ᠷᠠᠰᠢᠶᠠᠨ ᠬᠤᠲᠠ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠠᠮᠤᠷ ᠲᠦᠪᠰᠢᠨ ᠤ ᠪᠠᠶᠢᠴᠠᠭᠠᠯᠳᠠ ᠬᠢᠪᠡ
ᠨᠡᠶᠢᠲᠡᠯᠡᠭᠰᠡᠨ ᠴᠠᠭ᠄
2024/5/7
      ᠣᠶᠢᠷ᠎ᠠ ᠶᠢᠨ ᠬᠤᠭᠤᠴᠠᠭᠠᠨ ᠤ ᠰᠢᠲᠠᠮᠠᠬᠠᠶ ᠬᠡᠶ ᠶᠢᠨ ᠳᠡᠯᠪᠡᠷᠡᠯᠲᠡ ᠶᠢᠨ ᠡ᠊ᠨᠳᠡᠯ ᠠᠴᠠ ᠰᠤᠷᠭᠠᠮᠵᠢ ᠠᠪᠴᠦ᠂ ᠭᠠᠯ ᠤᠨᠲᠠᠷᠠᠭᠠᠬᠤ ᠠᠮᠤᠷ ᠲᠦᠪᠰᠢᠨ ᠤ ᠡᠯ᠎ᠡ ᠲᠥᠷᠥᠯ ᠤᠨ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠬᠦᠨᠳᠦ ᠶᠡᠭᠡ ᠭᠡᠨᠡᠳᠲᠡ ᠶᠢᠨ ᠬᠡᠷᠡᠭ ᠢ ᠰᠡᠷᠭᠡᠶᠢᠯᠡᠨ᠂ ᠠᠷᠠᠳ ᠣᠯᠠᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠦᠯᠦᠭᠡ᠂ ᠤᠶᠢᠷ᠎ᠠ ᠶᠢᠨ ᠡᠳᠦᠷ ᠬᠢᠩᠭᠠᠨ ᠠᠶᠢᠮᠠᠭ ᠤᠨ ᠷᠠᠰᠢᠶᠠᠨ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠷᠠᠰᠢᠶᠠᠨ ᠬᠤᠳᠠ ᠶᠢᠨ ᠲᠤᠰᠤ ᠨᠡᠮᠡᠬᠦ ᠦᠷᠳᠡᠭᠡ ᠳᠤ ᠠᠮᠤᠷ ᠲᠦᠪᠰᠢᠨ ᠤ ᠪᠠᠶᠢᠴᠠᠭᠠᠯᠳᠠ ᠬᠢᠪᠡ᠃ ᠶᠡᠭᠡ ᠠᠩᠭᠢ ᠶᠢᠨ ᠭᠠᠯ ᠤᠨᠲᠠᠷᠠᠭᠠᠬᠤ ᠬᠢᠨᠠᠯᠲᠠ ᠲᠠᠯᠪᠢᠭᠴᠢ ᠲᠣᠰᠣ ᠨᠡᠮᠡᠬᠦ ᠥᠷᠲᠡᠭᠡᠨ ᠤ ᠳᠣᠲᠣᠷᠠᠬᠢ ᠴᠢᠯᠠᠭᠤᠨ ᠲᠤᠰᠤ ᠬᠠᠳᠠᠭᠠᠯᠠᠬᠤ ᠭᠠᠵᠠᠷ᠂ ᠴᠢᠯᠠᠭᠤᠨ ᠲᠣᠰᠣ ᠨᠡᠮᠡᠬᠦ ᠲᠤᠨᠤᠭ ᠲᠦᠭᠦᠭᠡᠷᠦᠮᠵᠢ᠂ ᠴᠢᠯᠠᠭᠤᠨ ᠲᠣᠰᠣ ᠪᠠᠭᠤᠯᠭᠠᠬᠤ ᠭᠠᠵᠠᠷ ᠵᠢᠴᠢ ᠴᠢᠯᠠᠭᠤᠨ ᠲᠣᠰᠣ ᠨᠡᠮᠡᠬᠦ ᠥᠷᠲᠡᠭᠡᠨ ᠤ ᠭᠠᠯ ᠤᠨᠲᠠᠷᠠᠭᠠᠬᠤ ᠲᠤᠨᠤᠭ ᠲᠦᠬᠦᠭᠡᠷᠦᠮᠵᠢ ᠨᠢ ᠪᠦᠷᠢᠨ ᠭᠦᠢᠴᠡᠳ ᠪᠠᠶᠢᠬᠤ ᠡᠰᠡᠬᠦ᠂ ᠭᠠᠯ ᠤᠨᠲᠠᠷᠠᠭᠠᠬᠤ ᠪᠡᠯᠡᠳᠭᠡᠯ ᠬᠦᠢᠴᠡᠳ ᠡᠰᠡᠬᠦ᠂ ᠪᠠᠴᠢᠮ ᠲᠠᠷᠬᠠᠭᠠᠬᠤ ᠪᠡᠯᠡᠳᠭᠡᠯ ᠲᠥᠰᠦᠯ ᠢ ᠲᠣᠭᠲᠠᠭᠠᠭᠰᠠᠨ ᠡᠰᠡᠬᠦ᠂ ᠭᠠᠯ ᠤᠨᠲᠠᠷᠠᠭᠠᠬᠤ ᠠᠮᠤᠷ ᠲᠦᠪᠰᠢᠨ ᠤ ᠰᠣᠷᠢᠯᠲᠠ ᠶᠢ ᠴᠠᠭ ᠲᠤᠬᠠᠶ ᠳᠤᠨᠢ ᠥᠷᠨᠢᠭᠦᠯᠦᠭᠰᠡᠨ ᠡᠰᠡᠬᠦ ᠵᠡᠷᠭᠡ ᠠᠭᠤᠯᠭ᠎ᠠ ᠶᠢ ᠭᠤᠤᠯᠳᠠᠯᠭ᠎ᠠ ᠲᠠᠢ ᠪᠠᠶᠢᠴᠠᠭᠠᠵᠦ᠂ ᠴᠠᠬᠢᠯᠭᠠᠨ ᠤᠳᠠᠰᠦ ᠲᠠᠳᠠᠭᠰᠠᠨ ᠨᠢ ᠲᠤᠭᠳᠠᠭᠠᠯ ᠳᠤ ᠨᠡᠶᠢᠴᠡᠬᠦ ᠦᠭᠡᠢ ᠵᠡᠷᠭᠡ ᠠᠰᠠᠭᠤᠳᠠᠯ ᠳᠤ ᠴᠢᠭᠯᠡᠬᠦᠯᠦᠨ᠂ ᠲᠤᠬᠠᠶ ᠶᠢᠨ ᠲᠠᠯᠠᠪᠤᠷ ᠲᠤᠨᠢ ᠵᠠᠯᠠᠷᠠᠭᠤᠯᠵᠠᠢ᠃ ᠪᠠᠰᠠ ᠭᠠᠯ ᠢ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠭᠠᠯ ᠢ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠲᠠᠯ᠎ᠠ ᠪᠠᠷ ᠣᠷᠣᠰᠢᠵᠤ ᠪᠠᠶᠢᠭ᠎ᠠ ᠪᠠᠭᠤᠷᠠᠶ ᠲᠠᠯ᠎ᠠ ᠪᠠᠨ ᠬᠢᠨᠠᠮᠠᠭᠠᠶ ᠡᠷᠢᠵᠦ᠂ ᠴᠢᠩᠭ᠎ᠠ ᠰᠡᠷᠭᠡᠶᠢᠯᠡᠨ ᠴᠢᠩᠭ᠎ᠠ ᠰᠠᠬᠢᠵᠤ᠂ ᠭᠠᠯ ᠢ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ ᠭᠡᠵᠦ ᠬᠠᠷᠢᠭᠤᠴᠠᠯᠭᠠᠲᠠᠨ ᠨᠢᠭᠡᠴᠢ ᠶᠢ ᠱᠠᠭᠠᠷᠳᠠᠭᠰᠠᠨ ᠪᠠᠶᠢᠨ᠎ᠠ᠃ ︵ᠯᠢ ᠶᠠᠨ︶       
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号