| | 6 ᠰᠠᠷ᠎ᠠ ᠶᠢᠨ 4 ᠤ ᠡᠳᠦᠷ᠂ ᠬᠢᠩᠭᠠᠨ ᠠᠶᠢᠮᠠᠭ ᠤᠨ ᠤᠯᠠᠭᠠᠨᠬᠤᠲᠠ ᠬᠢᠭᠡᠳ ᠲᠦᠩᠯᠢᠶᠣᠤ ᠬᠤᠲᠠ ᠶᠢᠨ | ᠬᠤᠤᠯᠢᠩᠭᠤᠤᠯ ᠬᠤᠲᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ | ᠴᠤᠭᠴᠠᠯᠠᠬᠤ ᠶᠢ ᠬᠠᠷᠢᠯᠴᠠᠨ ᠰᠤᠷᠤᠯᠴᠠᠵᠤ ᠬᠠᠷᠢᠯᠴᠠᠨ ᠠᠬᠢᠭᠤᠯᠬᠤ︾ ︽ᠨᠥᠬᠦᠷᠰᠡᠭ ᠤᠶᠢᠯᠡᠳᠪᠤᠷᠢ | ᠬᠤᠳᠠᠯᠳᠤᠭᠠᠨ ᠤ ᠬᠤᠯᠪᠣᠭ᠎ᠠ ᠪᠠᠶᠢᠭᠤᠯᠬᠤ︾ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃ ᠤᠯᠠᠭᠠᠨᠬᠤᠲᠠ ᠶᠢᠨ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠬᠤᠲᠠ ᠶᠢᠨ | ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠰᠥᠩ ᠹᠸᠢ᠂ | ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ | ᠬᠡᠯᠲᠡᠰ ᠤᠨ ᠳᠠᠷᠤᠭ᠎ᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ | ᠳᠤᠭᠤᠶᠢᠯᠠᠩ ᠤᠨ ᠳᠡᠳ᠋ ᠱᠦᠵᠢ ᠸᠠᠩ ᠮᠢᠶᠣᠣ ᠵᠢᠴᠢ ᠬᠠᠮᠢᠶ᠎ᠠ ᠪᠥᠬᠦᠶ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ | ᠨᠠᠷ ᠲᠤᠰ ᠤᠳᠠᠭᠠᠨ ᠤ ᠶᠣᠰᠣᠯᠠᠯ ᠳᠤ ᠣᠷᠣᠯᠴᠠᠪᠠ᠃ | ᠶᠣᠰᠣᠯᠠᠯ ᠳᠡᠭᠡᠷ᠎ᠡ᠂ ᠬᠢᠩᠭᠠᠨ ᠠᠶᠢᠮᠠᠭ ᠤᠨ ᠤᠯᠠᠭᠠᠨᠬᠤᠲᠠ ᠬᠢᠭᠡᠳ ᠲᠦᠩᠯᠢᠶᠣᠤ ᠬᠤᠲᠠ ᠶᠢᠨ ᠬᠤᠤᠯᠢᠩᠭᠤᠤᠯ | ᠬᠤᠲᠠ ᠬᠠᠮᠲᠤᠷᠠᠨ ᠬᠠᠮᠵᠢᠯᠴᠠᠬᠤ ᠲᠤᠬᠠᠢ ᠪᠦᠳᠦᠭᠦᠪᠴᠢ ᠬᠡᠯᠡᠯᠴᠡᠭᠡᠷ ᠲᠤ ᠭᠠᠷ ᠤᠨ ᠥᠰᠥᠭ ᠵᠢᠷᠤᠪᠠ᠃ ᠡᠨᠡ | ᠤᠳᠠᠭ᠎ᠠ ᠶᠢᠨ ᠭᠡᠷ᠎ᠡ ᠲᠣᠭᠲᠠᠭᠰᠠᠨ ᠨᠢ ᠤᠯᠠᠭᠠᠨᠬᠤᠲᠠ ᠪᠣᠯᠤᠨ ᠬᠤᠤᠯᠢᠩᠭᠤᠤᠯ ᠬᠤᠲᠠ ᠶᠢᠨ ᠰᠢᠨ᠎ᠡ ᠴᠠᠭ | ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠢᠳᠡᠪᠬᠢᠲᠡᠶ ᠠᠬᠢᠭᠤᠯᠵᠤ᠂ | ᠨᠡᠩ ᠯᠠᠪᠳᠠᠭᠤᠨ ᠪᠠᠲᠤᠲᠠᠢ ᠨᠢᠭᠡ ᠠᠯᠬᠤᠮ ᠢ ᠠᠯᠬᠤᠵᠤ᠂ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠤᠳᠤᠯᠭ᠎ᠠ ᠶᠢᠨ | ᠬᠠᠮᠲᠤᠷᠠᠯᠴᠠᠭᠠᠨ ᠤ ᠬᠠᠷᠢᠯᠴᠠᠭ᠎ᠠ ᠪᠠᠨ ᠤᠯᠠᠮ ᠴᠢᠨᠠᠭᠰᠢᠳᠠ ᠨᠢᠭᠲᠠᠷᠠᠭᠤᠯᠵᠤ᠂ ᠬᠠᠷᠢᠯᠴᠠᠨ ᠠᠬᠢᠭᠤᠯᠵᠤ᠂ ᠬᠠᠷᠢᠯᠴᠠᠨ | ᠳᠡᠭᠡᠭᠰᠢᠯᠡᠭᠦᠯᠵᠦ᠂ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠠᠮᠵᠢᠯᠴᠠᠨ ᠠᠬᠢᠭᠤᠯᠵᠤ᠂ | ᠬᠤᠶᠠᠷ ᠭᠠᠵᠠᠷ ᠤᠨ ᠬᠢᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ | ᠴᠤᠭᠴᠠᠯᠠᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠬᠠᠮᠲᠤᠪᠠᠷ ᠠᠬᠢᠭᠤᠯᠤᠨ᠎ᠠ᠃ | | |