ᠤᠯᠠᠭᠠᠨᠬᠤᠲᠠ ᠴᠠᠬᠢᠯᠭᠠᠨ ᠬᠥᠳᠡᠯᠭᠡᠭᠦᠷᠲᠦ ᠮᠣᠲ᠋ᠣᠷ ᠲᠡᠷᠭᠡ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/7
      ᠤᠶᠢᠷ᠎ᠠ ᠶᠢᠨ ᠡᠳᠦᠷ᠂ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠬᠢ ᠴᠠᠬᠢᠯᠭᠠᠨ ᠬᠥᠳᠡᠯᠭᠡᠭᠦᠷᠲᠦ ᠮᠣᠲ᠋ᠣᠷ ᠲᠡᠷᠭᠡ ᠪᠣᠯᠤᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠤᠯᠠᠭᠠᠨᠬᠤᠲᠠ ᠶᠢᠨ ᠵᠠᠮ ᠬᠠᠷᠢᠯᠴᠠᠭᠠᠨ ᠤ ᠴᠠᠭᠳᠠᠭ᠎ᠠ ᠬᠠᠷᠢᠶᠠᠲᠤ ᠣᠷᠣᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠷ᠎ᠠ ᠪᠠᠷ ᠢᠶᠠᠨ ᠦᠭᠡᠷᠡᠴᠢᠯᠡᠨ ᠵᠠᠰᠨᠨᠰᠠᠨ ᠴᠠᠬᠢᠯᠭᠠᠨ ᠬᠥᠳᠡᠯᠭᠡᠭᠦᠷᠲᠦ ᠮᠣᠲ᠋ᠣᠷ ᠲᠡᠷᠭᠡ ᠪᠣᠯᠤᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠬᠤᠳᠠ ᠶᠢᠨ ᠵᠡᠭᠡᠯᠢ ᠭᠤᠳᠤᠮᠵᠢ ᠪᠠᠷ ᠬᠠᠤᠯᠢ ᠪᠤᠰᠤ ᠪᠠᠷ ᠬᠤᠷᠳᠤᠴᠠ ᠮᠥᠷᠦ᠋ᠢᠴᠡᠬᠦ᠂ ᠦᠨᠡᠮᠯᠡᠯ ᠥᠬᠡᠶ ᠬᠦᠶᠦᠬᠦ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠭᠰᠡᠨ ᠪᠠᠶᠢᠨ᠎ᠠ᠃ ᠡᠭᠦᠨ ᠤ ᠬᠠᠮᠲᠤ ︽ᠢᠤᠡᠬᠠᠨ ᠰᠤᠷᠭᠠᠬᠤ ᠪᠠ ᠲᠣᠷᠭᠠᠬᠤ ᠶᠢ ᠬᠠᠷᠢᠯᠴᠠᠨ ᠤᠶᠠᠯᠳᠤᠭᠤᠯᠬᠤ︾ ᠵᠠᠷᠴᠢᠮ ᠢ ᠪᠠᠷᠢᠮᠲᠠᠯᠠᠨ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠬᠦᠨᠳᠦ ᠨᠣᠴᠢᠲᠠᠶ ᠬᠤᠤᠷ ᠬᠥᠨᠥᠭᠡᠯᠲᠦ ᠴᠢᠨᠠᠷ ᠢ ᠢᠳᠡᠪᠬᠢᠲᠡᠶ ᠤᠬᠠᠭᠤᠯᠵᠤ᠂ ᠲᠡᠷᠭᠡᠨ ᠵᠢᠯᠣᠭᠤᠴᠢ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠶᠢᠨ᠎ᠠ᠃ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠬᠢ ᠴᠡᠭᠴᠡᠯᠡᠨ ᠪᠠᠶᠢᠴᠠᠭᠠᠬᠤ ᠠᠵᠢᠯᠯᠠᠭ᠎ᠠ ᠲᠤᠮᠳᠠ ᠪᠠᠨ ᠫᠠᠶᠢᠰᠠ ᠦᠨᠡᠮᠯᠡᠯ ᠥᠬᠡᠶ᠂ ᠬᠠᠤᠯᠢ ᠪᠤᠰᠤ ᠪᠠᠷ ᠥᠭᠡᠷᠡᠴᠢᠯᠡᠨ ᠵᠠᠰᠬᠠᠰᠠᠨ 28 ᠴᠠᠬᠢᠯᠭᠠᠨ ᠬᠥᠳᠡᠯᠭᠡᠭᠦᠷᠲᠦ ᠮᠣᠲ᠋ᠣᠷ ᠲᠡᠷᠭᠡ ᠪᠣᠯᠤᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠪᠠᠶᠢᠴᠠᠭᠠᠨ ᠬᠤᠷᠢᠶᠠᠮᠵᠢᠯᠠᠭᠰᠠᠨ ᠪᠠᠶᠢᠨ᠎ᠠ᠃ ︵ᠢᠦᠢ ᠲᠢᠶᠠᠨ ᠢᠦᠢ︶    
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号