ᠵᠠᠯᠠᠶᠢᠳ ᠬᠤᠰᠢᠭᠤᠨ ᠤ ᠬᠤᠯᠪᠣᠭ᠎ᠠ ᠪᠠᠯᠭᠠᠰᠤ ᠶᠢᠨ ᠬᠢᠨ ᠬᠠᠪᠤᠷ ᠤᠨ ᠲᠠᠷᠢᠶᠠᠯᠠᠭ᠎ᠠ ᠶᠢᠨ ᠠᠵᠢᠯ ᠳᠠᠭᠠᠨ ᠶᠠᠭᠠᠷᠠᠯᠳᠤᠨ᠎ᠠ
ᠨᠡᠶᠢᠲᠡᠯᠡᠭᠰᠡᠨ ᠴᠠᠭ᠄
2024/5/7
        ᠤᠷᠢᠬᠠᠨ ᠬᠠᠪᠤᠷ ᠰᠠᠭᠠᠲᠠᠨ ᠡᠬᠡ ᠳᠡᠯᠡᠬᠡᠢ ᠳᠤᠯᠠᠭᠠᠷᠠᠵᠦ᠂ ᠣᠳᠣᠬᠠᠨ ᠳᠤ ᠶᠠᠭ ᠡᠷᠳᠡᠨᠢ ᠰᠢᠰᠢ ᠲᠠᠷᠢᠬᠤ ᠬᠠᠪᠤᠷ ᠤᠨ ᠲᠠᠷᠢᠶᠠᠯᠠᠭ᠎ᠠ ᠶᠢᠨ ᠰᠢᠵᠢᠷ ᠠᠯᠲᠠᠨ ᠬᠤᠭᠤᠴᠠᠭ᠎ᠠ ᠪᠣᠯᠵᠣ ᠪᠠᠶᠢᠨ᠎ᠠ᠂ ᠬᠤᠯᠪᠣᠭ᠎ᠠ ᠪᠠᠯᠭᠠᠰᠤ ᠶᠢᠨ ᠬᠢᠨ ᠨᠢᠭᠡᠨᠲᠡ ︽ᠲᠠᠷᠢᠶᠠᠯᠠᠭ᠎ᠠ ᠶᠢᠨ ᠴᠠᠭ ᠢ ᠠᠮᠵᠢᠨ᠂ ᠬᠠᠪᠤᠷ ᠤᠨ ᠲᠠᠷᠢᠶᠠᠯᠠᠭ᠎ᠠ ᠶᠢᠨ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠡᠯᠪᠡᠭ ᠬᠤᠷᠢᠶᠠᠯᠲᠠ ᠶᠢ ᠪᠠᠲᠤᠯᠠᠬᠤ︾ ᠪᠠᠷ ᠲᠠᠷᠢᠶᠠᠨ ᠳᠤ ᠪᠠᠨ ᠡᠷᠳᠡᠨᠢ ᠰᠢᠰᠢ ᠲᠠᠷᠢᠵᠦ ᠶᠠᠭᠠᠷᠠᠯᠳᠤᠨ᠎ᠠ᠃ ᠵᠠᠯᠠᠶᠢᠳ ᠬᠤᠰᠢᠭᠤᠨ ᠤ ᠡᠤ ᠳ᠋ᠤᠤ ᠾᠧ ᠽᠢ ᠲᠠᠷᠢᠶᠠᠯᠠᠩ ᠮᠠᠯ ᠠᠵᠤ ᠠᠬᠤᠢ ᠶᠢᠨ ᠲᠤᠰᠬᠠᠶ ᠬᠤᠷᠰᠢᠶ᠎ᠠ ᠶᠢᠨ ᠲᠠᠷᠢᠶᠠᠨ ᠳᠤ᠂ ᠣᠳᠣᠬᠢᠴᠢᠯᠠᠭᠰᠠᠨ ᠬᠠᠪᠤᠷ ᠤᠨ ᠲᠠᠷᠢᠶᠠᠯᠠᠭ᠎ᠠ ᠶᠢᠨ ᠠᠵᠢᠯᠯᠭ᠎ᠠ ᠶᠠᠭ ᠰᠠᠶ᠋ᠢᠬᠠᠨ ᠲᠠᠷᠢᠶᠠᠨ ᠭᠠᠵᠠᠷ ᠲᠤ ᠶᠠᠪᠤᠭᠳᠠᠵᠤ ᠪᠠᠶᠢᠨ᠎ᠠ᠃ ᠬᠤᠶᠠᠷ ᠰᠠᠭᠤᠷᠢ ᠦᠷ᠎ᠡ ᠰᠠᠴᠤᠬᠤ ᠮᠠᠰᠢᠨ ᠨᠠᠰᠢ ᠴᠠᠰᠢ ᠰᠦᠯᠵᠢᠯᠳᠦᠵᠦ᠂ ᠡᠯᠪᠡᠭ ᠬᠤᠷᠢᠶᠠᠯᠲᠠ ᠶᠢᠨ ᠬᠦᠰᠡᠯ ᠡᠷᠡᠮᠡᠯᠵᠡᠯ ᠪᠢᠯᠬᠠᠭᠰᠠᠨ ᠡᠷᠳᠡᠨᠢ ᠰᠢᠰᠢ ᠶᠢᠨ ᠦᠷ᠎ᠡ ᠶᠢ ᠬᠠᠷ᠎ᠠ ᠬᠥᠷᠥᠰᠥᠨ ᠳᠤ ᠵᠢᠭᠳᠡ ᠰᠠᠴᠤᠵᠤ᠂ ᠵᠢᠷᠤᠬ᠎ᠠ ᠵᠢᠷᠤᠬ᠎ᠠ ᠪᠠᠷ ᠵᠢᠭᠳᠡᠷᠡᠭᠰᠡᠨ ᠳᠠᠯᠠᠩ ᠤᠳ ᠨᠢᠳᠦᠨ ᠡᠮᠦᠨ᠎ᠡ ᠬᠠᠷᠠᠭᠳᠠᠨ᠎ᠠ᠃ ᠠᠳᠡ ᠮᠠᠰᠢᠨᠴᠢᠯᠠᠨ ᠠᠵᠢᠯᠯᠠᠬᠤ᠂ ᠬᠡᠪᠴᠢᠶᠡᠵᠢᠭᠦᠯᠦᠨ ᠲᠠᠷᠢᠬᠤ ᠨᠢ ᠲᠠᠷᠢᠶᠠᠴᠢᠳ ᠤᠨ ᠬᠦᠳᠡᠯᠮᠦᠷᠢ ᠬᠦᠴᠦ ᠶᠢ ᠶᠡᠭᠡ ᠬᠡᠮᠵᠢᠶ᠎ᠡ ᠪᠠᠷ ᠠᠷᠪᠢᠯᠠᠨ᠎ᠠ᠃ ︽ᠡᠨᠡ ᠵᠢᠯ ᠮᠠᠨ ᠤ ᠲᠠᠷᠢᠶᠠᠯᠠᠭ᠎ᠠ ᠳᠤ ᠬᠡᠷᠡᠭᠯᠡᠭᠰᠡᠨ ᠭᠤᠣᠯ ᠠᠷᠭ᠎ᠠ ᠪᠣᠯ ᠳᠠᠯᠠᠩ ᠨᠢ ᠥᠨᠳᠥᠷ ᠵᠠᠢ ᠨᠢ ᠨᠢᠭᠲᠠ ᠭᠦᠶᠦᠭᠡᠨ ᠪᠤᠯᠠᠵᠤ ᠳᠤᠰᠤᠯᠭᠠᠨ ᠤᠰᠤᠯᠠᠬᠤ ᠮᠡᠷᠭᠡᠵᠢᠯ ᠪᠣᠯᠤᠨ᠎ᠠ᠂ ᠪᠢ ᠥᠪᠡᠷ ᠢᠶᠠᠨ ᠪᠠᠰᠠ ᠨᠢᠭᠡ ᠰᠢᠨ᠎ᠡ ᠲᠠᠷᠢᠬᠤ ᠮᠠᠰᠢᠨ ᠵᠣᠬᠢᠶᠠᠵᠦ᠂ ᠲᠠᠷᠢᠶᠠᠯᠠᠭ᠎ᠠ ᠳᠤ ᠬᠡᠷᠡᠭᠯᠡᠯ᠎ᠡ᠃ ᠦᠷ᠎ᠡ ᠪᠦᠲᠦᠮᠵᠢ ᠨᠢ ᠮᠠᠰᠢ ᠰᠠᠶᠢᠨ᠂ ᠡᠨᠡ ᠵᠢᠯ ᠪᠢᠳᠡ 5 ᠰᠠᠷ᠎ᠠ ᠶᠢᠨ 10 ᠤ ᠡᠳᠦᠷ ᠠᠴᠠ ᠡᠮᠦᠨ᠎ᠡ ᠡᠨᠡ ᠬᠦ 8000 ᠮᠥ ᠡᠷᠳᠡᠨᠢ ᠰᠢᠰᠢ ᠶᠢ ᠲᠠᠷᠢᠵᠦ ᠤᠰᠤᠯᠠᠬᠤ ᠠᠵᠢᠯ ᠢ ᠪᠦᠬᠦᠨ ᠢ ᠳᠠᠭᠤᠰᠬᠠᠬᠤ ᠪᠠᠷ ᠲᠦᠯᠦᠪᠯᠡᠵᠦ ᠪᠤᠢ︾ ᠭᠡᠵᠦ ᠵᠠᠯᠠᠶᠢᠳ ᠬᠤᠰᠢᠭᠤᠨ ᠤ ᠦ᠋ ᠳ᠋ᠤᠤ ᠾᠧ ᠽᠢ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ ᠳ᠋ᠦ᠋ ᠭᠠᠩ ᠬᠡᠯᠡᠪᠡ᠃ ᠡᠨᠡ ᠵᠢᠯ᠂ ᠬᠤᠯᠪᠣᠭ᠎ᠠ ᠪᠠᠯᠭᠠᠰᠤ ᠶᠢᠨ ᠬᠢᠨ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠪᠡᠯᠡᠳᠭᠡᠯ ᠠᠵᠢᠯ ᠢᠶᠠᠨ ᠰᠠᠶᠢᠲᠤᠷ ᠬᠢᠵᠦ᠂ ᠬᠠᠪᠤᠷ ᠤᠨ ᠲᠠᠷᠢᠶᠠᠯᠠᠭ᠎ᠠ ᠶᠢᠨ ᠰᠠᠶᠢᠨ ᠡᠬᠢᠯᠡᠯᠲᠡ ᠶᠢ ᠦᠨᠡᠨ ᠬᠦ ᠪᠠᠲᠤᠯᠠᠵᠤ᠂ ᠡᠷᠳᠡᠨᠢ ᠰᠢᠰᠢ ᠶᠢᠨ ᠭᠠᠷᠤᠯᠲᠠ ᠶᠢᠨ ᠰᠢᠨ᠎ᠡ ᠲᠡᠮᠳᠡᠭᠯᠡᠯ ᠢ ᠡᠭᠦᠳᠬᠦ ᠳᠤ ᠦᠨᠡᠨ ᠬᠦ ᠴᠢᠷᠮᠠᠶᠢᠨ ᠠᠵᠢᠯᠯᠠᠵᠦ ᠪᠠᠶᠢᠨ᠎ᠠ᠃ ︽ᠡᠨᠡ ᠵᠢᠯ ᠤᠨ ᠪᠢᠳᠡ ᠠᠭᠠᠷ ᠤᠨ ᠳᠤᠯᠠᠭᠠᠨ ᠥᠨᠳᠥᠷ ᠪᠠᠶᠢᠬᠤ ᠡᠨᠡ ᠬᠦ ᠠᠰᠢᠭᠲᠠᠶ ᠴᠠᠭ ᠲᠣᠬᠢᠶᠠᠯ ᠢ ᠠᠮᠵᠢᠨ᠂ 4 ᠰᠠᠷ᠎ᠠ ᠶᠢᠨ 20 ᠤ ᠡᠳᠦᠷ ᠠᠴᠠ ᠡᠬᠢᠯᠡᠨ ᠪᠠᠯᠭᠠᠰᠤᠨ ᠤ ᠠᠷᠠᠳ ᠢ ᠳᠠᠶᠢᠴᠢᠯᠠᠨ ᠲᠣᠮᠣ ᠲᠠᠷᠢᠶᠠᠨ ᠳᠤ ᠡᠷᠳᠡᠨᠢ ᠰᠢᠰᠢ ᠲᠠᠷᠢᠪᠠ᠃ ᠵᠢᠱᠢᠯᠲᠡ ᠪᠠᠷ 5 ᠰᠠᠷ᠎ᠠ ᠶᠢᠨ 1 ᠤ ᠡᠳᠦᠷ ᠠᠴᠠ ᠡᠮᠦᠨ᠎ᠡ ᠪᠥᠬᠦ ᠪᠠᠯᠭᠠᠰᠤᠨ ᠤ 14 ᠲᠦᠮᠡᠨ ᠮᠥ ᠡᠷᠳᠡᠨᠢ ᠰᠢᠰᠢ ᠳᠠᠷᠢᠬᠤ ᠡᠭᠦᠷᠭᠡ ᠶᠢ ᠪᠡᠶᠡᠯᠡᠭᠦᠯᠦᠨ᠎ᠡ᠃ ᠡᠨᠡ ᠵᠢᠯ ᠡᠷᠳᠡᠨᠢ ᠰᠢᠰᠢ ᠲᠠᠷᠢᠬᠤ ᠳᠤ ᠭᠦᠶᠦᠭᠡᠨ ᠪᠤᠯᠠᠵᠤ ᠳᠤᠰᠤᠯᠭᠠᠨ ᠤᠰᠤᠯᠠᠬᠤ ᠮᠡᠷᠭᠡᠵᠢᠯ ᠢ ᠬᠡᠷᠡᠭᠯᠡᠵᠡᠢ᠃ ᠡᠨᠡ ᠬᠦ ᠮᠡᠷᠭᠡᠵᠢᠯ ᠨᠢ ᠮᠠᠨ ᠤ ᠳᠠᠷᠢᠬᠤ ᠠᠬᠢᠴᠠ ᠶᠢ ᠳᠡᠭᠡᠭᠰᠢᠯᠡᠭᠦᠯᠬᠦ ᠶᠢᠨ ᠬᠠᠮᠲᠤ᠂ ᠰᠡᠭᠦᠯᠴᠢ ᠶᠢᠨ ᠬᠤᠭᠤᠴᠠᠭᠠᠨ ᠤ ᠤᠰᠤ ᠪᠣᠷᠲᠣᠭᠤᠷ ᠤᠨ ᠬᠠᠮᠢᠶᠠᠷᠤᠯᠲᠠ ᠶᠢᠨ ᠲᠠᠯ᠎ᠠ ᠪᠠᠷ ᠪᠠᠰᠠ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠳᠤ ᠠᠰᠢᠭᠲᠠᠶ ᠶᠤᠮ︾ ᠭᠡᠵᠦ ᠬᠤᠯᠪᠣᠭ᠎ᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠡᠷᠬᠢᠯᠡᠭᠴᠢ ᠭᠡᠰᠢᠭᠦᠨ ᠵᠠᠩ ᠯᠢᠶᠠᠩ ᠬᠡᠯᠡᠪᠡ᠃   
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号