ᠰᠦᠬᠡ ᠤᠯᠠᠭᠠᠨᠬᠤᠲᠠ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/6/11
     5 ᠳ᠋ᠤᠭᠠᠷ ᠰᠠᠷ᠎ᠠ ᠶᠢᠨ 31 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠤᠯᠠᠭᠠᠨᠬᠤᠲᠠ ᠶᠢᠨ ᠶᠠᠩᠵᠤᠤᠷ ᠲᠠᠮᠠᠬᠢ ᠶᠢᠨ  ᠦᠢᠯᠡᠳᠪᠦᠷᠢ ᠂ ᠤᠯᠠᠭᠠᠨᠬᠤᠲᠠ ᠶᠢᠨ ᠱᠦᠨ ᠶᠤᠸᠠᠨ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠮᠧᠬᠠᠨᠢᠭ  ᠦᠢᠯᠡᠳᠬᠦ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ  ᠪᠠᠢ ᠢ  ᠡᠮ ᠦᠢᠯᠡᠳᠬᠦ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠠᠵᠢᠯᠯᠠᠭᠠᠨ᠂ ᠠᠶᠤᠯᠭᠦᠶ  ᠦᠢᠯᠡᠳᠪᠦᠷᠢᠯᠡᠯ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃    ᠰᠦᠬᠡ ᠠᠵᠤ ᠠᠬᠤᠶᠢᠯᠠᠯ ᠤᠨ ᠦᠢᠯᠡᠳᠪᠦᠷᠢ ᠶᠢᠨ ᠭᠡᠷ ᠪᠠᠶᠢᠰᠢᠩ᠂ ᠦᠢᠯᠡᠳᠪᠦᠷᠢ ᠶᠢᠨ ᠲᠠᠰᠤᠭ ᠲᠤ ᠣᠷᠣᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠠ ᠨᠢᠭᠡᠳᠦᠭᠡᠷ ᠹᠷᠣᠨᠲ ᠤᠨ ᠠᠵᠢᠯᠲᠠᠳ ᠲᠠᠢ ᠳᠣᠲᠣᠨᠣ ᠪᠠᠷ ᠶᠠᠷᠢᠯᠴᠠᠵᠤ ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ᠂  ᠦᠢᠯᠡᠳᠪᠦᠷᠢᠯᠡᠵᠦ ᠡᠵᠡᠩᠨᠡᠬᠦ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠪᠠ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠠᠵᠠ ᠲᠣᠬᠢᠶᠠᠯ ᠢ ᠠᠮᠵᠢᠨ ᠠᠳᠬᠤᠵᠤ᠂ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠴᠢᠩᠭᠠᠳᠬᠠᠨ᠂  ᠦᠢᠯᠡᠳᠭᠦᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠬᠡᠷᠡᠭᠯᠡᠭᠴᠢᠳ ᠤᠨ ᠣᠯᠠᠨ ᠡᠰᠢᠴᠢᠯᠡᠭᠰᠡᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠵᠤ᠂ ᠠᠵᠤ ᠠᠬᠤᠶᠢᠯᠠᠯ ᠤᠨ ᠦᠷ᠎ᠡ ᠠᠰᠢᠭ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠪᠣᠳᠠᠲᠤ ᠬᠦᠴᠦᠨ ᠢ ᠪᠤᠵᠠᠭᠠᠶᠢᠷᠠᠭᠤᠯᠬᠤ ᠶᠢ ᠵᠣᠷᠢᠭᠵᠢᠭᠤᠯᠤᠨ᠎ᠠ᠃ ᠲᠡᠷᠡ᠂ ᠤᠯᠠᠭᠠᠨᠬᠤᠲᠠ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠰᠡᠳᠬᠢᠯ ᠲᠠᠯᠪᠢᠨ ᠰᠣᠨᠣᠰᠴᠤ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠢ ᠬᠠᠪᠰᠤᠷᠤᠨ ᠪᠣᠳᠠᠲᠠᠢ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ  ᠃ ᠪᠡᠯᠡ ᠮᠥᠩᠭᠦ᠂ ᠴᠢᠳᠠᠪᠤᠷᠢᠲᠠᠨ ᠵᠡᠷᠭᠡ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠠᠵᠤ ᠠᠬᠤᠶᠢᠯᠠᠯ ᠢ ᠪᠤᠵᠠᠭᠠᠶᠢᠷᠠᠭᠤᠯᠤᠨ ᠰᠢᠯᠢᠳᠡᠭᠵᠢᠭᠦᠯᠵᠦ ᠬᠦᠴᠦᠷᠬᠡᠭᠵᠢᠭᠦᠯᠬᠦ ᠶᠢ ᠠᠬᠢᠭᠤᠯᠬᠤ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ᠠᠮᠤᠷ ᠲᠦᠪᠰᠢᠨ ᠤ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃    ᠠᠶᠢᠮᠠᠭ ᠤᠨ ᠤᠳᠤᠷᠢᠳᠤᠯᠭ᠎ᠠ ᠶᠠᠩ ᠵᠢᠢ ᠫᠧᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃     
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号