ᠬᠢᠩᠭᠠᠨ ᠠᠶᠢᠮᠠᠭ ᠤᠨ ᠨᠠᠮ ᠤᠨ ᠬᠤᠷᠢᠶ᠎ᠠ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2024/6/11
     5 ᠳ᠋ᠤᠭᠠᠷ ᠰᠠᠷ᠎ᠠ ᠶᠢᠨ 29 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠢᠵᠦ᠂  ᠶᠡᠷᠦᠩᠬᠡᠶ ᠱᠦᠵᠢ ᠰᠢ ᠶᠢᠨ ᠫᠢᠩ  ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢᠨ᠎ᠡ ᠴᠢᠨᠠᠷ ᠤᠨ   ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠣᠯᠢᠯᠴᠠᠭ᠎ᠠ ᠥᠷᠨᠢᠭᠦᠯᠪᠡ᠃ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠰᠢᠶᠤᠤ ᠪᠢᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂  ᠰᠦᠬᠡ ᠂  ᠹᠧᠩ ᠠᠶ ᠰᠢᠶᠠ᠂ ᠶᠠᠩ ᠵᠢᠶ  ᠫᠧᠩ ᠂ ᠯᠢᠶᠠᠩ ᠶᠠᠨ ᠵᠢᠶᠦ᠋ᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ  ᠶᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠦᠬᠦᠢ ᠨᠥᠬᠦᠳ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃    ᠵᠠᠩ ᠰᠢᠶᠤᠤ ᠪᠢᠩ ᠬᠡᠯᠡᠬᠦ ᠳᠡᠭᠡᠨ᠂ ᠰᠢᠨ᠎ᠡ ᠴᠢᠨᠠᠷ ᠤᠨ  ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠤᠨ ᠬᠥᠭᠵᠢᠭᠦᠯᠬᠦ ᠪᠣᠯ ᠪᠠᠶᠢᠯᠳᠤᠬᠤ ᠪᠣᠳᠣᠯᠭ᠎ᠠ ᠶᠢᠨ ᠴᠢᠨᠠᠷᠲᠠᠶ᠂ ᠪᠥᠬᠦ ᠲᠠᠯ᠎ᠠ ᠶᠢᠨ ᠴᠢᠨᠠᠷᠲᠠᠶ᠂ ᠰᠢᠰᠲ᠋ᠧᠮᠲᠦ ᠴᠢᠨᠠᠷᠲᠠᠶ ᠢᠨᠵᠧᠨᠧᠷᠢᠩ ᠮᠥᠨ᠃ ᠶᠡᠷᠦᠩᠬᠡᠢ ᠱᠦᠵᠢ  ᠰᠢ ᠶᠢᠨ ᠫᠢᠩ  ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠰᠢᠨᠵᠢᠯᠡᠬᠦ ᠤᠬᠠᠭᠠᠨᠴᠢ ᠠᠭᠤᠯᠤᠭᠳᠠᠬᠤᠨ ᠢ ᠣᠨᠣᠪᠴᠢᠲᠠᠢ ᠡᠵᠡᠮᠳᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠭᠤᠣᠯᠳᠠᠯᠭ᠎ᠠ ᠶᠢ ᠲᠤᠪᠤᠶᠢᠯᠭᠠᠠ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠢᠨ᠎ᠡ ᠬᠥᠳᠡᠯᠭᠡᠬᠦ ᠬᠦᠴᠦᠨ ᠢ ᠬᠤᠷᠠᠮᠳᠤᠭᠤᠯᠬᠤ ᠬᠡᠷᠡᠭᠲᠡᠢ ᠭᠡᠪᠡ ᠃    ᠵᠠᠩ ᠰᠢᠶᠤᠤ ᠪᠢᠩ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠦᠷᠭᠦᠯᠵᠢᠯᠡᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠬᠦ ᠲᠠᠢ ᠤᠶᠠᠯᠳᠤᠭᠤᠯᠤᠨ᠂ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ᠂ ᠬᠠᠷ᠎ᠠ ᠬᠥᠷᠥᠰᠥ ᠶᠢ ᠬᠠᠮᠠᠭᠠᠯᠠᠬᠤ᠂ ᠠᠮᠢᠳᠤ ᠪᠣᠳᠠᠰ ᠤᠨ ᠮᠠᠰ ᠡᠨᠧᠷᠭᠢ ᠶᠢ ᠠᠰᠢᠭᠯᠠᠬᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠡᠭᠡᠭᠡᠨ ᠬᠥᠭᠵᠢᠭᠦᠯᠬᠦ ᠵᠡᠷᠭᠡ ᠭᠤᠤᠯᠳᠠᠯᠭ᠎ᠠ ᠲᠠᠢ ᠬᠦᠷᠢᠶᠡᠨ ᠳᠤ ᠬᠦᠴᠦ ᠪᠠᠨ ᠲᠥᠪᠯᠡᠷᠡᠭᠦᠯᠦᠨ ᠬᠦᠴᠦᠯᠡᠵᠦ᠂ ᠤᠯᠠᠮᠵᠢᠯᠠᠯᠲᠤ ᠠᠵᠤ  ᠦᠢᠯᠡᠰ ᠤᠨ ᠳᠡᠭᠡᠳᠦ ᠲᠠᠰ ᠤᠨ᠂ ᠤᠶᠤᠨᠴᠢᠯᠠᠯᠲᠠ᠂ ᠪᠣᠬᠢᠷᠲᠤᠯ ᠥᠬᠡᠶ ᠳᠠᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠶ  ᠃ ᠠᠵᠤ ᠦᠢᠯᠡᠰ ᠤᠨ ᠰᠢᠨ᠎ᠡ ᠶᠢ ᠡᠭᠦᠳᠬᠦ ᠶᠢ ᠦᠷᠭᠦᠯᠵᠢᠯᠡᠨ ᠠᠬᠢᠭᠤᠯᠵᠤ᠂ ᠲᠣᠭᠠᠴᠢᠯᠠᠭᠰᠠᠨ ᠮᠡᠷᠭᠡᠵᠢᠯ ᠪᠣᠯᠤᠨ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠲᠡᠰ ᠳᠡᠪᠰᠢᠬᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠪᠤᠵᠠᠭᠠᠶᠢᠷᠠᠬᠤ᠂ ᠢᠷᠡᠭᠡᠳᠦᠢ ᠶᠢᠨ ᠠᠵᠤ ᠦᠢᠯᠡᠰ ᠤᠨ ᠪᠤᠶᠢᠵᠢᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠬᠢᠩᠭᠠᠨ ᠣᠨᠴᠠᠯᠢᠭ ᠲᠠᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠬᠤ ᠬᠡᠷᠡᠭᠲᠡᠢ᠃ ᠬᠥᠭᠵᠢᠯᠲᠡ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠶᠢ ᠦᠷᠭᠦᠯᠵᠢᠯᠡᠨ ᠠᠬᠢᠭᠤᠯᠵᠤ᠂ ᠪᠣᠬᠢᠷᠲᠤᠯ ᠦᠭᠡᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠲᠡᠷᠢᠭᠦᠨ ᠤ ᠪᠣᠬᠢᠷᠲᠤᠯ ᠦᠭᠡᠢ ᠮᠡᠷᠭᠡᠵᠢᠯ ᠤᠨ ᠬᠡᠷᠡᠭᠯᠡᠯᠲᠡ ᠶᠢ ᠴᠢᠩᠭᠠᠳᠬᠠᠵᠤ᠂ ᠠᠮᠢ ᠠᠬᠤᠢ ᠶᠢᠨ ᠠᠵᠤ ᠦᠢᠯᠡᠰᠵᠢᠯᠲᠡ᠂ ᠠᠵᠤ ᠦᠢᠯᠡᠰ ᠤᠨ ᠠᠮᠢ ᠠᠬᠤᠢᠢᠵᠢᠯᠲᠠ ᠶᠢ ᠠᠬᠢᠭᠤᠯᠵᠤ᠂ ᠬᠥᠭᠵᠢᠯᠲᠡ ᠶᠢᠨ ᠠᠷᠭ᠎ᠠ ᠮᠠᠶ᠋ᠢᠭ ᠤᠨ ᠪᠣᠬᠢᠷᠲᠤᠯ ᠦᠭᠡᠢ ᠬᠡᠯᠪᠡᠷᠢ ᠶᠢ ᠬᠤᠪᠢᠷᠠᠭᠤᠯᠬᠤ ᠶᠢ ᠲᠦᠷᠭᠡᠳᠬᠡᠬᠦ ᠬᠡᠷᠡᠭᠲᠡᠢ᠃ ᠴᠢᠳᠠᠪᠤᠷᠢᠲᠠᠨ ᠤ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠬᠦ ᠶᠢ ᠦᠷᠭᠦᠯᠵᠢᠯᠡᠨ ᠠᠬᠢᠭᠤᠯᠵᠤ᠂ ᠠᠮᠢᠳᠤᠯᠢᠭ ᠠᠷᠭ᠎ᠠ ᠬᠡᠯᠪᠡᠷᠢ ᠪᠠᠷ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ︽ᠬᠥᠮᠦᠵᠢᠭᠦᠯᠬᠦ ᠬᠡᠷᠡᠭᠯᠡᠬᠦ ᠦᠯᠡᠳᠡᠭᠡᠬᠦ︾ ᠬᠠᠮ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠭᠦᠯᠵᠦ᠂ ᠰᠢᠨ᠎ᠡ ᠴᠢᠨᠠᠷ ᠤᠨ  ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠴᠢᠳᠠᠪᠤᠷᠢᠲᠠᠨ ᠤ ᠰᠠᠭᠤᠷᠢ ᠶᠢ ᠪᠠᠲᠤᠳᠬᠠᠬᠤ ᠬᠡᠷᠡᠭᠲᠡᠶ ᠭᠡᠵᠦ ᠬᠡᠯᠡᠪᠡ᠃     
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号