠶᠢᠨ᠎ᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠲᠤᠭ᠎ᠠ ᠪᠦᠷᠢᠳᠬᠡᠯ ᠤᠨ ᠠᠵᠢᠯ ᠤᠨ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ︽ᠨᠢᠭᠡᠳᠦᠯᠲᠡᠢ ᠪᠠᠶᠢᠯᠭᠠᠬᠤ ᠶᠣᠰᠣᠲᠠᠢ ᠶᠢ ᠨᠢ ᠪᠦᠬᠦᠨ ᠢ ᠨᠢᠭᠡᠳᠦᠯᠲᠡᠢ ᠪᠠᠶᠢᠯᠭᠠᠬᠤ︾ ᠶᠢ ᠪᠡᠶᠡᠯᠡᠭᠦᠯᠵᠦ᠂ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠲᠤᠭ᠎ᠠ ᠪᠦᠷᠢᠳᠬᠡᠯ ᠤᠨ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠱᠠᠭᠠᠷᠳᠠᠭᠰᠠᠨ ᠨᠢ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ ᠤᠨ ᠠᠰᠠᠭᠤᠳᠠᠯ ᠢ ᠦᠷᠭᠦᠯᠵᠢᠯᠡᠨ ᠬᠦᠴᠦᠯᠡᠨ ᠴᠡᠭᠴᠡᠯᠡᠨ ᠵᠠᠰᠠᠵᠤ᠂ ︽ᠲᠦᠷᠪᠡ ᠳᠤ ᠠᠩᠬᠠᠷᠤᠯ ᠢᠶᠠᠨ ᠲᠥᠪᠯᠡᠷᠡᠭᠦᠯᠬᠦ︾ ᠪᠠ ᠲᠣᠭᠤᠷᠢᠨ ᠪᠠᠶᠢᠴᠠᠭᠠᠬᠤ᠂ ᠬᠢᠨᠠᠨ ᠵᠢᠯᠣᠭᠤᠳᠬᠤ ᠵᠡᠷᠭᠡ ᠡᠯ᠎ᠡ ᠲᠦᠷᠦᠯ ᠤᠨ ᠪᠠᠶᠢᠴᠠᠭᠠᠯᠲᠠ ᠳᠤ ᠢᠯᠡᠷᠡᠭᠦᠯᠦᠭᠰᠡᠨ ᠲᠤᠪᠤᠶᠢᠮ᠎ᠠ ᠠᠰᠠᠭᠤᠳᠠᠯ ᠢ ᠴᠢᠩᠭ᠎ᠠ ᠠᠩᠬᠠᠷᠴᠤ᠂ ᠰᠦᠪᠡᠭᠴᠢ ᠶᠢ ᠰᠢᠢᠳᠪᠦᠷᠢᠯᠡᠬᠦ ᠪᠠ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠬᠦᠴᠦᠲᠡᠢ ᠠᠬᠢᠭᠤᠯᠵᠤ᠂ ᠲᠣᠭᠲᠠᠴᠠ ᠶᠢ ᠴᠢᠨᠠᠭᠰᠢᠳᠠ ᠲᠡᠭᠦᠯᠳᠡᠷᠵᠢᠭᠦᠯᠵᠦ᠂ ᠠᠯᠳᠠᠰᠢ ᠭᠠᠷᠬᠤ ᠶᠢ ᠬᠤᠷᠢᠭᠯᠠᠵᠤ᠂ ᠡᠯ᠎ᠡ ᠲᠦᠷᠦᠯ ᠤᠨ ᠠᠰᠠᠭᠤᠳᠠᠯ ᠢ ᠲᠦᠢᠯᠪᠤᠷᠢᠲᠠᠢ ᠥᠭᠡᠷᠡᠴᠢᠯᠡᠬᠦ᠂ ᠪᠣᠳᠠᠲᠠᠢ ᠥᠭᠡᠷᠡᠴᠢᠯᠡᠬᠦ ᠶᠢ ᠠᠬᠢᠭᠤᠯᠵᠤ᠂ ᠤᠯᠠᠨ ᠲᠦᠮᠡᠨ ᠳᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠠᠪᠤᠳᠠᠯ ᠳᠡᠷᠭᠡᠳᠡ ᠨᠢ ᠪᠠᠶᠢᠬᠤ ᠶᠢ ᠮᠡᠳᠡᠭᠦᠯᠬᠦ ᠬᠡᠷᠡᠭᠲᠡᠢ᠃    ᠬᠤᠷᠠᠯ ᠠᠴᠠ᠂ ᠭᠠᠳᠠᠭᠠᠳᠤ ᠨᠡᠬᠡᠬᠡᠯᠳᠡ ᠶᠢ ᠨᠡᠩ ᠶᠡᠭᠡ ᠡᠷᠴᠢᠮ ᠢᠶᠠᠷ ᠠᠬᠢᠭᠤᠯᠵᠤ᠂ ᠷᠠᠰᠢᠶᠠᠨ ᠤ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ ᠥᠭᠡᠷᠡᠴᠢᠯᠡᠯᠲᠡ ᠵᠢᠴᠢ ᠪᠣᠭᠤᠮᠲᠠ ᠥᠩᠭᠡᠷᠡᠬᠦ ᠴᠢᠳᠠᠪᠤᠷᠢ ᠶᠢᠨ ᠳᠡᠭᠡᠭᠰᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ ᠬᠤᠩᠭᠢᠯ ᠤᠨ ᠪᠦᠳᠦᠭᠡᠨ ᠪᠠᠶᠢᠭᠤᠯᠤᠯᠲᠠ ᠳᠤ ᠭᠦᠨᠵᠡᠭᠡᠢ ᠣᠷᠣᠯᠴᠠᠵᠤ᠂ ᠬᠢᠯᠢ ᠶᠢᠨ ᠪᠣᠭᠤᠮᠲᠠ ᠶᠢᠨ ᠠᠵᠤ ᠠᠬᠤᠢ ᠶᠢ ᠬᠤᠯᠪᠣᠭᠠᠯᠠᠨ ᠬᠥᠭᠵᠢᠭᠦᠯᠵᠦ᠂ ᠮᠣᠩᠭᠤᠯ ᠤᠯᠤᠰ ᠯᠤᠭ᠎ᠠ ᠠᠮᠢ ᠠᠬᠤᠢ ᠶᠢᠨ ᠬᠦᠷᠢᠶᠡᠨ ᠳᠠᠬᠢ ᠬᠠᠮᠲᠤᠷᠠᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢᠨ ᠨᠡᠩ ᠤᠯᠠᠨ ᠦᠷ᠎ᠡ ᠪᠦᠲᠦᠭᠡᠯ ᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮ ᠡᠮᠨᠡᠯᠭᠡ ᠶᠢᠨ ᠬᠠᠮᠲᠤ ᠶᠢᠨ ᠴᠣᠭᠴᠠ ᠶᠢ ᠪᠠᠶᠢᠭᠤᠯᠬᠤ ᠪᠠᠷ ᠭᠤᠣᠯᠳᠠᠯᠭ᠎ᠠ ᠪᠣᠯᠭᠠᠵᠤ᠂ ᠰᠢᠶᠠᠨ ᠤ ᠬᠡᠪᠴᠢᠶᠡᠨ ᠤ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠪᠣᠯᠤᠨ ᠮᠡᠷᠭᠡᠵᠢᠯ ᠤᠨ ᠲᠦᠪᠰᠢᠨ ᠢ ᠲᠦᠷᠭᠡᠨ ᠳᠡᠭᠡᠭᠰᠢᠯᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦᠨ ᠤ ᠠᠮᠤᠷ ᠲᠦᠪᠰᠢᠨ ᠢ ᠦᠨᠡᠨᠬᠦ ᠪᠠᠲᠤᠯᠠᠵᠤ᠂ ᠠᠷᠠᠳ ᠤᠯᠠᠨ ᠳᠤ ᠪᠦᠬᠦ ᠲᠠᠯ᠎ᠠ ᠶᠢᠨ᠂ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠡᠷᠡᠭᠦᠯ ᠬᠠᠮᠠᠭᠠᠯᠠᠯ ᠪᠣᠯᠤᠨ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠱᠠᠭᠠᠷᠳᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃     
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号