ᠱᠦᠢ ᠴᠢᠤᠸᠠᠨ ᠪᠠᠯᠭᠠᠰᠤ᠄ ᠰᠢᠮ᠎ᠡ ᠲᠡᠵᠢᠭᠡᠯ ᠤᠨ ︽ᠮᠥᠭᠦ ᠶᠢᠨ ᠪᠠᠭᠯᠠᠭ᠎ᠠ︾ ᠨᠢ ᠣᠷᠣᠯᠭ᠎ᠠ ᠨᠡᠮᠡᠭᠳᠡᠭᠦᠯᠬᠦ ︽ᠪᠠᠶᠠᠵᠢᠯ ᠤᠨ ᠠᠶᠠᠰ︾ ᠢ ᠴᠢᠪᠬᠠᠳᠠᠪᠠ
ᠨᠡᠶᠢᠲᠡᠯᠡᠭᠰᠡᠨ ᠴᠠᠭ᠄
2024/5/7
     ᠱᠦᠢ ᠴᠢᠤᠸᠠᠨ ᠪᠠᠯᠭᠠᠰᠤᠨ ᠤ ᠰᠢᠶᠣᠣ ᠫᠤᠤ ᠽᠢ ᠲᠣᠰᠬᠤᠨ ᠤ ᠲᠠᠷᠢᠮᠠᠯ ᠤᠨ ᠡᠷᠦᠭᠡ ᠯᠢᠦᠢ ᠳ᠋ᠢᠶᠠᠨ ᠭᠠᠩ ᠤᠨ ᠬᠠᠪᠲᠠᠭᠠᠢ ᠮᠥᠭᠦ ᠶᠢᠨ ᠲᠠᠷᠢᠮᠠᠯ ᠤᠨ ᠰᠠᠷᠠᠪᠴᠢᠨ ᠳᠤ ᠣᠷᠣᠬᠤ ᠳᠤ᠂ ᠬᠡᠰᠡᠭ ᠬᠡᠰᠡᠭ ᠮᠥᠭᠦ ᠶᠢᠨ ᠠᠩᠬᠢᠯᠤᠮ᠎ᠠ ᠦᠨᠦᠷ ᠬᠠᠩᠬᠢᠯᠤᠵᠦ᠂ ᠮᠥᠷ ᠮᠥᠷ ᠮᠦᠬᠦ ᠶᠢᠨ ᠪᠠᠭᠯᠠᠭ᠎ᠠ ᠲᠡᠷᠢ ᠲᠡᠭᠰᠢ ᠵᠢᠭᠰᠠᠵᠤ᠂ ᠬᠡᠰᠡᠭ ᠬᠡᠰᠡᠭ ᠬᠠᠪᠲᠠᠭᠠᠢ ᠮᠥᠭᠦ ᠤᠭᠤᠲᠠ ᠶᠢ ᠴᠣᠭᠤᠷᠠᠭᠤᠯᠤᠨ ᠭᠠᠷᠴᠤ᠂ ᠪᠤᠯᠪᠠᠷᠠᠢ ᠰᠢᠨ᠎ᠡ ᠰᠣᠷᠭᠤᠭ᠂ ᠤᠷᠭᠤᠯᠲᠠ ᠶᠢᠨ ᠪᠠᠶᠢᠳᠠᠯ ᠨᠢ ᠬᠥᠮᠥᠨ ᠤ ᠰᠡᠳᠬᠢᠯ ᠢ ᠪᠠᠶᠠᠰᠬᠠᠨ᠎ᠠ᠃ ︽ᠪᠢ ᠬᠠᠪᠲᠠᠭᠠᠢ ᠮᠥᠭᠦ ᠶᠢ ᠳᠠᠷᠢᠭᠠᠳ 4 ᠵᠢᠯ ᠪᠣᠯᠵᠤ ᠪᠠᠶᠢᠨ᠎ᠠ᠂ ᠳᠠᠷᠢᠬᠤ ᠳᠤ ᠳᠥᠭᠦᠮ᠂ ᠦᠷ᠎ᠡ ᠠᠰᠢᠭ ᠣᠯᠬᠤ ᠨᠢ ᠲᠦᠷᠭᠡᠨ᠂ ᠪᠣᠷᠣᠯᠠᠭᠤᠯᠬᠤ ᠳᠤ ᠴᠤ ᠵᠣᠪᠠᠭ᠋ᠤ ᠤᠴᠢᠷ ᠦᠭᠡᠢ᠂ ᠬᠤᠶᠠᠷ ᠫᠧᠩ ᠲᠠᠷᠢᠭᠠᠳ ᠵᠢᠯ ᠤᠨ ᠭᠠᠷᠤᠯᠲᠠ ᠨᠢ 2 ᠲᠦᠮᠡᠨ ᠺᠢᠯᠣᠭ᠍ᠷᠠᠮ ᠪᠠᠶᠢᠵᠤ᠂ ᠨᠢᠭᠡ ᠺᠢᠯᠣᠭ᠍ᠷᠠᠮ ᠨᠢ 10 ᠲᠥᠭᠦᠷᠢᠭ ᠢᠶᠠᠷ ᠬᠤᠳᠠᠯᠳᠤᠵᠤ᠂ ᠵᠢᠯ ᠤᠨ ᠴᠡᠪᠡᠷ ᠠᠰᠢᠭ ᠬᠤᠨᠵᠢᠪᠤᠷᠢ ᠨᠢ 10 ᠲᠦᠮᠡᠨ ᠲᠥᠭᠦᠷᠢᠭ ᠣᠷᠴᠢᠮ ᠪᠣᠯᠣᠨ᠎ᠠ︾ ᠭᠡᠵᠦ ᠯᠢᠦᠢ ᠳ᠋ᠢᠶᠠᠨ ᠭᠠᠩ ᠲᠡᠭᠦᠬᠦ ᠶᠢᠨ ᠢᠶᠠᠨ ᠵᠡᠷᠭᠡ ᠪᠠᠷ ᠪᠠᠶᠠᠷᠲᠠᠢ ᠪᠠᠷ ᠬᠡᠯᠡᠪᠡ᠃     ᠵᠢᠵᠢᠭ ᠮᠥᠭᠦ ᠠᠴᠠ ᠶᠡᠭᠡ ᠣᠷᠣᠯᠭ᠎ᠠ ᠤᠯᠤᠨ᠎ᠠ᠃ ᠡᠳᠦᠭᠡ᠂ ᠮᠦᠬᠦ ᠲᠠᠷᠢᠬᠤ ᠶᠢ ᠬᠡᠯᠡᠪᠡᠯ᠂ ᠮᠦᠬᠦ ᠶᠢᠨ ᠰᠢᠳᠠᠮ ᠠᠴᠠ ᠬᠡᠷᠬᠢᠨ ᠤᠰᠤᠯᠠᠵᠤ ᠠᠷᠠᠴᠢᠯᠠᠬᠤ ᠬᠦᠷᠲᠡᠯ᠎ᠡ᠂ ᠳᠤᠮᠳᠠ ᠬᠤᠭᠤᠴᠠᠭᠠᠨ ᠤ ᠠᠷᠠᠴᠢᠯᠠᠬᠤ ᠠᠴᠠ ᠬᠡᠵᠢᠶ᠎ᠡ ᠲᠡᠭᠦᠬᠦ ᠬᠦᠷᠲᠡᠯ᠎ᠡ᠂ ᠯᠢᠦᠢ ᠳ᠋ᠢᠶᠠᠨ ᠭᠠᠩ ᠭᠠᠷ ᠤᠨ ᠠᠯᠠᠭ᠎ᠠ ᠮᠡᠲᠦ ᠣᠶᠢᠯᠠᠭᠠᠪᠠ᠂ ᠲᠡᠷᠡ ᠨᠢᠭᠡᠨᠲᠡ ᠬᠥᠳᠡᠭᠡ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠪᠣᠯᠣᠨ ᠪᠠᠶᠠᠵᠢᠯ ᠤᠨ ᠠᠵᠤ ᠦᠢᠯᠡᠰ ᠢ ᠨᠢᠭᠲᠠ ᠤᠶᠠᠯᠳᠤᠭᠤᠯᠤᠭᠰᠠᠨ ᠰᠢᠨ᠎ᠡ ᠵᠠᠮ ᠢ ᠠᠭᠠᠵᠢᠮ ᠢᠶᠠᠷ ᠬᠠᠶᠢᠨ ᠰᠦᠪᠡᠭᠴᠢᠯᠡᠵᠦ ᠭᠠᠷᠭᠠᠭᠰᠠᠨ ᠪᠠᠶᠢᠨ᠎ᠠ᠃ ᠠᠳᠠᠯᠢᠬᠠᠨ ᠢᠶᠠᠷ ᠬᠠᠪᠲᠠᠭᠠᠢ ᠮᠥᠭᠦ ᠶᠢ ᠳᠠᠷᠢᠬᠤ ᠪᠠᠷ ᠶᠠᠭᠠᠷᠠᠭᠰᠠᠳ ᠲᠤ ᠪᠠᠰᠠ ᠲᠤᠸᠠᠨ ᠵᠢᠶᠧ ᠲᠣᠰᠬᠤᠨ ᠤ ᠵᠣᠣ ᠴᠦᠨ ᠴᠢᠩ ᠪᠣᠶ᠂ ᠬᠦᠷᠢᠶᠡᠨ ᠳᠣᠲᠣᠷ᠎ᠠ ᠪᠠᠨ ᠨᠢᠭᠡ ᠤᠬᠤᠭᠤᠷ ᠮᠠᠰᠢᠨ ᠢᠶᠠᠷ ᠮᠥᠭᠦ ᠶᠢᠨ ᠲᠡᠵᠢᠭᠡᠯ ᠪᠣᠷᠳᠤᠭ᠎ᠠ ᠶᠢ ᠤᠷᠪᠠᠭᠤᠯᠤᠨ ᠠᠪᠴᠤ ᠪᠠᠶᠢᠪᠠ᠂ ᠵᠣᠣ ᠴᠦᠨ ᠴᠢᠩ ᠡᠷ᠎ᠡ ᠡᠮ᠎ᠡ ᠬᠤᠶᠠᠭᠤᠯᠠ ᠶᠠᠭ ᠪᠠᠭᠯᠠᠬᠤ ᠮᠠᠰᠢᠨ ᠢᠶᠠᠷ ᠬᠤᠯᠢᠵᠤ ᠪᠠᠷᠠᠭᠰᠠᠨ ᠲᠡᠵᠢᠭᠡᠯ ᠪᠣᠷᠳᠤᠭ᠎ᠠ ᠪᠠᠨ ᠪᠠᠭᠯᠠᠵᠤ ᠳᠠᠷᠤᠰᠢᠭᠤᠯᠤᠨ ᠪᠢᠲᠡᠭᠦᠮᠵᠢᠯᠡᠭᠰᠡᠨ ᠤ ᠳᠠᠷᠠᠭ᠎ᠠ ᠨᠢᠭᠡ ᠳᠣᠣᠷ᠎ᠠ ᠨᠢ ᠵᠡᠷᠭᠡᠴᠡᠭᠦᠯᠦᠨ ᠲᠠᠯᠪᠢᠵᠤ ᠪᠠᠶᠢᠪᠠ᠂ ᠲᠠᠳᠠ ᠶᠠᠭᠠᠷᠠᠯᠲᠠᠢ ᠪᠤᠯᠪᠠᠴᠤ ᠡᠮᠬᠢ ᠵᠢᠷᠤᠮ ᠲᠠᠢ ᠪᠠᠷ ᠠᠯᠬᠤᠮ ᠳᠠᠷᠠᠭ᠎ᠠ ᠲᠠᠢ ᠪᠠᠷ ᠠᠵᠢᠯᠯᠠᠵᠤ ᠪᠠᠶᠢᠯ᠎ᠠ᠃ ᠮᠦᠬᠦ ᠶᠢᠨ ᠪᠤᠶᠢᠵᠢᠭᠤᠯᠤᠯᠲᠠ ᠶᠢᠨ ᠥᠷᠥᠭᠡᠨ ᠳᠤ ᠨᠢᠭᠡ ᠨᠢᠭᠡ ᠤᠭᠤᠲᠠ ᠮᠦᠬᠦ ᠶᠢᠨ ᠰᠢᠳᠠᠮ ᠢ ᠡᠮᠬᠢ ᠳᠠᠷᠠᠭ᠎ᠠ ᠲᠠᠢ ᠪᠠᠷ ᠣᠪᠣᠭᠠᠯᠠᠵᠤ᠂ ᠰᠢᠨ᠎ᠡ ᠰᠣᠷᠭᠤᠭ ᠬᠠᠪᠳᠠᠭᠠᠢ ᠮᠦᠬᠦ ᠶᠢᠨ ᠤᠭᠤᠲᠠ ᠪᠠᠷ ᠭᠠᠷᠴᠤ ᠢᠷᠡᠬᠦ ᠶᠢ ᠬᠦᠯᠢᠶᠡᠨ᠎ᠡ᠃ ︽ᠭᠡᠷ ᠵᠠᠭᠤᠷ᠎ᠠ ᠶᠢᠨ ᠰᠤᠯᠠ ᠭᠠᠵᠠᠷ ᠢ ᠬᠤᠭᠤᠰᠤᠨ ᠲᠠᠯᠪᠢᠬᠤ ᠪᠠᠷ ᠢᠶᠠᠨ᠂ ᠪᠠᠭ᠎ᠠ ᠰᠠᠭ᠎ᠠ ᠵᠣᠭᠤᠰ ᠣᠯᠬᠤ ᠶᠢ ᠰᠠᠨᠠᠨ᠎ᠠ᠂ ᠡᠨᠡ ᠵᠢᠯ ᠪᠤᠯ ᠨᠢᠭᠡᠳᠦᠭᠡᠷ ᠵᠢᠯ ᠳᠤ ᠬᠠᠪᠲᠠᠭᠠᠢ ᠮᠥᠭᠦ ᠳᠠᠷᠢᠬᠤ ᠪᠠᠷ ᠲᠤᠷᠰᠢᠵᠦ᠂ ᠲᠦᠷᠦᠭᠦᠦ ᠪᠦᠯᠦᠭ ᠲᠤ 2000 ᠭᠠᠷᠤᠢ ᠮᠦᠬᠦ ᠶᠢᠨ ᠪᠠᠭᠯᠠᠭ᠎ᠠ ᠳᠠᠷᠢᠵᠠᠢ᠂ ᠰᠠᠶᠢᠨ ᠬᠤᠷᠢᠶᠠᠯᠲᠠ ᠣᠯᠬᠤ ᠶᠢ ᠬᠦᠰᠡᠵᠦ ᠪᠠᠶᠢᠨ᠎ᠠ︾ ᠭᠡᠵᠦ ᠵᠣᠣ ᠴᠦᠨ ᠴᠢᠩ ᠴᠢᠷᠠᠢ ᠳᠦᠭᠦᠷᠡᠩ ᠬᠦᠰᠡᠨ ᠬᠦᠯᠢᠶᠡᠵᠦ ᠪᠠᠶᠢᠯ᠎ᠠ᠃ ᠣᠶᠢᠷ᠎ᠠ ᠶᠢᠨ ᠵᠢᠯ ᠠᠴᠠ᠂ ᠱᠦᠢ ᠴᠢᠤᠸᠠᠨ ᠪᠠᠯᠭᠠᠰᠤ ᠶᠢᠨ ᠬᠢᠨ ᠬᠦᠷᠢᠶᠡᠨ ᠤ ᠠᠵᠤ ᠠᠬᠤᠢ ᠶᠢ ᠬᠥᠭᠵᠢᠭᠦᠯᠬᠦ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠵᠤ᠂ ᠲᠠᠷᠢᠶᠠᠴᠢᠨ ᠡᠷᠦᠬᠡ ᠪᠠᠷ ᠭᠤᠣᠯ ᠴᠣᠭᠴᠠ ᠪᠣᠯᠭᠠᠬᠤ ᠶᠢ ᠪᠠᠷᠢᠮᠲᠠᠯᠠᠵᠤ᠂ ᠭᠡᠷ ᠪᠦᠯᠢ ᠶᠢᠨ ᠬᠦᠷᠢᠶᠡᠨ ᠤ ᠰᠤᠯᠠ ᠪᠠᠶᠢᠭ᠎ᠠ ᠭᠡᠷ ᠪᠠᠶᠢᠰᠢᠩ᠂ ᠰᠤᠯᠠ ᠪᠠᠶᠢᠭ᠎ᠠ ᠭᠠᠵᠠᠷ ᠵᠡᠷᠭᠡ ᠡᠬᠢ ᠪᠠᠶᠠᠯᠢᠭ ᠢ ᠭᠦᠢᠴᠡᠳ ᠠᠰᠢᠭᠯᠠᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠵᠤ᠂ ᠡᠷᠤᠬᠡ ᠶᠢᠨ ᠪᠠᠶᠢᠳᠠᠯ ᠳᠤᠨᠢ ᠲᠣᠬᠢᠷᠠᠭᠤᠯᠤᠨ ᠥᠪᠡᠷᠮᠢᠴᠡ ᠣᠨᠴᠠᠯᠢᠭ ᠲᠠᠢ ᠬᠦᠷᠢᠶᠡᠨ ᠤ ᠠᠵᠤ ᠠᠬᠤᠢ ᠶᠢ ᠬᠥᠭᠵᠢᠭᠦᠯᠵᠦ᠂ ᠬᠦᠷᠢᠶᠡᠨ ᠤ ᠠᠵᠤ ᠠᠬᠤᠢ ᠶᠢᠨ ᠦᠷᠳᠡᠭ ᠨᠡᠮᠡᠭᠳᠡᠬᠦ ︽ᠰᠢᠨ᠎ᠡ ᠭᠠᠷᠬᠤ ᠵᠠᠮ︾ ᠢ ᠥᠷᠭᠡᠳᠬᠡᠵᠡᠢ᠃        
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号