ᠰᠦᠬᠡ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠤᠯᠠᠭᠠᠨᠬᠤᠲᠠ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/6/11
     6 ᠳ᠋ᠤᠭᠠᠷ ᠰᠠᠷ᠎ᠠ ᠶᠢᠨ 3 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠤᠯᠠᠭᠠᠨᠬᠤᠲᠠ ᠳᠤ ︽ᠮᠢᠩᠭᠠᠨ ᠲᠦᠮᠡᠨ ᠢᠨᠵᠧᠨᠧᠷᠢᠩ ︾ ᠢ ᠠᠬᠢᠭᠤᠯᠤᠭᠰᠠᠨ ᠪᠠ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠤᠭᠤᠳᠪᠠ ᠃    ᠰᠦᠬᠡ ᠤᠷᠢᠳ ᠬᠤᠵᠢᠳ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠠᠯᠭᠠᠰᠤᠲᠠᠢ ᠰᠢᠶᠠᠩ ᠤᠨ ᠤᠰᠤᠨ ᠴᠥᠭᠦᠷᠥᠮ ᠤᠨ ᠲᠣᠰᠬᠤᠨ᠂ ᠤᠯᠠᠭᠠᠨᠬᠤᠲᠠ ᠶᠢᠨ ᠢᠯᠡᠯᠳᠡ ᠪᠠᠯᠭᠠᠰᠤ ᠪᠠ ᠤᠯᠠᠭᠠᠨᠬᠠᠳᠠ ᠪᠠᠯᠭᠠᠰᠤᠨ ᠤ ᠭᠤᠣ ᠶᠢᠨ ᠠᠶᠢᠯ ᠭᠠᠴᠠᠭ᠎ᠠ ᠳᠤ ᠬᠦᠷᠴᠦ᠂ ᠠᠶᠢᠯ ᠲᠣᠰᠬᠤᠨ᠂ ᠲᠠᠷᠢᠶᠠᠨ ᠭᠠᠵᠠᠷ ᠢᠶᠠᠷ ᠬᠦᠷᠴᠦ᠂ ︽ᠮᠢᠩᠭᠠᠨ ᠲᠦᠮᠡᠨ ᠢᠨᠵᠧᠨᠧᠷᠢᠩ︾ ᠤᠨ ᠠᠭᠤᠯᠠ ᠤᠰᠤ ᠤᠢ ᠰᠢᠭᠤᠢ ᠲᠠᠷᠢᠶᠠᠨ ᠭᠠᠵᠠᠷ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠳᠡᠭᠡᠭᠰᠢᠯᠡᠭᠦᠯᠬᠦ᠂ ᠤᠰᠤᠨ ᠤ ᠣᠷᠴᠢᠨ ᠲᠣᠭᠤᠷᠢᠨ ᠢ ᠵᠠᠰᠠᠬᠤ ᠪᠠ ᠤᠰᠤ ᠬᠠᠩᠭᠠᠬᠤ ᠤᠰᠤ ᠵᠠᠯᠠᠬᠤ ᠶᠢ ᠨᠢᠭᠡ ᠴᠤᠬᠴᠠᠵᠢᠭᠤᠯᠬᠤ ᠵᠡᠷᠭᠡ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠰᠦᠬᠡ᠂ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠠᠷᠭ᠎ᠠ ᠶᠢ ᠭᠦᠨᠵᠡᠭᠡᠢ ᠰᠤᠷᠤᠯᠴᠠᠨ ᠲᠤᠯᠢᠳᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠵᠦ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠪᠣᠯᠤᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠬᠦᠴᠦᠯᠡᠨ ᠰᠠᠶᠢᠵᠢᠷᠠᠭᠤᠯᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠶᠡᠬᠡᠪᠡᠷ ᠠᠬᠢᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ ᠪᠣᠯᠤᠨ ᠵᠣᠯ ᠵᠢᠷᠭᠠᠯᠲᠤ ᠲᠦᠷᠦᠭᠳᠡᠯ ᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ ᠭᠡᠵᠦ ᠬᠡᠯᠡᠪᠡ᠃    ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠳᠤ᠂ ᠰᠦᠬᠡ ᠪᠡᠭᠡᠵᠢᠩ ᠥᠪᠥᠷ ᠮᠣᠩᠭᠤᠯ ᠤᠨ ᠡᠮ ᠡᠮᠨᠡᠯᠭᠡ ᠶᠢᠨ ᠬᠠᠪᠰᠤᠷᠤᠨ ᠲᠡᠳᠬᠦᠬᠦ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠡᠮᠨᠡᠯᠭᠡ ᠶᠢᠨ ᠬᠤᠷᠢᠶ᠎ᠠ ᠠᠵᠠ ᠲᠣᠬᠢᠶᠠᠯ ᠢ ᠤᠯᠠᠮ ᠨᠢᠭᠡ ᠠᠯᠬᠤᠮ ᠠᠮᠵᠢᠨ᠂ ᠬᠠᠮᠲᠤᠷᠠᠯᠴᠠᠭ᠎ᠠ ᠪᠠᠨ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠳᠠᠪᠠᠭᠤᠯᠢᠭ ᠢᠶᠠᠨ ᠪᠠᠳᠠᠷᠠᠭᠤᠯᠤᠨ ᠳᠤᠲᠠᠭᠤᠳᠠᠯ ᠢᠶᠠᠨ ᠨᠥᠬᠦᠪᠥᠷᠢᠯᠡᠵᠦ᠂ ᠡᠮᠨᠡᠯᠭᠡ ᠶᠢᠨ ᠬᠤᠷᠢᠶᠠᠨ ᠤ ᠡᠮᠴᠢᠯᠡᠭᠡ ᠪᠠ  ᠦᠢᠯᠡᠴᠢᠯᠡᠭᠡᠨ ᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠮᠠᠨ ᠤ ᠠᠶᠢᠮᠠᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ  ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠬᠡᠷᠡᠭᠲᠡᠶ ᠭᠡᠵᠡᠶ᠃ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠴᠢᠩᠭᠠᠳᠬᠠᠵᠤ᠂ ᠤᠯᠤᠯᠴᠠᠭ᠎ᠠ ᠵᠣᠯᠭᠠᠯᠴᠠᠭ᠎ᠠ ᠪᠠᠨ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠪᠡᠭᠡᠵᠢᠩ ᠥᠪᠥᠷ ᠮᠣᠩᠭᠤᠯ ᠤᠨ ᠠᠵᠤ ᠠᠬᠤᠶ ᠶᠢᠨ ᠬᠠᠷᠢᠯᠴᠠᠭ᠎ᠠ ᠶᠢ ᠨᠢᠭᠲᠠᠷᠠᠭᠤᠯᠬᠤ ᠳᠤᠮᠳᠠ ᠮᠠᠨ ᠤ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠡᠶ᠃     
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号