ᠡᠯᠡᠰᠦ ᠶᠢ ᠬᠤᠷᠢᠭᠯᠠᠵᠤ ᠨᠤᠳᠤᠭ ᠤᠰᠤ ᠪᠠᠨ ᠨᠤᠭᠤᠭᠠᠷᠠᠭᠤᠯᠤᠨ᠎ᠠ
ᠨᠡᠶᠢᠲᠡᠯᠡᠭᠰᠡᠨ ᠴᠠᠭ᠄
2024/5/7
       ᠴᠤᠭᠯᠠᠷᠠᠯ ᠤᠨ ᠪᠦᠷᠢᠶ᠎ᠡ ᠶᠢ ᠦᠯᠢᠶᠡᠵᠦ᠂ ᠬᠥᠮᠦᠨ ᠪᠣᠯᠤᠨ ᠡᠯᠡᠰᠦᠨ ᠴᠥᠯ ᠤᠨ ᠵᠠᠮ ᠤᠨ ᠤᠷᠲᠤ ᠤᠳᠠᠭᠠᠨ ᠠᠶᠠᠨ ᠵᠠᠮ ᠳᠡᠭᠡᠷ᠎ᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠥᠷᠥᠯᠵᠢ ᠪᠠᠯᠭᠠᠰᠤᠨ ᠤ ᠺᠠᠳ᠋ᠷ ᠣᠯᠠᠨ ᠲᠦᠮᠡᠨ ᠭᠠᠷ ᠬᠤᠯᠪᠣᠨ ᠡᠷᠡᠯᠬᠡᠭᠯᠡᠨ ᠤᠷᠤᠭᠰᠢᠯᠠᠵᠤ᠂ ᠬᠦᠴᠢᠷ ᠪᠡᠷᠬᠡᠰᠢᠶᠡᠯ ᠠᠴᠠ ᠠᠶᠤᠬᠤ ᠦᠭᠡᠢ ᠪᠠᠶᠢᠵᠤ᠂ 10068 ᠮᠦ ᠡᠯᠡᠰᠦᠷᠬᠡᠭᠵᠢᠭᠰᠡᠨ ᠭᠠᠵᠠᠷ ᠰᠢᠷᠣᠢ ᠶᠢ ᠨᠣᠭᠤᠭᠠᠷᠠᠭᠤᠯᠵᠤ᠂ ᠡᠯᠡᠰᠦ ᠮᠠᠩᠬ᠎ᠠ ᠶᠢ ᠠᠯᠲᠠ ᠪᠣᠯᠭᠠᠬᠤ ᠪᠠᠷ ᠲᠠᠩᠭᠠᠷᠢᠭᠯᠠᠪᠠ᠃ ᠳᠥᠷᠥᠯᠵᠢ ᠪᠠᠯᠭᠠᠰᠤᠨ ᠤ ᠶᠠᠮᠤᠨᠮᠣᠳᠣ ᠭᠠᠴᠠᠭᠠᠨ ᠤ ᠡᠯᠡᠰᠦᠷᠬᠡᠭ ᠭᠠᠵᠠᠷ ᠤᠨ ᠵᠠᠰᠠᠯᠲᠠ ᠶᠢᠨ ᠣᠷᠣᠨ ᠤ ᠳᠣᠲᠣᠷ᠎ᠠ᠂ ᠠᠭᠤᠯᠠᠨ ᠳᠡᠭᠡᠷᠡᠬᠢ ᠬᠠᠭᠠᠰ ᠨᠠᠯᠠᠤ ᠭᠠᠵᠠᠷ ᠤᠨ ᠬᠡᠮᠵᠢᠶ᠎ᠡ ᠨᠢ ᠨᠢᠭᠡᠨᠲᠡ 45 ᠭᠷᠠᠳᠦ᠋ᠰ ᠠᠴᠠ ᠳᠡᠭᠡᠭᠰᠢ ᠪᠣᠯᠵᠠᠢ᠂ ᠵᠠᠰᠠᠬᠤ ᠳᠤ ᠨᠡᠯᠢᠶᠡᠳ ᠬᠦᠴᠢᠷᠲᠡᠢ ᠪᠣᠯᠬᠤᠷ ᠡᠩ ᠤᠨ ᠲᠡᠷᠭᠡ ᠶᠠᠪᠤᠵᠤ ᠴᠢᠳᠠᠬᠤ ᠦᠭᠡᠢ᠂ ᠡᠯᠡᠰᠦᠷᠬᠡᠭ ᠭᠠᠵᠠᠷ ᠤᠨ ᠭᠢᠨᠵᠢᠲᠦ ᠲᠡᠷᠭᠡ ᠨᠢ ᠴᠦ ᠵᠥᠪᠬᠡᠨ ᠠᠭᠤᠯᠠᠨ ᠪᠠᠯ ᠤᠨ ᠣᠷᠣᠨ ᠳᠡᠭᠡᠷ᠎ᠡ ᠶᠠᠪᠤᠵᠤ ᠪᠣᠯᠤᠨ᠎ᠠ᠂ ᠪᠠᠶᠢᠷᠢᠯᠠᠭᠤᠯᠬᠤ᠂ ᠲᠡᠭᠡᠭᠡᠪᠦᠷᠢᠯᠡᠬᠦ ᠵᠡᠷᠭᠡ ᠠᠵᠢᠯ ᠢ ᠵᠥᠪᠬᠡᠨ ᠬᠥᠮᠦᠨ ᠤ ᠬᠦᠴᠦ ᠪᠠᠷ ᠪᠡᠶᠡᠯᠡᠭᠦᠯᠵᠦ ᠪᠣᠯᠤᠨ᠎ᠠ᠂ ᠡᠨᠡ ᠨᠢ ᠡᠯᠡᠰᠦᠨ ᠬᠠᠯᠬᠠᠪᠴᠢ ᠳᠡᠪᠢᠰᠬᠦ ᠠᠵᠢᠯ ᠢ ᠨᠢᠭᠡᠨ ︽ᠬᠠᠲᠠᠭᠤ ᠪᠡᠷᠬᠡ︾ ᠪᠣᠯᠭᠠᠪᠠ᠃ ᠲᠤᠬᠠᠢ ᠶᠢᠨ ᠭᠠᠵᠠᠷ ᠤᠨ ᠮᠠᠯᠴᠢᠨ ᠲᠠᠷᠢᠶᠠᠴᠢᠨ ᠪᠣᠯᠤᠨ ᠣᠢ ᠰᠢᠭᠤᠢ ᠶᠢᠨ ᠲᠠᠯᠠᠪᠠᠢ ᠶᠢᠨ ᠠᠵᠢᠯᠲᠠᠳ ᠡᠯᠡᠰᠦ ᠶᠢ ᠵᠠᠰᠠᠬᠤ ᠡᠩᠨᠡᠭᠡ ᠶᠢ ᠵᠣᠬᠢᠶᠠᠨ ᠪᠠᠶᠢᠭᠤᠯᠵᠤ᠂ ᠠᠭᠤᠯᠠᠨ ᠳᠤ ᠭᠠᠷᠴᠤ ᠡᠯᠡᠰᠦ ᠮᠠᠩᠬ᠎ᠠ ᠶᠢ ᠵᠠᠰᠠᠵᠤ᠂ ᠨᠠᠷᠠᠰᠤᠨ ᠮᠣᠳᠣ ᠲᠠᠷᠢᠬᠤ᠂ ᠭᠠᠵᠠᠷ ᠰᠢᠷᠣᠢ ᠶᠢ ᠲᠡᠭᠰᠢᠯᠡᠬᠦ ᠵᠡᠷᠭᠡ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠢ ᠪᠡᠶᠡᠯᠡᠭᠦᠯᠵᠦ ᠂ ᠣᠯᠠᠨ ᠢᠶᠠᠷ ᠢᠶᠠᠨ ᠬᠠᠷᠢᠯᠴᠠᠨ ᠬᠠᠮᠵᠢᠯᠴᠠᠵᠤ᠂ ᠵᠥᠭᠡᠭᠡᠪᠦᠷᠢᠯᠡᠬᠦ᠂ ᠱᠤᠭᠤᠮ ᠵᠢᠷᠤᠬᠤ᠂ ᠳᠡᠪᠢᠰᠬᠦ᠂ ᠪᠤᠯᠠᠬᠤ ᠵᠡᠷᠭᠡ ᠠᠵᠢᠯ ᠢ ᠨᠢᠭᠡ ᠯᠡ ᠠᠮᠢᠰᠬᠤᠭ᠎ᠠ ᠪᠠᠷ ᠪᠡᠶᠡᠯᠡᠭᠦᠯᠵᠦ᠂ ᠲᠤᠬᠠᠢ ᠶᠢᠨ ᠲᠠᠯᠠᠪᠤᠷ ᠲᠤ ᠬᠠᠯᠠᠭᠤᠨ ᠠᠭᠤᠷ ᠠᠮᠢᠰᠬᠤᠯ ᠢᠶᠠᠷ ᠪᠢᠯᠬᠠᠨ᠎ᠠ᠃ ᠬᠡᠳᠦ᠋ᠢᠪᠡᠷ ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠶᠢᠨ ᠶᠠᠭᠠᠷᠠᠤ ᠴᠠᠭ ᠦᠶ᠎ᠡ ᠪᠠᠶᠢᠭ᠎ᠠ ᠪᠣᠯᠪᠠᠴᠤ ᠮᠠᠰᠢ ᠣᠯᠠᠨ ᠮᠠᠯᠴᠢᠨ ᠲᠠᠷᠢᠶᠠᠴᠢᠨ ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ ᠲᠤᠬᠠᠢ ᠶᠢᠨ ᠲᠠᠯᠠᠪᠤᠷ ᠲᠤ ᠬᠦᠷᠴᠦ᠂ ᠡᠯᠡᠰᠦ ᠶᠢ ᠰᠡᠷᠭᠡᠶᠢᠯᠡᠨ ᠵᠠᠰᠠᠬᠤ ᠠᠵᠢᠯ ᠳᠤ ᠣᠷᠣᠯᠴᠠᠪᠠ᠃ ᠶᠠᠮᠤᠨᠮᠣᠳᠣ ᠭᠠᠴᠠᠭᠠᠨ ᠳᠤ ᠰᠠᠭᠤᠵᠤ ᠪᠠᠶᠢᠭ᠎ᠠ ᠮᠠᠯᠴᠢᠨ ᠲᠠᠷᠢᠶᠠᠴᠢᠨ ᠴᠧᠨ ᠴᠠᠩ ᠪᠣᠯ ᠲᠡᠳᠡᠨ ᠤ ᠳᠣᠲᠣᠷᠠᠬᠢ ᠨᠢᠭᠡ ᠪᠣᠯᠤᠨ᠎ᠠ᠂ ᠬᠡᠳᠦ᠋ᠢᠪᠡᠷ ᠨᠢᠭᠡ ᠦᠳᠡ ᠶᠢᠨ ᠡᠮᠦᠨ᠎ᠡ ᠶᠠᠭᠠᠷᠠᠯᠳᠤᠭᠰᠠᠨ ᠪᠣᠯᠪᠠᠴᠤ ᠲᠡᠭᠦᠨ ᠤ ᠡᠷᠴᠢ ᠵᠣᠷᠢᠭ ᠨᠢ ᠪᠠᠭᠤᠷᠠᠭᠰᠠᠨ ᠦᠭᠡᠢ᠄ ︽ᠠᠳᠠ ᠠᠵᠢᠯ ᠬᠢᠭᠡᠳ ᠪᠠᠰᠠ ᠠᠷᠪᠠ ᠭᠠᠷᠤᠢ ᠡᠳᠦᠷ ᠪᠣᠯᠵᠠᠢ᠂ ᠡᠳᠦᠷ ᠪᠦᠷᠢ ᠲᠠᠷᠢᠶᠠᠨ ᠭᠠᠵᠠᠷ ᠲᠤ ᠶᠠᠭᠠᠷᠠᠪᠠᠯ ᠠᠳᠡ ᠢᠷᠡᠨ᠎ᠡ᠂ ᠬᠡᠳᠦ᠋ᠢᠪᠡᠷ ᠶᠠᠳᠠᠷᠠᠭᠰᠠᠨ ᠪᠣᠯᠪᠠᠴᠤ ᠨᠤᠲᠤᠭ ᠤᠰᠤᠨ ᠳᠠᠭᠠᠨ ᠬᠤᠪᠢ ᠨᠡᠮᠡᠷᠢ ᠦᠵᠡᠭᠦᠯᠦᠨ᠎ᠡ᠂ ᠥᠪᠡᠷ ᠤᠨ ᠣᠷᠣᠨ ᠰᠠᠭᠤᠴᠠ ᠶᠢᠨ ᠣᠷᠴᠢᠨ ᠲᠣᠭᠤᠷᠢᠨ ᠨᠢ ᠤᠯᠠᠮ ᠠᠴᠠ ᠤᠯᠠᠮ ᠰᠠᠶᠢᠵᠢᠷᠠᠵᠤ ᠴᠢᠳᠠᠨ᠎ᠠ᠂ ᠥᠪᠡᠷ ᠤᠨ ᠣᠷᠣᠨ ᠰᠠᠭᠤᠴᠠ ᠶᠢᠨ ᠣᠷᠴᠢᠨ ᠲᠣᠭᠤᠷᠢᠨ ᠨᠢ ᠴᠦ ᠤᠯᠠᠮ ᠠᠴᠠ ᠤᠯᠠᠮ ᠰᠠᠶᠢᠵᠢᠷᠠᠵᠤ ᠴᠢᠳᠠᠨ᠎ᠠ᠂ ᠮᠠᠰᠢ ᠶᠡᠭᠡ ᠠᠵᠢᠯᠯᠠᠬᠤ ᠬᠦᠰᠡᠯ ᠲᠠᠢ︾ ᠭᠡᠵᠦ ᠪᠣᠳᠣᠳᠠᠭ᠃ ᠨᠠᠷᠠᠰᠤᠨ ᠮᠣᠳᠣ ᠲᠠᠷᠢᠬᠤ ᠲᠤᠬᠠᠢ ᠶᠢᠨ ᠲᠠᠯᠠᠪᠠᠢ ᠳᠤ᠂ ᠠᠵᠢᠯᠴᠢᠨ ᠪᠣᠯ ᠣᠶᠢᠷ᠎ᠠ ᠬᠠᠪᠢ ᠶᠢᠨ ᠭᠠᠴᠠᠭᠠᠨ ᠤ ᠡᠮᠡᠭᠲᠡᠶᠢᠴᠦᠳ ᠢᠶᠠᠷ ᠪᠦᠷᠢᠯᠳᠦᠭᠰᠡᠨ ︽ᠬᠠᠳᠠᠨ ᠴᠡᠷᠢᠭ︾ ᠮᠥᠨ᠃ ᠣᠯᠠᠨ ᠢᠶᠠᠷ ᠢᠶᠠᠨ ᠬᠤᠶᠠᠷ ᠭᠤᠷᠪᠠᠨ ᠬᠥᠮᠦᠨ ᠨᠢᠭᠡ ᠳᠤᠭᠤᠶᠢᠯᠠᠩ ᠪᠠᠶᠢᠭᠤᠯᠵᠤ᠂ ᠨᠦᠬᠡ ᠮᠠᠯᠲᠠᠬᠤ᠂ ᠴᠢᠬᠢ ᠰᠠᠭᠤᠯᠭᠠᠬᠤ᠂ ᠡᠭᠡᠭᠦᠯᠦᠨ ᠪᠥᠭᠯᠡᠬᠦ᠂ ᠭᠢᠰᠬᠢᠬᠦ ᠵᠡᠷᠭᠡ ᠠᠵᠢᠯ ᠢ ᠡᠮᠬᠢ ᠴᠡᠭᠴᠡ ᠲᠠᠢ ᠬᠢᠵᠦ᠂ ᠵᠥᠪᠬᠡᠨ 3 ᠡᠳᠦᠷ ᠤᠨ ᠬᠤᠭᠤᠴᠠᠭᠠᠨ ᠳᠤ ᠨᠢᠭᠡᠨᠲᠡ 177 ᠮᠦ ᠨᠠᠷᠠᠰᠤᠨ ᠮᠣᠳᠣ ᠲᠠᠷᠢᠵᠠᠢ᠃ ᠵᠢᠯᠣᠭᠤᠴᠢ ᠦᠭᠡᠢ ᠨᠢᠰᠬᠡᠯ ᠢᠶᠠᠷ ᠡᠯᠡᠰᠦᠷᠬᠡᠭ ᠭᠠᠵᠠᠷ ᠤᠨ ᠥᠨᠳᠥᠷ ᠠᠴᠠ ᠳᠣᠷᠣᠭᠰᠢ ᠬᠠᠷᠠᠵᠤ᠂ ᠢᠯᠡ ᠲᠣᠳᠣ ᠲᠣᠣᠷᠯᠢᠭ ᠡᠯᠡᠰᠦᠨ ᠬᠠᠯᠬᠠᠪᠴᠢ ᠬᠢᠭᠡᠳ ᠲᠠᠰᠤᠷᠠᠯᠲᠠ ᠦᠭᠡᠢ ᠡᠯᠡᠰᠦᠨ ᠳᠣᠪᠣᠴᠠᠭ ᠳᠡᠭᠡᠷ᠎ᠡ ᠰᠢᠭᠢᠳᠬᠡᠵᠦ᠂ ᠶᠠᠭ ᠯᠠ ᠡᠯᠡᠰᠦᠷᠬᠡᠭ ᠭᠠᠵᠠᠷ ᠲᠤ ᠯᠤᠲᠤ ᠶᠡᠭᠡ ᠬᠡᠪᠢᠰ ᠪᠦᠷᠬᠦᠵᠦ᠂ ᠮᠠᠩᠬᠠᠨ ᠰᠢᠷ᠎ᠠ ᠡᠯᠡᠰᠦ ᠶᠢ ᠪᠠᠲᠤ ᠣᠨᠢᠰᠤᠯᠠᠭᠰᠠᠨ ᠰᠢᠭ᠋ ᠰᠠᠨᠠᠭᠳᠠᠨ᠎ᠠ᠃ ᠴᠡᠯ ᠨᠣᠭᠤᠭᠠᠨ ᠨᠠᠷᠠᠰᠤᠨ ᠤ ᠵᠤᠯᠵᠠᠭ᠎ᠠ ᠮᠣᠳᠣᠨ ᠤ ᠨᠢᠯᠬ᠎ᠠ ᠴᠢᠬᠢ ᠨᠢ ᠶᠠᠭ ᠯᠠ ᠨᠣᠭᠤᠭᠠᠨ ᠠᠯᠴᠢᠭᠤᠷ ᠰᠢᠭ ᠢᠶᠠᠷ ᠡᠯᠡᠰᠦᠷᠬᠡᠭ ᠭᠠᠵᠠᠷ ᠲᠤ ᠨᠣᠭᠤᠭᠠᠨ ᠥᠩᠭᠡ ᠨᠡᠮᠡᠵᠦ᠃ ᠡᠨᠡ ᠬᠦ ᠠᠭᠤᠯᠠᠨ ᠬᠤᠷᠮᠣᠢ ᠳᠤ ᠰᠠᠶ᠋ᠢᠬᠠᠨ ᠲᠠᠷᠢᠭᠰᠠᠨ ᠬᠠᠷᠭᠠᠨ᠎ᠠ ᠬᠠᠷᠭᠠᠨ᠎ᠠ ᠶᠢᠨ ᠰᠢᠨ᠎ᠡ ᠨᠠᠬᠢᠶ᠎ᠠ ᠭᠠᠷᠴᠤ ᠡᠨᠡ ᠬᠦ ᠰᠢᠷ᠎ᠠ ᠡᠯᠡᠰᠦᠨ ᠳᠣᠪᠣᠷᠬᠠᠭ ᠢ ᠳᠠᠬᠢᠨ ᠠᠮᠢᠯᠠᠭᠤᠯᠤᠨ ᠠᠮᠢᠯᠠᠭᠤᠯᠤᠨ᠎ᠠ᠃ ᠳᠥᠷᠥᠯᠵᠢ ᠪᠠᠯᠭᠠᠰᠤᠨ ᠤ ᠳᠡᠳ᠋ ᠳᠠᠷᠤᠭ᠎ᠠ ᠰᠠᠶᠢᠨᠳᠡᠯᠭᠡᠷ ᠬᠡᠯᠡᠬᠦ ᠳᠡᠭᠡᠨ᠄ ︽ᠣᠳᠣᠬᠠᠨ ᠳᠤ᠂ ᠪᠦᠬᠦ ᠪᠠᠯᠭᠠᠰᠤᠨ ᠤ ᠲᠠᠷᠢᠬᠤ ᠲᠠᠯᠠᠪᠠᠢ 9814 ᠮᠦ ᠳᠤ ᠬᠦᠷᠴᠡᠢ᠂ ᠡᠭᠦᠨ ᠳᠤ ᠣᠯᠠᠩᠬᠢ ᠨᠢ ᠨᠠᠷᠢᠨ ᠨᠠᠪᠴᠢᠲᠤ ᠬᠠᠷᠭᠠᠨ ᠢᠶᠠᠷ ᠭᠤᠣᠯ ᠪᠣᠯᠭᠠᠵᠤ ᠪᠠᠶᠢᠨ᠎ᠠ᠃ ᠨᠠᠷᠠᠰᠤᠨ ᠮᠣᠳᠣ᠂ ᠡᠯᠡᠰᠦᠨ ᠬᠠᠯᠬᠠᠪᠴᠢ ᠵᠡᠷᠭᠡ ᠲᠠᠷᠢᠮᠠᠯ ᠤᠨ ᠡᠭᠦᠷᠭᠡ ᠴᠦ ᠶᠠᠭ ᠴᠠᠭ ᠨᠡᠮᠡᠵᠦ ᠠᠵᠢᠯᠯᠠᠨ ᠶᠠᠪᠤᠭᠳᠠᠵᠤ᠂ ᠰᠢᠨ᠎ᠡ ᠴᠢᠬᠢ ᠶᠢᠨ ᠭᠦᠢᠴᠡᠳ ᠤᠷᠭᠤᠯᠲᠠ ᠶᠢᠨ ᠦᠶᠡᠯᠡᠯ ᠤᠨ ᠬᠤᠭᠤᠴᠠᠭ᠎ᠠ ᠶᠢ ᠪᠠᠲᠤᠯᠠᠵᠤ ᠪᠠᠶᠢᠨ᠎ᠠ︾ ᠭᠡᠵᠦ ᠬᠡᠯᠡᠪᠡ᠃   
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号