ᠬᠢᠩᠭᠠᠨ ᠠᠶᠢᠮᠠᠭ ᠤᠨ ᠬᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠢᠴᠢᠶᠡᠯ ᠤᠨ ᠲᠠᠩᠬᠢᠮ ᠳᠤ ᠭᠤᠴᠢᠨ ᠵᠢᠷᠭᠤᠳᠤᠭᠠᠷ ᠬᠤᠭᠤᠴᠠᠭᠠᠨ ᠤ ᠲᠤᠰᠬᠠᠢ ᠰᠡᠳᠦᠪᠲᠦ ᠲᠠᠶᠢᠯᠤᠮᠵᠢ ᠬᠢᠪᠡ
ᠨᠡᠶᠢᠲᠡᠯᠡᠭᠰᠡᠨ ᠴᠠᠭ᠄
2024/6/11
     5 ᠰᠠᠷ᠎ᠠ ᠶᠢᠨ 29 ᠤ ᠡᠳᠦᠷ᠂ ᠬᠢᠩᠭᠠᠨ ᠠᠶᠢᠮᠠᠭ ᠤᠨ ᠬᠢᠨ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠲᠤᠭᠤᠰᠢᠯᠠᠭᠤᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠢᠴᠢᠶᠡᠯ ᠤᠨ ᠲᠠᠩᠬᠢᠮ ᠳᠤ ᠭᠤᠴᠢᠨ ᠵᠢᠷᠭᠤᠳᠤᠭᠠᠷ ᠬᠤᠭᠤᠴᠠᠭᠠᠨ ᠤ ᠲᠤᠰᠬᠠᠢ ᠰᠡᠳᠦᠪᠲᠦ ᠲᠠᠶᠢᠯᠤᠮᠵᠢ ᠬᠢᠪᠡ᠃ ᠵᠢᠶᠠᠩᠨᠠᠨ ᠶᠡᠭᠡ ᠰᠤᠷᠭᠠᠭᠤᠯᠢ ᠶᠢᠨ ᠫᠷᠤᠹᠧᠰᠰᠤᠷ᠂ ᠳ᠋ᠣᠺᠲ᠋ᠣᠷᠠᠨᠲ ᠤᠨ ᠵᠢᠯᠤᠭᠤᠳᠤᠭᠴᠢ ᠪᠠᠭᠰᠢ᠂ ᠵᠢᠶᠠᠩᠨᠠᠨ ᠶᠡᠭᠡ ᠰᠤᠷᠭᠠᠭᠤᠯᠢ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠭᠠᠵᠠᠷ ᠤᠨ ᠳᠠᠷᠤᠭ᠎ᠠ ᠸᠠᠩ ᠵᠢᠶᠠᠨ ᠬᠤᠸᠠ ︽ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠶ᠎ᠠ︾ ᠭᠡᠬᠦ ᠭᠤᠣᠯ ᠰᠡᠳᠦᠪ ᠤᠨ ᠲᠣᠭᠤᠷᠢᠨ ᠳᠤ ᠲᠤᠰᠬᠠᠢ ᠰᠡᠳᠦᠪᠲᠦ ᠲᠠᠶᠢᠯᠤᠮᠵᠢ ᠬᠢᠵᠡᠢ᠃ ᠲᠠᠶᠢᠯᠤᠮᠵᠢ ᠶᠢᠨ ᠣᠶᠢᠯᠠᠭᠠᠭᠳᠠᠬᠤᠨ ᠤᠷᠢᠳᠴᠢᠯᠠᠵᠤ᠂ ᠰᠤᠳᠤᠯᠭᠠᠨ ᠭᠦᠨᠵᠡᠭᠡᠶᠢᠷᠡᠵᠦ᠂ ᠤᠨᠤᠯ ᠢ ᠪᠣᠳᠠᠲᠠᠢ ᠲᠠᠢ ᠤᠶᠠᠯᠳᠤᠭᠤᠯᠵᠤ᠂ ᠪᠦᠬᠦ ᠠᠶᠢᠮᠠᠭ ᠤᠨ ᠦᠵᠡᠯ ᠰᠠᠨᠠᠭ᠎ᠠ ᠪᠠᠨ ᠴᠢᠨᠠᠭᠰᠢᠳᠠ ᠴᠢᠯᠥᠭᠡᠯᠡᠬᠦ᠂ ᠴᠢᠭᠯᠡᠯ ᠢᠶᠠᠨ ᠲᠣᠳᠣᠷᠬᠠᠶᠢᠯᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠬᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠴᠢᠬᠤᠯᠠ ᠲᠣᠯᠢᠯᠠᠯ ᠪᠠ ᠰᠡᠩᠬᠡᠷᠡᠭᠦᠯᠦᠯ ᠤᠨ ᠦᠢᠯᠡᠳᠦᠯ ᠲᠠᠢ ᠶᠤᠮ᠃    ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠠᠶᠢᠮᠠᠭ ᠤᠨ ᠳᠡᠭᠡᠳᠦ ᠳᠣᠣᠷᠠᠳᠤ ᠱᠠᠲᠤ ᠪᠠᠷ ᠢᠶᠠᠨ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠦᠢᠯᠡᠳᠪᠦᠷᠢᠯᠡᠯ ᠤᠨ ᠬᠦᠴᠦᠨ ᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ  ᠲᠤᠭᠤᠰᠢᠯᠠᠭᠤᠯᠵᠦ ᠂ ᠠᠶᠢᠮᠠᠭ ᠤᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠤᠯᠠᠮᠵᠢᠯᠠᠯᠲᠤ ᠠᠵᠤ  ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠬᠥᠲᠥᠯᠦᠨ ᠳᠠᠭᠠᠭᠤᠯᠵᠤ᠂ ᠰᠢᠨ᠎ᠡ ᠪᠠᠷ ᠪᠣᠶ ᠪᠣᠯᠤᠭᠰᠠᠨ ᠠᠵᠤ  ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠰᠠᠶᠢᠲᠤᠷ ᠨᠠᠶᠢᠳᠠᠪᠤᠷᠢᠵᠢᠭᠤᠯᠤᠨ᠂ ᠳᠠᠪᠠᠭᠤᠯᠢᠭ ᠡᠬᠢ ᠪᠠᠶᠠᠯᠢᠭ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠬᠦᠴᠦᠨ ᠢ ᠡᠮᠬᠢᠯᠡᠨ ᠨᠡᠶᠢᠯᠡᠭᠦᠯᠵᠦ᠂ ᠥᠭᠡᠷᠡᠴᠢᠯᠡᠯᠲᠡ ᠶᠢᠨ ᠠᠷᠭ᠎ᠠ ᠪᠠᠷ ᠲᠦᠭᠵᠢᠷᠡᠯ᠂ ᠬᠦᠴᠢᠷ ᠠᠰᠠᠭᠤᠳᠠᠯ ᠢ  ᠰᠢᠢᠳᠪᠦᠷᠢᠯᠡᠵᠦ ᠂ ᠰᠢᠨ᠎ᠡ ᠴᠢᠨᠠᠷ ᠤᠨ  ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠪᠣᠶ ᠪᠣᠯᠭᠠᠵᠤ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ  ᠠᠬᠢᠭᠤᠯᠬᠤ ᠬᠡᠷᠡᠭᠲᠡᠢ ᠭᠡᠪᠡ᠃    ᠲᠠᠶᠢᠯᠤᠮᠵᠢ ᠶᠢ ᠸᠢᠳᠢᠣ᠋  ᠬᠡᠯᠪᠡᠷᠢ ᠪᠠᠷ ᠡᠯ᠎ᠡ ᠬᠤᠰᠢᠭᠤ ᠰᠢᠶᠠᠨ ᠬᠤᠳᠠ ᠳᠤ ᠶᠠᠪᠤᠭᠳᠠᠭᠤᠯᠵᠠᠢ᠃     
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号