ᠬᠢᠩᠭᠠᠨ ᠠᠶᠢᠮᠠᠭ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠲᠥᠪ ᠤᠨ ᠨᠢᠭᠡᠴᠢ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/11
    5 ᠳ᠋ᠤᠭᠠᠷ ᠰᠠᠷ᠎ᠠ ᠶᠢᠨ 31 ᠤ ᠡᠳᠦᠷ᠂ ᠬᠢᠩᠭᠠᠨ ᠠᠶᠢᠮᠠᠭ ᠤᠨ ᠬᠢᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠲᠥᠪ ᠤᠨ ᠨᠢᠭᠡᠴᠢ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠠᠵᠢᠯ ᠤᠨ ᠶᠠᠷᠢᠯᠴᠠᠬᠤ ᠬᠤᠷᠠᠯ ᠬᠤᠷᠠᠯᠳᠤᠭᠤᠯᠪᠠ᠃    ᠬᠤᠷᠠᠯ ᠳᠡᠭᠡᠷ᠎ᠡ᠂ ᠬᠢᠩᠭᠠᠨ ᠠᠶᠢᠮᠠᠭ ᠤᠨ 2024 ᠣᠨ ᠤ ᠲᠥᠪ ᠤᠨ ᠨᠢᠭᠡᠴᠢ  ᠶᠢᠨ ᠴᠡᠭ ᠲᠣᠭᠲᠠᠭᠠᠨ ᠬᠠᠪᠰᠤᠷᠤᠨ ᠲᠡᠳᠬᠦᠭᠰᠡᠨ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠤᠨ ᠪᠠᠶᠢᠳᠠᠯ ᠢ ᠮᠡᠳᠡᠭᠳᠡᠵᠦ᠂  ᠵᠢᠷᠭᠤᠭᠠᠨ ︽ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢᠨ ᠠᠵᠢᠯ ᠤᠨ ᠪᠠᠶᠢᠳᠠᠯ ᠢ ᠰᠣᠨᠣᠰᠴᠠᠢ᠃ ᠲᠥᠪ ᠤᠨ ᠪᠠᠶᠢᠭᠤᠯᠤᠯᠭ᠎ᠠ ᠶᠢᠨ ᠬᠢᠨ ᠴᠡᠭ ᠲᠣᠭᠲᠠᠭᠠᠨ ᠬᠠᠪᠰᠤᠷᠤᠨ ᠲᠡᠳᠬᠦᠵᠦ᠂ ᠪᠡᠭᠡᠵᠢᠩ ᠥᠪᠥᠷ ᠮᠣᠩᠭᠤᠯ ᠬᠠᠮᠵᠢᠯᠴᠠᠨ ᠬᠢᠩᠭᠠᠨ ᠠᠶᠢᠮᠠᠭ ᠲᠤ ᠲᠣᠮᠢᠯᠠᠨ ᠰᠠᠭᠤᠯᠭᠠᠭᠰᠠᠨ ᠺᠠᠳ᠋ᠷ ᠤᠨ ᠲᠥᠯᠥᠭᠡᠯᠡᠭᠴᠢ ᠬᠠᠪᠰᠤᠷᠤᠨ ᠲᠡᠳᠬᠦᠬᠦ ᠠᠵᠢᠯ ᠢ ᠥᠷᠨᠢᠭᠦᠯᠦᠭᠰᠡᠨ ᠪᠠᠶᠢᠳᠠᠯ᠂ ᠰᠡᠳᠬᠢᠴᠡ ᠠᠷᠭ᠎ᠠ  ᠬᠡᠮᠵᠢᠶ᠎ᠡ ᠶᠢᠨ ᠲᠣᠭᠤᠷᠢᠨ ᠳᠤ᠂ ᠬᠢᠩᠭᠠᠨ ᠠᠶᠢᠮᠠᠭ ᠤᠨ ᠬᠥᠭᠵᠢᠯᠲᠡ ᠶᠢᠨ ᠰᠠᠨᠠᠭᠤᠯᠭ᠎ᠠ ᠶᠢᠨ ᠲᠤᠬᠠᠢ ᠶᠠᠷᠢᠶ᠎ᠠ ᠲᠠᠯᠪᠢᠵᠠᠢ᠃    ᠬᠤᠷᠠᠯ ᠠᠴᠠ  ᠵᠢᠭᠠᠵᠦ  ᠭᠠᠷᠭᠠᠭᠰᠠᠨ ᠨᠢ᠂ ᠲᠥᠪ ᠤᠨ ᠪᠠᠶᠢᠭᠤᠯᠤᠯᠭ᠎ᠠ  ᠨᠢᠭᠡᠴᠢ ᠶᠢᠨ ᠬᠢᠨ ᠤ  ᠴᠡᠭ ᠲᠣᠭᠲᠠᠭᠠᠨ ᠬᠠᠪᠰᠤᠷᠤᠨ ᠲᠡᠳᠬᠦᠬᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠮᠠᠰᠢ ᠰᠠᠶᠢᠨ ᠦᠷ᠎ᠡ ᠪᠦᠲᠦᠮᠵᠢ ᠣᠯᠵᠤ᠂ ᠡᠯ᠎ᠡ ᠱᠠᠲᠤᠨ ᠤ ᠲᠤᠰᠢᠶᠠᠯ ᠡᠭᠦᠷᠭᠡᠯᠡᠭᠦᠯᠦᠨ ᠬᠠᠪᠰᠤᠷᠤᠨ ᠲᠡᠳᠬᠦᠬᠦ ᠺᠠᠳ᠋ᠷ ᠬᠢᠩᠭᠠᠨ ᠠᠶᠢᠮᠠᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠶᠡᠭᠡ ᠬᠡᠮᠵᠢᠶᠡᠨ ᠤ ᠳᠤᠪᠤᠶᠢᠮ᠎ᠠ ᠦᠷ᠎ᠡ ᠪᠦᠲᠦᠮᠵᠢ ᠲᠠᠢ ᠠᠵᠢᠯ ᠬᠢᠵᠡᠢ  ᠭᠡᠪᠡ᠃    ᠬᠤᠷᠠᠯ ᠠᠴᠠ  ᠴᠢᠩᠭᠠᠳᠬᠠᠭᠰᠠᠨ ᠨᠢ᠂ ᠪᠦᠬᠦ ᠠᠶᠢᠮᠠᠭ ᠤᠨ ᠳᠡᠭᠡᠳᠦ ᠲᠤᠤᠷᠠᠳᠤ ᠱᠠᠳᠤ ᠪᠠᠷ ᠢᠶᠠᠨ ᠨᠠᠮ ᠤᠨ ᠲᠥᠪ  ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠶᠢᠨ ᠬᠢᠩᠭᠠᠨ ᠠᠶᠢᠮᠠᠭ ᠲᠤ ᠦᠵᠡᠭᠦᠯᠦᠭᠰᠡᠨ ᠳᠡᠮᠵᠢᠯᠭᠡ ᠪᠣᠯᠤᠨ ᠭᠦᠨ ᠵᠤᠵᠠᠭᠠᠨ ᠬᠠᠶᠢᠷ᠎ᠠ ᠶᠢ ᠨᠠᠨᠳᠢᠩᠨᠠᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠷ ᠲᠥᠪ ᠤᠨ ᠪᠠᠶᠢᠭᠤᠯᠤᠯᠭ᠎ᠠ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠠᠪᠴᠠᠯᠳᠤᠭᠤᠯᠬᠤ ᠪᠠ ᠨᠠᠶᠢᠳᠠᠪᠤᠷᠢᠵᠢᠭᠤᠯᠬᠤ ᠡᠷᠴᠢᠮ ᠢ ᠴᠢᠩᠭᠠᠷᠠᠭᠤᠯᠵᠤ᠂ ᠵᠢᠷᠭᠤᠭᠠᠨ ︽ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠵᠡᠷᠭᠡ ᠭᠤᠣᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠬᠦᠴᠦᠲᠡᠢ ᠪᠥᠭᠡᠳ ᠡᠮᠬᠢ ᠵᠢᠷᠤᠮ ᠲᠠᠢ ᠠᠬᠢᠭᠤᠯᠬᠤ ᠬᠡᠷᠡᠭᠲᠡᠢ᠃ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠨᠢᠭᠡᠳᠦᠯᠲᠡᠶ ᠲᠥᠯᠥᠪᠯᠡᠬᠦ ᠪᠠᠨ ᠴᠢᠩᠭᠠᠳᠬᠠᠵᠤ᠂ ᠲᠤᠰᠢᠶᠠᠯ ᠡᠭᠦᠷᠭᠡᠯᠡᠭᠦᠯᠦᠨ ᠬᠠᠪᠰᠤᠷᠤᠨ ᠲᠡᠳᠬᠦᠬᠦ ᠺᠠᠳ᠋ᠷᠴᠤᠳ ᠤᠨ ᠪᠠᠲᠤᠯᠠᠭ᠎ᠠ  ᠦᠢᠯᠡᠴᠢᠯᠡᠭᠡ ᠪᠠ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠨ᠂ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠰᠣᠯᠢᠯᠴᠠᠨ ᠬᠠᠮᠵᠢᠯᠴᠠᠬᠤ ᠲᠠᠪᠴᠠᠩ ᠢ ᠪᠠᠶᠢᠭᠤᠯᠤᠨ᠂ ᠲᠤᠰᠢᠶᠠᠯ ᠡᠭᠦᠷᠭᠡᠯᠡᠭᠦᠯᠦᠨ ᠬᠠᠪᠰᠤᠷᠤᠨ ᠲᠡᠳᠬᠦᠬᠦ ᠺᠠᠳ᠋ᠷᠴᠤᠳ ᠤᠨ ᠬᠢᠩᠭᠠᠨ ᠠᠶᠢᠮᠠᠭ ᠲᠤ ᠰᠠᠨᠠᠭ᠎ᠠ ᠠᠮᠤᠷ᠂ ᠥᠨᠳᠥᠷ ᠪᠦᠲᠦᠮᠵᠢᠲᠡᠶ ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠲᠤᠰᠢᠶᠠᠯ ᠡᠭᠦᠷᠭᠡᠯᠡᠨ ᠬᠠᠪᠰᠤᠷᠤᠨ ᠲᠡᠳᠬᠦᠬᠦ ᠺᠠᠳ᠋ᠷᠴᠤᠳ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ︽ᠬᠢᠩᠭᠠᠨ ᠠᠶᠢᠮᠠᠭ ᠲᠤ ᠪᠠᠶᠢᠵᠤ᠂ ᠬᠢᠩᠭᠠᠨ ᠠᠶᠢᠮᠠᠭ ᠢ ᠬᠠᠶᠢᠷᠠᠯᠠᠵᠤ᠂ ᠬᠢᠩᠭᠠᠨ ᠠᠶᠢᠮᠠᠭ ᠲᠤ ᠦᠢᠯᠡᠴᠢᠯᠡᠬᠦ︾ ᠶᠢ ᠪᠠᠷᠢᠮᠲᠠᠯᠠᠵᠤ᠂ ᠬᠢᠩᠭᠠᠨ ᠠᠶᠢᠮᠠᠭ ᠢ ᠢᠳᠡᠪᠬᠢᠲᠡᠢ ᠬᠠᠪᠰᠤᠷᠤᠨ ᠲᠦᠷᠦᠯ ᠵᠦᠢᠯ ᠤᠯᠬᠤ ᠪᠠᠷ ᠴᠢᠷᠮᠠᠶᠢᠵᠤ᠂ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠂ ︽ᠤᠯᠠᠮᠵᠢᠯᠠᠬᠤ ᠬᠠᠪᠰᠤᠷᠬᠤ ᠳᠠᠭᠠᠭᠤᠯᠬᠤ︾ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠢᠩᠭᠠᠨ ᠠᠶᠢᠮᠠᠭ ᠤᠨ ᠴᠢᠨᠠᠷ ᠰᠠᠶᠢᠲᠠᠢ ᠬᠥᠭᠵᠢᠯᠲᠡ ᠶᠢᠨ ᠤᠷᠤᠰᠬᠠᠯ ᠳᠤᠮᠳᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠬᠦᠰᠡᠵᠦ ᠪᠠᠶᠢᠨ᠎ᠠ ᠭᠡᠪᠠ᠃     
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号