ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ︽ᠱᠠᠯᠢᠭ ᠵᠠᠪᠬᠠᠢ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠰᠤᠷᠭᠠᠭᠤᠯᠢ ᠶᠢᠨ ᠬᠦᠷᠢᠶᠡᠨ ᠳᠤ ᠣᠷᠣᠬᠤ ︽ᠬᠠᠪᠤᠷ ᠤᠨ ᠴᠤᠮᠤᠷ ᠢ ᠬᠠᠮᠠᠭᠠᠯᠠᠬᠤ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/7
     ︽ᠱᠠᠯᠢᠭ ᠵᠠᠪᠬᠠᠢ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠰᠤᠷᠭᠠᠭᠤᠯᠢ ᠶᠢᠨ ᠬᠦᠷᠢᠶᠡᠨ ᠳᠤ ᠣᠷᠣᠬᠤ ᠠᠵᠢᠯᠯᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠡᠷᠡᠭᠦᠯ ᠡᠩᠭᠡ ᠠᠮᠤᠷ ᠠᠮᠤᠭᠤᠯᠠᠩ᠂ ᠪᠣᠯᠪᠠᠰᠤᠨ ᠪᠣᠬᠢᠷᠲᠤᠯ ᠦᠭᠡᠢ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠪᠣᠢ ᠪᠣᠯᠭᠠᠬᠤ ᠶᠢᠨ ᠲᠥᠯᠥᠭᠡ᠂ ᠣᠶᠢᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠪᠠᠶᠠᠨᠬᠤᠰᠢᠭᠤ ᠶᠢᠨ ᠵᠢᠷᠭᠤᠳᠤᠭᠠᠷ ᠳᠤᠮᠳᠠᠳᠤ ᠰᠤᠷᠭᠠᠭᠤᠯᠢ ᠳᠤ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠰᠤᠷᠭᠠᠭᠤᠯᠢ ᠶᠢᠨ ᠬᠠᠪᠤᠷ ᠤᠨ ᠴᠤᠮᠤᠷ ᠢ ᠬᠠᠮᠠᠭᠠᠯᠠᠬᠤ ᠠᠵᠢᠯᠯᠠᠭ᠎ᠠ︾ ᠭᠡᠬᠦ ᠬᠠᠤᠯᠢ ᠪᠠᠷ ᠵᠠᠰᠠᠬᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠰᠤᠷᠭᠠᠭᠤᠯᠢ ᠶᠢᠨ 1100 ᠭᠠᠷᠤᠢ ᠪᠠᠭᠰᠢ ᠰᠤᠷᠤᠭᠴᠢ ᠣᠷᠣᠯᠴᠠᠵᠠᠢ᠃ ᠬᠤᠰᠢᠭᠤᠨ ᠤ ᠨᠠᠮ ᠤᠨ ᠬᠤᠷᠢᠶᠠᠨ ᠤ ᠨᠠᠢᠮᠠᠳᠤᠭᠠᠷ ᠲᠠᠪᠤᠨ ᠵᠢᠯ ᠤᠨ ᠬᠠᠤᠯᠢ ᠲᠦᠭᠡᠮᠡᠯᠵᠢᠭᠦᠯᠬᠦ ᠯᠧᠺᠲ᠋ᠣᠷ ᠤᠨ ᠪᠦᠯᠬᠦᠮ ᠤᠨ ᠭᠡᠰᠢᠭᠦᠨ᠂ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶᠠᠨ ᠤ ᠬᠠᠤᠯᠢ ᠲᠦᠭᠡᠮᠡᠯᠵᠢᠭᠦᠯᠬᠦ ᠪᠠ ᠬᠠᠤᠯᠢ ᠶᠣᠰᠣᠭᠠᠷ ᠵᠠᠰᠠᠬᠤ ᠲᠠᠰᠤᠭ ᠤᠨ ᠳᠠᠷᠤᠭ᠎ᠠ ᠵᠣᠣ ᠶᠠᠨ ᠯᠢ ᠶᠠᠭᠤ ᠶᠢ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾᠂ ᠶᠠᠭᠤᠨ ᠳᠤ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠵᠡᠷᠭᠡ ᠠᠭᠤᠯᠭ᠎ᠠ ᠶᠢᠨ ᠲᠣᠭᠤᠷᠢᠨ ᠳᠤ ᠦᠨᠡᠨ ᠪᠣᠳᠠᠲᠠᠢ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ ᠵᠡᠷᠭᠡ ᠲᠠᠯ᠎ᠠ ᠪᠠᠷ ᠬᠠᠮᠲᠤ ᠰᠤᠷᠤᠭᠴᠢᠳ ᠲᠤ ᠬᠡᠷᠬᠢᠨ ᠪᠣᠳᠠᠲᠤ ᠠᠬᠤᠢ ᠶᠢᠨ ᠳᠤᠮᠳᠠ ᠢᠯᠭᠠᠨ ᠲᠠᠨᠢᠬᠤ᠂ ᠱᠠᠯᠢᠭ ᠵᠠᠪᠬᠠᠢ ᠵᠦᠢᠯᠡᠰ ᠲᠠᠢ ᠬᠤᠯᠪᠣᠭᠳᠠᠬᠤ ᠮᠡᠳᠡᠭᠡ ᠵᠠᠩᠭᠢ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠲᠦᠭᠡᠮᠡᠯᠵᠢᠭᠦᠯᠵᠦ᠂ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ ᠪᠠᠶᠢᠭᠠᠳ ᠪᠣᠬᠢᠷᠲᠤᠯ ᠦᠭᠡᠢ ᠤᠩᠰᠢᠯᠭ᠎ᠠ᠂ ᠪᠣᠯᠪᠠᠰᠤᠨ ᠢᠶᠠᠷ ᠰᠦᠯᠵᠢᠶᠡᠨ ᠳᠤ ᠭᠠᠷᠭᠠᠵᠤ᠂ ᠬᠤᠯᠠ᠂ ᠰᠣᠶᠣᠯ ᠤᠨ ᠬᠤᠭ ᠨᠣᠪᠰᠢ ᠶᠢ ᠬᠤᠷᠢᠭᠯᠠᠵᠤ᠂ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠪᠣᠯᠭᠠᠬᠤ ᠬᠡᠷᠡᠭᠲᠡᠢ᠃ ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠨ ᠨᠡᠶᠢᠲᠡᠯᠢᠭ ᠬᠡᠷᠡᠭ ᠤᠨ ᠵᠢᠱᠢᠶ᠎ᠡ ᠪᠠᠷ ᠳᠠᠮᠵᠢᠭᠤᠯᠤᠨ ᠪᠠᠭᠰᠢ ᠰᠤᠷᠤᠭᠴᠢᠳ ᠲᠤ ᠶᠠᠭᠤ ᠶᠢ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠦᠢᠯᠡ ᠠᠵᠢᠯᠯᠠᠭ᠎ᠠ ᠭᠡᠬᠦ ᠲᠤᠬᠠᠢ ᠲᠠᠨᠢᠯᠴᠠᠭᠤᠯᠵᠤ᠂ ᠲᠤᠰ ᠪᠡᠶ᠎ᠡ ᠶᠢᠨ ᠬᠠᠤᠯᠢ ᠴᠠᠭᠠᠵᠠ ᠶᠢᠨ ᠠᠵᠢᠯ ᠤᠨ ᠲᠤᠷᠰᠢᠯᠭ᠎ᠠ ᠲᠠᠢ ᠪᠠᠨ ᠤᠶᠠᠯᠳᠤᠭᠤᠯᠤᠨ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠦᠵᠡᠭᠳᠡᠯ ᠳᠤ ᠴᠢᠭᠯᠡᠭᠦᠯᠦᠨ ᠣᠯᠠᠨ ᠵᠦᠢᠯ ᠤᠨ ᠬᠡᠯᠪᠡᠷᠢ ᠪᠠᠷ ᠵᠠᠳᠠᠯᠤᠯᠲᠠ ᠬᠢᠬᠦ ᠪᠠ ᠰᠡᠷᠡᠮᠵᠢᠯᠡᠭᠦᠯᠬᠦ ᠬᠥᠮᠦᠵᠢᠯ ᠬᠢᠵᠦ᠂ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠪᠠᠷ ᠵᠠᠰᠠᠬᠤ ᠰᠡᠳᠬᠢᠬᠦᠢ ᠶᠢ ᠪᠣᠢ ᠪᠣᠯᠭᠠᠵᠤ᠂ ᠰᠡᠷᠭᠡᠶᠢᠯᠡᠬᠦ ᠴᠢᠳᠠᠪᠤᠷᠢ ᠶᠢ ᠨᠢ ᠳᠡᠭᠡᠭᠰᠢᠯᠡᠭᠦᠯᠪᠡ᠃ ᠡᠭᠦᠨ ᠤ ᠬᠠᠮᠲᠤ ᠪᠠᠰᠠ ᠰᠤᠷᠤᠭᠴᠢᠳ ᠲᠤ ᠬᠤᠣᠷᠲᠤ ᠡᠳ᠋ ᠤᠨ ᠬᠠᠮᠢᠶ᠎ᠠ ᠪᠦᠬᠦᠢ ᠮᠡᠳᠡᠯᠭᠡ ᠶᠢ ᠲᠠᠨᠢᠯᠴᠠᠭᠤᠯᠵᠤ᠂ ᠰᠤᠷᠤᠭᠴᠢᠳ ᠲᠤ ᠰᠢᠨ᠎ᠡ ᠬᠡᠯᠪᠡᠷᠢ ᠶᠢᠨ ᠬᠤᠣᠷᠲᠤ ᠡᠳ᠋ ᠤᠨ ᠬᠠᠭᠤᠷᠮᠠᠭᠯᠠᠯ ᠢ ᠨᠡᠩ ᠭᠦᠨᠵᠡᠭᠡᠢ ᠣᠶᠢᠯᠠᠭᠠᠭᠤᠯᠵᠤ᠂ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ ᠪᠠᠶᠢᠭᠠᠳ ᠢᠷᠡᠯᠲᠡ ᠨᠢ ᠲᠣᠳᠣᠷᠬᠠᠢ ᠦᠭᠡᠢ ᠬᠡᠷᠡᠭ ᠪᠣᠳᠠᠰ ᠨᠢ ᠰᠣᠨᠢᠨ ᠪᠢᠰᠢ᠂ ᠬᠠᠭᠤᠷᠬᠤ ᠦᠭᠡᠢ᠂ ᠣᠶᠢᠷᠠᠲᠤᠭᠤᠯᠬᠤ ᠦᠭᠡᠢ ᠪᠣᠯᠭᠠᠵᠤ᠂ ᠰᠤᠷᠤᠭᠴᠢᠳ ᠢ ᠥᠪᠡᠷ ᠢ ᠪᠠᠨ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠵᠤ᠂ ︽ᠬᠤᠣᠷ ᠴᠠᠭᠠᠵᠠᠯᠠᠬᠤ ᠪᠢᠴᠢᠬᠠᠨ ᠬᠠᠮᠠᠭᠠᠯᠠᠭᠴᠢ︾ ᠪᠣᠯᠬᠤ ᠪᠠᠷ ᠴᠢᠷᠮᠠᠶᠢᠬᠤ ᠶᠢ ᠤᠷᠢᠶᠠᠯᠠᠪᠠ᠃ ᠤᠬᠠᠭᠤᠯᠤᠨ ᠲᠠᠶᠢᠯᠪᠤᠷᠢᠯᠠᠵᠤ ᠳᠠᠭᠤᠰᠤᠭᠰᠠᠨ ᠤ ᠳᠠᠷᠠᠭ᠎ᠠ᠂ ᠨᠣᠮ ᠪᠢᠴᠢᠭ ᠬᠦᠷᠭᠡᠬᠦ ᠶᠣᠰᠣᠯᠠᠯ ᠶᠠᠪᠤᠭᠤᠯᠵᠤ᠂ ᠠᠩᠭᠢ ᠪᠦᠷᠢ ᠳᠤ ︽ᠢᠷᠭᠡᠨ ᠤ ᠬᠠᠤᠯᠢ ᠶᠢᠨ ᠪᠢᠴᠢᠭ︾᠂ ︽ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ ᠬᠥᠮᠦᠵᠢᠯ ᠤᠨ ᠤᠩᠰᠢᠬᠤ ᠪᠢᠴᠢᠭ︾᠂ ︽ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠠᠤᠯᠢ︾᠂ ︽ᠨᠠᠰᠤᠨ ᠳᠤ ᠦᠯᠦ ᠬᠦᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠬᠦ ᠬᠠᠤᠯᠢ︾᠂ ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠶᠢ ᠰᠡᠷᠭᠡᠶᠢᠯᠡᠬᠦ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠰᠡᠷᠭᠡᠶᠢᠯᠡᠬᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ᠂ ᠴᠠᠬᠢᠯᠭᠠᠨ ᠬᠤᠯᠪᠣᠭᠠᠨ ᠤ ᠮᠡᠬᠡᠯᠡᠯ ᠢ ᠰᠡᠷᠭᠡᠶᠢᠯᠡᠬᠦ ᠵᠡᠷᠭᠡ ᠬᠠᠤᠯᠢ ᠪᠠᠷ ᠵᠠᠰᠠᠬᠤ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 3000 ᠭᠠᠷᠤᠢ ᠬᠤᠪᠢ ᠪᠡᠯᠡᠭᠯᠡᠵᠦ᠂ ᠡᠳᠡᠭᠡᠷ ᠬᠠᠤᠯᠢ ᠪᠠᠷ ᠵᠠᠰᠠᠬᠤ ᠨᠣᠮ ᠪᠢᠴᠢᠭ ᠢᠶᠠᠷ ᠳᠠᠮᠵᠢᠭᠤᠯᠤᠨ ᠬᠡᠦᠬᠡᠳ ᠤᠳ ᠲᠤ ᠬᠠᠤᠯᠢ ᠪᠠᠷ ᠵᠠᠰᠠᠬᠤ ᠰᠤᠷᠤᠯᠴᠠᠯᠭ᠎ᠠ ᠶᠢᠨ ᠵᠢᠭᠰᠠᠭᠠᠯ ᠤᠨ ᠭᠠᠵᠠᠷ ᠢ ᠪᠠᠶᠢᠭᠤᠯᠵᠤ᠂ ᠰᠤᠷᠭᠠᠭᠤᠯᠢ ᠶᠢᠨ ᠬᠠᠤᠯᠢ ᠲᠦᠭᠡᠮᠡᠯᠵᠢᠭᠦᠯᠬᠦ ᠡᠴᠦᠰ ᠤᠨ ︽ᠨᠢᠭᠡ ᠺᠢᠯᠣᠮᠧᠳ᠋ᠷ︾ ᠢ ᠨᠡᠪᠲᠡᠷᠡᠭᠦᠯᠪᠡ᠃ ᠭᠡᠷᠡᠯ ᠵᠢᠷᠤᠭ ᠳᠠᠷᠠᠭᠠᠴᠢ ᠶᠢᠨ ᠠᠯᠬᠤᠮ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠦᠷᠭᠦᠯᠵᠢᠯᠡᠨ ᠬᠠᠷᠢᠶ᠎ᠠ ᠣᠷᠣᠨ ᠤ ᠪᠠᠨ ᠳᠤᠮᠳᠠᠳᠤ ᠪᠠᠭ᠎ᠠ ᠰᠤᠷᠭᠠᠭᠤᠯᠢ ᠳᠤ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠰᠢᠷᠢᠰ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠠᠵᠢᠯ ᠢ ᠴᠢᠩᠭᠠᠳᠬᠠᠨ᠂ ᠰᠣᠶᠣᠯ ᠤᠨ ᠣᠷᠴᠢᠨ ᠲᠣᠭᠤᠷᠢᠨ ᠢ ᠴᠡᠪᠡᠷᠰᠢᠭᠦᠯᠵᠦ᠂ ᠵᠠᠯᠠᠭᠤᠴᠤᠳ ᠪᠠᠭᠠᠴᠤᠳ ᠤᠨ ᠥᠪᠡᠷ ᠢ ᠪᠠᠨ ᠬᠠᠮᠠᠭᠠᠯᠠᠬᠤ ᠤᠬᠠᠮᠰᠠᠷ ᠪᠠ ᠰᠡᠷᠭᠡᠶᠢᠯᠡᠬᠦ ᠴᠢᠳᠠᠪᠤᠷᠢ ᠶᠢ ᠨᠡᠮᠡᠭᠳᠡᠭᠦᠯᠵᠦ᠂ ᠵᠠᠯᠠᠭᠤᠴᠤᠳ ᠪᠠᠭᠠᠴᠤᠳ ᠤᠨ ᠡᠷᠡᠭᠦᠯ ᠴᠢᠭᠢᠷᠠᠭ ᠪᠠᠶᠠᠷ ᠬᠦᠷ ᠲᠠᠢ ᠥᠰᠦᠨ ᠪᠤᠶᠢᠵᠢᠬᠤ ᠶᠢ ᠬᠠᠮᠠᠭᠠᠯᠠᠬᠤ ᠪᠣᠯᠤᠨ᠎ᠠ᠃     
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号